ᠱᠢ ᠲᠠᠢ ᠹᠧᠩ ᠤᠯᠠᠭᠠᠨᠬᠠᠳᠠ ᠬᠤᠳᠠ ᠲᠦᠩᠯᠢᠶᠤᠤ ᠬᠤᠳᠠ ᠳᠤ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠬᠰᠠᠨ ᠨᠢ ᠪᠤᠭᠤᠮᠳᠠ ᠰᠢᠪᠳᠤᠯᠬᠤ ᠠᠵᠢᠯ ᠰᠡᠬᠦᠯ ᠬᠤᠷᠢᠶᠠᠬᠤ ᠪᠤᠯᠬᠤ ᠳᠤ ᠠᠵᠢᠯ ᠢᠶᠠᠨ ᠨᠡᠩ ᠪᠤᠳᠠᠳᠠᠢ ᠬᠦᠨᠵᠡᠭᠡᠢ ᠬᠢᠬᠦ ᠭᠡᠷᠡᠭᠲᠡᠢ
ᠨᠡᠶᠢᠲᠡᠯᠡᠭᠰᠡᠨ ᠴᠠᠭ᠄
2020/6/4
     6 ᠰᠠᠷ᠎ᠠ ᠶᠢᠨ 2᠎ ᠠᠴᠠ 3᠎ ᠤ ᠡᠳᠦᠷ ᠪᠤᠯᠳᠠᠯ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠤᠯᠠᠭᠠᠨᠬᠠᠳᠠ ᠬᠤᠳᠠ ᠶᠢᠨ ᠪᠠᠭᠠᠷᠢᠨ ᠵᠡᠬᠦᠨ ᠬᠤᠰᠢᠭᠤ᠂ ᠠᠷᠤ ᠬᠤᠷᠴᠢᠨ ᠬᠤᠰᠢᠭᠤ ᠪᠠ ᠲᠦᠩᠯᠢᠶᠤᠤ ᠬᠤᠳᠠ ᠶᠢᠨ ᠺᠠᠶᠢᠯᠦ ᠰᠢᠶᠠᠨ ᠳᠤ ᠬᠦᠨᠵᠡᠭᠡᠶᠢᠷᠡᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠪᠠ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠠᠵᠢᠯ ᠢ ᠪᠠᠶᠢᠴᠠᠭᠠᠨ ᠰᠤᠳᠤᠯᠬᠤ ᠳᠠᠭᠠᠨ᠂ ᠶᠡᠷᠦᠩᠭᠡᠢ ᠱᠦᠵᠢ ᠰᠢ ᠶᠢᠨ ᠫᠢᠩ ᠤᠨ ᠠᠷᠪᠡᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠡᠨ ᠵᠦᠪᠯᠡᠬᠦ ᠳᠤ ᠤᠷᠤᠯᠴᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠨᠡᠩ ᠴᠢᠩᠭ᠎ᠠ ᠨᠡᠩ ᠪᠤᠳᠠᠳᠠᠢ ᠪᠠᠷ ᠡᠯ᠎ᠠ ᠵᠦᠢᠯ ᠤᠨ ᠠᠵᠢᠯ ᠢᠶᠠᠨ ᠰᠠᠶᠢᠳᠤᠷ ᠬᠢᠵᠦ᠂ ᠬᠢᠵᠢᠭ ᠎ ᠤᠨ ᠪᠠᠶᠢᠳᠠᠯ ᠠᠴᠠ ᠪᠤᠯᠤᠭᠰᠠᠨ ᠠᠰᠢᠬ ᠦᠭᠡᠢ ᠨᠦᠯᠦᠭᠡ ᠶᠢ ᠡᠷᠡᠰ ᠢᠯᠠᠨ ᠲᠠᠪᠠᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠳᠦ ᠲᠠᠶᠢᠯᠠᠯᠳᠤᠭᠠᠨ ᠬᠢᠵᠦ ᠰᠢᠢᠳᠪᠤᠷᠢᠳᠦ ᠢᠯᠠᠯᠳᠠ ᠶᠢ ᠤᠯᠬᠤ ᠬᠠᠷᠠᠯᠳᠠ ᠡᠬᠦᠷᠭᠡ ᠪᠠᠨ ᠪᠡᠶᠡᠯᠡᠬᠦᠯᠬᠦ ᠶᠢ ᠪᠠᠳᠤᠯᠠᠬᠤ ᠭᠡᠷᠡᠭᠲᠡᠢ᠃ ᠥᠪᠦᠷ ᠮᠤᠩᠭᠤᠯ ᠭᠠᠵᠠᠷ ᠠᠭᠤᠳᠠᠮ ᠬᠦᠮᠦᠨ ᠴᠦᠭᠡᠨ ᠪᠠᠶᠢᠳᠠᠭ ᠠᠴᠠ ᠭᠠᠭᠴᠠ ᠬᠤᠶᠠᠷ ᠲᠤᠮᠤ ᠬᠤᠳᠠ ᠳᠤ ᠲᠦᠰᠢᠭᠯᠡᠨ ᠪᠦᠬᠦ ᠤᠷᠤᠨ ᠤ ᠪᠦᠬᠦᠯᠢ ᠴᠤᠬᠴᠠ ᠶᠢᠨ ᠬᠦᠭᠵᠢᠯᠳᠠ ᠶᠢ ᠲᠠᠶᠢᠴᠢᠯᠠᠬᠤ ᠳᠤ ᠬᠦᠴᠢᠷ ᠶᠤᠮ᠂ ᠤᠯᠠᠭᠠᠠᠨᠬᠳᠠ ᠬᠤᠳᠠ ᠪᠠ ᠲᠦᠩᠯᠢᠶᠤᠤ ᠬᠤᠳᠠ ᠥᠪᠦᠷ ᠮᠤᠩᠭᠤᠯ ᠤᠨ ᠵᠡᠬᠦᠨ ᠪᠡᠶ᠎ᠠ ᠶᠢᠨ ᠴᠢᠬᠤᠯᠠ ᠬᠤᠲᠠ ᠪᠤᠯᠤᠭᠰᠠᠨ ᠤ ᠬᠤᠪᠢ ᠳᠤ᠂ ᠬᠠᠮᠵᠢᠯᠴᠠᠨ ᠬᠦᠭᠵᠢᠬᠦ ᠠᠯᠬᠤᠭ᠎ᠠ ᠪᠠᠨ ᠲᠦᠷᠭᠡᠳᠭᠡᠵᠦ᠂ ᠡᠷᠬᠢᠨ ᠲᠤᠭᠤᠷᠢᠨ ᠤ ᠭᠠᠵᠠᠷ ᠤᠷᠤᠨ ᠯᠤᠭ᠎ᠠ ᠶᠢᠨ ᠨᠡᠪᠳᠡᠷᠡᠯᠴᠡᠭᠡ ᠬᠤᠷᠰᠢᠯᠴᠠᠭ᠎ᠠ ᠪᠠᠨ ᠴᠢᠩᠭᠠᠳᠬᠠᠨ᠂ ᠥᠪᠦᠷ ᠮᠤᠩᠭᠤᠯ ᠤᠨ ᠵᠡᠬᠦᠨ ᠪᠡᠶ᠎ᠠ ᠶᠢᠨ ᠭᠠᠵᠠᠷ ᠤᠷᠤᠨ ᠤ ᠰᠡᠷᠬᠦᠨ ᠮᠠᠨᠳᠤᠯᠳᠠ ᠬᠦᠭᠵᠢᠯᠳᠠ ᠶᠢ ᠨᠡᠩ ᠰᠠᠶᠢᠳᠤᠷ ᠲᠠᠶᠢᠴᠢᠯᠠᠨ᠂ ᠪᠦᠬᠦ ᠤᠷᠤᠨ ᠤ ᠤᠷᠤᠨ ᠪᠦᠰᠡ ᠶᠢᠨ ᠵᠤᠬᠢᠴᠠᠩᠭᠤᠢ ᠬᠦᠭᠵᠢᠯᠳᠠ ᠶᠢ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠵᠠᠢ᠃
     ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠬᠠᠮᠤᠭ ᠤᠨ ᠢᠳᠡ ᠠᠪᠬᠤ ᠵᠠᠩᠬᠢᠯᠠᠭ᠎ᠠ ᠶᠢᠨ ᠴᠠᠭ ᠮᠦᠴᠡ ᠳᠤ᠂ ᠶᠠᠳᠠᠭᠤ ᠶᠢ ᠳᠡᠳᠬᠦᠬᠦ ᠲᠦᠷᠦ ᠶᠢᠨ ᠪᠤᠳᠤᠯᠭ᠎ᠠ ᠶᠢ ᠬᠢᠷᠢ ᠵᠡᠷᠭᠡ ᠨᠠᠶᠢᠳᠠᠪᠤᠷᠢᠵᠢᠭᠤᠯᠤᠭᠰᠠᠨ᠂ ᠬᠠᠪᠰᠤᠷᠤᠨ ᠳᠡᠮᠵᠢᠬᠦ ᠠᠵᠢᠯ ᠢ ᠪᠤᠳᠠᠳᠠᠢ ᠠᠳᠬᠤᠭᠰᠠᠨ ᠡᠰᠡᠬᠦ᠂ ᠪᠤᠭᠤᠮᠳᠠ ᠰᠢᠪᠳᠤᠯᠬᠤ ᠠᠵᠢᠯ ᠤᠨ ᠰᠡᠬᠦᠯ ᠬᠤᠷᠢᠶᠠᠬᠤ ᠱᠠᠳᠤᠨ ᠳᠤ ᠪᠠᠰᠠ ᠶᠠᠮᠠᠷ ᠶᠠᠮᠠᠷ ᠬᠦᠴᠢᠷᠳᠡᠯ ᠪᠠᠶᠢᠭ᠎ᠠ ᠪᠤᠢ᠂ ᠱᠢ ᠲᠠᠢ ᠹᠧᠩ ᠡᠳᠡᠭᠡᠷ ᠢ ᠮᠠᠰᠢ ᠬᠠᠯᠠᠮᠵᠢᠯᠠᠨ ᠠᠩᠬᠠᠷᠴᠦ ᠪᠠᠶᠢᠯ᠎ᠠ᠃ ᠲᠡᠷᠡ ᠤᠷᠢᠳ ᠬᠤᠵᠢᠳ ᠶᠠᠳᠠᠭᠤ ᠠᠴᠠ ᠠᠩᠬᠢᠵᠢᠷᠠᠭᠠᠳᠤᠢ ᠡᠷᠦᠭᠡ ᠸᠠᠩ ᠰᠢᠶᠠᠨ ᠵᠢᠶᠦ᠋ᠨ᠂ ᠸᠠᠩ ᠰᠢᠤᠸᠠᠢ ᠪᠤᠯᠤᠨ ᠨᠢᠭᠡᠨᠳᠠ ᠶᠠᠳᠠᠭᠤ ᠠᠴᠠ ᠠᠩᠬᠢᠵᠢᠷᠠᠵᠦ ᠨᠡᠬᠦᠵᠦ ᠰᠠᠭᠤᠭᠰᠠᠨ ᠡᠷᠦᠭᠡ ᠵᠢᠶᠠᠩ ᠱᠠᠩ ᠵᠢᠶᠦ᠋ᠨ ᠤ ᠭᠡᠷ ᠲᠤ ᠬᠦᠷᠴᠦ᠂ ᠳᠡᠳᠡᠨ ᠲᠠᠢ ᠵᠤᠭᠤᠭᠳᠠᠨ᠂ ᠶᠠᠳᠠᠭᠤ ᠠᠴᠠ ᠠᠩᠬᠢᠵᠢᠷᠠᠭᠤᠯᠬᠤ ᠲᠤᠬᠠᠢ ᠶᠠᠷᠢᠯᠴᠠᠵᠦ᠂ ᠶᠠᠳᠠᠭᠤᠷᠠᠭᠰᠠᠨ ᠰᠢᠯᠳᠠᠭᠠᠨ᠂ ᠬᠠᠪᠰᠤᠷᠤᠨ ᠳᠡᠳᠬᠦᠬᠦ ᠲᠦᠷᠦ ᠶᠢᠨ ᠪᠤᠳᠤᠯᠭ᠎ᠠ᠂ ᠭᠡᠷ ᠪᠦᠯᠢ ᠶᠢᠨ ᠤᠷᠤᠯᠭ᠎ᠠ᠂ ᠦᠷ᠎ᠠ ᠭᠡᠦᠭᠡᠳ ᠤᠨ ᠬᠢᠨᠢ ᠰᠤᠷᠭᠠᠭᠤᠯᠢ ᠳᠤ ᠤᠷᠤᠵᠦ ᠠᠵᠢᠯ ᠤᠯᠤᠭᠰᠠᠨ ᠵᠡᠷᠭᠡ ᠪᠠᠶᠢᠳᠠᠯ ᠢ ᠬᠦᠨᠵᠡᠭᠡᠢ ᠤᠢᠢᠯᠠᠭᠠᠵᠦ᠂ ᠤᠤᠭᠤᠬᠤ ᠤᠰᠤᠨ ᠤ ᠠᠮᠤᠷ ᠲᠦᠪᠰᠢᠨ ᠤ ᠲᠤᠨᠤᠭ ᠲᠦᠬᠦᠭᠡᠷᠤᠮᠵᠢ ᠶᠢ ᠭᠡᠷᠡᠭᠯᠡᠵᠦ ᠪᠠᠶᠢᠭ᠎ᠠ᠂ ᠵᠤᠷᠯᠤᠩ ᠤᠨ ᠦᠭᠡᠷᠡᠴᠢᠯᠡᠯᠳᠠ ᠪᠠ ᠬᠤᠭ ᠨᠤᠪᠰᠢ ᠶᠢ ᠰᠢᠢᠳᠪᠤᠷᠢᠯᠡᠭᠰᠡᠨ ᠵᠡᠷᠭᠡ ᠪᠠᠶᠢᠳᠠᠯ ᠢ ᠨᠠᠷᠢᠨ ᠨᠢᠮᠪᠠᠢ ᠪᠠᠶᠢᠴᠠᠭᠠᠨ ᠦᠵᠡᠪᠠ᠃ ᠳᠡᠳᠡᠨ ᠤ ᠠᠮᠢᠳᠤᠷᠠᠯ ᠢᠯᠡᠳᠳᠡ ᠰᠠᠶᠢᠵᠢᠷᠠᠵᠦ᠂ ᠴᠦᠮ ᠲᠤᠭᠳᠠᠭᠰᠠᠨ ᠬᠤᠭᠤᠴᠠᠭᠠᠨ ᠳᠤ ᠶᠠᠳᠠᠭᠤ ᠠᠴᠠ ᠠᠩᠬᠢᠵᠢᠷᠠᠵᠦ ᠴᠢᠳᠠᠬᠤ ᠶᠢ ᠰᠤᠨᠤᠰᠤᠭᠠᠳ ᠱᠢ ᠲᠠᠢ ᠹᠧᠩ ᠮᠠᠰᠢ ᠪᠠᠶᠠᠷᠯᠠᠵᠠᠢ᠃ ᠲᠡᠷᠡ᠂ ᠰᠠᠶᠢᠨ ᠴᠠᠭ ᠦᠶ᠎ᠠ ᠳᠤ ᠲᠤᠬᠢᠶᠠᠯᠳᠤᠵᠦ᠂ ᠰᠠᠶᠢᠨ ᠲᠦᠷᠦ ᠶᠢᠨ ᠪᠤᠳᠤᠯᠭ᠎ᠠ ᠶᠢ ᠬᠦᠷᠲᠡᠵᠤ ᠪᠠᠶᠢᠭ᠎ᠠ ᠪᠤᠯᠬᠤᠷ᠂ ᠤᠯᠠᠨ ᠢᠶᠠᠷ ᠢᠶᠠᠨ ᠴᠢᠳᠠᠯ ᠤᠨ ᠢᠶᠠᠨ ᠬᠢᠷᠢ ᠪᠠᠷ ᠴᠢᠷᠮᠠᠶᠢᠨ ᠠᠵᠢᠯᠯᠠᠵᠦ᠂ ᠠᠮᠢᠳᠤᠷᠠᠯ ᠢᠶᠠᠨ ᠨᠡᠩ ᠦᠭᠡᠳᠡ ᠡᠰᠡᠷᠡᠭ ᠪᠤᠯᠭᠠᠭᠠᠷᠠᠢ ᠭᠡᠪᠡ᠃ ᠮᠤᠷᠳᠠᠬᠤ ᠠᠴᠠ ᠪᠠᠨ ᠡᠮᠤᠨ᠎ᠡ᠂ ᠲᠡᠷᠡ ᠲᠤᠰᠬᠤᠨ ᠳᠤ ᠰᠠᠭᠤᠭ᠎ᠠ ᠺᠠᠳ᠋ᠷ ᠢ ᠠᠵᠢᠯ ᠢᠶᠠᠨ ᠵᠠᠪᠠᠯ ᠨᠡᠩ ᠤᠨᠤᠴᠠᠳᠠᠢ ᠨᠡᠩ ᠨᠠᠷᠢᠯᠢᠭ ᠬᠢᠵᠥ᠂ ᠠᠳᠠᠯᠢ ᠪᠤᠰᠤ ᠪᠠᠶᠢᠳᠠᠯ ᠢ ᠦᠨᠳᠦᠰᠦᠯᠡᠨ ᠬᠠᠨᠳᠤᠯᠭ᠎ᠠ ᠲᠠᠢ ᠪᠠᠷ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠬᠡᠷᠡᠭᠳᠡᠢ᠂ ᠶᠡᠭᠡ ᠶᠢ ᠪᠠᠭ᠎ᠠ ᠪᠤᠯᠭᠠᠵᠤ᠂ ᠪᠦᠬᠡᠷᠡᠩᠬᠡᠶᠢᠯᠡᠨ ᠨᠡᠶᠢᠳᠬᠡᠵᠥ ᠪᠤᠯᠬᠤ ᠦᠬᠡᠢ ᠬᠡᠵᠥ ᠤᠨᠴᠠᠭᠠᠢᠢᠯᠠᠨ ᠵᠠᠬᠢᠪᠠ᠃ ᠠᠶᠢᠯ ᠡᠷᠦᠬᠡ ᠪᠠᠷ ᠶᠠᠪᠤᠵᠤ ᠪᠠᠶᠢᠲᠠᠯ ᠤᠢᠢᠯᠠᠭᠠᠬᠤ ᠳᠠᠭᠠᠨ ᠱᠢ ᠲᠠᠢ ᠹᠧᠩ᠂ ᠡᠨᠡ ᠵᠢᠯ ᠪᠤᠯ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠳᠦ ᠲᠠᠶᠢᠯᠠᠯᠳᠤᠭᠠᠨ ᠬᠢᠵᠦ ᠰᠢᠢᠳᠪᠤᠷᠢᠳᠤ ᠢᠯᠠᠯᠳᠠ ᠶᠢ ᠤᠯᠬᠤ ᠰᠡᠬᠦᠯ ᠬᠤᠷᠢᠶᠠᠬᠤ ᠵᠢᠯ ᠪᠤᠯᠤᠨ᠎ᠠ᠂ ᠰᠡᠬᠦᠯ ᠬᠤᠷᠢᠶᠠᠬᠤ ᠪᠤᠯᠬᠤ ᠳᠤ ᠠᠵᠢᠯ ᠢᠶᠠᠨ ᠨᠡᠩ ᠯᠠᠪᠳᠠᠭᠤᠨ ᠪᠠᠳᠤᠳᠠᠢ ᠬᠢᠬᠦ ᠬᠡᠷᠡᠭᠳᠡᠢ᠂ ᠤᠳᠤ ᠶᠢᠨ ᠬᠡᠷᠡᠭᠵᠢᠬᠦᠯᠵᠥ ᠪᠠᠶᠢᠭ᠎ᠠ ᠪᠠᠷᠢᠮᠵᠢᠶ᠎ᠠ ᠶᠢ ᠬᠤᠪᠢᠷᠡᠭᠤᠯᠬᠤ ᠦᠭᠡᠢ ᠪᠠᠶᠢᠬᠤ ᠶᠢ ᠪᠠᠷᠢᠮᠳᠠᠯᠠᠵᠥ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠱᠠᠭᠠᠷᠳᠠᠯᠭ᠎ᠠ ᠶᠢ ᠰᠠᠶᠢᠳᠤᠷ ᠡᠵᠡᠮᠰᠢᠬᠦ ᠬᠡᠷᠡᠭᠳᠡᠢ᠂ ᠬᠠᠷᠢᠯᠴᠠᠨ ᠮᠦᠴᠡᠭᠡᠷᠬᠡᠵᠥ ᠪᠤᠯᠬᠤ ᠦᠬᠡᠢ᠂ ᠵᠤᠷᠢᠭᠤᠳᠠ ᠪᠠᠷᠢᠮᠵᠢᠶ᠎ᠠ ᠶᠢ ᠦᠰᠬᠡᠵᠥ ᠪᠤᠯᠬᠤ ᠦᠬᠡᠢ᠂ ᠬᠦᠬᠡᠷᠴᠦ ᠬᠡᠨᠡᠨ ᠢᠶᠠᠷ ᠠᠵᠢᠯᠯᠠᠭᠠᠳ ᠬᠡᠮ ᠰᠤᠭᠤᠭ ᠦᠯᠡᠳᠡᠬᠡᠬᠦ ᠠᠴᠠ ᠰᠡᠷᠬᠡᠶᠢᠯᠡᠬᠦ ᠬᠡᠷᠡᠭᠳᠡᠢ᠃ ᠨᠠᠶᠢᠳᠠ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠵᠢᠷᠤᠮᠵᠢᠯ ᠲᠠᠢ ᠪᠠᠶᠢᠷᠢᠯᠠᠭᠤᠯᠬᠤ ᠬᠡᠷᠡᠭᠳᠡᠢ᠂ ᠬᠡᠶᠢᠰᠪᠤᠷᠢ ᠪᠠᠷ ᠭᠠᠷᠭᠠᠵᠥ ᠲᠤᠷ᠎ᠡ ᠪᠠᠷ ᠢᠶᠠᠨ ᠭᠠᠷᠭᠠᠵᠥ ᠬᠡᠯᠪᠡᠷᠢ ᠶᠢ ᠨᠢ ᠦᠬᠡᠷᠡᠳᠦᠬᠦᠯᠥᠨ ᠠᠰᠢᠬ ᠤᠯᠵᠠᠪᠤᠷᠢ ᠤᠯᠵᠥ ᠪᠤᠯᠬᠤ ᠦᠬᠡᠢ ᠬᠡᠵᠥ ᠴᠢᠬᠤᠯᠠᠴᠢᠯᠠᠪᠠ᠃
     ᠱᠢ ᠲᠠᠢ ᠹᠧᠩ ᠶᠠᠳᠠᠭᠤ ᠶᠢ ᠲᠡᠳᠬᠦᠬᠦ ᠠᠵᠥ ᠦᠢᠯᠡᠰ ᠤᠨ ᠠᠵᠢᠯ ᠢᠶᠠᠨ ᠰᠡᠷᠬᠦᠬᠡᠵᠥ ᠦᠢᠯᠡᠳᠪᠤᠷᠢᠯᠡᠯ ᠢᠶᠠᠨ ᠰᠡᠷᠬᠦᠬᠡᠬᠦ ᠪᠤᠯᠤᠨ ᠶᠠᠳᠠᠭᠤ ᠬᠦᠴᠢᠷᠳᠡᠯᠳᠡᠢ ᠬᠦᠮᠥᠨ ᠢ ᠴᠦᠬᠡᠳᠬᠡᠵᠥ ᠶᠠᠳᠠᠭᠤ ᠬᠦᠴᠢᠷᠳᠡᠯᠳᠡᠢ ᠬᠦᠮᠥᠰ ᠢ ᠲᠠᠶᠢᠴᠢᠯᠠᠵᠥ ᠪᠠᠶᠢᠭ᠎ᠠ ᠪᠠᠶᠢᠳᠠᠯ ᠢ ᠲᠦᠢᠯ ᠢᠢᠨᠷ ᠠᠩᠬᠠᠷᠴᠦ ᠪᠠᠶᠢᠯ᠎ᠠ᠃ ᠲᠡᠷᠡ ᠤᠷᠢᠳ ᠬᠤᠵᠢᠳ ᠹᠦ᠋ ᠴᠧᠩ ᠰᠢᠶᠠᠩ ᠮᠠᠯ ᠠᠵᠥ ᠠᠬᠤᠢ᠂ ᠹᠧᠩ ᠬᠤᠸᠠ ᠱᠦᠬᠦᠷ ᠦᠢᠯᠡᠳᠬᠦ ᠬᠢᠵᠠᠭᠠᠷᠳᠤ ᠺᠤᠮᠫᠠᠨᠢ᠂ ᠰᠢᠩ ᠨᠦᠩ ᠲᠠᠷᠢᠶᠠᠯᠠᠩ ᠎ ᠤᠨ ᠮᠠᠰᠢᠨ ᠤ ᠲᠤᠰᠬᠠᠢ ᠬᠤᠷᠰᠢᠶ᠎ᠡ᠂ ᠤᠦ ᠶᠠ ᠤᠳᠤ ᠦᠶ᠎ᠡ ᠶᠢᠨ ᠮᠠᠯᠵᠢᠯ ᠤᠨ ᠲᠠᠯᠠᠪᠠᠢ᠂ ᠸᠧ ᠶᠢᠨ ᠮᠢᠬᠠᠨ ᠤ ᠦᠬᠡᠷ ᠤᠨ ᠠᠵᠥ ᠦᠢᠯᠡᠰ ᠤᠨ ᠬᠦᠷᠢᠶᠡᠯᠡᠩ᠂ ᠢ ᠰᠠᠢ ᠮᠢᠬᠠᠨ ᠤ ᠦᠬᠡᠷ ᠤᠨ ᠬᠢᠵᠠᠭᠠᠷᠳᠤ ᠺᠤᠮᠫᠠᠨᠢ᠂ ᠳ᠋ᠦᠩ ᠹᠧᠩ ᠲᠦᠮᠡᠨ ᠦᠬᠡᠷ ᠪᠤᠷᠳᠤᠨ ᠲᠠᠷᠭᠤᠯᠠᠭᠤᠯᠬᠤ ᠠᠵᠥ ᠦᠢᠯᠡᠰ ᠢᠶᠠᠷ ᠶᠠᠳᠠᠭᠤ ᠶᠢ ᠲᠡᠳᠬᠦᠬᠦ ᠰᠠᠭᠤᠷᠢᠨ ᠳᠤ ᠬᠦᠷᠴᠦ᠂ ᠲᠤᠭᠤᠷᠢᠨ ᠦᠵᠡᠬᠦ ᠶᠢᠨ ᠲᠠᠭᠠᠤ ᠰᠤᠨᠤᠰᠴᠦ᠂ ᠦᠢᠯᠡᠳᠪᠤᠷᠢᠯᠡᠯ ᠤᠨ ᠬᠡᠪᠴᠢᠶ᠎ᠡ᠂ ᠦᠢᠯᠡᠳᠬᠦᠨ ᠤ ᠪᠤᠷᠤᠯᠠᠭᠤᠯᠭ᠎ᠠ᠂ ᠶᠠᠳᠠᠭᠤ ᠬᠦᠴᠢᠷᠳᠡᠯᠳᠡᠢ ᠤᠯᠠᠨ ᠲᠦᠮᠡᠨ ᠢ ᠲᠠᠶᠢᠴᠢᠯᠠᠨ ᠤᠷᠤᠯᠭ᠎ᠠ ᠶᠢ ᠨᠢ ᠨᠡᠮᠡᠭᠳᠡᠬᠦᠯᠵᠥ ᠪᠠᠶᠢᠬᠤ ᠵᠡᠷᠬᠡ ᠪᠠᠶᠢᠳᠠᠯ ᠢ ᠨᠠᠷᠢᠨ ᠤᠢᠢᠯᠠᠭᠠᠪᠠ᠃ ᠲᠡᠷᠡ᠂ ᠠᠵᠥ ᠠᠬᠤᠢᠢᠯᠠᠯ ᠨᠢᠬᠡ ᠲᠡᠯ᠎ᠡ ᠪᠠᠷ ᠶᠠᠳᠠᠭᠤ ᠬᠦᠴᠢᠷᠳᠡᠯᠳᠡᠢ ᠡᠷᠦᠬᠡ ᠲᠠᠢ ᠬᠤᠯᠪᠤᠯᠳᠤᠵᠥ᠂ ᠨᠢᠬᠡ ᠲᠡᠯ᠎ᠡ ᠪᠠᠷ ᠲᠤᠮᠤ ᠵᠠᠬ᠎ᠠ ᠲᠡᠯᠬᠡᠬᠦᠷ ᠲᠠᠢ ᠬᠤᠯᠪᠤᠯᠳᠤᠵᠥ ᠪᠠᠶᠢᠨ᠎ᠠ᠂ ᠶᠠᠳᠠᠭᠤ ᠠᠴᠠ ᠠᠩᠬᠢᠵᠢᠷᠠᠵᠥ ᠴᠢᠨᠡᠭᠡᠯᠢᠭᠵᠢᠬᠦ ᠳᠤ ᠠᠵᠥ ᠠᠬᠤᠢᠢᠯᠠᠯ ᠠᠴᠠ ᠰᠠᠯᠵᠥ ᠴᠢᠳᠠᠬᠤ ᠦᠬᠡᠢ᠂ ᠠᠵᠥ ᠠᠬᠤᠢᠢᠯᠠᠯ ᠠᠰᠢᠬ ᠤᠯᠵᠠᠪᠤᠷᠢ ᠲᠠᠢ ᠪᠤᠯ ᠮᠠᠯᠴᠢᠨ ᠲᠠᠷᠢᠶᠠᠴᠢᠨ ᠰᠠᠶ᠋ᠢ ᠢᠯᠡᠬᠦᠤ ᠠᠰᠢᠬ ᠤᠯᠤᠨ᠎ᠠ᠃ ᠶᠠᠳᠠᠭᠤ ᠶᠢ ᠲᠡᠳᠬᠦᠬᠦ ᠠᠵᠥ ᠦᠢᠯᠡᠰ ᠪᠤᠯᠤᠨ ᠲᠠᠭᠠᠭᠤᠯᠤᠭᠴᠢ ᠠᠵᠤ ᠠᠬᠤᠢᠢᠯᠠᠯ ᠤᠨ ᠬᠦᠭᠵᠢᠯᠳᠡ ᠪᠠᠨ ᠰᠡᠷᠬᠦᠬᠡᠬᠦ ᠶᠢ ᠶᠡᠭᠡ ᠪᠠᠷ ᠲᠡᠮᠵᠢᠵᠥ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠪᠤᠯᠤᠨ ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠬᠤ ᠶᠢ ᠪᠦᠳᠦᠮᠵᠢᠳᠡᠢ ᠵᠤᠯᠭᠠᠭᠤᠯᠵᠥ᠂ ᠨᠡᠩ ᠲᠤᠭᠳᠠᠭᠤᠨ ᠠᠰᠢᠬ ᠲᠤᠰᠠ ᠶᠢᠨ ᠬᠤᠯᠪᠤᠭᠠᠳᠤ ᠲᠤᠭᠳᠠᠴᠠ ᠶᠢ ᠪᠠᠶᠢᠭᠤᠯᠤᠨ ᠪᠦᠷᠢᠨᠰᠢᠬᠦᠯᠵᠥ᠂ ᠮᠠᠯᠴᠢᠨ ᠲᠠᠷᠢᠶᠠᠴᠢᠨ ᠢ ᠠᠵᠥ ᠠᠬᠤᠢᠢᠯᠠᠯ ᠤᠨ ᠦᠢᠯᠡᠳᠪᠤᠷᠢᠯᠡᠯ ᠡᠵᠡᠩᠨᠡᠯᠳᠡ ᠳᠤ ᠬᠦᠨᠵᠡᠬᠡᠢ ᠤᠷᠤᠯᠴᠠᠭᠤᠯᠵᠥ᠂ ᠬᠤᠶᠠᠭᠤᠯᠠ ᠶᠢ ᠵᠢᠩᠬᠢᠨᠢ ᠠᠰᠢᠬ ᠲᠤᠰᠠ ᠶᠢᠨ ᠬᠠᠮᠳᠤ ᠶᠢᠨ ᠴᠤᠭᠴᠠ ᠪᠤᠯᠭᠠᠵᠥ᠂ ᠬᠠᠷᠢᠯᠴᠠᠨ ᠠᠰᠢᠬᠳᠠᠢ ᠬᠠᠮᠳᠤ ᠪᠠᠷ ᠠᠰᠢᠬ ᠬᠦᠷᠳᠡᠬᠦ ᠶᠢ ᠪᠡᠶᠡᠯᠡᠬᠦᠯᠬᠦ ᠬᠡᠷᠡᠭᠳᠡᠢ᠃ ᠮᠠᠯ ᠠᠵᠥ ᠠᠬᠤᠢ ᠶᠢᠨ ᠡᠷᠴᠢᠮᠵᠢᠬᠦᠯᠥᠭᠰᠡᠡ᠂ ᠤᠳᠤᠬᠢᠴᠢᠯᠠᠬᠰᠠᠠ᠂ ᠬᠡᠪᠴᠢᠶᠡᠵᠢᠭᠰᠡᠡ ᠬᠦᠭᠵᠢᠯᠳᠡ ᠶᠢ ᠠᠬᠢᠭᠤᠯᠬᠤ ᠨᠢ ᠨᠤᠳᠤᠭ ᠪᠡᠯᠴᠢᠬᠡᠷ ᠤᠨ ᠠᠮᠢ ᠠᠬᠤᠢ ᠶᠢ ᠬᠠᠮᠠᠭᠠᠯᠠᠬᠤ᠂ ᠠᠵᠥ ᠦᠢᠯᠡᠰ ᠤᠨ ᠲᠦᠪᠰᠢᠨ ᠢ ᠲᠡᠭᠡᠭᠰᠢᠯᠡᠬᠦᠯᠬᠦ᠂ ᠤᠯᠠᠨ ᠲᠦᠮᠡᠨ ᠤ ᠤᠷᠤᠯᠭ᠎ᠠ ᠶᠢᠨ ᠨᠡᠮᠡᠭᠳᠡᠯ ᠢ ᠠᠬᠢᠭᠤᠯᠬᠤ ᠳᠤ ᠲᠦᠢᠯ ᠤᠨ ᠴᠢᠬᠤᠯᠠ ᠶᠤᠮ᠃ ᠠᠵᠤ ᠦᠢᠯᠡᠳᠪᠤᠷᠢᠵᠢᠯᠳᠠ ᠶᠢᠨ ᠰᠡᠳᠬᠢᠬᠦᠢ ᠪᠠᠷ ᠮᠠᠯ ᠠᠵᠤ ᠠᠬᠤᠢ ᠶᠢᠨ ᠬᠦᠭᠵᠢᠯᠳᠠ ᠶᠢ ᠲᠦᠯᠦᠪᠵᠢᠬᠦᠯᠤᠨ ᠠᠬᠢᠭᠤᠯᠬᠤ ᠶᠢ ᠪᠠᠷᠢᠮᠳᠠᠯᠠᠵᠤ᠂ ᠪᠤᠷᠳᠤᠨ ᠲᠡᠵᠢᠭᠡᠬᠦ ᠠᠷᠭ᠎ᠠ ᠬᠡᠯᠪᠡᠷᠢ ᠪᠠᠷ ᠲᠦᠷᠭᠡᠳᠭᠡᠨ ᠬᠤᠪᠢᠷᠠᠭᠤᠯᠤᠨ᠂ ᠰᠢᠨᠵᠢᠯᠡᠬᠦ ᠤᠬᠠᠭᠠᠨᠴᠢ ᠪᠠᠷ ᠮᠠᠯ ᠲᠡᠵᠢᠭᠡᠬᠦ ᠶᠢ ᠶᠡᠭᠡ ᠪᠠᠷ ᠠᠬᠢᠭᠤᠯᠵᠤ᠂ ᠮᠠᠯ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠤᠨ᠂ ᠠᠵᠤ ᠠᠬᠤᠢ ᠶᠢᠨ ᠦᠷ᠎ᠡ ᠠᠰᠢᠭ ᠪᠤᠯᠤᠨ ᠠᠮᠢ ᠠᠬᠤᠢ ᠶᠢᠨ ᠦᠷ᠎ᠡ ᠠᠰᠢᠭ ᠤᠨ ᠤᠷᠭᠠᠨᠢᠭ ᠨᠢᠭᠡᠳᠦᠯ ᠢ ᠪᠠᠶᠠᠯᠡᠬᠦᠯᠵᠤ᠂ ᠬᠦᠮᠦᠨ ᠪᠠᠶᠢᠭᠠᠯᠢ ᠶᠢᠨ ᠡᠶ᠎ᠡ ᠵᠤᠬᠢᠴᠠᠩᠭᠤᠢ ᠬᠠᠮᠳᠤ ᠪᠠᠷ ᠤᠷᠤᠰᠢᠬᠤ ᠠᠰᠠᠭᠤᠳᠠᠯ ᠢ ᠦᠨᠳᠤᠰᠤᠨ ᠠᠴᠠ ᠨᠢ ᠰᠠᠶᠢᠳᠤᠷ ᠰᠢᠢᠳᠪᠤᠷᠢᠯᠡᠬᠦ ᠭᠡᠷᠡᠭᠳᠠᠢ ᠭᠡᠵᠤ ᠵᠢᠭᠠᠵᠤ ᠭᠠᠷᠭᠠᠪᠠ᠃
     ᠤᠢᠢᠷ᠎ᠡ ᠶᠢᠨ ᠵᠢᠯ ᠠᠴᠠ ᠨᠠᠭᠠᠰᠢ᠂ ᠺᠠᠶᠢᠯᠤ ᠰᠢᠶᠠᠨ ᠤ ᠬᠦᠷᠢᠶ᠎ᠡ ᠬᠠᠰᠢᠶᠠᠨ ᠤ ᠠᠵᠤ ᠠᠬᠤᠢ ᠶᠢᠨ ᠬᠦᠭᠵᠢᠯᠳᠠ ᠨᠡᠯᠢᠶᠡᠳ ᠬᠡᠪᠴᠢᠶᠠᠵᠢᠵᠤ᠂ ᠮᠠᠰᠢ ᠰᠠᠶᠢᠨ ᠦᠷ᠎ᠡ ᠪᠦᠳᠦᠮᠵᠢ ᠤᠯᠪᠠ᠃ ᠱᠢ ᠲᠠᠢ ᠹᠧᠩ ᠲᠤᠰᠬᠠᠢᠢᠯᠠᠨ ᠲᠤᠰ ᠰᠢᠶᠠᠨ ᠤ ᠾᠸᠢ ᠯᠦᠩ ᠪᠠ ᠪᠠᠯᠭᠠᠰᠤᠨ ᠤ ᠾᠧ ᠯᠢ ᠲᠤᠰᠬᠤᠨ ᠳᠤ ᠬᠦᠷᠴᠤ᠂ ᠲᠤᠰᠬᠤᠨ ᠤ ᠠᠷᠠᠳ ᠮᠠ ᠰᠢᠶᠤᠤ ᠯᠢ ᠪᠤᠯᠤᠨ ᠴᠧᠨ ᠱᠤ᠋ ᠯᠦᠩ ᠤᠨ ᠬᠢᠨ ᠤ ᠬᠠᠰᠢᠶᠠᠨ ᠳᠤᠨᠢ ᠤᠷᠤᠵᠤ᠂ ᠬᠦᠷᠢᠶ᠎ᠡ ᠬᠠᠰᠢᠶᠠᠨ ᠤ ᠠᠵᠤ ᠠᠬᠤᠢ ᠶᠢᠨ ᠬᠦᠭᠵᠢᠯᠳᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ ᠠᠳᠡᠬᠢ ᠡᠷᠦᠭᠡ ᠪᠤᠯᠭᠠᠨ ᠴᠦᠮ ᠲᠤᠮᠤ ᠬᠦᠯᠡᠮᠵᠢ ᠪᠠᠶᠢᠭᠤᠯᠵᠤ᠂ ᠭᠡᠷ ᠤᠨ ᠢᠶᠠᠨ ᠠᠷᠤ ᠦᠪᠤᠷ᠂ ᠵᠠᠮ ᠤᠨ ᠬᠤᠶᠠᠷ ᠲᠠᠯ᠎ᠡ ᠳᠤ ᠴᠦᠮ ᠵᠢᠮᠢᠰ ᠢᠳᠡᠰᠢᠨ ᠨᠤᠭᠤᠭ᠎ᠠ ᠲᠠᠷᠢᠵᠤ᠂ ᠠᠷᠠᠳ ᠤᠳ ᠬᠦᠷᠢᠶᠠᠨ ᠠᠴᠠ ᠪᠠᠨ ᠭᠠᠷᠬᠤ ᠦᠭᠡᠢ ᠴᠤ ᠭᠡᠰᠨᠨ ᠤᠷᠤᠯᠭ᠎ᠠ ᠨᠢ ᠬᠠᠨᠤᠮᠵᠢᠳᠠᠢ ᠪᠠᠶᠢᠬᠤ ᠶᠢ ᠦᠵᠡᠭᠡᠳ ᠱᠢ ᠲᠠᠢ ᠹᠧᠩ ᠲᠡᠭᠡᠳᠤ ᠬᠡᠮᠵᠢᠶ᠎ᠡ ᠪᠠᠷ ᠮᠠᠬᠳᠠᠨ ᠰᠠᠶᠢᠰᠢᠶᠠᠪᠠ᠃ ᠲᠡᠷᠨ᠂ ᠮᠠᠨ ᠤ ᠤᠷᠤᠨ ᠤ ᠬᠦᠳᠡᠭᠡ ᠲᠤᠰᠬᠤᠨ ᠤ ᠬᠦᠷᠢᠶ᠎ᠡ ᠬᠠᠰᠢᠶ᠎ᠡ ᠨᠡᠶᠢᠳᠡᠮ ᠳᠡᠭᠡᠨ ᠮᠠᠰᠢ ᠶᠡᠭᠡ ᠪᠠᠶᠢᠵᠤ᠂ ᠬᠦᠷᠢᠶ᠎ᠡ ᠬᠠᠰᠢᠶᠠᠨ ᠤ ᠠᠵᠤ ᠠᠬᠤᠢ ᠶᠢ ᠶᠡᠭᠡ ᠪᠠᠷ ᠬᠦᠭᠵᠢᠬᠦᠯᠵᠤ ᠪᠤᠯᠤᠨ᠎ᠡ᠃ ᠰᠠᠶᠢᠳᠤᠷ ᠲᠦᠯᠤᠪᠵᠢᠬᠦᠯᠤᠨ ᠬᠦᠳᠤᠯᠤᠨ ᠵᠢᠯᠤᠭᠤᠳᠴᠤ᠂ ᠲᠦᠷᠦ ᠶᠢᠨ ᠪᠤᠳᠤᠯᠭ᠎ᠠ ᠶᠢᠨ ᠲᠠᠮᠵᠢᠯᠭᠡ ᠪᠠᠨ ᠴᠢᠩᠭᠠᠳᠬᠠᠵᠤ᠂ ᠲᠤᠰᠬᠤᠨ ᠤ ᠠᠷᠠᠳ ᠎ ᠢ ᠵᠤᠬᠢᠶᠠᠨ ᠪᠠᠶᠢᠭᠤᠯᠤᠨ ᠭᠠᠵᠠᠷ ᠤᠷᠤᠨ ᠤ ᠪᠠᠶᠢᠳᠠᠯ ᠳᠤᠨᠢ ᠲᠤᠬᠢᠷᠠᠭᠤᠯᠤᠨ ᠤᠨᠴᠠᠯᠢᠬᠳᠤ ᠲᠡᠷᠢᠮᠡᠯ ᠲᠡᠷᠢᠵᠤ᠂ ᠵᠢᠵᠢᠭᠭᠡᠨ ᠬᠦᠷᠢᠶ᠎ᠡ ᠬᠠᠰᠢᠶ᠎ᠡ ᠶᠢ ᠤᠯᠠᠨ ᠲᠦᠮᠡᠨ ᠤ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ︽ᠡᠷᠳᠡᠨᠢᠰ ᠤᠨ ᠰᠠᠩ︾ ᠪᠤᠯᠭᠠᠨ ᠬᠤᠪᠢᠷᠠᠭᠤᠯᠬᠤ ᠭᠡᠷᠡᠭᠳᠠᠢ ᠭᠡᠵᠤ ᠬᠡᠯᠡᠪᠡ᠃      ᠪᠠᠶᠢᠴᠠᠭᠠᠨ ᠰᠤᠳᠤᠯᠬᠤ ᠬᠤᠭᠤᠴᠠᠭᠠᠨ ᠳᠠᠭᠠᠨ᠂ ᠱᠢ ᠲᠠᠢ ᠹᠧᠩ ᠪᠠᠰᠠ ᠱᠧᠩ ᠰᠢᠤᠸᠠᠢ ᠳ᠋ᠠ ᠴᠧᠩ ᠲᠡᠭᠡᠳᠤ ᠮᠡᠷᠭᠡᠵᠢᠯ ᠤᠨ ᠡᠮ ᠡᠮᠨᠡᠯᠭᠡ ᠶᠢᠨ ᠰᠠᠭᠤᠷᠢᠨ᠂ ᠺᠠᠶᠢᠯᠤ ᠶᠢᠨ ᠡᠮ ᠤᠨ ᠪᠦᠯᠦᠭᠯᠡᠯ ︵ᠺᠠᠶᠢᠯᠤ︶᠎ ᠤᠨ ᠡᠮ ᠦᠢᠯᠡᠳᠬᠦ ᠷᠸᠤᠮᠢᠼᠢᠨ ᠤ ᠲᠦᠷᠦᠯ ᠵᠦᠢᠯ ᠵᠢᠴᠢ ᠺᠠᠶᠢᠯᠤ ᠰᠢᠶᠠᠨ ᠤ ᠤᠳᠤ ᠦᠶ᠎ᠡ ᠶᠢᠨ ᠲᠡᠷᠢᠶᠠᠯᠠᠩ ᠤᠨ ᠵᠢᠱᠢᠶ᠎ᠡ ᠦᠵᠡᠬᠦᠯᠬᠦ ᠲᠤᠭᠤᠷᠢᠭ ᠤᠨ ᠪᠦᠳᠦᠭᠡᠨ ᠪᠠᠶᠢᠭᠤᠯᠤᠯᠳᠠ᠂ ᠬᠠᠳᠠᠭᠠᠬᠰᠡᠨ ᠯᠠᠵᠤᠤ ᠶᠢᠨ ᠠᠵᠤ ᠦᠢᠯᠡᠰ ᠤᠨ ᠬᠦᠭᠵᠢᠯᠳᠠ᠂ ᠲᠡᠷᠢᠶᠠᠯᠠᠩ ᠤᠨ ᠦᠨᠳᠤᠷ ᠪᠦᠳᠦᠮᠵᠢᠳᠠᠢ ᠤᠰᠤ ᠠᠷᠪᠢᠯᠠᠬᠤ ᠵᠡᠷᠭᠡ ᠪᠠᠶᠢᠳᠠᠯ ᠢ ᠰᠢᠨᠵᠢᠯᠡᠨ ᠪᠠᠶᠢᠴᠠᠭᠠᠪᠠ᠃ ᠲᠡᠷᠡ᠂ ᠡᠬᠢ ᠪᠠᠶᠠᠯᠢᠭ ᠤᠨ ᠲᠠᠪᠠᠭᠤᠯᠢᠭ ᠢᠶᠠᠨ ᠪᠠᠳᠠᠷᠠᠭᠤᠯᠵᠤ᠂ ᠬᠦᠷᠢᠶᠠᠯᠠᠩ ᠲᠤᠭᠤᠷᠢᠭ ᠤᠨ ᠪᠠᠶᠢᠷᠢᠰᠢᠭᠤᠯᠤᠯᠳᠠ ᠶᠢ ᠲᠡᠬᠦᠯᠳᠡᠷᠵᠢᠬᠦᠯᠵᠤ᠂ ᠡᠷᠳᠡᠨᠢ ᠰᠢᠰᠢ ᠶᠢᠨ ᠨᠠᠷᠢᠯᠢᠭ ᠬᠦᠨᠵᠡᠭᠡᠢ ᠡᠳ᠋ᠰᠢᠬᠦᠯᠤᠨ ᠪᠤᠯᠪᠠᠰᠤᠷᠠᠭᠤᠯᠬᠤ ᠠᠵᠤ ᠦᠢᠯᠡᠰ ᠤᠨ ᠬᠡᠯᠬᠢᠶ᠎ᠡ ᠶᠢ ᠶᠡᠭᠡ ᠬᠦᠴᠤ ᠤᠷᠤᠭᠤᠯᠤᠨ ᠰᠢᠯᠢᠳᠡᠭᠵᠢᠬᠦᠯᠤᠨ ᠲᠤᠬᠳᠠᠪᠤᠷᠢᠵᠢᠭᠤᠯᠵᠤ᠂ ᠠᠵᠤ ᠦᠢᠯᠡᠰ ᠤᠨ ᠬᠡᠯᠬᠢᠶ᠎ᠡ ᠎ ᠶᠢ ᠤᠷᠳᠤᠳᠬᠠᠨ ᠬᠦᠭᠵᠢᠬᠦᠯᠬᠦ᠂ ᠬᠤᠯᠪᠤᠭᠠᠯᠠᠨ ᠬᠦᠭᠵᠢᠬᠦᠯᠬᠦ᠂ ᠢᠵᠢ ᠪᠦᠷᠢᠳᠦᠬᠦᠯᠤᠨ ᠬᠦᠭᠵᠢᠬᠦᠯᠬᠦ᠂ ᠲᠦᠪᠯᠡᠷᠡᠬᠦᠯᠤᠨ ᠬᠦᠭᠵᠢᠬᠦᠯᠬᠦ ᠶᠢ ᠠᠬᠢᠭᠤᠯᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠦᠪᠰᠢᠨ ᠢ ᠲᠡᠭᠡᠭᠰᠢᠯᠡᠬᠦᠯᠵᠤ᠂ ᠮᠢᠩᠭᠠᠨ ᠳ᠋ᠦᠡᠭᠰᠢᠭᠤᠷ ᠲᠡᠰ ᠤᠨ ᠤᠨᠴᠠᠯᠢᠬᠳᠤ ᠠᠵᠤ ᠦᠢᠯᠡᠰ ᠢ ᠴᠢᠷᠮᠠᠶᠢᠨ ᠡᠬᠦᠳᠤᠨ ᠪᠠᠶᠢᠭᠤᠯᠬᠤ ᠭᠡᠷᠡᠭᠳᠠᠢ᠃ ᠦᠨᠳᠤᠷ ᠪᠠᠷᠢᠮᠵᠢᠶ᠎ᠡ ᠪᠦᠬᠦᠢ ᠲᠡᠷᠢᠶᠠᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠬᠠᠳᠠᠭᠠᠬᠰᠡᠨ ᠯᠠᠵᠤᠤ᠂ ᠡᠷᠳᠡᠨᠢ ᠰᠢᠰᠢ ᠵᠡᠷᠭᠡ ᠤᠨᠴᠠᠯᠢᠬᠳᠤ ᠲᠡᠷᠢᠮᠠᠯ ᠤᠨ ᠠᠵᠤ ᠦᠢᠯᠡᠰ ᠢ ᠤᠯᠠᠮ ᠴᠢᠨᠠᠬᠰᠢᠳᠠ ᠪᠤᠵᠠᠭᠠᠢᠢᠷᠠᠭᠤᠯᠤᠨ ᠰᠢᠯᠢᠳᠡᠭᠵᠢᠬᠦᠯᠵᠤ᠂ ᠲᠡᠷᠢᠶᠠᠯᠠᠩ ᠤᠨ ᠤᠰᠤ ᠠᠷᠪᠢᠯᠠᠬᠤ ᠠᠵᠢᠯ ᠢ ᠴᠢᠬᠤᠯᠠᠴᠢᠯᠠᠨ ᠰᠠᠶᠢᠳᠤᠷ ᠠᠳᠬᠤᠵᠤ᠂ ᠤᠳᠤ ᠦᠶ᠎ᠡ ᠶᠢᠨ ᠦᠨᠳᠤᠷ ᠦᠷ᠎ᠡ ᠠᠰᠢᠬᠳᠤ ᠲᠡᠷᠢᠶᠠᠯᠠᠩ ᠢ ᠬᠦᠴᠤᠯᠠᠨ ᠪᠠᠶᠢᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠬᠦᠨ᠂ ᠨᠠᠷᠢᠨ ᠪᠢᠴᠢᠭ ᠤᠨ ᠲᠠᠷᠤᠭ᠎ᠠ ᠵᠠᠩ ᠱᠤᠤ ᠴᠦᠨ ᠵᠢᠴᠢ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠪᠠᠶᠢᠴᠠᠭᠠᠨ ᠰᠤᠳᠤᠯᠬᠤ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号