ᠪᠤᠭᠤᠲᠤ ᠬᠤᠲᠠ ᠶᠢᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠲᠤᠯᠠᠭ᠎ᠠ ᠶᠢᠨ ᠬᠢᠷᠢ ᠲᠥᠪᠰᠢᠨ ᠢ | ᠳᠡᠭᠡᠭᠰᠢᠯᠡᠭᠦᠯᠬᠦ ᠶᠢᠨ ᠲᠤᠰᠠᠳᠠ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠪᠤᠭᠤᠲᠤ | ᠬᠤᠲᠠ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠬᠦ ᠪᠠᠷ ᠲᠣᠭᠲᠠᠪᠠ᠃ | ᠬᠤᠲᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠳᠤ | 40 ᠲᠥᠭᠦᠷᠢᠭ ᠳᠡᠭᠡᠭᠰᠢᠯᠡᠭᠦᠯᠵᠦ᠂ ᠬᠥᠮᠦᠨ ᠪᠦᠷᠢ ᠰᠠᠷ᠎ᠠ ᠳᠤ 750 ᠲᠥᠭᠦᠷᠢᠭ ᠪᠣᠯᠭᠠᠪᠠ︔ ᠮᠠᠯᠵᠢᠬᠤ | ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠬᠦᠮᠦᠨ ᠪᠦᠷᠢ ᠵᠢᠯ ᠳᠤ | 604 ᠲᠥᠭᠦᠷᠢᠭ ᠳᠡᠭᠡᠭᠰᠢᠯᠡᠭᠦᠯᠵᠦ᠂ ᠬᠥᠮᠦᠨ ᠪᠦᠷᠢ ᠵᠢᠯ ᠳᠤ 6644 ᠲᠥᠭᠦᠷᠢᠭ ᠪᠣᠯᠭᠠᠪᠠ︔ ᠠᠮᠢᠳᠤᠷᠠᠯ ᠢᠶᠠᠨ | ᠠᠷᠭᠠᠴᠠᠭᠠᠬᠤ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠣᠨᠴᠠ ᠬᠦᠴᠢᠷᠳᠡᠯᠲᠡᠶ ᠬᠥᠮᠦᠰ ᠢ ᠠᠰᠠᠷᠠᠵᠤ ᠰᠤᠪᠢᠯᠠᠬᠤ | ᠪᠠᠷᠢᠮᠵᠢᠶ᠎ᠠ ᠶᠢ ᠬᠥᠮᠦᠨ ᠪᠦᠷᠢ ᠰᠠᠷ᠎ᠠ ᠳᠤ 13 ᠲᠥᠭᠦᠷᠢᠭ ᠳᠡᠭᠡᠭᠰᠢᠯᠡᠭᠦᠯᠵᠦ᠂ ᠬᠥᠮᠦᠨ ᠪᠦᠷᠢ ᠰᠠᠷ᠎ᠠ ᠳᠤ 1144 | ᠲᠥᠭᠦᠷᠢᠭ ᠪᠣᠯᠭᠠᠪᠠ︔ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ ᠬᠡᠰᠡᠭ ᠠᠯᠳᠠᠭᠰᠠᠨ ᠣᠨᠴᠠ | ᠬᠦᠴᠢᠷᠳᠡᠯᠲᠡᠶ ᠬᠥᠮᠦᠰ ᠢ ᠠᠰᠠᠷᠠᠵᠤ ᠰᠤᠪᠢᠯᠠᠬᠤ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠳᠤ 5 ᠲᠥᠭᠦᠷᠢᠭ | ᠳᠡᠭᠡᠭᠰᠢᠯᠡᠭᠦᠯᠵᠦ᠂ ᠬᠥᠮᠦᠨ ᠪᠦᠷᠢ ᠰᠠᠷ᠎ᠠ ᠳᠤ 440 ᠲᠥᠭᠦᠷᠢᠭ ᠪᠣᠯᠭᠠᠪᠠ᠃ ᠪᠤᠰᠤᠳ ᠠᠰᠠᠷᠠᠨ ᠲᠡᠵᠢᠭᠡᠬᠦ | ᠪᠠᠷᠢᠮᠵᠢᠶ᠎ᠠ ᠶᠢ ᠳᠡᠭᠡᠭᠰᠢᠯᠡᠭᠦᠯᠬᠦ ᠦᠭᠡᠢ᠂ ᠣᠳᠣ ᠶᠢᠨ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠃ | ᠳᠡᠭᠡᠷᠡᠬᠢ ᠡᠯ᠎ᠡ ᠵᠦᠢᠯ ᠤᠨ ᠪᠠᠷᠢᠮᠵᠢᠶ᠎ᠠ ᠶᠢ 2020 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠦᠨ᠎ᠡ᠃ ᠬᠤᠰᠢᠭᠤ ᠰᠢᠶᠠᠨ ᠲᠣᠭᠤᠷᠢᠭ 2020 ᠣᠨ 5 ᠳ᠋ᠤᠭᠠᠷ ᠰᠠᠷ᠎ᠠ ᠶᠢᠨ ᠰᠡᠭᠦᠯᠴᠢ ᠠᠴᠠ | ᠡᠮᠦᠨ᠎ᠡ ᠰᠢᠨ᠎ᠡ ᠪᠠᠷᠢᠮᠵᠢᠶ᠎ᠠ ᠶᠣᠰᠣᠭᠠᠷ ᠪᠡᠯᠡ ᠮᠥᠩᠭᠦ ᠶᠢ ᠨᠥᠬᠦᠪᠥᠷᠢᠯᠡᠨ ᠣᠯᠭᠤᠵᠤ ᠳᠠᠭᠤᠰᠬᠠᠨ᠎ᠠ᠂ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠠᠴᠠ ᠭᠠᠷᠤᠭᠰᠠᠳ ᠲᠤ ᠨᠥᠬᠦᠵᠦ ᠣᠯᠭᠤᠬᠤ ᠦᠭᠡᠢ᠃ | ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ 6 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ ᠰᠢᠨ᠎ᠡ | ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠ ᠪᠡᠯᠡ ᠮᠥᠩᠭᠦ ᠣᠯᠭᠤᠭᠰᠠᠨ ᠪᠠᠶᠢᠳᠠᠯ ᠳᠤ ᠪᠠᠶᠢᠴᠠᠭᠠᠯᠲᠠ ᠬᠢᠨ᠎ᠡ᠃ |