ᠮᠠᠨᠵᠤᠤᠷ ᠤᠨ ᠲᠡᠮᠦᠷ ᠵᠠᠮ ᠤᠨ ᠭᠠᠳᠠᠭᠠᠳᠤ ᠣᠷᠤᠭᠤᠯᠤᠯᠲᠠ ᠶᠢᠨ ᠠᠴᠢᠶ᠎ᠠ ᠲᠡᠭᠡᠭᠡᠪᠦᠷᠢ ᠶᠢᠨ ᠬᠡᠮᠵᠢᠶ᠎ᠡ 600 ᠲᠦᠮᠡᠨ ᠲᠣᠨ ᠢ ᠳᠠᠪᠠᠪᠠ
ᠨᠡᠶᠢᠲᠡᠯᠡᠭᠰᠡᠨ ᠴᠠᠭ᠄
2020/6/9
     ᠭᠠᠳᠠᠭᠠᠳᠤ ᠠᠴᠠ ᠣᠷᠣᠭᠤᠯᠤᠭᠰᠠᠨ ᠮᠣᠳᠣ ᠶᠢ ᠲᠡᠭᠡᠭᠡᠪᠦᠷᠢᠯᠡᠵᠦ ᠪᠠᠶᠢᠭ᠎ᠠ ᠨᠢ᠃
     ᠲᠡᠷᠭᠡ ᠬᠥᠳᠡᠯᠬᠦ ᠶᠢ ᠬᠦᠯᠢᠶᠡᠵᠦ ᠪᠠᠶᠢᠭ᠎ᠠ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ᠃
     ᠴᠢᠩᠭᠡᠯᠢᠭ ᠢ ᠳᠡᠭᠦᠵᠢᠯᠡᠨ ᠪᠠᠭᠤᠯᠭᠠᠵᠤ ᠪᠠᠶᠢᠭ᠎ᠠ ᠨᠢ᠃
    ᠬᠢᠮᠢ ᠶᠢᠨ ᠪᠣᠷᠳᠣᠭᠤᠷ ᠢ ᠰᠤᠯᠠ ᠰᠠᠪᠠᠯᠠᠵᠤ ᠪᠠᠶᠢᠭ᠎ᠠ ᠨᠢ᠃      ᠪᠦᠬᠦ ᠤᠯᠤᠰ ᠤᠨ ᠬᠠᠮᠤᠭ ᠤᠨ ᠲᠣᠮᠣ ᠬᠠᠭᠤᠷᠠᠶ ᠵᠠᠮ ᠤᠨ ᠪᠣᠭᠤᠮᠲᠠ ᠪᠣᠯᠬᠤ ᠮᠠᠨᠵᠤᠤᠷ ᠥᠷᠲᠡᠭᠡ ᠪᠣᠯ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ ᠠᠭᠤᠯᠵᠠᠷ ᠲᠤ ᠪᠠᠶᠢᠷᠢᠯᠠᠵᠤ᠂ ᠧᠦ᠋ᠷᠣᠫᠠ ᠠᠽᠢᠶ᠎ᠠ ᠶᠢᠨ ᠤᠯᠤᠰ ᠢ ᠬᠤᠯᠪᠣᠭᠰᠠᠨ ᠴᠢᠬᠤᠯᠠ ᠬᠤᠯᠪᠣᠭᠠᠰᠤ ᠮᠥᠨ᠂ ᠮᠥᠨ ᠴᠦ ︽ᠨᠢᠭᠡ ᠪᠦᠰᠡ ᠨᠢᠭᠡ ᠵᠠᠮ︾ ᠳᠠᠭᠠᠤ ᠶᠢᠨ ᠡᠯ᠎ᠡ ᠤᠯᠤᠰ ᠲᠤ ᠨᠡᠪᠲᠡᠷᠡᠬᠦ ᠴᠢᠬᠤᠯᠠ ᠵᠠᠮ ᠪᠣᠯᠬᠤ ᠪᠦᠭᠡᠳ ᠪᠣᠭᠤᠮᠲᠠ ᠶᠢᠨ ᠠᠴᠢᠶ᠎ᠠ ᠲᠡᠭᠡᠭᠡᠪᠦᠷᠢ ᠶᠢᠨ ᠬᠡᠮᠵᠢᠶ᠎ᠡ ᠢᠮᠠᠭᠲᠠ ᠪᠥᠬᠦ ᠤᠯᠤᠰ ᠤᠨ ᠲᠡᠷᠢᠭᠦᠨ ᠳᠤ ᠣᠷᠣᠶᠢᠯᠠᠵᠤ ᠪᠠᠶᠢᠳᠠᠭ᠃ ᠡᠨᠡ ᠵᠢᠯ ᠤᠨ ᠲᠥᠷᠥᠭᠦᠦ 5 ᠰᠠᠷ᠎ᠠ ᠳᠤ᠂ ᠮᠠᠨᠵᠤᠤᠷ ᠤᠨ ᠲᠡᠮᠦᠷ ᠵᠠᠮ ᠤᠨ ᠪᠣᠭᠤᠮᠲᠠ ᠶᠢᠨ ᠥᠷᠲᠡᠭᠡ ᠶᠢᠨ ᠭᠠᠳᠠᠭᠠᠳᠤ ᠣᠷᠤᠭᠤᠯᠤᠯᠲᠠ ᠶᠢᠨ ᠠᠴᠢᠶ᠎ᠠ ᠲᠡᠭᠡᠭᠡᠪᠦᠷᠢ ᠶᠢᠨ ᠬᠡᠮᠵᠢᠶ᠎ᠡ ᠦᠷᠭᠦᠯᠵᠢᠯᠡᠨ ᠳᠡᠭᠡᠭᠰᠢᠯᠡᠵᠦ᠂ ᠭᠠᠳᠠᠭᠠᠳᠤ ᠣᠷᠤᠭᠤᠯᠤᠯᠲᠠ ᠶᠢᠨ ᠠᠴᠢᠶ᠎ᠠ ᠲᠡᠭᠡᠭᠡᠪᠦᠷᠢ ᠶᠢᠨ ᠬᠡᠮᠵᠢᠶ᠎ᠡ 600 ᠲᠦᠮᠡᠨ ᠲᠣᠨ ᠢ ᠳᠠᠪᠠᠵᠤ᠃ ᠠᠳᠠᠯᠢ ᠬᠤᠭᠤᠴᠠᠭᠠᠨ ᠤ ᠬᠢ ᠠᠴᠠ 29.2 ᠲᠦᠮᠡᠨ ᠲᠣᠨ ᠨᠡᠮᠡᠭᠳᠡᠵᠦ᠂ 5%᠎ ᠪᠠᠷ ᠨᠡᠮᠡᠭᠳᠡᠪᠡ᠃      ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠮᠠᠨᠵᠤᠤᠷ ᠤᠨ ᠲᠡᠮᠦᠷ ᠵᠠᠮ ᠤᠨ ᠪᠣᠭᠤᠮᠲᠠ ᠶᠢᠨ ᠥᠷᠲᠡᠭᠡ ᠣᠷᠣᠨ ᠨᠤᠲᠤᠭ ᠤᠨ ᠵᠠᠰᠠᠭ ᠤᠨ ᠣᠷᠳᠣᠨ᠂ ᠠᠵᠤ ᠠᠬᠤᠶᠢᠯᠠᠯ ᠲᠠᠢ ᠵᠣᠯᠭᠠᠯᠴᠠᠵᠤ᠂ ᠲᠡᠮᠦᠷ ᠵᠠᠮ ᠪᠣᠯᠤᠨ ᠨᠡᠭᠦᠷᠡᠰᠦ᠂ ᠲᠡᠮᠦᠷ ᠤᠨ ᠬᠦᠳᠡᠷ ᠤᠨ ᠳᠣᠤᠷᠠᠳᠤ ᠬᠡᠯᠬᠢᠶ᠎ᠡ ᠶᠢᠨ ᠠᠵᠤ ᠠᠬᠤᠶᠢᠯᠠᠯ ᠤᠨ ᠬᠠᠩᠭᠠᠯᠭ᠎ᠠ ᠬᠡᠷᠡᠭᠴᠡᠭᠡ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠯᠤᠭ᠎ᠠ ᠮᠠᠲ᠋ᠧᠷᠢᠶᠠᠯ ᠬᠡᠷᠡᠭᠯᠡᠬᠦ ᠬᠡᠷᠡᠭᠴᠡᠭᠡ ᠶᠢ ᠬᠥᠳᠡᠯᠦᠩᠭᠦᠶ ᠪᠠᠷ ᠬᠠᠩᠭᠠᠵᠤ ᠪᠣᠢ᠃ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠪᠣᠭᠤᠮᠲᠠ ᠥᠩᠭᠡᠷᠡᠬᠦ ᠦᠷ᠎ᠡ ᠪᠦᠲᠦᠮᠵᠢ ᠶᠢ ᠲᠥᠷᠭᠡᠳᠬᠡᠨ᠂ ᠪᠣᠭᠤᠮᠲᠠ᠂ ᠬᠢᠯᠢ ᠶᠢᠨ ᠪᠠᠶᠢᠴᠠᠭᠠᠯᠲᠠ ᠯᠤᠭ᠎ᠠ ᠢᠳᠡᠪᠬᠢᠲᠡᠢ ᠬᠠᠷᠢᠯᠴᠠᠵᠤ᠂ ᠲᠣᠭᠠᠵᠢᠯᠠᠭᠰᠠᠨ ᠪᠣᠭᠤᠮᠲᠠ ᠶᠢᠨ ᠴᠠᠭᠠᠰᠤ ᠥᠯᠥ ᠬᠡᠷᠡᠭᠰᠡᠬᠦ ᠪᠣᠭᠤᠮᠲᠠ ᠥᠩᠭᠡᠷᠡᠬᠦ ᠰᠢᠰᠲ᠋ᠧᠮ ᠢ ᠠᠰᠢᠭᠯᠠᠨ᠂ ᠮᠡᠳᠡᠭᠡ ᠵᠠᠩᠭᠢ ᠶᠢ ᠡᠯ᠎ᠡ ᠰᠠᠯᠠᠭ᠎ᠠ ᠮᠥᠴᠢᠷ ᠤᠨ ᠦᠵᠦᠭᠦᠷᠯᠢᠭ ᠲᠤ ᠰᠢᠭᠤᠳ ᠬᠦᠷᠭᠡᠵᠦ᠂ ᠫᠢᠶᠣᠣ ᠪᠠᠷᠢᠮᠲᠠ ᠳᠠᠮᠵᠢᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ︽ᠨᠢᠭᠡ ᠦᠷᠳᠡᠭᠡᠯᠢᠭ ᠮᠠᠶ᠋ᠢᠭ︾᠎ ᠤᠨ ᠲᠥᠷᠭᠡᠨ ᠪᠥᠭᠡᠳ ᠶᠠᠪ ᠴᠠᠪ ᠵᠣᠯᠭᠠᠭᠤᠯᠬᠤ ᠶᠢ ᠪᠡᠶᠡᠯᠡᠭᠦᠯᠪᠡ᠃ ︽ᠠᠵᠤ ᠠᠬᠤᠶᠢᠯᠠᠯ ᠢ ᠬᠠᠪᠰᠤᠷᠴᠤ ᠪᠠᠶᠢᠭᠠᠳ ᠡᠳ᠋ ᠪᠠᠷᠠᠭ᠎ᠠ ᠶᠢᠨ ᠭᠦᠢᠯᠭᠡᠭᠡᠨ ᠤ ᠥᠪᠡᠷ ᠤᠨ ᠥᠷᠲᠡᠭ ᠢ ᠤᠯᠠᠮ ᠨᠢᠭᠡ ᠠᠯᠬᠤᠮ ᠪᠠᠭᠤᠷᠠᠭᠤᠯᠬᠤ ᠶᠢᠨ ᠲᠥᠯᠥᠭᠡ᠂ ᠪᠢᠳᠡ ᠬᠦᠳᠡᠷ ᠤᠨ ᠨᠤᠨᠳᠠᠭ ᠢ ᠰᠠᠪᠠᠯᠠᠨ ᠲᠡᠭᠡᠭᠡᠪᠦᠷᠢᠯᠡᠬᠦ 35 ᠲᠣᠨ ᠤ ᠵᠠᠳᠠᠭᠠᠶ ᠳᠡᠭᠡᠪᠦᠷᠲᠦ ᠴᠢᠩᠭᠡᠯᠢᠭ ᠤᠨ ᠰᠢᠨ᠎ᠡ ᠦᠢᠯᠡᠳᠬᠦᠨ ᠢ ᠰᠤᠳᠤᠯᠤᠨ ᠦᠢᠯᠡᠳᠴᠦ᠂ ᠡᠳ᠋ ᠪᠠᠷᠠᠭ᠎ᠠ ᠶᠢ ᠠᠴᠢᠶᠠᠯᠠᠵᠤ ᠪᠠᠭᠤᠯᠭᠠᠬᠤ ᠪᠠ ᠪᠠᠷᠠᠭᠠᠨ ᠤ ᠬᠤᠷᠣᠭᠳᠠᠯ ᠤᠨ ᠥᠪᠡᠷ ᠤᠨ ᠥᠷᠲᠡᠭ ᠢ ᠪᠠᠭᠠᠰᠬᠠᠵᠤ᠂ ᠡᠳ᠋ ᠪᠠᠷᠠᠭ᠎ᠠ ᠶᠢᠨ ᠡᠷᠭᠢᠯᠲᠡ ᠶᠢᠨ ᠦᠷ᠎ᠡ ᠪᠦᠲᠦᠮᠵᠢ ᠶᠢ ᠲᠥᠷᠭᠡᠳᠬᠡᠨ᠂ ᠵᠡᠭᠦᠨ ᠬᠤᠶᠢᠲᠤ ᠶᠢᠨ ᠭᠤᠷᠪᠠᠨ ᠮᠤᠵᠢ ᠶᠢᠨ ᠪᠤᠯᠤᠳ ᠲᠡᠮᠦᠷ ᠤᠨ ᠠᠵᠤ ᠠᠬᠤᠶᠢᠯᠠᠯ ᠤᠨ ᠲᠦᠭᠦᠬᠡᠶ ᠡᠳ᠋ ᠮᠠᠲ᠋ᠧᠷᠢᠶᠠᠯ ᠤᠨ ᠬᠡᠷᠡᠭᠴᠡᠭᠡ ᠶᠢ ᠬᠦᠴᠦᠲᠡᠶ ᠳᠡᠮᠵᠢᠪᠡ︾ ᠬᠡᠮᠡᠨ ᠮᠠᠨᠵᠤᠤᠷ ᠤᠨ ᠲᠡᠮᠦᠷ ᠵᠠᠮ ᠤᠨ ᠪᠣᠭᠤᠮᠲᠠ ᠶᠢᠨ ᠥᠷᠲᠡᠭᠡᠨ ᠤ ᠳᠡᠳ᠋ ᠳᠠᠷᠤᠭ᠎ᠠ ᠯᠢᠦ ᠬᠤᠩ ᠯᠢᠶᠠᠩ ᠬᠡᠯᠡᠪᠡ᠃      