ᠰᠢᠯᠢ ᠶᠢᠨ ᠭᠤᠤᠯ ᠠᠶᠢᠮᠠᠭ ᠤᠨ ᠡᠯ᠎ᠡ ᠲᠥᠷᠥᠯ ᠤᠨ ᠬᠡᠤᠬᠡᠳ ᠤᠨ ᠴᠡᠴᠡᠷᠯᠢᠭ ᠵᠠᠯᠭᠠᠭ᠎ᠠ ᠪᠠᠷ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2020/6/9
     ᠲᠦᠷᠦᠭᠦᠬᠡᠨ᠂ ᠰᠢᠯᠢ ᠶᠢᠨ ᠭᠤᠤᠯ ᠠᠶᠢᠮᠠᠭ ᠤᠨ ᠡᠯ᠎ᠡ ᠲᠥᠷᠥᠯ ᠤᠨ ᠬᠡᠤᠬᠡᠳ ᠤᠨ ᠴᠡᠴᠡᠷᠯᠢᠭ ᠵᠠᠯᠭᠠᠭ᠎ᠠ ᠪᠠᠷ ᠴᠡᠴᠡᠷᠯᠢᠭ ᠢᠶᠠᠨ ᠨᠡᠭᠡᠭᠡᠵᠦ ᠬᠢᠴᠢᠶᠡᠯ ᠰᠡᠷᠭᠦᠭᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽ᠬᠡᠤᠬᠡᠳ ᠤᠨ ᠴᠡᠴᠡᠷᠯᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠴᠡᠴᠡᠷᠯᠢᠭ ᠨᠡᠭᠡᠭᠡᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠰᠤᠷᠭᠠᠨ ᠬᠥᠮᠦᠵᠢᠯ ᠬᠢᠵᠢᠭ ᠰᠡᠷᠭᠡᠶᠢᠯᠡᠬᠦ  ﹇2020﹈ 30 ᠳ᠋ᠤᠭᠠᠷ ᠲᠣᠭᠠᠲᠤ︶᠎ ᠤᠨ ᠵᠣᠷᠢᠭ ᠰᠠᠨᠠᠭ᠎ᠠ ᠶᠣᠰᠣᠭᠠᠷ᠂ ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ 5 ᠳ᠋ᠤᠭᠠᠷ ᠰᠠᠷ᠎ᠠ ᠶᠢᠨ ᠳᠤᠮᠳᠠᠴᠢ ᠠᠴᠠ ᠡᠬᠢᠯᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠡᠯ᠎ᠡ ᠲᠥᠷᠥᠯ ᠤᠨ ᠬᠡᠤᠬᠡᠳ ᠤᠨ ᠴᠡᠴᠡᠷᠯᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠥᠬᠦᠴᠡᠯ᠂ ᠠᠵᠢᠯᠲᠠᠨ ᠤ ᠬᠠᠮᠢᠶᠠᠷᠤᠯᠲᠠ᠂ ᠬᠡᠤᠬᠡᠳ ᠤᠨ ᠴᠡᠴᠡᠷᠯᠢᠭ ᠢᠶᠠᠨ ᠨᠡᠭᠡᠭᠡᠬᠦ ᠠᠴᠠ ᠡᠮᠦᠨ᠎ᠡ ᠬᠤᠶᠢᠨᠠᠬᠢ ᠪᠡᠯᠡᠳᠬᠡᠯ ᠠᠵᠢᠯ ᠵᠡᠷᠭᠡ ᠳᠤ ᠲᠤᠰᠬᠠᠶ ᠵᠦᠢᠯ ᠤᠨ ᠦᠨᠡᠯᠡᠨ ᠵᠢᠱᠢᠯᠲᠡ ᠬᠢᠪᠡ᠃      ᠬᠠᠷᠢᠶ᠎ᠠ ᠣᠷᠣᠨ ᠨᠢ ᠬᠠᠮᠢᠶᠠᠷᠬᠤ ᠵᠠᠷᠴᠢᠮ ᠶᠣᠰᠣᠭᠠᠷ᠂ ᠬᠡᠤᠬᠡᠳ ᠤᠨ ᠴᠡᠴᠡᠷᠯᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠴᠡᠴᠡᠷᠯᠢᠭ ᠨᠡᠭᠡᠭᠡᠬᠦ ᠠᠵᠢᠯ ᠢ ᠡᠯ᠎ᠡ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠨᠢᠭᠡᠳᠦᠯᠲᠡᠢ ᠤᠳᠤᠷᠢᠳᠤᠨ᠂ ᠨᠢᠭᠡᠳᠦᠯᠲᠡᠶ ᠵᠢᠯᠣᠭᠤᠳᠴᠤ᠂ ᠬᠡᠤᠬᠡᠳ ᠤᠨ ᠴᠡᠴᠡᠷᠯᠢᠭ ᠨᠡᠭᠡᠭᠡᠬᠦ ᠪᠣᠳᠠᠲᠠᠶ ᠴᠠᠭ ᠢ ᠰᠢᠨᠵᠢᠯᠡᠬᠦ  ᠤᠬᠠᠭᠠᠨᠴᠢ ᠪᠠᠷ ᠰᠤᠳᠤᠯᠤᠨ ᠮᠠᠭᠠᠳᠯᠠᠵᠤ᠂ ︽ᠠᠶᠤᠯ ᠲᠦᠭᠰᠢᠭᠦᠷᠢ ᠶᠢ ᠡᠵᠡᠮᠳᠡᠵᠦ ᠴᠢᠳᠠᠬᠤ ᠦᠭᠡᠢ ᠪᠣᠯ ᠴᠡᠴᠡᠷᠯᠢᠭ ᠨᠡᠭᠡᠭᠡᠬᠦ ᠦᠭᠡᠢ᠂ ᠰᠡᠷᠭᠡᠶᠢᠯᠡᠨ ᠡᠵᠡᠮᠳᠡᠬᠦ ᠨᠥᠬᠦᠴᠡᠯ ᠪᠦᠷᠢᠯᠳᠦᠭᠦᠯᠦᠭᠡᠳᠦᠢ ᠪᠣᠯ ᠴᠡᠴᠡᠷᠯᠢᠭ ᠢᠶᠠᠨ ᠨᠡᠭᠡᠭᠡᠬᠦ ᠦᠭᠡᠢ᠂ ᠠᠮᠤᠷ ᠲᠦᠪᠰᠢᠨ ᠢ ᠪᠠᠲᠤᠯᠠᠵᠤ ᠴᠢᠳᠠᠬᠤ ᠦᠭᠡᠢ ᠪᠣᠯ ᠴᠡᠴᠡᠷᠯᠢᠭ ᠢᠶᠠᠨ ᠨᠡᠭᠡᠭᠡᠬᠦ ᠦᠭᠡᠢ ᠪᠠᠶᠢᠬᠤ︾ ᠦᠨᠳᠦᠰᠦᠨ ᠵᠠᠷᠴᠢᠮ ᠢ ᠪᠠᠷᠢᠮᠲᠠᠯᠠᠵᠤ᠂ ᠴᠡᠴᠡᠷᠯᠢᠭ ᠨᠡᠭᠡᠭᠡᠬᠦ ᠨᠥᠬᠦᠴᠡᠯ ᠢ ᠪᠦᠷᠢᠯᠳᠦᠭᠦᠯᠦᠭᠰᠡᠨ ᠬᠡᠤᠬᠡᠳ ᠤᠨ ᠴᠡᠴᠡᠷᠯᠢᠭ ᠢ ᠰᠢᠯᠭᠠᠨ ᠠᠪᠬᠤ ᠳᠤ ᠬᠢᠷᠢ ᠲᠡᠩᠴᠡᠵᠦ᠂ ᠲᠤᠬᠠᠶ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠴᠡᠴᠡᠷᠯᠢᠭ ᠢᠶᠠᠨ ᠨᠡᠭᠡᠭᠡᠵᠦ ᠪᠣᠯᠬᠤ ᠪᠣᠯᠭᠠᠵᠠᠢ᠃ ᠰᠢᠯᠢ ᠶᠢᠨ ᠭᠤᠤᠯ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ 6 ᠳ᠋ᠤᠭᠠᠷ ᠰᠠᠷ᠎ᠠ ᠶᠢᠨ 2᠎ ᠤᠨ ᠡᠳᠦᠷ ᠠᠴᠠ ᠡᠬᠢᠯᠡᠵᠦ᠂ ᠵᠠᠯᠭᠠᠭ᠎ᠠ ᠪᠠᠷ ᠣᠷᠬᠢᠯ ᠴᠠᠭ ᠢ ᠵᠥᠷᠢᠭᠦᠯᠵᠦ ᠴᠡᠴᠡᠷᠯᠢᠭ ᠢᠶᠠᠨ ᠨᠡᠭᠡᠭᠡᠵᠦ ᠬᠢᠴᠢᠶᠡᠯ ᠰᠡᠷᠭᠦᠭᠡᠪᠡ᠃ 6 ᠳ᠋ᠤᠭᠠᠷ ᠰᠠᠷ᠎ᠠ ᠶᠢᠨ 1 — 2᠎ ᠤᠨ ᠡᠳᠦᠷ᠂ ᠡᠷᠢᠶᠡᠨ ᠬᠤᠲᠠ᠂ ᠰᠥᠨᠢᠳ ᠪᠠᠷᠠᠭᠤᠨ ᠬᠤᠰᠢᠭᠤ᠂ ᠲᠠᠶᠢᠹᠤᠰᠧ ᠬᠤᠰᠢᠭᠤ ᠵᠡᠷᠭᠡ ᠭᠠᠵᠠᠷ ᠨᠢᠭᠡᠨᠲᠡ ᠴᠡᠴᠡᠷᠯᠢᠭ ᠢᠶᠠᠨ ᠨᠡᠭᠡᠭᠡᠪᠡ︔ 6 ᠳ᠋ᠤᠭᠠᠷ ᠰᠠᠷ᠎ᠠ ᠶᠢᠨ 8᠎ ᠤ ᠡᠳᠦᠷ᠂ ᠰᠢᠯᠢᠩᠬᠤᠲᠠ᠂ ᠠᠪᠠᠭ᠎ᠠ ᠬᠤᠰᠢᠭᠤ ᠵᠡᠷᠭᠡ 9 ᠬᠤᠰᠢᠭᠤ ᠬᠤᠲᠠ ︵ᠲᠣᠭᠤᠷᠢᠭ︶ ᠵᠠᠯᠭᠠᠭ᠎ᠠ ᠪᠠᠷ ᠣᠷᠬᠢᠯ ᠴᠠᠭ ᠢ ᠵᠥᠷᠢᠭᠦᠯᠵᠦ ᠴᠡᠴᠡᠷᠯᠢᠭ ᠢᠶᠠᠨ ᠨᠡᠭᠡᠭᠡᠪᠡ᠃      ᠰᠢᠯᠢ ᠶᠢᠨ ᠭᠤᠤᠯ ᠠᠶᠢᠮᠠᠭ ᠤᠨ ᠡᠯ᠎ᠡ ᠲᠥᠷᠥᠯ ᠤᠨ ᠬᠡᠤᠬᠡᠳ ᠤᠨ ᠴᠡᠴᠡᠷᠯᠢᠭ ᠨᠡᠶᠢᠲᠡ 137 ᠪᠠᠶᠢᠵᠤ᠂ ᠴᠡᠴᠡᠷᠯᠢᠭ ᠲᠤ ᠪᠠᠶᠢᠭ᠎ᠠ ᠬᠡᠤᠬᠡᠳ 26302 ᠪᠠᠶᠢᠨ᠎ᠠ᠃ 6 ᠳ᠋ᠤᠭᠠᠷ ᠰᠠᠷ᠎ᠠ ᠶᠢᠨ 8᠎ ᠤ ᠡᠳᠦᠷ ᠪᠣᠯᠲᠠᠯ᠎ᠠ᠂ ᠰᠢᠯᠢ ᠶᠢᠨ ᠭᠤᠤᠯ ᠠᠶᠢᠮᠠᠭ ᠲᠤ ᠨᠢᠭᠡᠨᠲᠡ 102 ᠬᠡᠤᠬᠡᠳ ᠤᠨ ᠴᠡᠴᠡᠷᠯᠢᠭ ︵ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ 57 ᠪᠠᠭᠲᠠᠨ᠎ᠠ︶᠎ ᠤᠨ ᠶᠡᠭᠡ ᠠᠩᠭᠢ ᠶᠢᠨ 10768 ᠬᠡᠤᠬᠡᠳ ︵ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ 4284 ᠬᠡᠤᠬᠡᠳ ᠪᠠᠭᠲᠠᠨ᠎ᠠ︶ ᠬᠢᠴᠢᠶᠡᠯ ᠢᠶᠠᠨ ᠰᠡᠷᠭᠦᠭᠡᠵᠦ᠂ ᠴᠡᠴᠡᠷᠯᠢᠭ ᠡᠬᠢᠯᠡᠭᠰᠡᠨ ᠨᠣᠷᠮ᠎ᠠ ᠨᠢ 74%᠎ ᠳᠤ ᠬᠦᠷᠴᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号