ᠦᠪᠦᠷ ᠮᠤᠩᠭᠤᠯ ᠤᠨ ᠮᠤᠩᠭᠤᠯ ᠡᠮ ᠡᠮᠨᠡᠯᠭᠡ ᠶᠢᠨ ᠴᠢᠨᠠᠷ ᠰᠠᠶᠢᠲᠠᠢ ᠬᠦᠭᠵᠢᠯᠲᠡ ᠶᠢᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/6/4

              ᠡᠸᠦ ᠶᠠᠩ ᠰᠢᠶᠤᠤ ᠬᠤᠢ ᠬᠤᠷᠠᠯ ᠳᠤ ᠤᠷᠤᠯᠴᠠᠨ ᠶᠠᠷᠢᠶ᠎ᠠ ᠲᠠᠯᠪᠢᠵᠠᠢ
     ︽ᠪᠦᠬᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠤ ᠡᠳᠦᠷ︾ ᠬᠦᠷᠴᠦ ᠢᠷᠡᠬᠦ ᠲᠠᠰᠢᠷᠠᠮ ᠢᠶᠠᠷ᠂ 5 ᠰᠠᠷ᠎ᠠ ᠶᠢᠨ 28᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠬᠢᠭᠡᠳ ᠦᠪᠦᠷ ᠮᠤᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ᠂ ᠦᠪᠦᠷ ᠮᠤᠩᠭᠤᠯ ᠤᠨ ᠮᠤᠩᠭᠤᠯ ᠡᠮ ᠡᠮᠨᠡᠯᠭᠡ ᠶᠢᠨ ᠨᠡᠶᠢᠭᠡᠮᠯᠢᠭ ᠬᠠᠮᠲᠤᠷᠠᠨ ᠦᠪᠦᠷ ᠮᠤᠩᠭᠤᠯ ᠤᠨ ᠮᠤᠩᠭᠤᠯ ᠡᠮ ᠡᠮᠨᠡᠯᠭᠡ ᠶᠢᠨ ᠴᠢᠨᠠᠷ ᠰᠠᠶᠢᠲᠠᠢ ᠬᠦᠭᠵᠢᠯᠲᠡ ᠶᠢᠨ ᠶᠠᠷᠢᠯᠴᠠᠬᠤ ᠬᠤᠷᠠᠯ ᠢ ᠬᠦᠬᠡᠬᠤᠲᠠ ᠳᠤ ᠬᠤᠷᠠᠯᠳᠤᠭᠤᠯᠪᠠ᠃
     ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠡᠸᠦ ᠶᠠᠩ ᠰᠢᠶᠤᠤ ᠬᠤᠢ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃
     ᠡᠸᠦ ᠶᠠᠩ ᠰᠢᠶᠤᠤ ᠬᠤᠢ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠡᠮᠦᠨ᠎ᠠ ᠠᠴᠠ ᠪᠦᠬᠦ ᠤᠷᠤᠨ ᠤ ᠦᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠰᠠᠶᠢᠨ ᠰᠠᠶᠢᠬᠠᠨ ᠵᠦᠡᠭᠨᠡᠯ ᠳᠡᠪᠰᠢᠭᠦᠯᠪᠡ᠃ ᠲᠡᠷᠡ᠂ ᠮᠤᠩᠭᠤᠯ ᠡᠮ ᠡᠮᠨᠡᠯᠭᠡ ᠶᠢᠨ ᠠᠵᠤ ᠦᠢᠯᠡᠰ ᠪᠤᠯ ᠮᠠᠨ ᠤ ᠤᠷᠤᠨ ᠤ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠠ ᠪᠠᠷ ᠮᠠᠨᠳᠤᠬᠰᠠᠨ ᠠᠵᠤ ᠦᠢᠯᠡᠰ᠂ ᠮᠤᠩᠭᠤᠯ ᠡᠮ ᠡᠮᠨᠡᠯᠭᠡ ᠶᠢᠨ ᠠᠵᠤ ᠦᠢᠯᠡᠰ ᠢ ᠪᠤᠵᠠᠭᠠᠢᠢᠷᠠᠭᠤᠯᠤᠨ ᠬᠦᠴᠦᠷᠬᠡᠭᠵᠢᠭᠦᠯᠬᠦ ᠪᠤᠯ ᠦᠪᠡᠷᠲᠡᠭᠡᠨ ᠵᠠᠰᠠᠬᠤ ᠤᠷᠤᠨ ᠤ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠴᠢᠬᠤᠯᠠ ᠠᠭᠤᠯᠭ᠎ᠠ ᠪᠤᠯᠤᠨ᠎ᠠ᠃ ᠮᠣᠩᠭᠤᠯ ᠡᠮ ᠡᠮᠨᠡᠯᠭᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠦᠨ ᠠᠵᠢᠯᠲᠠᠳ ︽ᠤᠯᠤᠰ ᠢᠶᠠᠨ ᠬᠠᠶᠢᠷᠠᠯᠠᠬᠤ᠂ ᠰᠢᠨ᠎ᠡ ᠶᠢ ᠡᠭᠦᠳᠬᠦ᠂ ᠦᠨᠡᠨ ᠢ ᠪᠠᠷᠢᠮᠲᠠᠯᠠᠬᠤ᠂ ᠬᠤᠪᠢ ᠨᠡᠮᠡᠷᠢ ᠦᠵᠡᠭᠦᠯᠬᠦ᠂ ᠬᠠᠮᠵᠢᠯᠴᠠᠬᠤ᠂ ᠬᠥᠮᠦᠨ ᠢ ᠬᠥᠮᠦᠵᠢᠭᠦᠯᠬᠦ︾ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠣᠬᠢ ᠰᠣᠳᠣ ᠪᠠᠨ ᠤᠯᠠᠮᠵᠢᠯᠠᠨ ᠵᠠᠯᠭᠠᠮᠵᠢᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠮᠣᠩᠭᠤᠯ ᠡᠮ ᠡᠮᠨᠡᠯᠭᠡ ᠶᠢᠨ ᠲᠤᠯᠭᠤᠷ ᠪᠢᠴᠢᠭ ᠢ ᠴᠠᠭ ᠢ ᠠᠮᠵᠢᠨ ᠠᠪᠤᠷᠠᠬᠤ ᠴᠢᠨᠠᠷᠲᠠᠶ ᠠᠭᠤᠳᠠᠯᠤᠨ ᠡᠮᠬᠢᠯᠡᠬᠦ ᠪᠠ ᠰᠢᠰᠲ᠋ᠧᠮ ᠲᠠᠢ ᠰᠤᠳᠤᠯᠬᠤ ᠶᠢ ᠭᠦᠨᠵᠡᠭᠡᠶ ᠠᠬᠢᠭᠤᠯᠵᠤ᠂ ᠣᠨᠴᠠᠯᠢᠭᠲᠤ ᠡᠮᠨᠡᠯᠭᠡ ᠶᠢᠨ ᠮᠡᠷᠭᠡᠵᠢᠯ ᠡᠮᠴᠢᠯᠡᠭᠡᠨ ᠤ ᠮᠡᠷᠭᠡᠵᠢᠯ ᠢ ᠠᠭᠤᠳᠠᠯᠬᠤ ᠪᠠ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠭᠡᠷᠡᠭᠳᠡᠢ ᠭᠡᠵᠤ ᠵᠢᠭᠠᠵᠤ ᠭᠠᠷᠭᠠᠪᠡ᠃
     ᠡᠸᠤ ᠶᠠᠩ ᠰᠢᠶᠣᠤ ᠬᠤᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠦᠢᠯᠡᠳᠦᠯᠭᠡᠵᠢᠭᠦᠯᠵᠦ᠂ ᠨᠥᠬᠦᠴᠡᠯ ᠪᠦᠷᠢᠯᠳᠦᠭᠦᠯᠵᠦ᠂ ᠲᠠᠪᠴᠠᠩ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠤ ᠰᠢᠨ᠎ᠡ ᠶᠢ ᠡᠭᠦᠳᠦᠨ ᠦᠢᠯᠡᠰ ᠪᠤᠰᠬᠠᠬᠤ ᠎ ᠳᠤ ᠴᠢᠨᠠᠷ ᠰᠠᠶᠢᠲᠠᠶ ᠥᠨᠳᠥᠷ  ᠪᠦᠲᠦᠮᠵᠢᠲᠡᠢ ᠦᠢᠯᠡᠴᠢᠯᠡᠭᠡ ᠬᠠᠩᠭᠠᠬᠤ ᠭᠡᠷᠡᠭᠳᠡᠢ ᠭᠡᠵᠤ ᠴᠢᠬᠤᠯᠡᠴᠢᠯᠡᠪᠡ᠃
     ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠲᠤᠰᠬᠠᠶ ᠮᠡᠷᠭᠡᠵᠢᠯᠲᠡᠨ ᠡᠷᠳᠡᠮᠲᠡᠳ ᠬᠤᠷᠠᠯ ᠤᠨ ᠭᠤᠤᠯ ᠰᠡᠳᠦᠪ ᠤᠨ ᠲᠣᠭᠤᠷᠢᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠠᠭᠤᠵᠢᠷᠠᠲᠠᠯ᠎ᠠ ᠶᠠᠷᠢᠯᠴᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠲᠥᠯᠥᠪᠵᠢᠭᠦᠯᠪᠡ᠃ ᠣᠯᠠᠨ ᠢᠶᠠᠷ ᠢᠶᠠᠨ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠪᠠ ᠴᠢᠨᠠᠷ ᠰᠠᠶᠢᠲᠠᠶ ᠬᠥᠭᠵᠢᠯᠲᠡ ᠶᠢᠨ ᠠᠮᠢᠳᠤᠯᠢᠭ ᠦᠢᠯᠡᠳᠦᠯᠭᠡ ᠳᠤ ᠢᠳᠡᠪᠬᠢᠲᠡᠶ ᠣᠷᠣᠯᠴᠠᠵᠤ᠂ ᠰᠢᠨ᠎ᠡ ᠠᠮᠵᠢᠯᠲᠠ ᠪᠦᠲᠦᠮᠵᠢ ᠪᠠᠷ ᠴᠠᠭ ᠦᠶ᠎ᠡ ᠶᠢᠨ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠵᠤ᠂ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠨ᠎ᠡ ᠭᠡᠵᠤ ᠢᠯᠡᠳᠭᠡᠵᠡᠭᠡᠪᠡ᠃
     ᠬᠤᠷᠠᠯ ᠠᠴᠠ ᠡᠮᠦᠨ᠎ᠡ᠂ ᠡᠸᠤ ᠶᠠᠩ ᠰᠢᠶᠤᠤ ᠬᠤᠶ ᠮᠣᠩᠭᠤᠯ ᠡᠮ ᠡᠮᠨᠡᠯᠭᠡ ᠶᠢᠨ ᠲᠤᠰᠬᠠᠶ ᠮᠡᠷᠭᠡᠵᠢᠯᠲᠡᠨ ᠵᠢᠭᠮᠢᠳ ᠪᠣᠯᠤᠨ ᠰᠦᠬᠡ ᠶᠢ ᠲᠣᠬᠤᠨᠢᠭᠤᠯᠪᠠ᠃

ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