ᠦᠪᠣᠷ ᠵᠠᠰᠠᠭ ᠠᠯᠪᠡᠨ ᠳᠠᠷᠬᠠᠭᠠᠭᠰᠠᠨ ﹇2020﹈ 6 ᠳ᠋ᠣᠭᠠᠷ ᠲᠣᠭᠠᠳᠣ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠵᠠᠰᠠᠬᠤ ᠥᠭᠡᠷᠡᠴᠢᠯᠡᠯᠲᠡ | ᠶᠢᠨ ᠬᠡᠷᠡᠭᠵᠢᠭᠦᠯᠬᠦ ᠲᠥᠰᠦᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠨ ᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠣᠭᠤᠰᠢᠯᠠᠭᠤᠯᠣᠨ ᠨᠠᠶᠢᠳᠠᠪᠤᠷᠢᠵᠢᠭᠤᠯᠲᠤᠭᠠᠶ᠃ | 2020 ᠣᠨ ᠤ 4 ᠳ᠋ᠣᠭᠡᠷ ᠰᠠᠷ᠎ᠠ ᠶᠢᠨ 11 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠵᠠᠰᠠᠬᠤ ᠥᠭᠡᠷᠡᠴᠢᠯᠡᠯᠲᠡ ᠶᠢᠨ | ᠬᠡᠷᠡᠭᠵᠢᠭᠦᠯᠬᠦ ᠲᠥᠰᠦᠯ | | | ︽ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠵᠠᠰᠠᠬᠤ ᠥᠭᠡᠷᠡᠴᠢᠯᠡᠯᠲᠡ ᠶᠢᠨ ᠲᠦᠰᠣᠯ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2019﹈ 37 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ | ᠲᠣᠭᠤᠰᠢᠯᠠᠭᠤᠯᠣᠨ ᠨᠠᠶᠢᠳᠠᠪᠤᠷᠢᠵᠢᠭᠤᠯᠵᠣ᠂ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠬᠡᠢ ᠥᠨᠳᠥᠷ ᠪᠠᠶᠢᠭ᠎ᠠ ᠪᠠ | ᠬᠡᠲᠦᠷᠡᠲᠡᠯ᠎ᠡ ᠬᠡᠷᠡᠭᠯᠡᠵᠣ ᠪᠠᠶᠢᠭ᠎ᠠ ᠵᠡᠷᠭᠡ ᠣᠯᠠᠨ ᠲᠦᠮᠡᠨ ᠤ ᠲᠤᠰᠬᠠᠯ ᠴᠢᠩᠭ᠎ᠠ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠶᠡᠭᠡ ᠪᠠᠶᠢᠬᠤ ᠲᠣᠪᠣᠶᠢᠮ᠎ᠠ ᠠᠰᠠᠭᠤᠳᠠᠯ ᠢ | ᠪᠥᠬᠦ ᠲᠠᠯ᠎ᠠ ᠪᠠᠷ ᠭᠦᠨᠵᠡᠭᠡᠢ ᠵᠠᠰᠠᠵᠤ᠂ ᠡᠮᠴᠢᠯᠡᠭᠡᠨ ᠤ ᠦᠶᠯᠡᠴᠢᠯᠡᠭᠦ ᠠᠵᠢᠯᠯᠠᠭ᠎ᠠ ᠶᠢ ᠵᠢᠷᠤᠮᠵᠢᠭᠤᠯᠤᠨ᠂ ᠡᠮᠴᠢᠯᠡᠭᠡᠨ ᠤ ᠵᠠᠷᠤᠳᠠᠯ ᠤᠨ ᠵᠦᠶ ᠵᠣᠬᠢᠰ ᠥᠬᠡᠶ ᠪᠠᠷ | ᠨᠡᠮᠡᠭᠳᠡᠬᠦ ᠶᠢ ᠬᠢᠵᠠᠭᠠᠷᠯᠠᠵᠤ᠂ ᠠᠷᠠᠳ ᠣᠯᠠᠨ ᠤ ᠡᠷᠡᠭᠦᠯ ᠮᠡᠨᠳᠦ ᠶᠢᠨ ᠡᠷᠬᠡ ᠠᠰᠢᠭ ᠢ ᠬᠠᠮᠠᠭᠠᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠳᠠᠢ ᠲᠠᠢ | ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠣᠨ᠂ ᠠᠷᠠᠳ ᠲᠦᠮᠡᠨ ᠢᠶᠠᠷ ᠭᠤᠤᠯ ᠪᠣᠯᠭᠠᠬᠤ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ᠂ ᠲᠦᠷᠢᠮ ᠤᠨ ᠬᠠᠮᠢᠶᠠᠷᠤᠯᠲᠠ ᠶᠢ ᠰᠢᠯᠢᠳᠡᠭᠵᠢᠭᠦᠯᠬᠦ᠂ ᠠᠷᠭ᠎ᠠ ᠬᠡᠯᠪᠡᠷᠢ ᠳᠤ ᠰᠢᠨ᠎ᠠ ᠶᠢ | ᠡᠭᠦᠣᠡᠭᠦ ᠪᠠᠷ ᠳᠠᠮᠵᠢᠭᠤᠯᠤᠨ᠂ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ | ᠰᠢᠯᠤᠭᠤᠳᠬᠠᠵᠤ᠂ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠪᠥᠬᠦ ᠶᠠᠪᠤᠴᠠ ᠳᠠᠬᠢ ᠬᠢᠨᠠᠯᠲᠠ ᠬᠠᠮᠢᠶᠠᠷᠣᠯᠳᠠ ᠶᠢ ᠴᠢᠩᠭᠠᠳᠬᠠᠵᠤ᠂ | ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠵᠠᠬ᠎ᠠ ᠳᠡᠯᠭᠡᠭᠦᠷ ᠤᠨ ᠣᠷᠴᠢᠨ ᠪᠠ ᠡᠮᠴᠢᠯᠡᠭᠡᠨ ᠤ ᠦᠶᠯᠡᠴᠢᠯᠡᠭᠦ ᠠᠵᠢᠯ ᠡᠷᠭᠢᠯᠡᠬᠦ ᠣᠷᠴᠢᠨ ᠢ | ᠴᠡᠪᠡᠷᠰᠢᠭᠦᠯᠣᠨ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠲᠠᠢ ᠤᠯᠤᠰ ᠲᠤ ᠪᠠᠨ ᠦᠶᠯᠡᠳᠪᠦᠷᠢᠯᠡᠭᠰᠡᠨ ᠡᠮᠴᠢᠯᠡᠭᠡᠨ ᠤ ᠥᠨᠳᠥᠷ ᠥᠷᠲᠡᠭᠲᠦ | ᠬᠤᠷᠣᠭᠳᠠᠯ ᠮᠠᠲ᠋ᠧᠷᠢᠶᠠᠯ ᠤᠨ ᠭᠤᠣᠯᠯᠠᠭᠴᠢ ᠥᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠭᠦ ᠶᠢ ᠳᠡᠮᠵᠢᠵᠣ᠂ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ | ᠮᠠᠲ᠋ᠧᠷᠢᠶᠠᠯ ᠤᠨ ᠶᠠᠰᠤ ᠴᠢᠨᠠᠷ ᠨᠢ ᠨᠠᠶᠢᠳᠠᠪᠤᠷᠢᠲᠠᠶ᠂ ᠭᠦᠶᠯᠭᠡᠭᠡᠨ ᠨᠢ ᠲᠦᠷᠭᠡᠨ᠂ ᠦᠨ᠎ᠡ ᠬᠠᠩᠰᠢ ᠨᠢ ᠵᠦᠶ ᠵᠣᠬᠢᠰᠲᠠᠶ᠂ ᠬᠡᠷᠡᠭᠯᠡᠭᠦ ᠳᠤ ᠵᠢᠷᠤᠮᠵᠢᠯ ᠲᠠᠢ᠂ | ᠬᠠᠮᠢᠶᠠᠷᠤᠯᠲᠠ ᠨᠢ ᠡᠮᠬᠢ ᠵᠢᠷᠤᠮ ᠲᠠᠢ ᠵᠠᠰᠠᠯᠲᠠ ᠶᠢᠨ ᠪᠠᠶᠢᠷᠢᠰᠢᠯ ᠢ ᠠᠬᠢᠭᠤᠯᠣᠨ ᠪᠦᠷᠢᠯᠳᠦᠭᠦᠯᠵᠣ᠂ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ | ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠣᠨ᠂ ᠠᠷᠠᠳ ᠣᠯᠠᠨ ᠤ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠤᠯᠠᠮ ᠨᠢᠭᠡ ᠠᠯᠬᠤᠮ | ᠬᠥᠩᠭᠡᠷᠡᠭᠦᠯᠦᠨ᠎ᠡ᠃ | ᠬᠤᠶᠠᠷ᠂ ᠦᠨᠳᠦᠰᠦᠨ ᠵᠠᠷᠴᠢᠮ | ︵ᠨᠢᠭᠡ︶ ᠭᠤᠤᠯᠳᠠᠯᠭ᠎ᠠ ᠶᠢ ᠳᠣᠪᠤᠶᠢᠯᠭᠠᠨ᠎ᠠ᠃ ᠤᠯᠤᠰ ᠠᠴᠠ ᠲᠣᠳᠣᠷᠬᠠᠶ ᠲᠣᠭᠲᠠᠭᠠᠭᠰᠠᠨ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ | ᠵᠠᠰᠠᠬᠤ ᠬᠡᠪᠴᠢᠶ᠎ᠡ ᠶᠣᠰᠣᠭᠠᠷ᠂ ᠡᠮᠴᠢᠯᠡᠭᠡᠨ ᠳᠤ ᠬᠡᠷᠩᠯᠡᠭᠦ ᠬᠡᠮᠵᠢᠶ᠎ᠡ ᠨᠢ ᠶᠡᠭᠡ᠂ ᠨᠢᠭᠡᠴᠢ ᠶᠢᠨ ᠦᠨ᠎ᠡ ᠨᠢ ᠬᠠᠷᠢᠴᠠᠩᠭᠤᠢ ᠨᠡᠯᠢᠶᠡᠳ ᠥᠨᠳᠥᠷ᠂ ᠵᠠᠬ᠎ᠠ ᠳᠡᠯᠭᠡᠭᠦᠷ ᠤᠨ | ᠥᠷᠢᠰᠥᠯᠳᠦᠭᠡᠨ ᠢᠶᠠᠷ ᠬᠠᠷᠢᠴᠠᠩᠭᠤᠶ ᠭᠦᠶᠴᠡᠳ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢᠶᠠᠷ ᠭᠤᠤᠯᠳᠠᠯᠭ᠎ᠠ ᠪᠣᠯᠭᠠᠨ ᠪᠦᠬᠦ ᠲᠠᠯ᠎ᠠ ᠪᠠᠷ | ᠭᠦᠨᠵᠡᠭᠡᠶ ᠵᠠᠰᠠᠬᠤ ᠠᠵᠢᠯ ᠢ ᠥᠷᠨᠢᠭᠦᠯᠦᠨ᠎ᠡ᠃ | ︵ᠬᠤᠶᠠᠷ︶ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠣᠨ᠎ᠠ᠃ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠦᠶᠯᠡᠳᠪᠦᠷᠢᠯᠡᠭᠦ᠂ | ᠭᠦᠶᠯᠭᠡᠭᠡᠭᠦ᠂ ᠬᠤᠳᠠᠯᠳᠤᠨ ᠠᠪᠬᠤ᠂ ᠬᠡᠷᠡᠭᠯᠡᠬᠦ᠂ ᠲᠣᠭᠠᠴᠠᠯᠠᠨ ᠥᠭᠬᠦ ᠪᠠ ᠬᠢᠨᠠᠨ ᠬᠠᠮᠢᠶᠠᠷᠬᠤ ᠵᠡᠷᠭᠡ ᠡᠯ᠎ᠡ ᠭᠤᠭᠴᠤᠭ᠎ᠠ᠂ ᠡᠯ᠎ᠡ ᠬᠦᠷᠢᠶ᠎ᠠ ᠴᠠᠷᠠᠭᠠᠨ ᠳᠤ ᠣᠷᠣᠰᠢᠵᠤ | ᠪᠠᠶᠢᠭ᠎ᠠ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠩᠵᠢᠭᠦᠯᠵᠣ᠂ ᠰᠢᠯᠤᠭᠤᠳᠬᠠᠬᠤ ᠪᠠ ᠬᠤᠷᠢᠭᠯᠠᠬᠤ ᠶᠢ ᠵᠡᠷᠭᠡ ᠪᠠᠷ | ᠠᠳᠬᠤᠵᠤ᠂ ᠬᠦᠴᠦ ᠪᠠᠨ ᠬᠠᠮᠲᠤᠳᠬᠠᠨ ᠵᠠᠰᠠᠨ᠎ᠠ᠃ | ︵ᠭᠤᠷᠪᠠ︶ ᠢᠳᠡᠪᠬᠢᠲᠡᠢ ᠪᠥᠭᠡᠳ ᠯᠠᠪᠳᠠᠭᠤᠨ ᠢᠶᠠᠷ ᠶᠠᠪᠣᠭᠳᠠᠭᠤᠯᠣᠨ᠎ᠠ᠃ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠬᠡᠪ ᠪᠠᠷᠢᠮᠵᠢᠶ᠎ᠠ | ᠪᠠ ᠲᠦᠷᠣᠯ ᠵᠦᠶᠯ ᠨᠢ ᠣᠯᠠᠨ᠂ ᠶᠠᠰᠤ ᠴᠢᠨᠠᠷ ᠪᠠ ᠦᠨ᠎ᠡ ᠬᠠᠩᠰᠢ ᠶᠢᠨ ᠵᠥᠷᠢᠶ᠎ᠡ ᠨᠢ ᠶᠡᠭᠡ ᠪᠣᠯᠬᠤᠷ ᠦᠶᠯᠡᠳᠬᠦᠨ ᠤ ᠴᠢᠳᠠᠮᠵᠢ ᠪᠠ ᠬᠡᠷᠡᠭᠯᠡᠬᠦ ᠬᠡᠪᠴᠢᠶ᠎ᠠ ᠶᠢ | ᠢᠯᠭᠠᠨ ᠬᠤᠪᠢᠶᠠᠵᠣ᠂ ᠲᠤᠷᠰᠢᠯᠲᠠ ᠶᠢᠨ ᠴᠡᠭ ᠤᠨ ᠭᠠᠵᠠᠷ ᠣᠷᠣᠨ ᠪᠠ ᠵᠣᠬᠢᠬᠤ ᠦᠶᠯᠡᠳᠬᠦᠨ ᠢ ᠵᠣᠬᠢᠰᠲᠠᠶ ᠰᠣᠩᠭᠤᠨ᠂ ᠲᠤᠷᠰᠢᠯᠲᠠ ᠶᠢᠨ ᠴᠡᠭ ᠲᠤ ᠣᠷᠢᠣᠨ ᠢᠶᠠᠷ | ᠬᠡᠷᠩᠵᠢᠭᠦᠯᠣᠨ ᠠᠯᠬᠤᠮ ᠠᠯᠬᠤᠮ ᠢᠶᠠᠷ ᠳᠡᠯᠭᠡᠷᠡᠭᠦᠯᠵᠦ ᠯᠠᠪᠳᠠᠭᠤᠨ ᠢᠶᠠᠷ ᠵᠠᠰᠠᠨ᠎ᠠ᠃ | ︵ᠳᠥᠷᠪᠡ︶ ᠪᠣᠳᠠᠲᠠᠶ ᠶᠢ ᠡᠷᠬᠢᠮᠯᠡᠨ ᠥᠨᠳᠥᠷ ᠦᠷ᠎ᠡ ᠪᠦᠲᠦᠮᠵᠢᠲᠡᠶ ᠪᠣᠯᠭᠠᠨ᠎ᠠ᠃ ᠠᠰᠠᠭᠤᠳᠠᠯ ᠪᠠ ᠦᠷ᠎ᠡ ᠳ᠋ᠦᠩ ᠬᠤᠶᠠᠷ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠭᠠᠵᠠᠷ ᠣᠷᠣᠨ ᠤ ᠪᠣᠳᠠᠲᠤ ᠪᠠᠶᠢᠳᠠᠯ ᠪᠠ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠲᠠᠢ ᠤᠶᠠᠯᠳᠤᠭᠤᠯᠤᠨ᠂ ᠰᠢᠨᠵᠢᠯᠡᠬᠦ ᠤᠬᠠᠭᠠᠨᠴᠢ ᠪᠠᠷ | ᠰᠢᠢᠣᠡᠪᠣᠷᠢᠳᠣ ᠪᠣᠳᠣᠯᠭ᠎ᠠ ᠲᠣᠭᠲᠠᠭᠠᠨ ᠪᠦᠲᠦᠮᠵᠢᠲᠡᠶ ᠵᠠᠰᠠᠵᠣ᠂ ᠡᠯ᠎ᠡ ᠲᠠᠯ᠎ᠠ ᠶᠢᠨ ᠬᠢᠨ ᠤ ᠵᠠᠰᠠᠯᠲᠠ ᠳᠤ ᠣᠷᠣᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ | ᠭᠦᠶᠴᠡᠳ ᠳᠠᠶᠢᠴᠢᠯᠠᠵᠤ᠂ ᠬᠠᠮᠳᠣ ᠪᠠᠷ ᠵᠠᠰᠠᠵᠤ ᠬᠠᠮᠳᠣ ᠪᠠᠷ ᠭᠦᠷᠳᠡᠭᠦ ᠶᠢ ᠴᠢᠷᠮᠠᠶᠢᠨ ᠪᠡᠶᠡᠯᠡᠭᠦᠯᠦᠨ᠎ᠡ᠃ | ᠭᠤᠷᠪᠠ᠂ ᠭᠤᠤᠯ ᠡᠭᠦᠷᠭᠡ | ︵ᠨᠢᠭᠡ︶ ᠦᠨ᠎ᠡ ᠬᠠᠩᠰᠢ ᠪᠦᠷᠢᠯᠳᠣᠭᠦ ᠲᠣᠭᠲᠠᠴᠠ ᠶᠢ ᠲᠡᠭᠦᠯᠳᠡᠷᠵᠢᠭᠦᠯᠵᠦ᠂ ᠬᠡᠢ ᠥᠨᠳᠥᠷ ᠪᠣᠯᠣᠭᠰᠠᠨ ᠦᠨ᠎ᠡ ᠬᠠᠩᠰᠢ ᠶᠢ ᠪᠠᠭᠤᠷᠠᠭᠤᠯᠤᠨ᠎ᠠ᠃ | 1. ᠺᠣᠳ᠋ ᠤᠨ ᠰᠢᠰᠲ᠋ᠧᠮᠵᠢ ᠪᠠ ᠮᠡᠳᠡᠭᠡ ᠵᠠᠩᠭᠢ ᠶᠢᠨ ᠲᠠᠪᠴᠠᠩ ᠢ ᠨᠢᠭᠡᠳᠬᠡᠨ᠎ᠡ᠃ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ | ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠨᠢᠭᠡᠴᠢ ᠶᠢᠨ ᠦᠨ᠎ᠡ ᠪᠠ ᠡᠬᠢ ᠪᠠᠶᠠᠯᠢᠭ ᠤᠨ ᠬᠤᠷᠣᠭᠳᠠᠯ ᠤᠨ ᠡᠵᠡᠯᠡᠬᠦ ᠬᠠᠷᠢᠴᠠᠯ ᠢᠶᠠᠷ ᠬᠠᠷᠢᠴᠠᠩᠭᠤᠶ ᠨᠡᠯᠢᠶᠠᠣᠨ | ᠦᠨᠳᠣᠷ ᠪᠠᠶᠢᠭ᠎ᠠ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠳᠤ ᠵᠠᠰᠠᠬᠤ ᠡᠷᠴᠢᠮ ᠢ ᠭᠤᠤᠯᠳᠠᠯᠭ᠎ᠠ ᠲᠠᠢ ᠴᠢᠩᠭᠠᠷᠠᠭᠤᠯᠣᠨ᠂ ᠡᠮᠴᠢᠯᠡᠭᠡᠨ ᠤ | ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠵᠦᠶ ᠵᠣᠬᠢᠰ ᠥᠬᠡᠶ ᠬᠡᠷᠡᠭᠯᠡᠬᠦ ᠶᠢ ᠨᠢ ᠬᠤᠷᠢᠭᠯᠠᠨ᠎ᠠ᠃ ᠤᠯᠤᠰ ᠤᠨ ︽ᠡᠮᠴᠢᠯᠡᠭᠡᠨ ᠤ ᠪᠠᠭᠠᠵᠢ ᠬᠡᠷᠡᠭᠰᠡᠯ ᠤᠨ | ᠴᠣᠷ ᠤᠨ ᠭᠠᠭᠴᠠ ᠢᠯᠭᠠᠨ ᠳᠠᠨᠢᠬᠤ ᠲᠡᠮᠳᠡᠭ ᠤᠨ ᠰᠢᠰᠲ᠋ᠧᠮ ᠤᠨ ᠲᠦᠷᠢᠮ︾ ᠵᠢᠴᠢ ᠲᠥᠷᠥᠯ ᠬᠤᠪᠢᠶᠠᠨ ᠬᠡᠷᠡᠭᠵᠢᠭᠦᠯᠬᠦ ᠪᠣᠳᠠᠲᠠᠶ ᠠᠯᠬᠤᠮ ᠳᠠᠷᠠᠭ᠎ᠠ ᠶᠣᠰᠣᠭᠠᠷ᠂ | ᠡᠮᠴᠢᠯᠡᠭᠡᠨ ᠤ ᠦᠨᠳᠣᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠬᠠᠮᠢᠶ᠎ᠠ ᠪᠥᠬᠦᠶ ᠳᠠᠩᠰᠠᠯᠠᠭᠤᠯᠤᠭᠴᠢ ᠶᠢᠨ ᠺᠣᠳ᠋ ᠣᠯᠭᠤᠬᠤ᠂ ᠳ᠋ᠠᠶᠢᠲᠨ ᠶᠢ ᠳᠡᠭᠡᠭᠰᠢ ᠳᠠᠮᠵᠢᠭᠤᠯᠬᠤ | ᠪᠠ ᠬᠠᠮᠠᠭᠠᠯᠠᠬᠤ ᠵᠡᠷᠭᠡ ᠠᠵᠢᠯ ᠥᠷᠨᠢᠭᠦᠯᠬᠦ ᠶᠢ ᠠᠬᠢᠭᠤᠯᠣᠨ᠎ᠠ᠃ ᠪᠥᠬᠦ ᠤᠯᠤᠰ ᠤᠨ ᠨᠢᠭᠡᠳᠦᠯᠲᠡᠶ ᠡᠮᠴᠢᠯᠡᠭᠡᠨ ᠤ ᠳᠠᠭᠠᠳᠬᠠᠯ ᠤᠨ ᠡᠮᠴᠢᠯᠡᠭᠡᠨ ᠤ ᠬᠤᠷᠣᠭᠳᠠᠯ | ᠮᠠᠲ᠋ᠧᠷᠢᠶᠠᠯ ᠤᠨ ᠲᠦᠷᠦᠯ ᠠᠩᠬᠢᠯᠠᠯ ᠪᠠ ᠺᠤᠳ᠋ ᠢ ᠬᠡᠷᠡᠭᠵᠢᠭᠦᠯᠵᠦ᠂ ᠡᠮᠴᠢᠯᠡᠭᠡᠨ ᠳᠤ ᠬᠡᠷᠩᠯᠡᠭᠦ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠳᠠᠩᠰᠠᠯᠠᠬᠤ᠂ | ᠬᠤᠳᠠᠯᠳᠤᠨ ᠠᠪᠬᠤ᠂ ᠬᠡᠷᠡᠭᠯᠡᠬᠦ ᠵᠡᠷᠭᠡ ᠭᠤᠭᠴᠣᠭᠠᠨ ᠳᠤ ᠵᠢᠷᠣᠮᠵᠢᠭᠰᠠᠨ ᠺᠣᠳ᠋ ᠢ ᠵᠣᠯᠭᠠᠭᠤᠯᠤᠨ ᠬᠡᠷᠡᠭᠯᠡᠬᠦ ᠶᠢ ᠨᠢ ᠰᠦᠪᠡᠭᠴᠢᠯᠡᠨ ᠬᠡᠷᠡᠭᠵᠢᠭᠦᠯᠦᠨ᠎ᠡ᠃ ᠥᠪᠡᠷᠲᠡᠭᠡᠨ | ᠵᠠᠰᠠᠬᠤ ᠣᠷᠣᠨ ᠤ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢ ᠬᠢᠨᠠᠨ ᠰᠢᠨᠵᠢᠬᠦ ᠪᠠ ᠲᠥᠪᠯᠡᠷᠡᠭᠦᠯᠵᠣ ᠬᠤᠳᠠᠯᠳᠤᠨ ᠠᠪᠬᠤ | ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠣ᠂ ᠪᠦᠷᠢᠳᠬᠡᠨ ᠵᠠᠳᠠᠯᠬᠤ ᠶᠢ ᠴᠢᠩᠭᠠᠳᠬᠠᠨ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠶᠢ ᠬᠢᠨᠠᠨ | ᠬᠠᠷᠭᠤᠭᠤᠯᠬᠤ ᠲᠠᠪᠴᠠᠩ ᠯᠤᠭ᠎ᠠ ᠬᠠᠷᠢᠯᠴᠠᠨ ᠬᠤᠯᠪᠣᠵᠣ ᠬᠠᠷᠢᠯᠴᠠᠨ ᠨᠡᠪᠲᠡᠷᠡᠯᠴᠡᠭᠦᠯᠭᠦ ᠶᠢ ᠰᠠᠶᠢᠲᠤᠷ ᠬᠢᠨ᠎ᠠ᠃ ᠰᠠᠯᠠᠭ᠎ᠠ ᠮᠥᠴᠢᠷ ᠤᠨ ᠬᠤᠭᠤᠷᠣᠨᠳᠣᠬᠢ ᠡᠮᠴᠢᠯᠡᠭᠡᠨ ᠤ | ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠠᠮᠳᠣ ᠪᠠᠷ ᠬᠦᠷᠳᠡᠭᠦ ᠪᠠ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ | ᠪᠠᠶᠢᠭᠤᠯᠵᠤ᠂ ᠬᠤᠳᠠᠯᠳᠤᠨ ᠠᠪᠬᠤ ᠪᠠ ᠪᠣᠷᠣᠯᠠᠭᠤᠯᠬᠤ ᠦᠨ᠎ᠡ ᠬᠠᠩᠰᠢ ᠶᠢᠨ ᠮᠡᠳᠡᠭᠡ ᠵᠠᠩᠭᠢ ᠳᠤ ᠬᠢᠨᠠᠨ ᠰᠢᠨᠵᠢᠭᠦ ᠶᠢ ᠴᠢᠩᠭᠠᠷᠠᠭᠤᠯᠣᠨ᠎ᠠ᠃ | ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ ᠳᠠᠭᠠᠣᠡᠬᠠᠯ ᠤᠨ ᠲᠣᠪᠴᠢᠶ᠎ᠠ᠂ ᠡᠮ ᠤᠨ ᠵᠦᠶᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠠᠵᠤ ᠦᠶᠯᠡᠳᠪᠦᠷᠢ ᠪᠠ ᠮᠡᠳᠡᠭᠡ ᠵᠠᠩᠭᠢᠴᠢᠯᠠᠯᠳᠠ ᠶᠢᠨ ᠲᠢᠩᠬᠢᠮ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠲᠣᠰ ᠲᠣᠰ | ᠬᠠᠷᠢᠭᠤᠴᠠᠨ᠎ᠠ᠃ ᠳᠠᠷᠠᠭᠠᠴᠢ ᠶᠢᠨ ᠵᠢᠭᠰᠠᠭᠠᠯᠳᠠ ᠳᠤ ᠲᠤᠰ ᠲᠤᠰ ᠢᠶᠠᠷ ᠨᠢ ᠬᠠᠷᠢᠭᠤᠴᠠᠬᠤ ᠶᠢ ᠲᠣᠳᠣᠷᠬᠠᠶᠢᠯᠠᠭᠰᠠᠨ ᠦᠭᠡᠢ ᠪᠠᠶᠢᠪᠠᠯ᠂ ᠨᠢᠭᠡᠳᠣᠭᠡᠷ ᠲᠤ | ᠵᠢᠭᠰᠠᠭᠠᠭᠳᠠᠭᠰᠠᠨ ᠨᠢ ᠲᠦᠷᠦᠭᠦᠯᠡᠨ ᠬᠢᠭᠦ ᠰᠠᠯᠠᠭ᠎ᠠ ᠮᠥᠴᠢᠷ ᠪᠣᠯᠣᠨ᠎ᠠ︶ | 2.ᠡᠮᠴᠢᠯᠡᠭᠡᠨ ᠤ ᠳᠠᠭᠠᠳᠬᠠᠯ ᠤᠨ ᠵᠥᠪᠰᠢᠶᠡᠷᠡᠨ ᠣᠷᠣᠭᠤᠯᠬᠤ ᠪᠠ ᠭᠠᠷᠴᠠᠭ ᠤᠨ ᠬᠥᠳᠡᠯᠦᠩᠭᠦᠶ ᠬᠠᠮᠢᠶᠠᠷᠤᠯᠲᠠ ᠶᠢ ᠬᠡᠷᠩᠵᠢᠭᠦᠯᠣᠨ᠎ᠠ᠃ ᠤᠯᠤᠰ ᠤᠨ | ᠡᠮᠴᠢᠯᠡᠭᠡᠨ ᠤ ᠳᠠᠭᠠᠳᠬᠠᠯ ᠳᠤ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠣᠭᠳᠠᠭᠠᠯ ᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ | ᠣᠷᠣᠨ ᠤ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠵᠥᠪᠰᠢᠶᠡᠷᠡᠨ ᠣᠷᠣᠭᠤᠯᠬᠤ ᠲᠦᠷᠢᠮ ᠢ | ᠠᠯᠬᠤᠮ ᠠᠯᠬᠤᠮ ᠢᠶᠠᠷ ᠪᠠᠶᠢᠭᠤᠯᠣᠨ᠂ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠳᠤ ᠭᠠᠷᠴᠠᠭ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠦᠶᠯᠡᠴᠢᠯᠡᠭᠡᠨ ᠤ ᠦᠨ᠎ᠡ ᠬᠠᠩᠰᠢ ᠶᠢᠨ ᠲᠥᠷᠥᠯ ᠵᠦᠶᠯ ᠤᠨ ᠵᠢᠷᠣᠮᠵᠢᠯ ᠳᠤ ᠬᠠᠷᠢᠶᠠᠯᠠᠭᠳᠠᠬᠤ ᠲᠤᠰᠠᠭᠠᠷ ᠰᠦᠶᠳᠬᠡᠯ | ᠬᠤᠷᠢᠶᠠᠵᠤ ᠪᠣᠯᠬᠤ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠨᠢ ᠡᠮᠴᠢᠯᠡᠭᠡᠨ ᠳᠤ ᠵᠠᠪᠠᠯ ᠱᠠᠭᠠᠷᠳᠠᠭᠳᠠᠬᠤ᠂ ᠠᠮᠤᠷ ᠲᠦᠪᠰᠢᠨ ᠪᠥᠭᠡᠳ | ᠪᠦᠳᠣᠮᠵᠢᠳᠠᠢ᠂ ᠵᠠᠷᠤᠳᠠᠯ ᠨᠢ ᠲᠣᠬᠢᠷᠠᠮᠵᠢᠲᠠᠶ ᠵᠡᠷᠭᠡ ᠨᠥᠬᠦᠴᠡᠯ ᠳᠤ ᠨᠡᠶᠢᠴᠡᠪᠡᠯ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ | ᠡᠮᠴᠢᠯᠡᠭᠡᠨ ᠤ ᠳᠠᠭᠠᠳᠬᠠᠯ ᠳᠤ ᠵᠥᠪᠰᠢᠶᠡᠷᠡᠨ ᠣᠷᠣᠭᠤᠯᠬᠤ ᠬᠥᠳᠡᠯᠦᠩᠭᠦᠶ ᠲᠣᠬᠢᠷᠠᠭᠤᠯᠤᠯᠲᠠ ᠶᠢᠨ ᠲᠣᠭᠲᠠᠴᠠ ᠶᠢ ᠪᠠᠶᠢᠭᠤᠯᠵᠣ᠂ ᠴᠢᠬᠤᠯᠠ ᠪᠦᠬᠦᠢ ᠰᠢᠨ᠎ᠡ | ᠮᠡᠷᠭᠡᠵᠢᠯ ᠤᠨ ᠦᠶᠯᠡᠳᠬᠦᠨ ᠢ ᠴᠠᠭ ᠲᠤᠬᠠᠶ ᠳᠤ ᠨᠢ ᠨᠥᠬᠦᠪᠥᠷᠢᠯᠡᠨ᠂ ᠡᠮᠴᠢᠯᠡᠭᠡᠨ ᠳᠤ ᠲᠣᠬᠢᠷᠠᠬᠤ ᠦᠭᠡᠢ ᠦᠶᠯᠡᠳᠬᠦᠨ ᠢ ᠪᠤᠴᠠᠭᠠᠨ ᠭᠠᠷᠭᠠᠨ᠎ᠠ᠃ ᠡᠮᠴᠢᠯᠡᠭᠡᠨ ᠤ | ᠳᠠᠭᠠᠳᠬᠠᠯ ᠳᠤ ᠣᠷᠣᠭᠤᠯᠬᠤ ᠶᠢ ᠵᠥᠪᠰᠢᠶᠡᠷᠡᠬᠦ ᠦᠨ᠎ᠡ ᠬᠠᠩᠰᠢ ᠶᠢᠨ ᠬᠡᠯᠡᠯᠴᠡᠯ ᠢ ᠠᠯᠬᠤᠮ ᠠᠯᠬᠤᠮ ᠢᠶᠠᠷ ᠬᠡᠷᠡᠭᠵᠢᠭᠦᠯᠵᠦ᠂ ᠡᠮᠴᠢᠯᠡᠭᠡᠨ ᠤ ᠥᠨᠳᠥᠷ ᠥᠷᠲᠡᠭᠲᠦ | ᠬᠤᠷᠣᠭᠳᠠᠯ ᠮᠠᠲ᠋ᠧᠷᠢᠶᠠᠯ ᠳᠤ ︽ᠲᠦᠪᠯᠡᠷᠡᠭᠦᠯᠵᠣ ᠬᠤᠳᠠᠯᠳᠣᠨ ᠠᠪᠬᠤ ᠬᠡᠮᠵᠢᠶ᠎ᠠ ᠪᠠᠷ ᠦᠨ᠎ᠠ ᠬᠠᠩᠰᠢ ᠶᠢ ᠨᠢ ᠪᠠᠭᠤᠷᠠᠭᠤᠯᠬᠤ︾ ᠶᠢ ᠪᠡᠶᠡᠯᠡᠭᠦᠯᠦᠨ᠎ᠡ᠃ ᠡᠮᠴᠢᠯᠡᠭᠡᠨ ᠤ | ᠳᠠᠭᠠᠳᠬᠠᠯ ᠳᠤ ᠵᠦᠪᠰᠢᠶᠡᠷᠡᠨ ᠣᠷᠣᠭᠤᠯᠬᠤ ᠶᠢ ᠨᠢ ᠬᠢᠨᠠᠨ ᠲᠣᠭᠲᠠᠭᠠᠬᠤ ᠶᠢ ᠴᠢᠩᠭ᠎ᠠ ᠬᠡᠷᠡᠭᠵᠢᠭᠦᠯᠵᠦ᠂ ᠡᠮᠴᠢᠯᠡᠭᠡᠨ ᠤ ᠳᠠᠭᠠᠳᠬᠠᠯ ᠳᠤ ᠣᠷᠣᠭᠤᠯᠬᠤ ᠪᠠᠷ ᠪᠠᠶᠢᠭ᠎ᠠ | ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠦᠶᠯᠡᠳᠬᠦᠨ ᠳᠤ ᠦᠶᠯᠡᠳᠪᠦᠷᠢᠯᠡᠬᠦ ᠠᠵᠤ ᠠᠬᠤᠶᠢᠯᠠᠯ ᠨᠢ ᠬᠠᠮᠢᠶ᠎ᠠ ᠪᠦᠬᠦᠢ ᠦᠨ᠎ᠡ ᠬᠠᠩᠰᠢ᠂ ᠵᠠᠬ᠎ᠠ | ᠳᠡᠯᠭᠡᠭᠦᠷ ᠤᠨ ᠪᠣᠷᠣᠯᠠᠭᠤᠯᠭ᠎ᠠ᠂ ᠡᠷᠡᠭᠦᠯ ᠬᠠᠮᠠᠭᠠᠯᠠᠯ ᠤᠨ ᠠᠵᠤ ᠠᠬᠤᠢ ᠶᠢᠨ ᠤᠬᠠᠭᠠᠨ ᠤ ᠦᠨᠡᠯᠡᠨ ᠵᠢᠱᠢᠯᠲᠡ᠂ ᠭᠠᠵᠢ ᠨᠦᠯᠣᠭᠡ ᠲᠠᠢ ᠬᠡᠷᠡᠭ ᠢ ᠬᠢᠨᠠᠨ ᠰᠢᠨᠵᠢᠭᠰᠡᠨ | ᠵᠡᠷᠭᠡ ᠮᠡᠳᠡᠭᠦᠯᠦᠯᠲᠡ ᠪᠠᠨ ᠲᠣᠭᠲᠠᠭᠠᠯ ᠶᠣᠰᠣᠭᠠᠷ ᠲᠤᠰᠢᠶᠠᠵᠤ᠂ ᠡᠮᠴᠢᠯᠡᠭᠡᠨ ᠤ ᠳᠠᠭᠠᠳᠬᠠᠯ ᠳᠤ ᠵᠦᠪᠰᠢᠶᠡᠷᠡᠨ ᠣᠷᠣᠭᠤᠯᠬᠤ ᠶᠢ ᠨᠢ ᠬᠢᠨᠠᠨ ᠲᠣᠭᠲᠠᠭᠠᠬᠤ ᠴᠢᠬᠤᠯᠠ | ᠪᠦᠬᠦᠢ ᠦᠨᠳᠦᠰᠦᠯᠡᠯ ᠪᠣᠯᠭᠠᠨ᠎ᠠ᠃ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠡᠮᠴᠢᠯᠡᠭᠡᠨ ᠤ ᠳᠠᠭᠠᠳᠬᠠᠯ ᠤᠨ ᠦᠨᠡᠯᠡᠨ ᠵᠢᠱᠢᠬᠦ | ᠬᠠᠮᠢᠶᠠᠷᠤᠯᠲᠠ ᠶᠢᠨ ᠰᠢᠰᠲ᠋ᠧᠮᠵᠢ ᠪᠠ ᠪᠠᠷᠢᠮᠵᠢᠶᠠᠨ ᠤ ᠰᠢᠰᠲ᠋ᠧᠮᠵᠢ ᠶᠢ ᠪᠠᠶᠢᠭᠤᠯᠤᠨ᠎ᠠ᠃ | ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶ | 3.ᠲᠦᠷᠦᠯ ᠬᠤᠪᠢᠶᠠᠨ ᠲᠥᠪᠯᠡᠷᠡᠭᠦᠯᠵᠣ ᠬᠤᠳᠠᠯᠳᠤᠨ ᠠᠪᠬᠤ ᠠᠷᠭ᠎ᠠ ᠶᠢ ᠲᠡᠭᠦᠯᠳᠡᠷᠵᠢᠭᠦᠯᠦᠨ᠎ᠡ᠃ ᠬᠡᠮᠵᠢᠶ᠎ᠡ ᠲᠠᠢ ᠬᠤᠳᠠᠯᠳᠤᠨ ᠠᠪᠬᠤ᠂ ᠬᠡᠮᠵᠢᠶ᠎ᠡ ᠪᠠ | ᠦᠨ᠎ᠡ ᠶᠢ ᠬᠤᠯᠪᠣᠭᠳᠠᠭᠤᠯᠬᠤ᠂ ᠵᠠᠬ᠎ᠠ ᠳᠡᠯᠭᠡᠭᠦᠷ ᠤᠨ ᠦᠷᠢᠰᠣᠯᠳᠣᠭᠡᠨ ᠢ ᠠᠬᠢᠭᠤᠯᠬᠤ ᠵᠡᠷᠭᠡ ᠵᠠᠷᠴᠢᠮ ᠶᠣᠰᠣᠭᠠᠷ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ | ᠮᠠᠲ᠋ᠧᠷᠢᠶᠠᠯ ᠢ ᠲᠥᠷᠥᠯ ᠬᠤᠪᠢᠶᠠᠨ ᠲᠥᠪᠯᠡᠷᠡᠭᠦᠯᠵᠣ ᠬᠤᠳᠠᠯᠳᠤᠨ ᠠᠪᠬᠤ ᠶᠢ ᠰᠦᠪᠡᠭᠴᠢᠯᠡᠨ᠎ᠡ᠃ ᠪᠦᠬᠦ ᠣᠷᠣᠨ ᠤ ᠠᠯᠪᠠᠨ ᠠᠴᠠ ᠡᠷᠬᠢᠯᠡᠭᠰᠠᠨ ᠡᠮᠴᠢᠯᠡᠭᠡᠨ ᠤ | ᠪᠠᠶᠢᠭᠤᠯᠤᠮᠵᠢ ᠪᠦᠭᠦᠨ ᠨᠢ ᠡᠮᠴᠢᠯᠡᠭᠡᠨ ᠤ ᠥᠨᠳᠥᠷ ᠦᠷᠳᠡᠭᠳᠣ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠳᠤ ᠪᠠᠨ ᠡᠷᠬᠡᠪᠰᠢ ᠦᠪᠡᠷᠳᠡᠭᠡᠨ ᠵᠠᠰᠠᠬᠤ ᠣᠷᠣᠨ ᠤ | ᠡᠮ ᠤᠨ ᠵᠦᠶᠯ ᠪᠠᠭᠠᠵᠢ ᠬᠡᠷᠡᠭᠰᠡᠯ ᠢ ᠲᠥᠪᠯᠡᠷᠡᠭᠦᠯᠵᠣ ᠬᠤᠳᠠᠯᠳᠤᠨ ᠠᠪᠬᠤ ᠲᠠᠪᠴᠠᠩ ᠳᠤ ᠢᠯᠡ ᠪᠠᠷ ᠠᠷᠠᠯᠵᠢᠶᠠᠯᠠᠵᠤ ᠢᠯᠡ ᠪᠠᠷ ᠬᠤᠳᠠᠯᠳᠤᠨ ᠠᠪᠣᠨ᠎ᠠ᠃ ᠡᠮᠴᠢᠯᠡᠭᠡᠨ | ᠳᠤ ᠬᠡᠷᠩᠯᠡᠭᠦ ᠬᠡᠮᠵᠢᠶ᠎ᠡ ᠪᠠᠷ ᠨᠡᠯᠢᠶᠡᠳ ᠶᠡᠭᠡ᠂ ᠬᠤᠳᠠᠯᠳᠤᠨ ᠠᠪᠬᠤ ᠵᠣᠭᠤᠰᠣᠨ ᠤ ᠲᠤᠭ᠎ᠠ ᠨᠢ ᠨᠡᠯᠢᠶᠠᠣᠨ ᠥᠨᠳᠥᠷ᠂ ᠡᠮᠴᠢᠯᠡᠭᠡᠨ ᠳᠤ ᠬᠡᠷᠩᠯᠡᠭᠦ ᠳᠤ ᠨᠡᠯᠢᠶᠡᠳ | ᠪᠣᠯᠪᠠᠰᠤᠷᠠᠩᠭᠤᠶ᠂ ᠣᠯᠠᠨ ᠠᠵᠤ ᠠᠬᠤᠶᠢᠯᠡᠯ ᠤᠨ ᠦᠶᠯᠡᠳᠪᠦᠷᠢᠯᠡᠭᠰᠡᠨ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠲᠥᠷᠥᠯ ᠢᠯᠭᠠᠯ ᠢᠶᠠᠷ ᠨᠢ | ᠲᠥᠪᠯᠡᠷᠡᠭᠦᠯᠵᠣ ᠬᠤᠳᠠᠯᠳᠤᠨ ᠠᠪᠬᠤ ᠶᠢ ᠰᠦᠪᠡᠭᠴᠢᠯᠡᠨ᠂ ᠡᠮᠴᠢᠯᠡᠭᠡᠨ ᠤ ᠪᠠᠶᠢᠭᠤᠯᠣᠮᠵᠢ ᠶᠢ ᠵᠣᠷᠢᠭᠵᠢᠭᠤᠯᠵᠣ ᠪᠠᠶᠢᠭᠠᠣᠨ ᠬᠤᠳᠠᠯᠳᠣᠨ ᠠᠪᠬᠤ ᠬᠡᠮᠵᠢᠶ᠎ᠡ ᠪᠠᠷ ᠢᠶᠠᠨ | ᠬᠡᠯᠡᠯᠴᠡᠭᠡ ᠬᠢᠵᠦ ᠬᠤᠳᠠᠯᠳᠤᠨ ᠠᠪᠬᠤ ᠶᠢ ᠬᠠᠮᠳᠣᠷᠠᠨ ᠦᠷᠨᠢᠭᠦᠯᠵᠣ᠂ ᠮᠣᠵᠢ ᠠᠯᠤᠰᠯᠠᠨ ᠬᠤᠯᠪᠣᠭ᠎ᠠ ᠪᠠᠶᠢᠭᠤᠯᠵᠣ ᠬᠤᠳᠠᠯᠳᠤᠨ ᠠᠪᠬᠤ ᠶᠢ ᠢᠳᠡᠪᠬᠢᠲᠡᠢ | ᠰᠦᠪᠡᠭᠴᠢᠯᠡᠨ᠎ᠡ᠃ ᠨᠢᠭᠡᠨᠲᠡ ᠡᠮᠴᠢᠯᠡᠭᠡᠨ ᠤ ᠳᠠᠭᠠᠳᠬᠠᠯ ᠳᠤ ᠵᠥᠪᠰᠢᠶᠡᠷᠡᠨ ᠣᠷᠣᠭᠤᠯᠬᠤ ᠶᠢ ᠳᠠᠮᠵᠢᠭᠰᠠᠨ ᠤ ᠬᠠᠮᠳᠣ ᠡᠮᠴᠢᠯᠡᠭᠡᠨ ᠤ ᠳᠠᠭᠠᠳᠬᠠᠯ ᠢᠶᠠᠷ ᠲᠣᠭᠠᠴᠠᠭ᠎ᠠ | ᠬᠢᠬᠦ ᠪᠠᠷᠢᠮᠵᠢᠶ᠎ᠠ ᠶᠢ ᠲᠣᠳᠣᠷᠬᠠᠶᠢᠯᠠᠭᠰᠠᠨ᠂ ᠦᠨ᠎ᠡ ᠬᠠᠩᠰᠢ ᠨᠢ ᠬᠠᠷᠢᠴᠠᠩᠭᠤᠢ ᠲᠣᠭᠲᠠᠭᠤᠨ ᠪᠠᠶᠢᠬᠤ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ | ᠪᠣᠯ ᠪᠦᠬᠦ ᠣᠯᠣᠰ ᠤᠨ ᠰᠦᠯᠵᠢᠶᠠᠨ ᠳᠠᠬᠢ ᠬᠠᠮᠤᠭ ᠤᠨ ᠳᠣᠤᠷ᠎ᠠ ᠦᠨ᠎ᠡ ᠬᠠᠩᠰᠢ ᠠᠴᠠ ᠥᠨᠳᠥᠷ ᠪᠠᠶᠢᠯᠭᠠᠬᠤ ᠦᠭᠡᠢ ᠵᠠᠷᠴᠢᠮ ᠶᠣᠰᠣᠭᠠᠷ᠂ ᠰᠢᠭᠤᠳ ᠰᠦᠯᠵᠢᠶ᠎ᠠ | ᠪᠠᠷ ᠬᠤᠳᠠᠯᠳᠤᠨ ᠠᠪᠬᠤ ᠶᠢ ᠬᠡᠷᠡᠭᠵᠢᠭᠦᠯᠦᠨ᠎ᠡ᠃ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠥᠨᠳᠥᠷ ᠦᠷᠳᠡᠭᠳᠣ ᠬᠤᠷᠣᠭᠳᠠᠯ ᠮᠠᠲ᠋ᠧᠷᠢᠶᠠᠯ ᠤᠨ ᠪᠣᠳᠠᠲᠠᠶ | ᠬᠤᠳᠠᠯᠳᠤᠨ ᠠᠪᠬᠤ ᠬᠡᠮᠵᠢᠶ᠎ᠡ ᠳᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ | ᠡᠷᠡᠭᠦᠯ ᠬᠠᠮᠠᠭᠠᠯᠠᠯ ᠡᠷᠡᠭᠦᠯ ᠮᠡᠡᠳᠣ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶ | 4. ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠳᠤ ︽ᠵᠥᠷᠢᠶ᠎ᠠ ᠦᠭᠡᠢ ᠨᠣᠷᠮ᠎ᠠ︾ ᠲᠠᠢ ᠪᠣᠷᠣᠯᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ᠪᠦᠬᠦ ᠣᠷᠣᠨ ᠤ ᠠᠯᠪᠠᠨ ᠠᠴᠠ ᠡᠷᠬᠢᠯᠡᠭᠰᠠᠨ ᠡᠮᠴᠢᠯᠡᠭᠡᠨ ᠤ ᠪᠠᠶᠢᠭᠤᠯᠤᠮᠵᠢ ᠪᠦᠭᠦᠨ ᠨᠢ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠳᠤ ᠦᠨ᠎ᠡ ᠨᠡᠮᠡᠬᠦ ᠶᠢ ᠦᠭᠡᠶᠢᠰᠬᠡᠵᠦ᠂ | | ︽ᠵᠥᠷᠢᠶ᠎ᠡ ᠦᠭᠡᠢ ᠨᠣᠷᠮ᠎ᠠ︾ ᠪᠠᠷ ᠪᠣᠷᠣᠯᠠᠭᠤᠯᠤᠨ ᠬᠤᠳᠠᠯᠳᠤᠬᠤ ᠶᠢ ᠬᠡᠷᠡᠭᠵᠢᠭᠦᠯᠣᠨ᠂ ᠡᠮᠴᠢᠯᠡᠭᠡᠨ ᠤ ᠦᠨᠳᠣᠷ ᠦᠷᠳᠡᠭᠳᠣ ᠬᠤᠷᠣᠭᠳᠠᠯ ᠮᠠᠲ᠋ᠧᠷᠢᠶᠠᠯ ᠤᠨ | ᠪᠣᠷᠣᠯᠠᠭᠤᠯᠤᠨ ᠬᠤᠳᠠᠯᠳᠤᠬᠤ ᠦᠨ᠎ᠡ ᠬᠠᠩᠰᠢ ᠶᠢ ᠬᠤᠳᠠᠯᠳᠤᠨ ᠠᠪᠤᠭᠰᠠᠨ ᠦᠨ᠎ᠡ ᠬᠠᠩᠰᠢ ᠪᠠᠷ ᠬᠡᠷᠡᠭᠵᠢᠭᠦᠯᠦᠨ᠎ᠡ᠃ ᠲᠥᠷᠥᠯ ᠬᠤᠪᠢᠶᠠᠨ ᠲᠥᠪᠯᠡᠷᠡᠭᠦᠯᠵᠣ | ᠬᠤᠳᠠᠯᠳᠤᠨ ᠠᠪᠬᠤ᠂ ᠥᠪᠡᠷ ᠤᠨ ᠥᠷᠲᠡᠭ ᠤᠨ ᠲᠣᠭᠠᠴᠠᠭ᠎ᠠ ᠶᠢ ᠴᠢᠩᠭᠠᠳᠬᠬᠤ᠂ ᠵᠢᠷᠤᠮᠵᠢᠭᠤᠨ ᠪᠦᠭᠡᠣᠨ ᠵᠣᠬᠢᠰᠲᠠᠶ ᠬᠡᠷᠡᠭᠯᠡᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠵᠣ ᠡᠮᠴᠢᠯᠡᠭᠡᠨ ᠤ ᠥᠨᠳᠥᠷ ᠦᠷᠳᠡᠭᠳᠣ ᠬᠤᠷᠣᠭᠳᠠᠯ ᠮᠠᠲ᠋ᠧᠷᠢᠶᠠᠯ ᠤᠨ ᠥᠪᠡᠷ ᠤᠨ ᠥᠷᠲᠡᠭ ᠢ ᠪᠠᠭᠤᠷᠠᠭᠤᠯᠣᠨ᠂ ᠰᠠᠶᠢᠨ ᠪᠥᠭᠡᠳ ᠲᠣᠭᠲᠠᠭᠤᠨ ᠢᠶᠠᠷ | ᠠᠵᠢᠯᠯᠠᠬᠤ ᠶᠢ ᠪᠡᠶᠡᠯᠡᠭᠦᠯᠣᠨ᠎ᠠ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠡᠳᠣ ᠶᠢᠨ ᠵᠥᠪᠯᠡᠯ | ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶ | 5.ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠭᠦ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ᠃ ᠡᠮᠴᠢᠯᠡᠭᠡᠨ ᠤ ᠳᠠᠭᠠᠳᠬᠠᠯ ᠤᠨ ᠰᠠᠭᠤᠷᠢ ᠮᠦᠩᠭᠦᠨ ᠤ | ᠲᠣᠭᠠᠴᠠᠭ᠎ᠠ ᠬᠢᠬᠦ ᠴᠢᠳᠠᠪᠤᠷᠢ᠂ ᠳᠠᠭᠠᠳᠬᠠᠯ ᠳᠤ ᠣᠷᠣᠭᠰᠠᠳ ᠤᠨ ᠬᠤᠪᠢ ᠬᠥᠮᠦᠨ ᠤ ᠳᠠᠷᠤᠭᠠᠰᠤ᠂ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ | ᠲᠦᠪᠯᠡᠷᠡᠭᠦᠯᠵᠣ ᠬᠤᠳᠠᠯᠳᠤᠨ ᠠᠪᠬᠤ ᠪᠠ ᠦᠨ᠎ᠡ ᠬᠠᠩᠰᠢ ᠶᠢᠨ ᠬᠡᠯᠡᠯᠴᠡᠯ ᠬᠢᠬᠦ ᠵᠡᠷᠭᠡ ᠬᠦᠴᠦᠨ ᠵᠦᠶᠯ ᠲᠠᠢ ᠤᠶᠠᠯᠳᠣᠭᠤᠯᠵᠣ᠂ ᠡᠮᠴᠢᠯᠡᠭᠡᠨ ᠤ ᠪᠠᠶᠢᠭᠤᠯᠤᠮᠵᠢ ᠶᠢᠨ | ᠬᠡᠪ ᠤᠨ ᠠᠵᠢᠯᠯᠠᠭᠠᠨ ᠢ ᠭᠦᠶᠴᠡᠳ ᠪᠣᠳᠣᠯᠬᠢᠯᠠᠵᠤ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠪᠠᠷᠢᠮᠵᠢᠶ᠎ᠠ ᠶᠢ ᠲᠥᠷᠥᠯ ᠬᠤᠪᠢᠶᠠᠨ ᠲᠣᠭᠲᠠᠭᠠᠬᠤ ᠶᠢᠨ ᠬᠠᠮᠲᠤ | ᠂ ᠬᠦᠳᠡᠯᠣᠩᠭᠦᠢ ᠪᠠᠷ ᠲᠣᠬᠢᠷᠠᠭᠤᠯᠤᠯᠲᠠ ᠬᠢᠬᠦ ᠲᠣᠭᠲᠠᠴᠠ ᠶᠢ ᠪᠠᠶᠢᠭᠤᠯᠣᠨ᠎ᠠ᠃ ᠴᠢᠳᠠᠮᠵᠢ ᠨᠢ ᠠᠳᠠᠯᠢ᠂ ᠥᠷᠢᠰᠥᠯᠳᠦᠭᠡᠨ ᠨᠢ ᠭᠦᠶᠴᠡᠳ᠂ ᠣᠷᠣᠯᠠᠵᠤ ᠪᠣᠯᠬᠤᠶᠢᠴᠨ | ᠦᠶᠯᠡᠳᠬᠦᠨ ᠲᠠᠢ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠳᠤ᠂ ᠡᠮᠴᠢᠯᠡᠭᠡᠨ ᠳᠠᠬᠢ ᠦᠨᠳᠦᠰᠦᠨ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ | ᠬᠠᠩᠭᠠᠬᠤ ᠪᠠᠷ ᠵᠠᠷᠴᠢᠮ ᠪᠣᠯᠭᠠᠨ ᠠᠳᠠᠯᠢ ᠲᠥᠷᠥᠯ ᠤᠨ ᠦᠶᠯᠡᠳᠬᠦᠨ ᠤ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠪᠠᠷᠢᠮᠵᠢᠶ᠎ᠠ ᠶᠢ ᠲᠣᠭᠲᠠᠭᠠᠵᠤ᠂ | ᠪᠣᠷᠣᠯᠠᠭᠤᠯᠬᠤ ᠦᠨ᠎ᠡ ᠬᠠᠩᠰᠢ ᠨᠢ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠪᠠᠷᠢᠮᠵᠢᠶᠠᠨ ᠳᠤ ᠪᠠᠶᠢᠪᠠᠯ᠂ ᠲᠣᠰ ᠦᠶᠯᠡᠳᠬᠦᠨ ᠤ ᠪᠣᠷᠣᠯᠠᠭᠤᠯᠬᠤ ᠦᠨ᠎ᠡ | ᠬᠠᠩᠰᠢ ᠪᠠᠷ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠵᠤ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠣᠭᠲᠠᠭᠠᠯ ᠶᠣᠰᠣᠭᠠᠷ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠪᠠ ᠡᠪᠡᠳᠴᠢᠲᠡᠨ ᠬᠠᠮᠳᠣ ᠪᠠᠷ ᠲᠣᠭᠠᠴᠠᠭ᠎ᠠ ᠬᠢᠨ᠎ᠡ︔ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ | ᠪᠠᠷᠢᠮᠵᠢᠶ᠎ᠠ ᠠᠴᠠ ᠥᠨᠳᠥᠷ ᠪᠣᠯᠣᠭᠰᠠᠨ ᠡᠮᠴᠢᠯᠡᠭᠡᠨ ᠤ ᠦᠨᠳᠣᠷ ᠦᠷᠳᠡᠭᠳᠣ ᠬᠤᠷᠣᠭᠳᠠᠯ ᠮᠠᠲ᠋ᠧᠷᠢᠶᠠᠯ ᠤᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ | ᠪᠠᠷᠢᠮᠵᠢᠶᠠᠨ ᠠᠴᠠ ᠬᠡᠲᠦᠷᠡᠭᠰᠡᠨ ᠬᠡᠰᠡᠭ ᠲᠤ ᠦᠨᠳᠦᠰᠦᠨ ᠡᠮᠴᠢᠯᠡᠭᠡᠨ ᠤ ᠳᠠᠭᠠᠳᠬᠠᠯ ᠠᠴᠠ ᠲᠣᠭᠠᠴᠠᠭ᠎ᠠ ᠬᠢᠵᠣ ᠦᠭᠭᠦ ᠦᠭᠡᠢ᠃ ᠥᠷᠢᠰᠥᠯᠳᠦᠭᠡᠨ ᠨᠢ ᠭᠦᠶᠴᠡᠳ | ᠪᠤᠰᠤ᠂ ᠣᠷᠣᠯᠠᠬᠤ ᠦᠶᠯᠡᠳᠬᠦᠨ ᠥᠬᠡᠶ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠳᠤ᠂ ᠬᠡᠯᠡᠯᠴᠡᠯ ᠬᠢᠬᠦ ᠠᠷᠭ᠎ᠠ ᠮᠠᠶ᠋ᠢᠭ ᠢᠶᠠᠷ ᠳᠠᠮᠵᠢᠭᠤᠯᠤᠨ | ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠪᠠᠷᠢᠮᠵᠢᠶ᠎ᠠ ᠲᠣᠭᠲᠠᠭᠠᠬᠤ ᠶᠢ ᠰᠦᠪᠡᠭᠴᠢᠯᠡᠨ᠎ᠡ᠃ ᠤᠯᠤᠰ ᠤᠨ ᠡᠮᠴᠢᠯᠡᠭᠡᠨ ᠤ ᠳᠠᠭᠠᠳᠬᠠᠯ ᠳᠤ ᠵᠥᠪᠰᠢᠶᠡᠷᠡᠨ | ᠣᠷᠣᠭᠤᠯᠬᠤ ᠪᠠᠷ ᠬᠡᠯᠡᠯᠴᠡᠯ ᠬᠢᠭᠰᠡᠨ ᠪᠠᠶᠢᠪᠠᠯ᠂ ᠬᠡᠯᠡᠯᠴᠡᠯ ᠤᠨ ᠦᠨ᠎ᠡ ᠬᠠᠩᠰᠢ ᠪᠠᠷ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠭᠦ ᠪᠠᠷᠢᠮᠵᠢᠶ᠎ᠠ ᠶᠢ ᠲᠣᠭᠲᠠᠭᠠᠨ᠎ᠠ᠃ | ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠬᠠᠷᠢᠭᠤᠴᠠᠨ᠎ᠠ︶ | ︵ᠬᠤᠶᠠᠷ︶ ᠡᠮᠴᠢᠯᠡᠭᠡᠨ ᠤ ᠦᠶᠯᠡᠴᠢᠯᠡᠭᠦ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠵᠣᠬᠢᠰ ᠦᠭᠡᠢ ᠪᠠᠷ ᠬᠡᠷᠩᠯᠡᠭᠦ ᠶᠢ ᠴᠢᠩᠭ᠎ᠠ ᠬᠢᠵᠠᠭᠠᠷᠯᠠᠨ᠎ᠠ᠃ | 1. ᠡᠮᠴᠢᠯᠡᠭᠡᠨ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠳᠠᠯᠠᠨ᠎ᠠ᠃ ᠡᠮᠴᠢᠯᠡᠭᠡᠨ ᠤ ᠥᠨᠳᠥᠷ ᠥᠷᠲᠡᠭᠲᠦ | ᠬᠤᠷᠣᠭᠳᠠᠯ ᠮᠠᠲ᠋ᠧᠷᠢᠶᠠᠯ ᠤᠨ ᠡᠮᠴᠢᠯᠡᠭᠡᠨ ᠤ ᠬᠡᠷᠡᠭᠯᠡᠭᠡᠨ ᠢ ᠠᠯᠪᠠᠨ ᠠᠴᠠ ᠡᠷᠬᠢᠯᠡᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠠᠮᠵᠢᠯᠲᠠ ᠪᠦᠲᠦᠮᠵᠢ ᠶᠢ ᠰᠢᠯᠭᠠᠨ ᠬᠢᠨᠠᠵᠤ | ᠦᠨᠡᠯᠡᠬᠦ ᠰᠢᠰᠲ᠋ᠧᠮᠵᠢ ᠪᠠ ᠬᠠᠮᠢᠶ᠎ᠠ ᠪᠦᠬᠦᠢ ᠢᠲᠡᠭᠡᠮᠵᠢ ᠶᠢ ᠦᠨᠡᠯᠡᠬᠦ ᠰᠢᠰᠲ᠋ᠧᠮᠵᠢ ᠳᠤ ᠣᠷᠣᠭᠤᠯᠤᠨ᠎ᠠ᠃ ᠭᠤᠤᠯᠳᠠᠯᠭ᠎ᠠ ᠲᠠᠢ ᠬᠦᠷᠢᠶ᠎ᠡ ᠴᠠᠷᠠᠭᠠᠨ ᠳᠤ ᠲᠣᠰᠬᠠᠶᠢᠯᠠᠨ | ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠣᠨ ᠥᠷᠨᠢᠭᠦᠯᠵᠦ᠂ ᠡᠮᠴᠢᠯᠡᠭᠡᠨ ᠤ ᠶᠠᠰᠤ ᠴᠢᠨᠠᠷ ᠢ ᠰᠤᠭᠤᠴᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠡᠮᠴᠢᠯᠡᠭᠡᠨ | ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠲᠣᠭᠲᠠᠭᠠᠯ ᠠᠴᠠ ᠵᠥᠷᠢᠴᠡᠨ ᠬᠡᠷᠩᠯᠡᠵᠣ ᠪᠠᠶᠢᠭ᠎ᠠ ᠡᠮᠴᠢᠯᠡᠭᠡᠨ ᠤ ᠪᠠᠶᠢᠭᠤᠯᠤᠮᠵᠢ ᠶᠢ | ︽ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ | ︵ᠲᠤᠷᠰᠢᠨ ᠬᠡᠷᠡᠭᠵᠢᠭᠦᠯᠬᠦ︶︾ ᠶᠢᠨ ᠬᠤᠯᠪᠣᠭᠳᠠᠯ ᠪᠦᠬᠦᠢ ᠲᠣᠭᠲᠠᠭᠠᠯ ᠢᠶᠠᠷ ᠦᠨᠳᠦᠰᠦᠯᠡᠯ ᠪᠣᠯᠭᠠᠵᠣ ᠴᠢᠩᠭ᠎ᠠ ᠪᠠᠶᠢᠴᠠᠭᠠᠨ ᠰᠢᠶᠳᠪᠦᠷᠢᠯᠡᠨ᠎ᠡ᠃ ᠡᠮᠴᠢᠯᠡᠭᠡᠨ ᠤ | ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠡᠮᠴᠢᠯᠡᠭᠡᠨ ᠤ ᠬᠡᠷᠡᠭᠯᠡᠯᠲᠡ ᠶᠢ ᠡᠮᠴᠢᠯᠡᠭᠡᠨ ᠤ ᠶᠠᠰᠤ ᠴᠢᠨᠠᠷ ᠢ ᠨᠢ ᠡᠵᠡᠮᠳᠡᠬᠦ ᠰᠢᠰᠲ᠋ᠧᠮᠵᠢ ᠳᠤ ᠣᠷᠣᠭᠤᠯᠵᠤ᠂ | ᠡᠮᠴᠢᠯᠡᠭᠡᠨ ᠳᠤ ᠬᠡᠷᠡᠭᠯᠡᠬᠦ ᠶᠢ ᠬᠢᠵᠠᠭᠠᠷᠯᠠᠬᠤ ᠲᠦᠷᠦᠯ ᠤᠨ ᠡᠮᠴᠢᠯᠡᠭᠡᠨ ᠤ ᠮᠡᠷᠭᠡᠵᠢᠯ ᠪᠠ ᠭᠤᠤᠯᠳᠠᠯᠭ᠎ᠠ ᠲᠠᠢ ᠮᠡᠰᠡ ᠵᠠᠰᠠᠯ ᠤᠨ ᠬᠠᠮᠢᠶᠠᠷᠤᠯᠲᠠ ᠶᠢ ᠴᠢᠩᠭᠠᠳᠬᠠᠨ᠂ | ᠦᠪᠡᠷᠳᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠤᠰᠬᠠᠶ ᠮᠡᠷᠭᠡᠵᠢᠯ ᠤᠨ ᠶᠠᠰᠤ ᠴᠢᠨᠠᠷ ᠢ ᠡᠵᠡᠮᠳᠡᠬᠦ ᠵᠣᠬᠢᠶᠠᠨ ᠪᠠᠶᠢᠭᠤᠯᠣᠯᠳᠠ ᠳᠤ ᠲᠦᠰᠢᠭᠯᠡᠨ ᠡᠮᠴᠢᠯᠡᠭᠡᠨ ᠤ ᠶᠠᠰᠤ | ᠴᠢᠨᠠᠷ ᠢ ᠨᠢ ᠡᠵᠡᠮᠳᠡᠬᠦ ᠠᠵᠢᠯ ᠢ ᠵᠣᠬᠢᠶᠠᠨ ᠪᠠᠶᠢᠭᠤᠯᠣᠨ ᠥᠷᠨᠢᠭᠦᠯᠵᠦ᠂ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠡᠮᠴᠢᠯᠡᠭᠡᠨ ᠤ | ᠬᠡᠷᠡᠭᠯᠡᠭᠡᠨ ᠤ ᠡᠳᠦᠷ ᠲᠤᠲᠤᠮ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶ᠎ᠠ ᠪᠥᠬᠦᠶ ᠠᠵᠢᠯᠯᠠᠭᠰᠠᠳ ᠤᠨ ᠠᠵᠢᠯ | ᠮᠡᠷᠭᠡᠵᠢᠯ ᠤᠨ ᠰᠢᠰᠲ᠋ᠧᠮᠵᠢ ᠪᠠ ᠲᠤᠰᠬᠠᠶᠢᠵᠢᠭᠰᠠᠨ ᠡᠩᠨᠡᠭᠡ ᠶᠢᠨ ᠪᠠᠶᠢᠭᠤᠯᠤᠯᠲᠠ ᠶᠢ ᠰᠦᠪᠡᠭᠴᠢᠯᠡᠨ ᠠᠬᠢᠭᠤᠯᠵᠤ᠂ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ | ᠮᠠᠲ᠋ᠧᠷᠢᠶᠠᠯ ᠢ ᠵᠢᠷᠤᠮᠵᠢᠯ ᠲᠠᠢ ᠬᠡᠷᠡᠭᠯᠡᠬᠦ ᠴᠢᠳᠠᠪᠤᠷᠢ ᠪᠠ ᠬᠢᠷᠢ ᠲᠦᠪᠰᠢᠨ ᠢ ᠨᠢ ᠳᠡᠭᠡᠭᠰᠢᠯᠡᠭᠦᠯᠣᠨ᠎ᠠ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠬᠥᠭᠵᠢᠭᠦᠯᠦᠯᠲᠡ ᠪᠠ ᠦᠭᠡᠷᠡᠴᠢᠯᠡᠯᠳᠠ ᠶᠢᠨ ᠵᠥᠪᠯᠡᠯ ᠬᠠᠷᠢᠭᠤᠴᠠᠨ᠎ᠠ︶ | 2.ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠳᠤ ᠬᠡᠷᠡᠭᠯᠡᠭᠦ ᠬᠠᠮᠢᠶᠠᠷᠤᠯᠲᠠ ᠶᠢ ᠴᠢᠩᠭᠠᠳᠬᠠᠨ᠎ᠠ᠃ ᠡᠮᠴᠢᠯᠡᠭᠡᠨ ᠤ ᠪᠠᠶᠢᠭᠤᠯᠤᠮᠵᠢ ᠨᠢ ᠡᠮᠴᠢᠯᠡᠭᠡᠨ ᠤ | ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠬᠠᠮᠢᠶᠠᠷᠤᠯᠲᠠ ᠶᠢᠨ ᠰᠠᠯᠠᠭ᠎ᠠ ᠲᠠᠰᠤᠭ ᠢᠶᠠᠨ ᠲᠣᠳᠣᠷᠬᠠᠶᠢᠯᠠᠵᠤ᠂ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ | ᠠᠵᠢᠯᠳᠠᠨ ᠳᠤ ᠨᠢ ᠬᠦᠷᠲᠡᠯ᠎ᠡ ᠨᠠᠶᠢᠳᠠᠪᠤᠷᠢᠵᠢᠭᠤᠯᠣᠨ᠎ᠠ᠃ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠡᠮᠨᠡᠯᠭᠡ ᠶᠢᠨ ᠬᠤᠷᠢᠶᠠᠨ ᠳᠤ ᠵᠥᠪᠰᠢᠶᠡᠷᠡᠨ | ᠣᠷᠣᠭᠤᠯᠬᠤ ᠠᠵᠢᠯ ᠤᠨ ᠰᠢᠯᠢᠨ ᠰᠣᠩᠭᠤᠬᠤ ᠲᠣᠭᠲᠠᠴᠠ ᠶᠢ ᠪᠠᠶᠢᠭᠤᠯᠣᠨ᠂ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ | ᠨᠢᠭᠡᠳᠦᠯᠲᠡᠶ ᠬᠤᠳᠠᠯᠳᠤᠨ ᠠᠪᠬᠤ ᠬᠠᠮᠢᠶᠠᠷᠤᠯᠲᠠ ᠶᠢ ᠬᠡᠷᠩᠵᠢᠭᠦᠯᠵᠣ᠂ ᠰᠠᠯᠠᠭ᠎ᠠ ᠲᠠᠰᠤᠭ ᠤᠨ ᠥᠪᠡᠰᠦᠪᠡᠨ ᠬᠤᠳᠠᠯᠳᠣᠵᠣ ᠠᠪᠬᠤ ᠶᠢ ᠴᠢᠩᠭ᠎ᠠ ᠬᠤᠷᠢᠭᠯᠠᠨ᠎ᠠ᠃ | ᠡᠮᠴᠢᠯᠡᠭᠡᠨ ᠤ ᠮᠡᠷᠭᠡᠵᠢᠯ ᠤᠨ ᠲᠠᠰ ᠲᠥᠷᠥᠯ ᠬᠤᠪᠢᠶᠠᠨ ᠬᠠᠮᠢᠶᠠᠷᠬᠤ ᠪᠠ ᠮᠡᠰᠡ ᠵᠠᠰᠠᠯ ᠤᠨ ᠲᠠᠰ ᠬᠤᠪᠢᠶᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ | ᠂ ᠡᠮᠴᠢᠯᠡᠭᠡᠨ ᠤ ᠮᠡᠷᠭᠡᠵᠢᠯ ᠪᠠ ᠮᠡᠰᠡ ᠵᠠᠰᠠᠯ ᠤᠨ ᠲᠠᠰ ᠬᠤᠪᠢᠶᠠᠨ ᠬᠠᠮᠢᠶᠠᠷᠬᠤ ᠭᠠᠷᠴᠠᠭ ᠢ ᠲᠣᠭᠲᠠᠭᠠᠨ ᠲᠡᠭᠦᠯᠳᠡᠷᠵᠢᠭᠦᠯᠦᠨ᠎ᠡ︔ ᠡᠮᠴᠢᠯᠡᠭᠡᠨ ᠤ ᠮᠡᠷᠭᠡᠵᠢᠯ ᠪᠠ ᠮᠡᠰᠡ | ᠵᠠᠰᠠᠯ ᠤᠨ ᠳᠡᠰ ᠬᠤᠪᠢᠶᠠᠨ ᠬᠠᠮᠢᠶᠠᠷᠬᠤ ᠶᠢᠨ ᠵᠥᠪᠰᠢᠶᠡᠷᠡᠨ ᠣᠷᠣᠭᠤᠯᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ | ᠮᠠᠲ᠋ᠧᠷᠢᠶᠠᠯ ᠳᠤ ᠬᠤᠯᠪᠣᠭᠳᠠᠬᠤ ᠡᠮᠴᠢᠯᠡᠭᠡᠨ ᠤ ᠮᠡᠷᠭᠡᠵᠢᠯ ᠪᠠ ᠮᠡᠰᠡ ᠵᠠᠰᠠᠯ ᠤᠨ ᠬᠠᠮᠢᠶᠠᠷᠤᠯᠲᠠ ᠶᠢ ᠴᠢᠩᠭᠠᠳᠬᠠᠨ᠂ ᠶᠡᠭᠡ ᠡᠮᠴᠢ ᠶᠢᠨ ᠮᠡᠷᠭᠡᠵᠢᠯ ᠪᠠ ᠮᠡᠰᠡ ᠵᠠᠰᠠᠯ ᠬᠢᠬᠦ | ᠬᠢᠷᠢ ᠬᠡᠮ ᠢ ᠲᠣᠳᠣᠷᠬᠠᠶᠢᠯᠠᠵᠤ᠂ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠡᠮᠴᠢᠯᠡᠭᠡᠨ ᠳᠤ ᠬᠡᠷᠡᠭᠯᠡᠬᠦ ᠳᠤ ᠬᠤᠯᠪᠣᠭᠳᠠᠬᠤ ᠶᠡᠭᠡ ᠡᠮᠴᠢ ᠨᠡᠷ ᠢ | ᠡᠷᠬᠡᠪᠰᠢ ᠬᠠᠮᠢᠶ᠎ᠠ ᠪᠦᠬᠦᠢ ᠪᠣᠯᠪᠠᠰᠤᠷᠠᠭᠤᠯᠤᠯ ᠢ ᠥᠩᠭᠡᠷᠡᠭᠡᠭᠰᠡᠨ ᠤ ᠳᠠᠷᠠᠭ᠎ᠠ ᠪᠠᠷ ᠬᠡᠷᠡᠭᠯᠡᠵᠦ ᠪᠣᠯᠤᠨ᠎ᠠ᠃ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ | ᠮᠠᠲ᠋ᠧᠷᠢᠶᠠᠯ ᠢ ᠡᠮᠨᠡᠯᠭᠡ ᠶᠢᠨ ᠬᠤᠷᠢᠶᠠᠨ ᠳᠤ ᠬᠡᠷᠩᠯᠡᠭᠰᠠᠨ ᠢ ᠨᠢ ᠵᠢᠭᠠᠨ ᠦᠨᠡᠯᠡᠬᠦ ᠲᠣᠭᠲᠠᠴᠠ ᠪᠠ ᠬᠡᠪ ᠤᠨ ᠪᠤᠰᠤ ᠬᠡᠷᠡᠭᠯᠡᠭᠰᠡᠨ ᠳᠤ ᠰᠡᠷᠡᠮᠵᠢᠯᠡᠭᠦᠯᠬᠦ ᠲᠣᠭᠳᠠᠴᠨ ᠶᠢ | ᠲᠡᠭᠦᠯᠳᠡᠷᠵᠢᠭᠦᠯᠵᠦ᠂ ᠡᠮᠨᠡᠯᠭᠡ ᠶᠢᠨ ᠠᠵᠢᠯᠲᠠᠨ ᠤ ᠳᠠᠩ ᠭᠠᠭᠴᠠ ᠨᠡᠷᠡᠲᠦ ᠲᠡᠮᠳᠡᠭ ᠤᠨ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠬᠡᠷᠡᠭᠯᠡᠭᠰᠡᠨ | ᠪᠠ ᠳᠠᠩ ᠵᠦᠢᠯ ᠤᠨ ᠮᠡᠰᠡ ᠵᠠᠰᠠᠯ ᠤᠨ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠬᠡᠷᠡᠭᠯᠡᠭᠰᠡᠨ ᠬᠡᠮᠵᠢᠶᠠᠨ ᠤ ᠪᠠᠶᠢᠳᠠᠯ ᠳᠤ ᠬᠢᠨᠠᠨ ᠰᠢᠨᠵᠢᠵᠦ | ᠵᠠᠳᠠᠯᠬᠤ ᠶᠢ ᠥᠷᠨᠢᠭᠦᠯᠣᠨ᠂ ᠬᠡᠪ ᠤᠨ ᠪᠤᠰᠤ ᠬᠡᠷᠡᠭᠯᠡᠭᠰᠡᠨ ᠪᠠᠶᠢᠳᠠᠯ ᠭᠠᠷᠣᠭᠰᠠᠨ ᠪᠠᠶᠢᠪᠠᠯ ᠬᠠᠮᠢᠶ᠎ᠠ ᠪᠦᠬᠦᠢ ᠡᠮᠨᠡᠯᠭᠡ ᠶᠢᠨ ᠠᠵᠢᠯᠲᠠᠨ ᠲᠠᠢ ᠴᠠᠭ ᠲᠤᠬᠠᠶ ᠳᠤ ᠨᠢ | ᠪᠣᠯᠵᠣᠨ ᠶᠠᠷᠢᠯᠴᠠᠵᠤ᠂ ᠬᠢᠨᠠᠨ ᠰᠢᠨᠵᠢᠵᠣ ᠵᠠᠳᠠᠯᠤᠭᠰᠠᠨ ᠦᠷ᠎ᠡ ᠳ᠋ᠦᠩ ᠢ ᠨᠢ ᠵᠣᠬᠢᠬᠤ ᠡᠮᠴᠢᠯᠡᠭᠡᠨ ᠤ ᠮᠡᠷᠭᠡᠵᠢᠯ ᠪᠠ ᠮᠡᠰᠡ ᠵᠠᠰᠠᠯ ᠬᠢᠬᠦ ᠡᠷᠭᠡ ᠬᠢᠵᠠᠭᠠᠷ ᠲᠤ | ᠲᠣᠬᠢᠷᠠᠭᠤᠯᠤᠯᠲᠠ ᠬᠢᠬᠦ ᠪᠠ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢᠨ ᠴᠢᠬᠤᠯᠠ ᠦᠨᠳᠦᠰᠣᠯᠠᠯ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ︶ | 3. ᠡᠮᠴᠢᠯᠡᠭᠡᠨ ᠤ ᠳᠠᠭᠠᠳᠬᠠᠯ ᠤᠨ ᠴᠩ ᠲᠣᠭᠳᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠦᠶᠯᠡᠴᠢᠯᠡᠭᠦ ᠦᠢᠯᠨ ᠠᠵᠢᠯᠯᠠᠭ᠎ᠠ ᠶᠢᠨ ᠬᠠᠮᠢᠶᠠᠷᠤᠯᠲᠠ ᠶᠢ | ᠴᠢᠩᠭᠠᠳᠬᠠᠨ᠎ᠠ᠃ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠬᠡᠷᠡᠭᠯᠡᠭᠰᠡᠨ ᠪᠠᠶᠢᠳᠠᠯ ᠢ ᠴᠩ ᠲᠣᠭᠳᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ | ᠡᠮᠴᠢᠯᠡᠭᠡᠨ ᠤ ᠳᠠᠭᠠᠳᠬᠠᠯ ᠤᠨ ᠦᠶᠯᠡᠴᠢᠯᠡᠭᠦ ᠵᠥᠪᠳᠡᠯᠴᠡᠭᠡᠷ ᠤᠨ ᠠᠭᠤᠯᠭ᠎ᠠ ᠳᠤ ᠣᠷᠣᠭᠤᠯᠵᠤ᠂ ᠡᠮᠴᠢᠯᠡᠭᠡᠨ ᠤ ᠳᠠᠭᠠᠳᠬᠠᠯ ᠤᠨ ᠦᠶᠯᠡᠴᠢᠯᠡᠭᠦ ᠵᠥᠪᠳᠡᠯᠴᠡᠬᠡᠷ ᠠᠴᠠ | ᠵᠦᠷᠢᠴᠡᠭᠰᠠᠨ ᠪᠠᠶᠢᠪᠠᠯ᠂ ᠪᠣᠯᠵᠣᠨ ᠶᠠᠷᠢᠯᠴᠠᠬᠤ᠂ ᠰᠡᠷᠡᠮᠵᠢᠯᠡᠭᠦᠯᠬᠦ᠂ ᠨᠡᠪᠲᠡᠷᠡᠭᠦᠯᠦᠨ ᠰᠢᠭᠦᠮᠵᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠳᠡᠳᠠᠨ ᠢ ᠬᠤᠭᠤᠴᠠᠭ᠎ᠠ | ᠬᠢᠵᠠᠭᠠᠷᠯᠠᠨ ᠴᠡᠭᠴᠡᠯᠡᠵᠣ ᠰᠠᠶᠢᠵᠢᠷᠠᠭᠤᠯᠬᠤ ᠪᠠᠷ ᠵᠠᠷᠯᠢᠭᠳᠠᠨ᠎ᠠ᠂ ᠴᠢᠬᠤᠯᠠ ᠲᠠᠢ ᠪᠣᠯ ᠵᠥᠪᠳᠡᠯᠴᠡᠬᠡᠷ ᠢ ᠲᠦᠷ ᠵᠣᠭᠰᠣᠭᠠᠬᠤ ᠪᠤᠶᠤ ᠬᠦᠴᠦᠨ ᠥᠬᠡᠶ ᠪᠣᠯᠭᠠᠵᠤ ᠪᠣᠯᠤᠨ᠎ᠠ | ᠃ ᠡᠮᠴᠢᠯᠡᠭᠡᠨ ᠤ ᠳᠠᠭᠠᠳᠬᠠᠯ ᠤᠨ ᠣᠶᠤᠨᠴᠢ ᠬᠢᠨᠠᠨ ᠬᠠᠷᠭᠤᠭᠤᠯᠬᠤ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠣᠯᠳᠠ ᠶᠢ ᠲᠡᠭᠦᠯᠳᠡᠷᠵᠢᠭᠦᠯᠵᠦ᠂ ᠡᠮᠴᠢᠯᠡᠭᠡᠨ ᠤ | ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠲᠣᠮᠣ ᠳ᠋ᠠᠶᠢᠲ᠋ᠠ ᠪᠠᠷ ᠬᠠᠷᠭᠤᠭᠤᠯᠤᠨ ᠵᠠᠳᠠᠯᠬᠤ ᠶᠢ ᠴᠢᠩᠭᠠᠳᠬᠠᠨ᠂ ᠡᠮᠨᠡᠯᠭᠡ ᠶᠢᠨ ᠠᠵᠢᠯᠲᠠᠨ ᠤ ᠳᠠᠩ ᠭᠠᠭᠴᠠ | ᠨᠠᠷᠠᠲᠤ ᠳᠡᠮᠳᠡᠭ᠂ ᠳᠠᠩ ᠵᠦᠢᠯ ᠤᠨ ᠮᠡᠰᠡ ᠵᠠᠰᠠᠯ ᠵᠡᠷᠭᠡ ᠶᠢᠨ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠬᠡᠷᠡᠭᠯᠡᠭᠰᠡᠨ ᠤᠳᠠᠭ᠎ᠠ ᠨᠢ ᠣᠯᠠᠨ᠂ | ᠲᠤᠭ᠎ᠠ ᠬᠡᠮᠵᠢᠶ᠎ᠡ ᠪᠤᠶᠤ ᠵᠠᠷᠤᠳᠠᠯ ᠨᠢ ᠶᠡᠭᠡ ᠪᠣᠯᠣᠭᠰᠠᠨ ᠡᠮᠴᠢᠯᠡᠭᠡᠨ ᠤ ᠪᠠᠶᠢᠭᠤᠯᠤᠮᠵᠢ ᠶᠢ ᠭᠤᠤᠯᠳᠠᠯᠭ᠎ᠠ ᠲᠠᠢ ᠬᠢᠨᠠᠨ ᠡᠵᠡᠮᠳᠡᠵᠦ ᠭᠤᠤᠯᠳᠠᠯᠭ᠎ᠠ ᠲᠠᠢ ᠪᠠᠶᠢᠴᠠᠭᠠᠨ | ᠬᠠᠷᠭᠤᠭᠤᠯᠵᠣ᠂ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠭᠦᠯᠬᠦ ᠶᠢᠨ ᠬᠠᠮᠲᠤ ᠨᠡᠶᠢᠭᠡᠮ ᠨᠡᠶᠢᠲᠡ ᠳᠤ ᠢᠯᠡ ᠪᠣᠯᠭᠠᠨ᠎ᠠ᠃ ᠴᠩ ᠲᠣᠭᠳᠠᠭᠠᠭᠰᠠᠨ ᠡᠮᠴᠢᠯᠡᠭᠡᠨ ᠤ | ᠪᠠᠶᠢᠭᠤᠯᠤᠮᠵᠢ ᠪᠠ ᠡᠮᠨᠡᠯᠭᠡ ᠶᠢᠨ ᠠᠵᠢᠯᠲᠠᠨ ᠤ ︽ᠬᠠᠷ᠎ᠠ ᠳᠠᠩᠰᠠ︾ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠳᠠᠭᠠᠳᠬᠠᠯ ᠤᠨ ᠴᠩ | ᠲᠣᠭᠳᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ᠬᠠᠷᠢᠭᠤᠴᠠᠨ᠎ᠠ︶ | ︵ᠭᠤᠷᠪᠠ︶ ᠬᠢᠨᠠᠯᠲᠠ ᠲᠠᠯᠪᠢᠵᠤ ᠬᠠᠮᠢᠶᠠᠷᠬᠤ ᠲᠣᠭᠲᠠᠴᠠ ᠶᠢ ᠪᠦᠷᠢᠨᠰᠢᠭᠦᠯᠵᠦ᠂ ᠬᠠᠤᠯᠢ ᠲᠣᠭᠲᠠᠭᠠᠯ ᠠᠴᠠ ᠵᠦᠷᠢᠴᠡᠭᠰᠠᠨ ᠦᠢᠯᠡ ᠠᠵᠢᠯᠯᠠᠭ᠎ᠠ ᠶᠢ | ᠪᠠᠶᠢᠴᠠᠭᠠᠨ ᠰᠢᠶᠳᠪᠦᠷᠢᠯᠡᠨ᠎ᠠ᠃ | 1. ᠶᠠᠰᠤ ᠴᠢᠨᠠᠷ ᠤᠨ ᠬᠠᠮᠢᠶᠠᠷᠤᠯᠲᠠ ᠶᠢ ᠲᠡᠭᠦᠯᠳᠡᠷᠵᠢᠭᠦᠯᠣᠨ᠎ᠠ᠃ ᠬᠤᠶᠠᠳᠤᠭᠠᠷ ᠲᠥᠷᠥᠯ ᠤᠨ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ | ᠤᠨ ᠵᠠᠬ᠎ᠠ ᠳᠡᠯᠭᠡᠭᠦᠷ ᠲᠤ ᠭᠠᠷᠬᠤ ᠠᠴᠠ ᠡᠮᠦᠨᠡᠬᠢ ᠳᠠᠩᠰᠠᠯᠠᠭᠤᠯᠵᠣ ᠬᠢᠨᠠᠨ ᠵᠥᠪᠰᠢᠶᠡᠷᠡᠬᠦ ᠴᠤᠪᠤᠷᠠᠯ ᠢ ᠴᠢᠩᠭ᠎ᠠ ᠵᠢᠷᠣᠮᠵᠢᠭᠤᠯᠵᠣ᠂ ᠰᠢᠨ᠎ᠡ ᠦᠶᠯᠡᠳᠬᠦᠨ ᠤ | ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠬᠢᠭᠡᠳ ᠳᠠᠩᠰᠠᠯᠠᠭᠤᠯᠵᠣ ᠬᠢᠨᠠᠨ ᠵᠥᠪᠰᠢᠶᠡᠷᠡᠬᠦ ᠶᠢ ᠪᠦᠲᠦᠮᠵᠢᠲᠡᠶ ᠵᠣᠯᠭᠠᠭᠤᠯᠬᠤ ᠪᠠᠨ ᠴᠢᠩᠭᠠᠳᠬᠨ᠎ᠠ ᠃ ᠡᠮᠴᠢᠯᠡᠭᠡᠨ ᠤ | ᠪᠠᠭᠠᠵᠢ ᠬᠡᠷᠡᠭᠰᠡᠯ ᠤᠨ ᠳᠠᠩᠰᠠᠯᠠᠭᠤᠯᠬᠤ ᠮᠡᠷᠭᠡᠵᠢᠯ ᠤᠨ ᠱᠠᠭᠠᠷᠳᠠᠯᠭ᠎ᠠ ᠶᠢ ᠴᠢᠩᠭ᠎ᠠ ᠬᠡᠷᠩᠵᠢᠭᠦᠯᠵᠣ᠂ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ | ᠪᠠᠷᠢᠮᠵᠢᠶ᠎ᠠ ᠶᠢ ᠠᠯᠬᠤᠮ ᠠᠯᠬᠤᠮ ᠢᠶᠠᠷ ᠣᠯᠠᠨ ᠤᠯᠤᠰ ᠤᠨ ᠪᠠᠷᠢᠮᠵᠢᠶ᠎ᠠ ᠯᠤᠭ᠎ᠠ ᠵᠣᠯᠭᠠᠭᠤᠯᠬᠤ ᠶᠢ ᠠᠬᠢᠭᠤᠯᠣᠨ᠎ᠠ᠃ ᠬᠠᠮᠢᠶ᠎ᠠ ᠪᠥᠬᠦᠶ ᠬᠢᠨᠠᠨ ᠵᠥᠪᠰᠢᠶᠡᠷᠡᠭᠰᠡᠨ ᠮᠡᠳᠡᠭᠡ | ᠵᠠᠩᠭᠢ ᠶᠢ ᠴᠠᠭ ᠲᠤᠬᠠᠶ ᠳᠤ ᠨᠢ ᠢᠯᠡ ᠪᠣᠯᠭᠠᠵᠤ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠴᠢᠩᠭᠠᠷᠠᠭᠤᠯᠣᠨ᠎ᠠ᠃ ᠦᠶᠯᠡᠳᠬᠦᠨ ᠤ ᠮᠡᠳᠡᠭᠡ ᠵᠠᠩᠭᠢ ᠶᠢᠨ ᠮᠥᠷᠳᠡᠭᠦ | ᠰᠢᠰᠲ᠋ᠧᠮᠵᠢ ᠪᠠ ᠦᠶᠯᠡᠳᠪᠦᠷᠢᠯᠡᠭᠰᠡᠨ ᠠᠵᠤ ᠠᠬᠤᠶᠢᠯᠡᠯ ᠤᠨ ᠦᠶᠯᠡᠳᠬᠦᠨ ᠤ ᠶᠠᠰᠤ ᠴᠢᠨᠠᠷ ᠲᠤ ᠪᠠᠨ ᠨᠠᠰᠤᠨ ᠲᠤᠷᠰᠢᠳᠠ ᠬᠠᠷᠢᠭᠤᠴᠠᠬᠤ ᠳᠦᠷᠢᠮ ᠢ ᠪᠠᠶᠢᠭᠤᠯᠣᠨ᠎ᠠ᠃ | ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠬᠡᠷᠩᠯᠡᠭᠦ ᠪᠥᠬᠦ ᠦᠶᠡᠯᠡᠯ ᠤᠨ ᠬᠤᠭᠤᠴᠠᠭᠠᠨ ᠳᠠᠬᠢ ᠶᠠᠰᠤ ᠴᠢᠨᠠᠷ ᠤᠨ ᠬᠠᠮᠢᠶᠠᠷᠤᠯᠲᠠ ᠶᠢ | ᠴᠢᠩᠭᠠᠳᠬᠠᠵᠤ᠂ ᠰᠤᠳᠤᠯᠤᠨ ᠨᠡᠭᠡᠭᠡᠬᠦ᠂ ᠬᠢᠨᠠᠨ ᠵᠦᠪᠰᠢᠶᠡᠷᠡᠭᠦ᠂ ᠵᠢᠷᠤᠮᠵᠢᠭᠤᠯᠤᠨ ᠬᠡᠷᠡᠭᠯᠡᠭᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠡᠮᠴᠢᠯᠡᠭᠡᠨ ᠤ | ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠳᠤ ᠰᠢᠨ᠎ᠡ ᠶᠢ ᠡᠭᠦᠳᠦᠨ ᠬᠥᠭᠵᠢᠭᠦᠯᠭᠦ ᠶᠢ ᠵᠣᠷᠢᠭᠵᠢᠭᠤᠯᠣᠨ᠂ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠤᠨ | ᠰᠤᠳᠤᠯᠤᠨ ᠨᠡᠭᠡᠭᠡᠵᠦ ᠦᠶᠯᠡᠳᠪᠦᠷᠢᠯᠡᠭᠦ ᠶᠢ ᠳᠠᠮᠵᠢᠵᠣ᠂ ᠤᠯᠤᠰ ᠤᠨ ᠡᠮ ᠤᠨ ᠵᠦᠶᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠬᠢᠨᠠᠨ ᠪᠠᠶᠢᠴᠠᠭᠠᠯᠳᠠ ᠪᠠᠷ | ᠵᠦᠪᠰᠢᠶᠡᠷᠡᠭᠦᠯᠣᠭ᠍ᠰᠡᠨ ᠰᠢᠨ᠎ᠡ ᠶᠢ ᠡᠭᠦᠳᠣᠭ᠍ᠰᠡᠨ ᠡᠮᠴᠢᠯᠡᠭᠡᠨ ᠤ ᠪᠠᠭᠠᠵᠢ ᠬᠡᠷᠡᠭᠰᠡᠯ ᠤᠨ ᠣᠨᠴᠠᠭᠠᠢ ᠬᠢᠨᠠᠨ ᠪᠠᠶᠢᠴᠠᠭᠠᠬᠤ ᠳᠡᠰ ᠳᠠᠷᠠᠭᠠᠯᠠᠯ ᠢᠶᠠᠷ ᠬᠢᠨᠠᠨ ᠪᠠᠶᠢᠴᠠᠭᠠᠭᠰᠠᠨ | ᠪᠥᠭᠡᠳ ᠥᠪᠡᠷᠲᠡᠭᠡᠨ ᠵᠠᠰᠠᠬᠤ ᠣᠷᠣᠨ ᠤ ᠡᠮ ᠤᠨ ᠵᠦᠶᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠵᠣ ᠬᠢᠨᠠᠨ ᠵᠥᠪᠰᠢᠶᠡᠷᠡᠭᠰᠡᠨ ᠡᠮᠴᠢᠯᠡᠭᠡᠨ ᠤ | ᠪᠠᠭᠠᠵᠢ ᠬᠡᠷᠡᠭᠰᠡᠯ ᠳᠤ ᠲᠤᠰᠬᠠᠶ ᠬᠥᠮᠦᠨ ᠵᠢᠭᠠᠨ ᠲᠣᠭᠲᠠᠭᠠᠵᠤ ᠭᠤᠶᠤᠴᠢᠯᠠᠭᠴᠢ ᠯᠤᠭ᠎ᠠ ᠴᠠᠭ ᠲᠤᠬᠠᠶ ᠳᠤ ᠨᠢ ᠨᠡᠪᠲᠡᠷᠡᠯᠴᠡᠭᠦᠯᠭᠦ ᠪᠦᠭᠡᠣᠨ ᠵᠢᠯᠣᠭᠤᠳᠣᠯᠭ᠎ᠠ ᠬᠠᠩᠭᠠᠨ᠎ᠠ | ᠃ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠦᠶᠯᠡᠳᠪᠦᠷᠢᠯᠡᠭᠦ ᠠᠵᠤ ᠠᠬᠤᠶᠢᠯᠠᠯ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ᠂ | ᠭᠡᠨᠡᠳᠡᠭᠦᠯᠣᠨ ᠪᠠᠶᠢᠴᠠᠭᠠᠬᠤ᠂ ᠦᠶᠯᠡᠳᠪᠦᠷᠢᠯᠡᠭᠦ ᠭᠤᠭᠴᠣᠭᠠᠨ ᠳᠤ ᠪᠠᠶᠢᠴᠠᠭᠠᠬᠤ ᠡᠷᠴᠢᠮ ᠢ ᠴᠢᠩᠭᠠᠷᠠᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ | ᠬᠤᠷᠣᠭᠳᠠᠯ ᠮᠠᠲ᠋ᠧᠷᠢᠶᠠᠯ ᠤᠨ ᠵᠡᠷᠠᠮᠳᠡᠭ ᠵᠦᠢᠯ ᠤᠨ ᠨᠣᠷᠮ᠎ᠠ ᠶᠢᠨ ᠮᠡᠳᠡᠭᠦᠯᠬᠦ ᠰᠢᠰᠲ᠋ᠧᠮ ᠢ ᠬᠡᠷᠡᠭᠯᠡᠨ᠂ ︽ᠡᠮᠴᠢᠯᠡᠭᠡᠨ ᠤ ᠪᠠᠭᠠᠵᠢ ᠬᠡᠷᠡᠭᠰᠡᠯ ᠤᠨ ᠭᠠᠵᠢ ᠨᠦᠯᠣᠭᠡ ᠲᠠᠢ | ᠬᠡᠷᠡᠭ ᠢ ᠬᠢᠨᠠᠨ ᠰᠢᠨᠵᠢᠬᠦ ᠪᠠ ᠳᠠᠬᠢᠨ ᠦᠨᠡᠯᠡᠬᠦ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢᠶᠠᠷ ᠡᠮᠴᠢᠯᠡᠭᠡᠨ ᠤ ᠪᠠᠭᠠᠵᠢ ᠬᠡᠷᠡᠭᠰᠡᠯ ᠤᠨ | ᠭᠠᠵᠢ ᠨᠦᠯᠣᠭᠡ ᠲᠠᠢ ᠬᠡᠷᠡᠭ ᠢ ᠬᠢᠨᠠᠨ ᠰᠢᠨᠵᠢᠬᠦ ᠪᠠ ᠳᠠᠬᠢᠨ ᠦᠨᠡᠯᠡᠬᠦ ᠠᠵᠢᠯ ᠢ ᠥᠷᠨᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠡᠮ ᠤᠨ ᠵᠦᠶᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠮᠴᠢᠯᠡᠭᠡᠨ ᠤ | ᠳᠠᠭᠠᠣᠡᠬᠠᠯ ᠤᠨ ᠲᠣᠪᠴᠢᠶ᠎ᠠ ᠬᠠᠷᠢᠭᠤᠴᠠᠨ᠎ᠠ︶ | 2. ᠭᠦᠶᠯᠭᠡᠭᠡᠨ ᠤ ᠬᠠᠮᠢᠶᠠᠷᠤᠯᠲᠠ ᠶᠢ ᠴᠢᠩᠭᠠᠷᠠᠭᠤᠯᠣᠨ᠎ᠠ᠃ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠭᠦᠶᠯᠭᠡᠭᠡᠨ ᠤ ᠬᠦᠷᠢᠶᠠᠨ ᠳᠠᠬᠢ | ᠬᠡᠪᠴᠢᠶᠠᠵᠢᠭᠦ᠂ ᠲᠤᠰᠬᠠᠶᠢᠵᠢᠬᠤ᠂ ᠮᠡᠳᠡᠭᠡ ᠵᠠᠩᠬᠢᠴᠢᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠯᠪᠠᠨ ᠠᠴᠠ ᠡᠷᠬᠢᠯᠡᠭᠰᠠᠨ ᠡᠮᠴᠢᠯᠡᠭᠡᠨ ᠤ ᠪᠠᠶᠢᠭᠤᠯᠤᠮᠵᠢ ᠨᠢ | ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠲᠤᠬᠢᠷᠠᠭᠤᠯᠣᠨ ᠬᠦᠷᠭᠡᠵᠣ ᠰᠢᠯᠢᠨ ᠰᠣᠩᠭᠤᠬᠤ ᠲᠣᠭᠲᠠᠴᠠ ᠶᠢ ᠪᠠᠶᠢᠭᠤᠯᠵᠤ᠂ ᠵᠠᠬ᠎ᠠ ᠳᠡᠯᠭᠡᠭᠦᠷ ᠤᠨ | ᠵᠦᠶ ᠵᠣᠬᠢᠰᠲᠠᠶ ᠥᠷᠢᠰᠥᠯᠳᠦᠭᠡᠨ ᠢ ᠠᠬᠢᠭᠤᠯᠬᠤ ᠬᠡᠷᠡᠭᠲᠡᠶ᠃ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠡᠮᠴᠢᠯᠡᠭᠡᠨ ᠤ | ᠪᠠᠶᠢᠭᠤᠯᠣᠮᠵᠢ ᠨᠢ ᠭᠡᠷ᠎ᠡ ᠶᠢ ᠦᠨᠳᠦᠰᠦᠯᠡᠨ ᠵᠣᠭᠤᠰ ᠢ ᠨᠢ ᠦᠭᠭᠦ ᠶᠢ ᠴᠢᠩᠭ᠎ᠠ ᠬᠡᠷᠩᠵᠢᠭᠦᠯᠭᠦ ᠬᠡᠷᠡᠭᠲᠡᠶ᠃ ᠪᠣᠳᠠᠳᠠᠢ ᠲᠠᠢ ᠪᠠᠨ ᠤᠶᠠᠯᠳᠤᠭᠤᠯᠤᠨ ︽ᠬᠤᠶᠠᠷ | ᠪᠠᠷᠢᠮᠲᠠ ᠶᠢᠨ ᠳᠦᠷᠢᠮ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠭᠦᠶᠯᠭᠡᠭᠡᠨ ᠤ ᠭᠤᠭᠴᠤᠭ᠎ᠠ | ᠶᠢ ᠪᠠᠭᠠᠰᠬᠠᠵᠤ᠂ ᠬᠤᠳᠠᠯᠳᠤᠨ ᠠᠪᠬᠤ ᠪᠠ ᠪᠣᠷᠣᠯᠠᠭᠤᠯᠬᠤ ᠠᠵᠢᠯᠯᠠᠭ᠎ᠠ ᠶᠢᠨ ᠢᠯᠡ ᠲᠣᠳᠣ ᠪᠠᠶᠢᠬᠤ ᠶᠢ ᠠᠬᠢᠭᠤᠯᠬᠤ ᠬᠡᠷᠡᠭᠲᠡᠶ᠃ ᠡᠮᠴᠢᠯᠡᠭᠡᠨ ᠤ ᠥᠨᠳᠥᠷ ᠥᠷᠲᠡᠭᠲᠦ | ᠬᠤᠷᠣᠭᠳᠠᠯ ᠮᠠᠲ᠋ᠧᠷᠢᠶᠠᠯ ᠤᠨ ᠦᠶᠯᠡᠳᠪᠦᠷᠢᠯᠡᠯ᠂ ᠭᠦᠶᠯᠭᠡᠭᠡ ᠪᠠ ᠬᠡᠷᠡᠭᠯᠡᠯᠲᠡ ᠵᠡᠷᠭᠡ ᠭᠤᠭᠴᠣᠭᠠᠨ ᠳᠠᠬᠢ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ | ᠳᠦᠷᠢᠮ ᠢ ᠪᠠᠶᠢᠭᠤᠯᠵᠣ᠂ ᠬᠤᠯᠪᠣᠭᠠᠯᠠᠵᠣ ᠵᠠᠯᠬᠠᠭᠠᠨ ᠴᠡᠭᠡᠷᠯᠡᠭᠦᠯᠬᠦ ᠶᠢᠨ ᠰᠦᠷ ᠬᠦᠴᠦᠨ ᠢ ᠪᠠᠳᠠᠷᠠᠭᠤᠯᠣᠨ᠎ᠠ᠃ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ | ᠮᠠᠲ᠋ᠧᠷᠢᠶᠠᠯ ᠤᠨ ᠬᠠᠮᠢᠶ᠎ᠠ ᠪᠦᠬᠦᠢ ᠠᠵᠤ ᠠᠬᠤᠶᠢᠯᠠᠯ ᠵᠢᠴᠢ ᠳᠡᠳᠡᠭᠡᠷ ᠤᠨ ᠠᠵᠢᠯ ᠡᠷᠬᠢᠯᠡᠭᠰᠡᠳ ᠤᠨ ᠢᠲᠡᠭᠡᠯ ᠢᠶᠠᠨ ᠠᠯᠳᠠᠭᠰᠠᠨ ᠦᠢᠯᠡ ᠠᠵᠢᠯᠯᠠᠭ᠎ᠠ ᠶᠢ ᠲᠡᠮᠳᠡᠭᠯᠡᠬᠦ ᠪᠠ | ᠢᠯᠡ ᠨᠡᠶᠢᠲᠡᠯᠡᠬᠦ ᠶᠢ ᠴᠢᠩᠭᠠᠳᠬᠠᠨ᠎ᠠ᠃ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠦᠶᠯᠡᠳᠪᠦᠷᠢᠯᠡᠬᠦ ᠠᠵᠤ ᠠᠬᠤᠶᠢᠯᠠᠯ ᠵᠢᠴᠢ ᠬᠠᠮᠢᠶ᠎ᠠ ᠪᠦᠬᠦᠢ | ᠲᠣᠬᠠᠢ ᠶᠢᠨ ᠬᠥᠮᠦᠨ ᠤ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠶᠠᠪᠣᠴᠨ ᠳᠠᠬᠢ ᠬᠡᠪ ᠤᠨ ᠪᠣᠰᠣ ᠦᠢᠯᠨ ᠠᠵᠢᠯᠯᠠᠭ᠎ᠠ ᠶᠢᠨ ᠳᠠᠯ᠎ᠠ ᠪᠠᠷ ᠬᠢ ᠢᠲᠡᠭᠡᠮᠵᠢ ᠶᠢᠨ | ᠲᠡᠮᠳᠡᠭᠯᠡᠯ ᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ | ᠳᠡᠮᠵᠢᠭᠤᠯᠵᠣ ᠵᠠᠷᠯᠠᠨ ᠨᠠᠶᠢᠳᠠᠯᠠᠵᠣ᠂ ᠬᠤᠯᠪᠣᠭᠠᠯᠠᠵᠣ ᠵᠠᠯᠬᠠᠭᠠᠨ ᠴᠡᠭᠡᠷᠯᠡᠭᠦᠯᠭᠦ ᠶᠢ ᠬᠡᠷᠡᠭᠵᠢᠭᠦᠯᠦᠨ᠂ ᠭᠡᠷ᠎ᠡ ᠪᠠᠨ ᠭᠦᠶᠴᠡᠳᠬᠡᠬᠦ ᠬᠠᠮᠢᠶᠠᠷᠤᠯᠲᠠ ᠶᠢ ᠴᠢᠩᠭᠠᠷᠠᠭᠤᠯᠣᠨ᠎ᠠ᠃ | ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠣᠡᠪᠣᠷᠢ ᠪᠠ ᠮᠡᠳᠡᠭᠡ ᠵᠠᠩᠭᠢᠴᠢᠯᠠᠯᠳᠠ ᠶᠢᠨ ᠲᠢᠩᠬᠢᠮ ᠲᠣᠰ ᠲᠣᠰ ᠬᠠᠷᠢᠭᠤᠴᠠᠨ᠎ᠠ︶ | 3 . ᠠᠯᠪᠠᠨ ᠠᠴᠠ ᠡᠷᠬᠢᠯᠡᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ | ᠴᠢᠩᠭᠠᠳᠬᠠᠨ᠎ᠠ᠃ ᠠᠯᠪᠠᠨ ᠠᠴᠠ ᠡᠷᠬᠢᠯᠡᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠣᠳᠣᠷᠢᠣᠡᠬᠤ ᠦᠶᠯᠡᠳᠦᠯ ᠢ ᠭᠦᠶᠴᠡᠳ | ᠪᠠᠳᠠᠷᠠᠭᠤᠯᠵᠤ᠂ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ ᠴᠢᠩᠭ᠎ᠠ ᠨᠠᠶᠢᠳᠠᠪᠤᠷᠢᠵᠢᠭᠤᠯᠤᠨ᠂ ᠨᠠᠮ ᠤᠨ ᠰᠤᠷᠲᠠᠯ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠣᠯᠳᠠ ᠬᠢᠭᠡᠣᠨ ᠢᠯᠵᠠᠷᠠᠯ ᠢ ᠡᠰᠡᠷᠭᠦᠴᠡᠬᠦ ᠠᠵᠢᠯ ᠢ ᠦᠨᠡᠨ ᠬᠦ ᠴᠢᠩᠭᠠᠳᠬᠠᠨ᠎ᠠ᠃ ᠠᠯᠪᠠᠨ ᠠᠴᠠ ᠡᠷᠬᠢᠯᠡᠭᠰᠠᠨ ᠡᠮᠴᠢᠯᠡᠭᠡᠨ ᠤ | ᠪᠠᠶᠢᠭᠤᠯᠤᠮᠵᠢ ᠶᠢᠨ ᠨᠠᠮ ᠤᠨ ᠵᠣᠬᠢᠶᠠᠨ ᠪᠠᠶᠢᠭᠤᠯᠤᠯᠲᠠ ᠨᠢ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠬᠠᠮᠢᠶᠠᠷᠴᠤ ᠬᠡᠷᠡᠭᠯᠡᠬᠦ ᠳᠠᠯ᠎ᠠ ᠪᠠᠷ ᠬᠢ | ᠢᠯᠵᠠᠷᠠᠯ ᠤᠨ ᠠᠰᠠᠭᠤᠳᠠᠯ ᠢ ᠰᠡᠷᠭᠡᠶᠢᠯᠡᠬᠦ ᠪᠠ ᠵᠠᠯᠬᠠᠭᠠᠨ ᠰᠢᠳᠬᠡᠬᠦ ᠶᠢ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢᠨ ᠴᠢᠬᠤᠯᠠ ᠠᠭᠤᠯᠭ᠎ᠠ ᠪᠣᠯᠭᠠᠵᠤ᠂ ᠭᠤᠤᠯ | ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠨ᠂ ᠲᠦᠭᠰᠢᠭᠦᠷᠢ ᠶᠡᠬᠡᠲᠡᠶ ᠰᠠᠯᠠᠭ᠎ᠠ ᠲᠠᠰᠤᠭ᠂ ᠠᠵᠢᠯ ᠤᠨ ᠪᠠᠶᠢᠷᠢ ᠵᠢᠴᠢ ᠠᠵᠢᠯᠲᠠᠨ ᠢ ᠴᠢᠩᠭ᠎ᠠ ᠬᠢᠨᠠᠨ ᠬᠠᠮᠢᠶᠠᠷᠬᠤ | ᠠᠵᠢᠯ ᠤᠨ ᠳᠦᠷᠢᠮ ᠢᠶᠠᠨ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠠᠯᠪᠠᠨ ᠠᠴᠠ ᠡᠷᠬᠢᠯᠡᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠪᠠᠶᠢᠭᠤᠯᠤᠮᠵᠢ ᠨᠢ ᠬᠢᠨᠠᠯᠲᠠ ᠲᠠᠯᠪᠢᠵᠣ ᠰᠠᠬᠢᠯᠭ᠎ᠠ ᠪᠠᠲᠤ ᠶᠢ ᠬᠡᠷᠡᠭᠵᠢᠭᠦᠯᠣᠨ ᠬᠠᠷᠢᠭᠤᠴᠠᠯᠭ᠎ᠠ ᠨᠡᠬᠡᠮᠵᠢᠯᠡᠬᠦ ᠳᠠᠯ᠎ᠠ ᠪᠠᠷ ᠬᠢ ᠡᠭᠦᠷᠭᠡ | ᠬᠠᠷᠢᠭᠤᠴᠠᠯᠭ᠎ᠠ ᠪᠠᠨ ᠭᠦᠶᠴᠡᠳᠬᠡᠵᠦ᠂ ᠨᠠᠮ ᠤᠨ ᠭᠡᠰᠢᠭᠦᠨ ᠺᠠᠳ᠋ᠷᠴᠣᠣᠨ ᠪᠠ ᠡᠮᠨᠡᠯᠭᠡ ᠶᠢᠨ ᠠᠵᠢᠯᠳᠠᠣᠨ ᠤᠨ ᠨᠠᠮ ᠤᠨ ᠰᠠᠬᠢᠯᠭ᠎ᠠ ᠪᠠᠳᠣ ᠤᠯᠤᠰ ᠤᠨ ᠬᠠᠤᠯᠢ | ᠴᠠᠭᠠᠵᠨ ᠶᠢ ᠴᠢᠩᠭ᠎ᠠ ᠵᠢᠷᠤᠮᠯᠠᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ | ᠮᠠᠲ᠋ᠧᠷᠢᠶᠠᠯ ᠤᠨ ᠬᠦᠷᠢᠶᠡᠨ ᠳᠠᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠢᠩᠭ᠎ᠠ ᠪᠠᠷ ᠪᠠᠶᠢᠴᠠᠭᠠᠨ ᠰᠢᠶᠳᠪᠦᠷᠢᠯᠡᠨ᠎ᠠ᠃ ᠠᠯᠪᠠᠨ ᠠᠴᠠ | ᠡᠷᠬᠢᠯᠡᠭᠰᠠᠨ ᠡᠮᠴᠢᠯᠡᠭᠡᠨ ᠤ ᠪᠠᠶᠢᠭᠤᠯᠤᠮᠵᠢ ᠨᠢ ᠣᠨ ᠤ ᠲᠤᠰᠢᠶᠠᠯ ᠤᠨ ᠮᠡᠳᠡᠭᠦᠯᠦᠯᠲᠡ ᠬᠢᠬᠦ ᠳᠤ ᠪᠠᠨ᠂ ᠣᠳᠣᠷᠢᠣᠡᠬᠤ ᠪᠠᠭ ᠤᠨ ᠪᠦᠷᠢᠯᠳᠦᠬᠦᠨ ᠨᠢ ᠬᠤᠪᠢᠳᠠᠨ | ᠬᠠᠮᠢᠶᠠᠷᠴᠤ ᠪᠦᠬᠦᠢ ᠬᠦᠷᠢᠶᠡᠨ ᠳᠠᠬᠢ ᠠᠷᠢᠭᠤᠨ ᠴᠢᠬᠡᠴᠢ ᠪᠠᠷ ᠵᠠᠰᠠᠭ ᠪᠠᠷᠢᠵᠣ ᠪᠠᠶᠢᠭ᠎ᠠ ᠪᠠᠶᠢᠭᠤᠯᠤᠯᠲᠠ ᠶᠢᠨ ᠠᠵᠢᠯ ᠤᠨ ᠠᠭᠤᠯᠭ᠎ᠠ ᠪᠠᠨ ᠮᠡᠳᠡᠭᠦᠯᠬᠦ ᠬᠡᠷᠡᠭᠲᠡᠶ᠃ ︵ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ︶ | 4. ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ ᠪᠠᠶᠢᠭᠠᠳ ᠰᠠᠬᠢᠯᠭ᠎ᠠ ᠪᠠᠲᠤ ᠪᠠ ᠬᠠᠤᠯᠢ ᠴᠠᠭᠠᠵᠠ ᠶᠢ ᠵᠥᠷᠢᠴᠡᠭᠰᠡᠨ ᠦᠢᠯᠨ ᠠᠵᠢᠯᠯᠠᠭ᠎ᠠ ᠶᠢ ᠪᠠᠶᠢᠴᠠᠭᠠᠨ | ᠰᠢᠶᠳᠪᠦᠷᠢᠯᠡᠬᠦ ᠡᠷᠴᠢᠮ ᠢᠶᠠᠨ ᠴᠢᠩᠭᠠᠷᠠᠭᠤᠯᠣᠨ᠎ᠠ᠃ ᠣᠯᠠᠨ ᠰᠠᠯᠠᠭ᠎ᠠ ᠮᠥᠴᠢᠷ ᠤᠨ ᠬᠤᠯᠪᠣᠭᠠᠯᠠᠵᠣ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠵᠤ᠂ | ᠬᠤᠳᠠᠯᠳᠤᠭᠠᠨ ᠤ ᠬᠡᠭᠡᠯᠢ ᠬᠠᠭ᠋ᠤᠤᠯᠢ ᠲᠦᠯᠬᠢᠬᠦ᠂ ᠭᠠᠭᠴᠠᠭᠠᠷ ᠡᠵᠡᠮᠰᠢᠬᠦ ᠪᠠ ᠵᠦᠶ ᠪᠤᠰᠤ ᠪᠠᠷ ᠥᠷᠢᠰᠥᠯᠳᠦᠭᠦ᠂ ᠪᠠᠷᠢᠮᠳᠠ ᠶᠢ ᠬᠠᠭᠤᠷᠮᠠᠭ ᠢᠶᠠᠷ ᠵᠣᠬᠢᠶᠠᠬᠤ ᠪᠠ | ᠬᠤᠳᠠᠯ ᠢᠶᠠᠷ ᠭᠠᠷᠭᠠᠵᠤ ᠥᠭᠬᠦ᠂ ᠠᠵᠤ ᠠᠬᠤᠶᠢᠯᠠᠯ ᠤᠨ ᠬᠡᠯᠪᠡᠷᠢ ᠦᠭᠡᠷᠡᠲᠡᠭᠦᠯᠦᠨ ᠪᠡᠯᠡᠭᠯᠡᠵᠣ ᠬᠦᠷᠭᠡᠬᠦ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠦᠨ᠎ᠠ | ᠃ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠬᠦ ᠴᠢᠬᠤᠯᠠᠲᠠᠶ ᠪᠠ ᠬᠠᠤᠯᠢ ᠴᠠᠭᠠᠵᠠ ᠶᠢᠨ ᠪᠠᠶᠢᠭᠤᠯᠭ᠎ᠠ ᠬᠠᠮᠢᠶᠠᠷᠪᠡᠯ ᠵᠣᠬᠢᠬᠤ ᠬᠡᠷᠡᠭ ᠢ ᠬᠠᠤᠯᠢ ᠶᠣᠰᠣᠭᠠᠷ ᠬᠠᠤᠯᠢ | ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠨ᠎ᠠ᠃ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠯᠤᠭ᠎ᠠ ᠬᠤᠯᠪᠣᠭᠳᠠᠭᠰᠠᠨ ᠨᠡᠶᠢᠲᠡᠯᠢᠭ | ᠬᠡᠷᠩ ᠤᠨ ᠵᠢᠱᠢᠶ᠎ᠡ ᠶᠢ ᠨᠡᠪᠳᠡᠷᠡᠭᠦᠯᠣᠨ ᠮᠡᠳᠡᠭᠡᠯᠡᠬᠦ ᠡᠷᠴᠢᠮ ᠢᠶᠠᠨ ᠴᠢᠩᠭᠠᠷᠠᠭᠤᠯᠵᠤ᠂ ᠰᠦᠷᠳᠡᠭᠦᠯᠬᠦ ᠬᠦᠴᠦᠨ ᠢ ᠪᠤᠢ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ ᠳᠠᠭᠠᠣᠡᠬᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠡᠮ ᠤᠨ ᠵᠦᠶᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠰ ᠲᠣᠰ ᠬᠠᠷᠢᠭᠤᠴᠠᠨ᠎ᠠ︶ | ︵ᠲᠦᠷᠪᠡ︶ ᠬᠠᠮᠢᠶ᠎ᠠ ᠪᠦᠬᠦᠢ ᠲᠥᠬᠦᠷ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠣᠨ᠎ᠠ᠃ | | 1.ᠡᠳ᠋ ᠤᠨ ᠵᠠᠰᠠᠭ ᠤᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠣᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤ ᠡᠮᠨᠡᠯᠭᠡ ᠶᠢᠨ ᠬᠤᠷᠢᠶ᠎ᠠ ᠶᠢ | ᠪᠠᠶᠢᠭᠤᠯᠣᠨ ᠡᠷᠭᠢᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠢ ᠲᠣᠳᠣᠷᠬᠠᠶᠢᠯᠠᠵᠣ᠂ ︽ᠣᠯᠠᠨ ᠨᠡᠶᠢᠲᠡ ᠶᠢᠨ ᠦᠨᠳᠦᠰᠦᠨ ᠦᠶᠯᠡᠴᠢᠯᠡᠭᠡᠨ ᠤ ᠬᠦᠷᠢᠶᠠᠨ ᠳᠠᠬᠢ | ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠢᠨ ᠤ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠪᠠ ᠵᠠᠷᠣᠯᠭ᠎ᠠ ᠶᠢᠨ | ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠣᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ︹2018 ︺ 46 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ | ᠱᠠᠭᠠᠷᠳᠠᠯᠭ᠎ᠠ ᠵᠢᠴᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠣᠷᠣᠨ ᠪᠦᠰᠡ ᠶᠢᠨ ᠡᠷᠡᠭᠦᠯ ᠬᠠᠮᠠᠭᠠᠯᠠᠯ ᠤᠨ ᠲᠥᠯᠥᠪᠵᠢᠭᠦᠯᠭᠡ ᠳᠤ | ᠨᠡᠶᠢᠴᠡᠭᠰᠡᠨ ᠠᠯᠪᠠᠨ ᠠᠴᠠ ᠡᠷᠬᠢᠯᠡᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠦᠨᠳᠦᠰᠦᠨ ᠪᠥᠲᠥᠭᠡᠨ ᠪᠠᠶᠢᠭᠤᠯᠤᠯᠲᠠ᠂ ᠲᠥᠬᠦᠭᠡᠷᠦᠮᠵᠢ ᠬᠤᠳᠠᠯᠳᠤᠨ ᠠᠪᠬᠤ᠂ ᠡᠷᠳᠡᠮ | ᠰᠢᠨᠵᠢᠯᠡᠭᠡᠨ ᠤ ᠪᠠᠶᠢᠭᠤᠯᠤᠯᠲᠠ᠂ ᠴᠢᠳᠠᠪᠤᠷᠢᠲᠠᠨ ᠬᠥᠮᠦᠵᠢᠭᠦᠯᠬᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠰᠢᠶᠳᠪᠦᠷᠢᠯᠡᠬᠦ ᠵᠠᠷᠤᠳᠠᠯ ᠤᠨ | ᠪᠠᠲᠤᠯᠠᠭ᠎ᠠ ᠵᠢᠴᠢ ᠤᠯᠤᠰ ᠤᠨ ᠲᠣᠭᠲᠠᠭᠠᠯ ᠳᠤ ᠨᠡᠶᠢᠴᠡᠭᠰᠡᠨ ᠠᠵᠢᠯ ᠠᠴᠠ ᠪᠠᠨ ᠰᠠᠯᠵᠤ ᠪᠠᠭᠤᠵᠣ ᠠᠮᠠᠷᠠᠭᠰᠠᠣᠨ ᠤᠨ ᠵᠠᠷᠤᠳᠠᠯ ᠪᠠ ᠲᠥᠷᠥ ᠶᠢᠨ ᠪᠣᠳᠣᠯᠭ᠎ᠠ ᠶᠢᠨ | ᠴᠢᠨᠠᠷᠳᠠᠢ ᠠᠯᠳᠠᠭᠳᠠᠯ ᠤᠨ ᠨᠥᠬᠦᠪᠥᠷᠢ ᠵᠡᠷᠭᠡ ᠪᠠᠯᠠ ᠣᠷᠣᠭᠤᠯᠣᠯᠳᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠵᠣ᠂ ᠠᠯᠪᠡᠨ ᠠᠴᠠ ᠡᠷᠬᠢᠯᠡᠭᠰᠠᠨ ᠡᠮᠴᠢᠯᠡᠭᠡᠨ | ᠤ ᠪᠠᠶᠢᠭᠤᠯᠣᠮᠵᠢ ᠶᠢᠨ ᠰᠠᠶᠢᠨ ᠰᠠᠶᠢᠬᠠᠨ ᠠᠵᠢᠯᠯᠠᠭᠠᠨ ᠢ ᠦᠨᠡᠨ ᠬᠦ ᠪᠠᠳᠣᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 2. ᠡᠮᠴᠢᠯᠡᠭᠡᠨ ᠤ ᠦᠶᠯᠡᠴᠢᠯᠡᠭᠦ ᠦᠨ᠎ᠡ ᠬᠠᠩᠰᠢ ᠶᠢ ᠵᠣᠬᠢᠰᠲᠠᠶ ᠲᠣᠬᠢᠷᠠᠭᠤᠯᠣᠨ᠎ᠠ᠃ ᠡᠮᠴᠢᠯᠡᠭᠡᠨ ᠤ ᠥᠷᠲᠡᠭ ᠢᠶᠠᠷ ᠤᠳᠤᠷᠢᠳᠤᠮᠵᠢ ᠪᠣᠯᠭᠠᠬᠤ᠂ ᠥᠪᠡᠷ ᠤᠨ | ᠥᠷᠲᠡᠭ ᠢᠶᠠᠷ ᠰᠠᠭᠤᠷᠢ ᠪᠣᠯᠭᠠᠬᠤ᠂ ᠰᠢᠨᠵᠢᠯᠡᠭᠦ ᠤᠬᠠᠭᠠᠨᠴᠢ ᠠᠷᠭ᠎ᠠ ᠪᠠᠷ ᠲᠦᠰᠢᠭ ᠪᠣᠯᠭᠠᠬᠤ ᠶᠢ ᠪᠠᠷᠢᠮᠲᠠᠯᠠᠨ᠂ ︽ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ | ᠪᠦᠲᠦᠴᠡ ᠶᠢ ᠲᠣᠬᠢᠷᠠᠭᠤᠯᠬᠤ᠂ ᠦᠰᠣᠯᠳᠠ ᠪᠠ ᠪᠠᠭᠤᠷᠠᠯᠲᠠ ᠲᠠᠢ ᠪᠠᠶᠢᠯᠭᠠᠬᠤ᠂ ᠠᠯᠬᠤᠮ ᠠᠯᠬᠤᠮ ᠢᠶᠠᠷ ᠪᠣᠳᠠᠲᠠᠶᠢᠵᠢᠭᠤᠯᠬᠤ︾ ᠵᠠᠷᠴᠢᠮ ᠶᠣᠰᠣᠭᠠᠷ᠂ ᠡᠳ᠋ ᠤᠨ | ᠵᠠᠰᠠᠭ ᠤᠨ ᠨᠥᠬᠦᠪᠥᠷᠢ ᠲᠠᠢ ᠵᠣᠯᠭᠠᠭᠤᠯᠵᠤ᠂ ᠳᠡᠭᠡᠷ᠎ᠠ ᠳᠣᠣᠷᠠᠳᠤ ᠱᠠᠳᠣᠨ ᠤ ᠬᠤᠯᠪᠣᠭᠠᠯᠠᠨ ᠬᠥᠳᠡᠯᠦᠯᠴᠡᠬᠦ ᠪᠠ ᠬᠠᠮᠳᠣ ᠪᠠᠷ ᠪᠠᠶᠢᠭᠤᠯᠵᠤ ᠬᠠᠮᠳᠣ ᠪᠠᠷ ᠵᠠᠰᠠᠬᠤ ᠶᠢ | ᠴᠢᠩᠭᠠᠣᠡᠬᠠᠨ᠂ ᠡᠮᠴᠢᠯᠡᠭᠡᠨ ᠤ ᠦᠶᠯᠡᠴᠢᠯᠡᠭᠦ ᠦᠨ᠎ᠡ ᠬᠠᠩᠰᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠦᠷᠭᠦᠯᠵᠢᠯᠡᠨ ᠲᠡᠭᠦᠯᠳᠡᠷᠵᠢᠭᠦᠯᠵᠣ᠂ ᠡᠮᠴᠢᠯᠡᠭᠡᠨ ᠤ | ᠦᠶᠯᠡᠴᠢᠯᠡᠭᠦ ᠦᠨ᠎ᠡ ᠬᠠᠩᠰᠢ ᠳᠤ ᠬᠥᠳᠡᠯᠦᠩᠭᠦᠶ ᠪᠠᠷ ᠲᠣᠬᠢᠷᠠᠭᠤᠯᠤᠯᠲᠠ ᠬᠢᠬᠦ ᠲᠣᠭᠲᠠᠴᠠ ᠶᠢ ᠲᠦᠷᠭᠡᠳᠬᠡᠨ ᠪᠠᠶᠢᠭᠤᠯᠵᠣ᠂ ᠡᠮᠴᠢᠯᠡᠭᠡᠨ ᠤ ᠦᠶᠯᠡᠴᠢᠯᠡᠭᠦ ᠦᠨ᠎ᠡ | ᠬᠠᠩᠰᠢ ᠶᠢ ᠲᠤᠬᠢᠷᠠᠭᠤᠯᠤᠨ ᠰᠢᠯᠢᠳᠡᠭᠵᠢᠭᠦᠯᠬᠦ ᠪᠠᠨ ᠯᠠᠪᠳᠠᠭᠤᠨ ᠢᠶᠠᠷ ᠠᠬᠢᠭᠤᠯᠵᠤ᠂ ᠡᠮᠴᠢᠯᠡᠭᠡᠨ ᠤ ᠦᠶᠯᠡᠴᠢᠯᠡᠭᠡ ᠶᠢᠨ ᠬᠠᠷᠢᠴᠠᠭᠤᠯᠬᠤ ᠦᠨ᠎ᠡ ᠶᠢᠨ ᠬᠠᠷᠢᠴᠠᠭ᠎ᠠ ᠶᠢ | ᠠᠯᠬᠤᠮ ᠠᠯᠬᠤᠮ ᠢᠶᠠᠷ ᠰᠢᠯᠤᠭᠤᠳᠬᠠᠨ᠂ ᠡᠮᠴᠢᠯᠡᠭᠡᠨ ᠤ ᠶᠡᠷᠦᠩᠬᠡᠶ ᠣᠷᠣᠯᠭ᠎ᠠ ᠳᠠᠬᠢ ᠡᠮᠴᠢᠯᠡᠭᠡᠨ ᠤ ᠦᠶᠯᠡᠴᠢᠯᠡᠭᠰᠡᠨ ᠣᠷᠣᠯᠭ᠎ᠠ ᠶᠢᠨ ᠬᠠᠷᠢᠴᠠᠯ ᠢ ᠨᠢ | ᠳᠡᠭᠡᠭᠰᠢᠯᠡᠭᠦᠯᠬᠦ ᠶᠢ ᠠᠬᠢᠭᠤᠯᠵᠤ᠂ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢ ᠰᠢᠯᠤᠭᠤᠳᠬᠠᠬᠤ ᠳᠤ ᠠᠰᠢᠭᠲᠠᠢ | ᠨᠥᠬᠦᠴᠡᠯ ᠢ ᠪᠤᠢ ᠪᠣᠯᠭᠠᠨ᠎ᠠ᠃ | ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠬᠠᠷᠢᠭᠤᠴᠠᠨ᠎ᠠ︶ | 3. ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠭᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠣᠨ᠎ᠠ᠃ ᠡᠪᠡᠳᠴᠢᠨ ᠤ ᠵᠦᠢᠯ ᠢᠶᠠᠷ | ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠡᠮᠴᠢᠯᠡᠭᠡᠨ ᠤ ᠠᠷᠭ᠎ᠠ ᠵᠠᠮ ᠤᠨ ᠬᠠᠮᠢᠶᠠᠷᠤᠯᠲᠠ ᠲᠠᠢ ᠤᠶᠠᠯᠳᠤᠭᠤᠯᠤᠨ᠂ | ᠡᠮᠴᠢᠯᠡᠭᠡᠨ ᠤ ᠪᠠᠶᠢᠭᠤᠯᠤᠮᠵᠢ ᠶᠢᠨ ᠡᠪᠡᠳᠴᠢᠨ ᠤ ᠵᠦᠢᠯ ᠢᠶᠠᠷ ᠵᠠᠷᠤᠳᠠᠯ ᠲᠦᠯᠣᠭᠦ ᠬᠡᠪᠴᠢᠶᠠᠨ ᠳᠤ ᠬᠠᠮᠤᠷᠬᠤ ᠶᠢ ᠠᠯᠬᠤᠮ ᠠᠯᠬᠤᠮ ᠢᠶᠠᠷ ᠦᠷᠭᠡᠣᠡᠭᠡᠵᠣ᠂ ᠡᠪᠡᠳᠴᠢᠨ | ᠡᠮᠭᠡᠭ ᠢ ᠣᠨᠣᠰᠢᠯᠠᠬᠰᠠᠨ ᠢᠶᠠᠷ ᠰᠠᠯᠭᠠᠨ ᠬᠤᠪᠢᠶᠠᠵᠣ ᠵᠠᠷᠤᠳᠠᠯ ᠲᠦᠯᠣᠭᠦ ︵DRG︶ ᠬᠠᠮᠢᠶ᠎ᠠ ᠪᠦᠭᠦᠢ ᠥᠭᠡᠷᠡᠴᠢᠯᠡᠯᠲᠡ ᠶᠢᠨ ᠲᠤᠷᠰᠢᠯᠲᠠ ᠶᠢᠨ ᠴᠩ ᠤᠨ ᠠᠵᠢᠯ ᠢ | ᠯᠠᠪᠳᠠᠭᠤᠨ ᠢᠶᠠᠷ ᠠᠬᠢᠭᠤᠯᠤᠨ᠎ᠠ᠃ ᠤᠷᠮᠠᠰᠢᠭᠤᠯᠵᠤ ᠬᠢᠵᠠᠭᠠᠷᠯᠠᠬᠤ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ | ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠬᠡᠷᠡᠭᠯᠡᠯᠲᠡ ᠶᠢ ᠳᠣᠲᠣᠭᠠᠳᠣ ᠶᠢᠨ ᠠᠵᠢᠯᠯᠠᠭᠠᠨ ᠤ ᠥᠪᠡᠷ ᠤᠨ ᠥᠷᠲᠡᠭ ᠪᠣᠯᠭᠠᠬᠤ ᠶᠢ ᠠᠬᠢᠭᠤᠯᠵᠤ᠂ ᠡᠮᠴᠢᠯᠡᠭᠡᠨ | ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠬᠡᠷᠡᠭᠯᠡᠯᠲᠡ ᠶᠢ ᠰᠠᠨᠠᠭᠠᠴᠢᠯᠠᠭ᠎ᠠ ᠠᠴᠠ ᠪᠠᠨ ᠡᠵᠡᠮᠳᠡᠨ᠎ᠠ᠃ ᠵᠣᠬᠢᠰ ᠦᠭᠡᠶ ᠡᠮᠴᠢᠯᠡᠭᠡᠨ ᠤ ᠵᠠᠷᠤᠳᠠᠯ ᠢ | ᠬᠢᠵᠠᠭᠠᠷᠯᠠᠬᠤ ᠬᠢᠭᠡᠳ ᠡᠮᠴᠢᠯᠡᠭᠡᠨ ᠤ ᠦᠶᠯᠡᠴᠢᠯᠡᠭᠦ ᠠᠵᠢᠯᠯᠠᠭ᠎ᠠ ᠶᠢᠨ ᠵᠢᠷᠤᠮᠵᠢᠭᠤᠯᠬᠤ ᠶᠢ ᠵᠡᠷᠭᠡ ᠳᠤ ᠨᠢ ᠴᠢᠬᠤᠯᠠᠴᠢᠯᠠᠬᠤ ᠶᠢ ᠪᠠᠷᠢᠮᠲᠠᠯᠠᠵᠤ᠂ ᠠᠮᠵᠢᠯᠲᠠ ᠪᠦᠲᠦᠮᠵᠢ | ᠳᠤ ᠰᠢᠯᠭᠠᠨ ᠬᠢᠨᠠᠵᠣ ᠦᠨᠡᠯᠡᠨ ᠵᠢᠱᠢᠬᠦ ᠶᠢ ᠴᠢᠩᠭᠠᠳᠬᠠᠨ᠂ ᠡᠮᠴᠢᠯᠡᠭᠡᠨ ᠤ ᠪᠠᠶᠢᠭᠤᠯᠣᠮᠵᠢ ᠶᠢᠨ ᠡᠮᠴᠢᠯᠡᠭᠡᠨ ᠤ ᠴᠢᠨᠠᠷ ᠴᠢᠨᠰᠠᠭ᠎ᠠ ᠬᠢᠭᠡᠳ ᠦᠷ᠎ᠡ ᠪᠦᠲᠦᠮᠵᠢ ᠪᠠᠨ | ᠳᠡᠭᠡᠭᠰᠢᠯᠡᠭᠦᠯᠬᠦ ᠶᠢ ᠠᠬᠢᠭᠤᠯᠣᠨ᠎ᠠ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠠᠡᠳᠣ ᠶᠢᠨ | ᠵᠥᠪᠯᠡᠯ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶ | 4. ᠠᠵᠢᠯ ᠲᠥᠷᠥᠯ ᠤᠨ ᠣᠨᠴᠠᠯᠢᠭ ᠲᠤ ᠨᠡᠶᠢᠴᠡᠭᠰᠡᠨ ᠴᠠᠯᠢᠩ ᠬᠥᠯᠥᠰᠥ ᠶᠢᠨ ᠳᠦᠷᠢᠮ ᠢ ᠲᠦᠷᠭᠡᠳᠬᠡᠨ ᠪᠠᠶᠢᠭᠤᠯᠣᠨ᠎ᠠ᠃ ︽ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠣᠳᠣ ᠶᠢᠨ ᠬᠡᠷᠡᠭᠵᠢᠭᠦᠯᠵᠦ ᠪᠠᠶᠢᠭ᠎ᠠ ᠠᠵᠢᠯ ᠦᠢᠯᠡᠰ ᠤᠨ ᠨᠢᠭᠡᠴᠢ ᠶᠢᠨ ᠴᠠᠯᠢᠩ ᠤᠨ ᠲᠣᠬᠢᠷᠠᠭᠤᠯᠣᠨ ᠡᠵᠡᠮᠳᠡᠭᠦ ᠬᠢᠷᠢ ᠲᠦᠪᠰᠢᠨ | ᠠᠴᠠ ᠳᠠᠪᠠᠭᠤᠯᠬᠤ ᠦᠭᠡᠢ ᠶᠢ ᠨᠢ ᠵᠥᠪᠰᠢᠶᠡᠷᠡᠭᠦ᠂ ᠡᠮᠴᠢᠯᠡᠭᠡᠨ ᠤ ᠦᠶᠯᠡᠴᠢᠯᠡᠭᠦ ᠣᠷᠣᠯᠭ᠎ᠠ ᠠᠴᠠ ᠥᠪᠡᠷ ᠤᠨ ᠥᠷᠲᠡᠭ ᠢ ᠬᠠᠰᠤᠵᠤ ᠭᠠᠷᠭᠠᠬᠤ ᠶᠢᠨ ᠬᠠᠮᠲᠤ | ᠲᠣᠭᠳᠠᠭᠠᠯ ᠶᠣᠰᠣᠭᠠᠷ ᠡᠯ᠎ᠡ ᠵᠦᠶᠯ ᠤᠨ ᠰᠠᠭᠤᠷᠢ ᠮᠥᠩᠭᠦ ᠶᠢ ᠭᠠᠷᠭᠠᠨ ᠠᠪᠤᠭᠰᠠᠨ ᠤ ᠳᠠᠷᠠᠭ᠎ᠠ ᠭᠤᠤᠯᠳᠠᠭᠤ ᠠᠵᠢᠯᠲᠠᠨ ᠢ ᠱᠠᠩᠨᠠᠨ ᠬᠦᠭᠢᠭᠦᠯᠭᠦ ᠳᠤ ᠬᠡᠷᠡᠭᠯᠡᠬᠦ ᠶᠢ ᠨᠢ | ᠵᠥᠪᠰᠢᠶᠡᠷᠡᠬᠦ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠣ᠂ ᠠᠯᠪᠠᠨ ᠠᠴᠠ ᠡᠷᠬᠢᠯᠡᠭᠰᠠᠨ ᠡᠮᠨᠡᠯᠭᠡ ᠶᠢᠨ ᠬᠤᠷᠢᠶᠠᠨ ᠤ ᠴᠠᠯᠢᠩ ᠬᠥᠯᠥᠰᠥ ᠶᠢᠨ ᠳᠦᠷᠢᠮ ᠤᠨ | ᠥᠭᠡᠷᠡᠴᠢᠯᠡᠯᠲᠡ ᠶᠢᠨ ᠲᠤᠷᠰᠢᠯᠲᠠ ᠶᠢ ᠢᠳᠡᠪᠬᠢᠲᠡᠶ ᠠᠬᠢᠭᠤᠯᠣᠨ᠂ ᠴᠠᠯᠢᠩ ᠬᠥᠯᠥᠰᠥ ᠶᠢᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠲᠦᠷᠭᠡᠳᠬᠡᠨ | ᠲᠡᠭᠦᠯᠳᠡᠷᠵᠢᠭᠦᠯᠵᠦ᠂ ᠡᠮᠨᠡᠯᠭᠡ ᠶᠢᠨ ᠠᠵᠢᠯᠲᠠᠣᠨ ᠤᠨ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠵᠠᠰᠠᠬᠤ ᠥᠭᠡᠷᠡᠴᠢᠯᠡᠯᠲᠡ ᠳᠤ ᠣᠷᠣᠯᠴᠠᠬᠤ | ᠢᠳᠡᠪᠬᠢᠵᠢᠯ ᠢ ᠳᠠᠶᠢᠴᠢᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶ | ᠳᠥᠷᠪᠡ᠂ ᠵᠣᠬᠢᠶᠠᠨ ᠪᠠᠶᠢᠭᠤᠯᠵᠣ ᠬᠡᠷᠡᠭᠵᠢᠭᠦᠯᠣᠨ᠎ᠠ | ︵ᠨᠢᠭᠡ︶ ᠦᠵᠡᠯ ᠰᠠᠨᠠᠭᠠᠨ ᠤ ᠲᠠᠨᠢᠯᠲᠠ ᠪᠠᠨ ᠳᠡᠭᠡᠭᠰᠢᠯᠡᠭᠦᠯᠣᠨ᠎ᠠ᠃ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠵᠠᠰᠠᠬᠤ ᠪᠣᠯ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠨᠢᠭᠡᠨ ᠭᠤᠣᠯᠳᠠᠯᠭ᠎ᠠ ᠲᠠᠢ ᠡᠭᠦᠷᠭᠡ ᠪᠣᠯᠣᠨ᠎ᠠ᠂ ᠠᠷᠠᠳ ᠣᠯᠠᠨ ᠤ | ᠡᠷᠡᠭᠦᠯ ᠮᠡᠨᠳᠦ ᠠᠵᠠ ᠵᠢᠷᠭᠠᠯ ᠢ ᠨᠡᠮᠡᠭᠳᠡᠭᠦᠯᠬᠦ ᠨᠢᠭᠡᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠨᠡᠶᠢᠭᠡᠮ ᠨᠠᠶᠢᠳᠠ ᠪᠠᠷ ᠢᠶᠠᠨ ᠶᠡᠭᠡ ᠪᠠᠷ ᠠᠩᠬᠠᠷᠴᠣ ᠪᠠᠶᠢᠬᠤ ᠪᠦᠭᠡᠣᠨ | ᠬᠤᠯᠪᠣᠭᠳᠠᠬᠤ ᠬᠡᠪᠴᠢᠶ᠎ᠡ ᠪᠠᠷ ᠥᠷᠭᠡᠨ᠂ ᠬᠦᠴᠢᠷᠳᠡᠯ ᠶᠡᠭᠡ ᠪᠣᠯᠬᠤᠷ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠦᠵᠡᠯ ᠰᠠᠨᠠᠭᠠᠨ ᠤ | ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠵᠣ ᠣᠳᠣᠷᠢᠣᠡᠬᠤ ᠪᠠᠨ ᠴᠢᠩᠭᠠᠳᠬᠠᠨ᠂ ᠬᠠᠷᠢᠭᠤᠴᠠᠯᠭ᠎ᠠ ᠡᠭᠦᠷᠭᠡᠯᠡᠯ ᠢᠶᠠᠨ | ᠴᠢᠩᠭᠠᠷᠠᠭᠤᠯᠵᠤ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠥᠭᠡᠷᠡᠴᠢᠯᠡᠯᠲᠡ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ | ᠠᠬᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ | ︵ᠬᠤᠶᠠᠷ︶ ᠡᠭᠦᠷᠭᠡ ᠪᠠᠨ ᠨᠠᠶᠢᠳᠠᠪᠤᠷᠢᠵᠢᠭᠤᠯᠬᠤ ᠶᠢ ᠴᠢᠩᠭᠠᠷᠠᠭᠤᠯᠣᠨ᠎ᠠ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠬᠠᠮᠵᠢᠯᠴᠠᠬᠤ ᠪᠠᠨ ᠴᠢᠩᠭᠠᠳᠬᠠᠨ᠂ | ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠵᠠᠰᠠᠬᠤ ᠡᠯ᠎ᠡ ᠵᠦᠶᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ | ᠬᠦᠴᠦᠨ ᠲᠠᠢ ᠪᠣᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠭᠠᠵᠠᠷ ᠣᠷᠣᠨ ᠤ ᠪᠣᠳᠠᠳᠠᠢ ᠲᠠᠢ ᠪᠠᠨ ᠤᠶᠠᠯᠳᠤᠭᠤᠯᠤᠨ᠂ ᠲᠥᠷᠥᠯ ᠬᠤᠪᠢᠶᠠᠨ ᠲᠥᠪᠯᠡᠷᠡᠭᠦᠯᠵᠣ | ᠬᠤᠳᠠᠯᠳᠣᠨ ᠠᠪᠬᠤ᠂ ᠭᠦᠶᠯᠭᠡᠭᠡᠨ ᠤ ᠬᠠᠮᠢᠶᠠᠷᠤᠯᠲᠠ ᠶᠢ ᠴᠢᠩᠭᠠᠷᠠᠭᠤᠯᠬᠤ᠂ ᠠᠯᠪᠠᠨ ᠠᠴᠠ ᠡᠷᠬᠢᠯᠡᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠦᠶᠯᠡᠴᠢᠯᠡᠭᠡ ᠶᠢ | ᠵᠢᠷᠤᠮᠵᠢᠭᠤᠯᠬᠤ ᠵᠡᠷᠭᠡ ᠭᠤᠣᠯᠳᠠᠯᠭ᠎ᠠ ᠲᠠᠢ ᠲᠠᠯ᠎ᠠ ᠶᠢᠨ ᠲᠣᠭᠤᠷᠢᠨ ᠳᠤ᠂ ᠪᠦᠲᠦᠮᠵᠢᠲᠡᠶ ᠬᠢᠳᠠᠯ ᠪᠠ ᠵᠠᠭᠪᠤᠷ ᠢ ᠰᠦᠪᠡᠭᠴᠢᠯᠡᠵᠦ᠂ ᠴᠠᠭ ᠲᠤᠬᠠᠶ ᠳᠤ ᠨᠢ ᠳ᠋ᠦᠩᠨᠡᠨ | ᠳᠡᠯᠭᠡᠷᠡᠭᠦᠯᠭᠦ ᠶᠢ ᠵᠣᠷᠢᠭᠵᠢᠭᠤᠯᠬᠤ ᠬᠡᠷᠩᠳᠠᠢ᠃ | ︵ᠭᠤᠷᠪᠠ︶ ᠤᠬᠠᠭᠤᠯᠵᠤ ᠬᠥᠲᠥᠯᠦᠨ ᠵᠢᠯᠣᠭᠤᠳᠬᠤ ᠶᠢ ᠰᠠᠶᠢᠲᠤᠷ ᠬᠢᠨ᠎ᠠ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠣᠯᠠᠨ | ᠵᠦᠶᠯ ᠤᠨ ᠠᠷᠭ᠎ᠠ ᠵᠠᠮ ᠪᠠ ᠠᠷᠭ᠎ᠠ ᠮᠠᠶ᠋ᠢᠭ ᠢ ᠬᠡᠷᠩᠯᠡᠨ᠂ ᠲᠥᠷᠥ ᠶᠢᠨ ᠪᠣᠳᠣᠯᠭ᠎ᠠ ᠳᠤ ᠴᠠᠭ ᠲᠤᠬᠠᠶ ᠳᠤ ᠨᠢ ᠣᠨᠣᠪᠴᠢᠲᠠᠶ ᠲᠠᠶᠢᠯᠤᠮᠵᠢ ᠬᠢᠵᠦ᠂ ᠦᠭᠡᠷᠡᠴᠢᠯᠡᠯᠳᠠ | ᠬᠢᠵᠣ ᠵᠠᠰᠠᠬᠤ ᠦᠷ᠎ᠡ ᠪᠦᠲᠦᠮᠵᠢ ᠪᠠ ᠬᠤᠯᠪᠣᠭᠠᠯᠠᠵᠣ ᠵᠠᠯᠬᠠᠭᠠᠨ ᠴᠡᠭᠡᠷᠯᠡᠭᠦᠯᠬᠦ ᠬᠡᠷᠡᠭ ᠤᠨ ᠵᠢᠱᠢᠶ᠎ᠡ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠨᠡᠶᠢᠭᠡᠮ ᠤᠨ | ᠬᠢᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤ ᠥᠭᠴᠦ᠂ ᠨᠡᠶᠢᠭᠡᠮ ᠤᠨ ᠵᠢᠱᠢᠯᠲᠡ ᠶᠢ ᠵᠣᠬᠢᠰᠲᠠᠶ ᠬᠥᠲᠥᠯᠥᠨ | ᠵᠢᠯᠣᠭᠤᠳᠴᠤ᠂ ᠥᠭᠡᠷᠡᠴᠢᠯᠡᠯᠲᠡ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠶ᠃ |