ᠬᠥᠬᠡᠬᠤᠲᠠ᠂ ᠪᠡᠭᠡᠵᠢᠩ ᠬᠤᠶᠠᠷ ᠭᠠᠵᠠᠷ ᠤᠨ ᠭᠠᠵᠠᠷ ᠳᠣᠤᠷᠠᠬᠢ ᠲᠡᠮᠦᠷ ᠵᠠᠮ ᠤᠨ APP ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2020/6/8
       6 ᠳ᠋ᠤᠭᠠᠷ ᠰᠠᠷ᠎ᠠ ᠶᠢᠨ 5᠎ ᠤ ᠡᠳᠦᠷ᠂ ᠬᠤᠲᠠ ᠶᠢᠨ ᠠᠷᠠᠳ ᠬᠤᠶᠠᠷ ᠬᠡᠮᠵᠢᠯᠳᠦ ᠺᠣᠳ᠋ ᠢ ᠰᠢᠷᠪᠢᠵᠦ ᠴᠢᠩᠴᠧᠩ ᠭᠠᠵᠠᠷ ᠳᠣᠤᠷᠠᠬᠢ ᠲᠡᠮᠦᠷ ᠵᠠᠮ ᠤᠨ APP᠎ ᠶᠢ ᠪᠠᠭᠤᠯᠭᠠᠪᠠ᠃ ᠲᠤᠰ ᠡᠳᠦᠷ᠂ ᠬᠥᠬᠡᠬᠤᠲᠠ — ᠪᠡᠭᠡᠵᠢᠩ ᠤᠨ ᠵᠢᠮᠳᠤ ᠵᠠᠮ ᠬᠠᠷᠢᠯᠴᠠᠭᠠᠨ ᠤ ᠬᠤᠯᠪᠣᠯᠳᠤᠨ ᠨᠡᠪᠲᠡᠷᠡᠯᠴᠡᠬᠦ ᠡᠬᠢᠯᠡᠯᠲᠡ ᠶᠢᠨ ᠶᠣᠰᠣᠯᠠᠯ ᠨᠢ ᠭᠠᠵᠠᠷ ᠳᠣᠤᠷᠠᠬᠢ ᠲᠡᠮᠦᠷ ᠵᠠᠮ ᠤᠨ 1 ᠳ᠋ᠦ᠋ᠭᠡᠷ ᠱᠤᠭᠤᠮ ᠤᠨ ᠬᠥᠬᠡᠬᠤᠲᠠ ᠶᠢᠨ ᠵᠡᠭᠦᠨ ᠥᠷᠲᠡᠭᠡ ᠶᠢᠨ ᠭᠠᠵᠠᠷ ᠳᠣᠤᠷᠠᠬᠢ ᠲᠡᠮᠦᠷ ᠵᠠᠮ ᠤᠨ ᠥᠷᠲᠡᠭᠡ ᠳᠤ ᠶᠠᠪᠤᠭᠳᠠᠪᠠ᠂ ᠡᠨᠡ ᠨᠢ ᠬᠤᠶᠠᠷ ᠭᠠᠵᠠᠷ ᠤᠨ ᠵᠢᠮᠳᠤ ᠵᠠᠮ ᠬᠠᠷᠢᠯᠴᠠᠭ᠎ᠠ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ᠃ ᠲᠣᠰ ᠡᠳᠦᠷ ᠠᠴᠠ ᠡᠬᠢᠯᠡᠨ᠂ ᠬᠥᠬᠡᠬᠤᠲᠠ ᠶᠢᠨ ᠴᠢᠩᠴᠧᠩ ᠭᠠᠵᠠᠷ ᠳᠣᠤᠷᠠᠬᠢ ᠲᠡᠮᠦᠷ ᠵᠠᠮ ᠤᠨ APP ᠬᠡᠷᠡᠭᠯᠡᠭᠴᠢ ᠪᠡᠭᠡᠵᠢᠩ ᠤᠨ ᠭᠠᠵᠠᠷ ᠳᠣᠤᠷᠠᠬᠢ ᠲᠡᠮᠦᠷ ᠵᠠᠮ ᠤᠨ ᠬᠤᠶᠠᠷ ᠬᠡᠮᠵᠢᠯᠳᠦ ᠺᠣᠳ᠋ ᠢᠶᠠᠷ ᠲᠡᠷᠭᠡᠨ ᠳᠤ ᠰᠠᠭᠤᠵᠤ ᠪᠣᠯᠤᠨ᠎ᠠ᠂ ᠪᠡᠭᠡᠵᠢᠩ ᠬᠤᠲᠠ ᠶᠢᠨ ᠢ ᠲᠦᠩ ᠰᠢᠩ APP ᠬᠡᠷᠡᠭᠯᠡᠭᠴᠢ ᠬᠥᠬᠡᠬᠤᠲᠠ ᠶᠢᠨ ᠭᠠᠵᠠᠷ ᠳᠣᠤᠷᠠᠬᠢ ᠲᠡᠮᠦᠷ ᠵᠠᠮ ᠤᠨ ᠬᠤᠶᠠᠷ ᠬᠡᠮᠵᠢᠯᠳᠦ ᠺᠣᠳ᠋ ᠢᠶᠠᠷ ᠲᠡᠷᠭᠡᠨ ᠳᠤ ᠰᠠᠭᠤᠵᠤ ᠪᠣᠯᠤᠨ᠎ᠠ᠃ ᠬᠤᠶᠠᠷ ᠬᠤᠲᠠ ᠶᠢᠨ ᠲᠡᠮᠦᠷ ᠵᠠᠮᠲᠤ ᠵᠠᠮ ᠬᠠᠷᠢᠯᠴᠠᠭ᠎ᠠ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠦᠭᠰᠡᠨ ᠨᠢ ︽ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠬᠦ︾ ᠪᠠᠰᠠ ᠨᠢᠭᠡ ᠵᠦᠢᠯ ᠤᠨ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠪᠣᠯᠵᠠᠢ᠂ ᠨᠠᠩ ᠴᠤ ᠬᠥᠬᠡᠬᠤᠲᠠ ᠶᠢᠨ ︽ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭ᠎ᠠ︾᠎ ᠶᠢ ᠴᠢᠩᠭᠠᠳᠬᠠᠵᠤ᠂ ︽ᠪᠡᠭᠡᠵᠢᠩ ᠲᠢᠶᠠᠨᠵᠢᠨ ᠾᠧᠪᠧᠶ ᠶᠢᠨ ᠨᠢᠭᠡ  ᠴᠣᠭᠴᠠᠵᠢᠭᠤᠯᠤᠯᠲᠠ︾᠎ ᠳᠤ ᠠᠭᠤᠰᠤᠯᠴᠠᠬᠤ ᠴᠢᠬᠤᠯᠠ ᠠᠵᠠ ᠲᠣᠬᠢᠶᠠᠯ ᠪᠣᠯᠣᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号