ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠨᠥᠬᠦᠪᠥᠷᠢ ᠪᠠᠯᠠ ᠮᠥᠩᠭᠦ 6358 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2020/6/4
     ᠲᠠᠷᠢᠶᠠᠴᠢᠳ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠡᠰᠢ ᠰᠦᠢᠷᠡᠯ ᠢ ᠲᠠᠷᠢᠶᠠᠨ ᠳᠤ ᠣᠷᠣᠭᠤᠯᠵᠤ᠂ ᠭᠦᠨ ᠰᠤᠯᠠᠷᠠᠭᠤᠯᠵᠤ ᠭᠠᠵᠠᠷ ᠲᠡᠭᠰᠢᠯᠡᠬᠦ᠂ ᠣᠷᠭᠠᠨᠢᠭ ᠪᠣᠷᠳᠣᠭᠤᠷ ᠨᠡᠮᠡᠵᠦ ᠣᠷᠣᠭᠤᠯᠬᠤ᠂ ᠬᠢᠮᠢ ᠶᠢᠨ ᠪᠣᠷᠳᠣᠭᠤᠷ ᠲᠠᠷᠢᠶᠠᠨ ᠡᠮ ᠢ ᠪᠠᠭᠠᠰᠬᠠᠬᠤ ᠵᠡᠷᠭᠡ ᠠᠷᠭ᠎ᠠ ᠬᠡᠮᠵᠢᠶ᠎ᠡ ᠠᠪᠴᠤ᠂ ᠲᠠᠷᠢᠶᠠᠯᠠᠩ ᠤᠨ ᠠᠮᠢ ᠠᠬᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢ ᠦᠨᠡᠨ ᠬᠦ ᠴᠢᠩᠭᠠᠳᠬᠠᠨ᠂ ᠲᠠᠷᠢᠶᠠᠨ ᠭᠠᠵᠠᠷ ᠤᠨ ᠬᠦᠷᠦᠰᠦ ᠰᠢᠷᠤᠢ ᠶᠢ ᠤᠬᠠᠮᠰᠠᠷ ᠠᠴᠠ ᠪᠠᠨ ᠳᠡᠭᠡᠭᠰᠢᠯᠡᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠰᠠᠭᠤᠷᠢ ᠶᠢ ᠪᠠᠲᠤᠳᠬᠠᠵᠤ᠂ ᠮᠠᠨ ᠤ ᠠᠶᠢᠮᠠᠭ ᠤᠨ ᠣᠲᠣ ᠦᠶ᠎ᠡ ᠶᠢᠨ ᠲᠠᠷᠢᠶᠠᠯᠠᠩ ᠤᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠣᠶᠢᠷ᠎ᠠ ᠳᠤ ᠲᠠᠷᠢᠶᠠᠨ ᠭᠠᠵᠠᠷ ᠤᠨ ᠭᠠᠵᠠᠷ ᠤᠨ ᠰᠢᠮᠡᠯᠢᠭ ᠬᠦᠷᠦᠰᠦ ᠶᠢᠨ ᠨᠥᠬᠦᠪᠥᠷᠢ ᠶᠢᠨ ᠬᠠᠮᠠᠭᠠᠯᠠᠯᠲᠠ ᠶᠢᠨ ᠨᠥᠬᠦᠪᠦᠷᠢ ︵ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠨᠥᠬᠦᠪᠥᠷᠢ︶᠎ ᠶᠢᠨ ᠪᠡᠯᠡ ᠮᠥᠩᠭᠦ 6358 ᠲᠦᠮᠡᠨ ᠲᠥᠭᠦᠷᠢᠭ ᠪᠠᠭᠤᠯᠭᠠᠪᠠ᠃      ᠲᠤᠰ ᠪᠡᠯᠡ ᠮᠥᠩᠭᠦ ᠨᠢ ᠲᠠᠷᠢᠶᠠᠴᠢᠳ ᠲᠤ ᠪᠣᠳᠠᠰᠵᠢᠭᠰᠠᠨ ᠨᠥᠬᠦᠪᠥᠷᠢ᠂ ᠲᠠᠷᠢᠶᠠᠯᠠᠬᠤ ᠨᠥᠬᠦᠪᠥᠷᠢ ᠪᠤᠶᠤ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠪᠠᠷ ᠳᠠᠮᠵᠢᠭᠤᠯᠤᠨ᠂ ᠡᠰᠢ ᠰᠦᠢᠷᠡᠯ ᠢ ᠪᠦᠬᠦᠨ ᠢ ᠲᠠᠷᠢᠶᠠᠨ ᠳᠤ ᠪᠤᠴᠠᠭᠠᠬᠤ᠂ ᠣᠷᠭᠠᠨᠢᠭ ᠪᠣᠷᠳᠣᠭᠤᠷ ᠨᠡᠮᠡᠵᠦ ᠣᠷᠣᠭᠤᠯᠬᠤ᠂ ᠨᠣᠭᠤᠭᠠᠨ ᠪᠣᠷᠳᠣᠭᠤᠷ ᠲᠠᠷᠢᠵᠤ ᠲᠠᠷᠢᠶᠠᠨ ᠳᠤ ᠣᠷᠣᠭᠤᠯᠵᠤ᠂ ᠭᠦᠨ ᠬᠠᠭᠠᠯᠪᠤᠷᠢᠯᠠᠵᠤ ᠭᠦᠨ ᠰᠤᠯᠠᠷᠠᠭᠤᠯᠬᠤ ᠵᠡᠷᠭᠡ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠪᠠ ᠳᠡᠭᠡᠭᠰᠢᠯᠡᠭᠦᠯᠬᠦ ᠮᠡᠷᠭᠡᠵᠢᠯ ᠤᠨ ᠠᠷᠭ᠎ᠠ ᠬᠡᠮᠵᠢᠶ᠎ᠡ ᠶᠢ ᠳᠡᠯᠭᠡᠷᠡᠭᠦᠯᠦᠨ᠎ᠡ᠃ ᠨᠥᠬᠦᠪᠥᠷᠢ ᠥᠭᠬᠦ ᠠᠷᠭ᠎ᠠ ᠬᠡᠯᠪᠡᠷᠢ ᠪᠠᠷ ᠳᠠᠮᠵᠢᠭᠤᠯᠤᠨ ᠤᠨ ᠣᠷᠣᠨ ᠤ ᠲᠠᠷᠢᠮᠠᠯ ᠤᠨ ᠡᠰᠢ ᠰᠦᠷᠡᠯ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠦᠨ᠎ᠡ᠃ ᠬᠢᠮᠢ ᠶᠢᠨ ᠪᠣᠷᠲᠣᠭᠤᠷ ᠲᠠᠷᠢᠶᠠᠨ ᠡᠮ ᠢ ᠪᠠᠭᠠᠰᠬᠠᠬᠤ ᠬᠡᠮᠵᠢᠶ᠎ᠡ ᠶᠢ ᠲᠤᠰ ᠭᠠᠵᠠᠷ ᠤᠨ ᠳᠤᠮᠳᠠᠴᠢ ᠬᠢᠷᠢ ᠬᠡᠮᠵᠢᠶ᠎ᠡ ᠠᠴᠠ ᠢᠯᠡᠳᠲᠡ ᠥᠨᠳᠥᠷ ᠪᠠᠶᠢᠯᠭᠠᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠪᠦᠲᠦᠮᠵᠢᠲᠡᠶ ᠬᠠᠮᠠᠭᠠᠯᠠᠨ ᠳᠡᠭᠡᠭᠰᠢᠯᠡᠭᠦᠯᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号