ᠡᠨᠡ ᠵᠢᠯ ᠠᠴᠠ ᠨᠠᠭᠠᠰᠢ᠂ ᠮᠠᠨᠵᠤᠤᠷ ᠪᠣᠭᠤᠮᠲᠠ ᠪᠠᠷ ᠥᠭᠡᠳᠡ ᠤᠷᠤᠭᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ 1181 ᠴᠤᠪᠤᠭ᠎ᠠ ᠥᠩᠭᠡᠷᠡᠭᠦᠯᠵᠦ᠂ ᠡᠳᠦᠷ ᠪᠦᠷᠢ ᠳᠤᠮᠳᠠᠴᠢ ᠪᠠᠷ 7.5 ᠴᠤᠪᠤᠭ᠎ᠠ ᠲᠣᠰᠴᠤ ᠦᠳᠡᠵᠦ᠂ 105656 ᠪᠠᠷᠢᠮᠵᠢᠶᠠᠲᠤ ᠴᠢᠩᠭᠡᠯᠢᠭ ᠢ ᠲᠣᠰᠴᠤ ᠥᠩᠭᠡᠷᠡᠭᠦᠯᠦᠨ᠂ ᠠᠳᠠᠯᠢ ᠬᠤᠭᠤᠴᠠᠭᠠᠨ ᠤ ᠬᠢ ᠠᠴᠠ 12.6%᠎ ᠪᠠᠷ ᠨᠡᠮᠡᠭᠳᠡᠵᠦ᠂ ᠪᠦᠬᠦ ᠤᠯᠤᠰ ᠤᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠬᠢᠯᠢ ᠪᠠᠷ ᠥᠭᠡᠳᠡ ᠤᠷᠤᠭᠤ ᠥᠩᠭᠡᠷᠡᠭᠰᠡᠨ ᠶᠡᠷᠦᠩᠬᠡᠢ ᠬᠡᠮᠵᠢᠶᠡᠨ ᠤ ᠭᠤᠷᠪᠠᠨ ᠤ ᠨᠢᠭᠡ ᠶᠢ ᠡᠵᠡᠯᠡᠪᠡ᠃ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ 173.19 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24%᠎ ᠪᠠᠷ ᠨᠡᠮᠡᠭᠳᠡᠪᠡ︔ ᠭᠠᠳᠠᠭᠠᠳᠤ ᠠᠴᠠ ᠣᠷᠣᠭᠤᠯᠤᠭᠰᠠᠨ ᠲᠡᠮᠦᠷ ᠤᠨ ᠨᠠᠷᠢᠯᠢᠭ ᠬᠦᠳᠡᠷ 115.05 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 100%᠎ ᠪᠠᠷ ᠨᠡᠮᠡᠭᠳᠡᠵᠦ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠡᠳᠪᠦᠷᠢᠯᠡᠯ ᠢᠶᠠᠨ ᠰᠡᠷᠭᠦᠭᠡᠬᠦ ᠶᠢ ᠪᠦᠲᠦᠮᠵᠢᠲᠡᠶ ᠳᠠᠶᠢᠴᠢᠯᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号