ᠬᠥᠯᠥᠨ ᠪᠤᠶᠢᠷ ᠬᠤᠲᠠ ᠶᠢᠨ ᠪᠠᠭ᠎ᠠ ᠰᠤᠷᠭᠠᠭᠤᠯᠢ ᠶᠢᠨ ᠳᠣᠣᠷᠠᠳᠦ ᠠᠩᠭᠢ 6 ᠳ᠋ᠤᠭᠠᠷ ᠰᠠᠷ᠎ᠠ ᠶᠢᠨ 8᠎ ᠤ ᠡᠳᠦᠷ ᠠᠴᠠ ᠡᠬᠢᠯᠡᠨ ᠰᠤᠷᠭᠠᠭᠤᠯᠢ ᠡᠬᠢᠯᠡᠵᠦ ᠬᠢᠴᠢᠶᠡᠯᠯᠡᠬᠦ ᠪᠠᠷ ᠪᠣᠢ
ᠨᠡᠶᠢᠲᠡᠯᠡᠭᠰᠡᠨ ᠴᠠᠭ᠄
2020/6/4
     ᠲᠦᠷᠦᠭᠦᠬᠡᠨ᠂ ᠬᠥᠯᠥᠨ ᠪᠤᠶᠢᠷ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠢᠶᠠᠷ ᠵᠥᠪᠰᠢᠶᠡᠷᠡᠭᠦᠯᠦᠭᠡᠳ᠂ 6 ᠳ᠋ᠤᠭᠠᠷ ᠰᠠᠷ᠎ᠠ ᠶᠢᠨ 8᠎ ᠤ ᠡᠳᠦᠷ ᠠᠴᠠ ᠡᠬᠢᠯᠡᠨ᠂ ᠪᠥᠬᠦ ᠬᠤᠲᠠ ᠶᠢᠨ ᠪᠠᠭ᠎ᠠ ᠰᠤᠷᠭᠠᠭᠤᠯᠢ ᠶᠢᠨ ᠳᠣᠣᠷᠠᠳᠦ ᠠᠩᠭᠢ ︵ᠨᠢᠭᠡ᠂ ᠬᠤᠶᠠᠷ᠂ ᠭᠤᠷᠪᠠᠳᠤᠭᠠᠷ ᠣᠨ︶᠎ ᠨᠢ ᠬᠤᠰᠢᠭᠤ ᠬᠤᠲᠠ ᠲᠣᠭᠤᠷᠢᠭ ᠤᠨ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠦᠨᠡᠯᠡᠨ ᠵᠢᠱᠢᠯᠲᠡ ᠪᠠᠷ ᠪᠠᠷᠢᠮᠵᠢᠶ᠎ᠠ ᠳᠤ ᠬᠦᠷᠦᠭᠰᠡᠨ ᠤ ᠳᠠᠷᠠᠭ᠎ᠠ ᠰᠤᠷᠭᠠᠭᠤᠯᠢ ᠡᠬᠢᠯᠡᠵᠦ ᠬᠢᠴᠢᠶᠡᠯᠯᠡᠬᠦ ᠪᠣᠯᠣᠨ᠎ᠠ᠃      ᠡᠯ᠎ᠡ ᠭᠠᠵᠠᠷ ᠣᠷᠣᠨ ᠤ ᠡᠯ᠎ᠡ ᠰᠤᠷᠭᠠᠭᠤᠯᠢ ᠨᠤᠭᠤᠳ ︽ᠬᠢᠵᠢᠭ ᠤᠨ ᠪᠠᠶᠢᠳᠠᠯ ᠢ ᠦᠨᠳᠦᠰᠦᠨ ᠳᠤ ᠪᠠᠨ ᠡᠵᠡᠮᠳᠡᠬᠦ ᠠᠴᠠ ᠡᠮᠦᠨ᠎ᠡ ᠰᠤᠷᠭᠠᠭᠤᠯᠢ ᠡᠬᠢᠯᠡᠬᠦ ᠦᠭᠡᠶ᠂ ᠰᠤᠷᠭᠠᠭᠤᠯᠢ ᠶᠢᠨ ᠰᠡᠷᠭᠡᠶᠢᠯᠡᠨ ᠡᠵᠡᠮᠳᠡᠬᠦ ᠦᠨᠳᠦᠰᠦᠨ ᠨᠦᠭᠦᠴᠡᠯ ᠪᠦᠷᠢᠯᠳᠦᠭᠡᠳᠦᠢ ᠪᠣᠯ ᠰᠤᠷᠭᠠᠭᠤᠯᠢ ᠡᠬᠢᠯᠡᠬᠦ ᠦᠭᠡᠶ᠂ ᠪᠠᠭᠰᠢ ᠰᠤᠷᠤᠭᠴᠢ ᠪᠣᠯᠤᠨ ᠰᠤᠷᠭᠠᠭᠤᠯᠢ ᠶᠢᠨ ᠬᠦᠷᠢᠶᠡᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠦᠨᠡᠨ ᠬᠦ ᠪᠠᠲᠤᠯᠠᠵᠤ ᠳᠡᠶᠢᠯᠬᠦ ᠦᠭᠡᠶ ᠪᠣᠯ ᠰᠤᠷᠭᠠᠭᠤᠯᠢ ᠡᠬᠢᠯᠡᠬᠦ ᠦᠭᠡᠶ ᠪᠠᠶᠢᠬᠤ︾ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠠᠷᠢᠶ᠎ᠠ ᠭᠠᠵᠠᠷ ᠲᠤ ᠎ ᠨᠢ ᠬᠠᠮᠢᠶᠠᠷᠤᠭᠤᠯᠬᠤ ᠵᠠᠷᠴᠢᠮ ᠢ ᠪᠠᠷᠢᠮᠲᠠᠯᠠᠵᠤ᠂ ᠰᠤᠷᠭᠠᠭᠤᠯᠢ ᠶᠢᠨ ᠬᠢᠴᠢᠶᠡᠯᠯᠡᠬᠦ ᠪᠡᠯᠡᠳᠬᠡᠯ ᠠᠵᠢᠯ ᠤᠨ ᠪᠠᠶᠢᠴᠠᠭᠠᠯᠲᠠ ᠪᠠ ᠦᠨᠡᠯᠡᠨ ᠵᠢᠱᠢᠯᠲᠡ ᠶᠢ ᠬᠢᠨᠠᠮᠠᠭᠠᠶ ᠵᠣᠬᠢᠶᠠᠨ ᠪᠠᠶᠢᠭᠤᠯᠵᠤ᠂ ᠨᠥᠬᠦᠴᠡᠯ ᠪᠦᠷᠢᠯᠳᠦᠭᠰᠡᠨ ᠪᠠᠶᠢᠪᠠᠯ ᠬᠤᠭᠤᠴᠠᠭ᠎ᠠ ᠪᠦᠯᠦᠭ ᠬᠤᠪᠢᠶᠠᠨ ᠡᠮᠬᠢ ᠵᠢᠷᠤᠮ ᠲᠠᠢ ᠪᠠᠷ ᠰᠤᠷᠭᠠᠭᠤᠯᠢ ᠡᠬᠢᠯᠡᠵᠦ ᠪᠣᠯᠣᠨ᠎ᠠ᠂ ᠨᠥᠬᠦᠴᠡᠯ ᠪᠦᠷᠢᠯᠳᠦᠭᠡᠳᠦᠢ ᠪᠣᠯ ᠰᠤᠷᠭᠠᠭᠤᠯᠢ ᠡᠬᠢᠯᠡᠬᠦ ᠶᠢ ᠨᠢ ᠶᠠᠭᠠᠬᠢᠭᠰᠠᠨ ᠴᠤ ᠵᠥᠪᠰᠢᠶᠡᠷᠡᠵᠦ ᠪᠣᠯᠬᠤ ᠦᠭᠡᠢ ᠭᠡᠵᠦ ᠲᠣᠭᠲᠠᠭᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号