ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠠᠷᠪᠠᠨ ᠬᠤᠶᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2020/7/1
     ︵2020 ᠣᠨ ᠤ 6 ᠰᠠᠷ᠎ᠠ ᠶᠢᠨ 30᠎ ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠠᠷᠪᠠᠨ ᠬᠤᠶᠠᠳᠤᠭᠠᠷ ᠪᠥᠬᠦᠳᠡ ᠬᠤᠷᠠᠯ ᠠᠴᠠ ᠪᠠᠲᠤᠯᠠᠪᠠ︶      ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠠᠷᠪᠠᠨ ᠬᠤᠶᠠᠳᠤᠭᠠᠷ ᠪᠥᠬᠦᠳᠡ ᠬᠤᠷᠠᠯ 2020 ᠣᠨ ᠤ 6 ᠰᠠᠷ᠎ᠠ ᠶᠢᠨ 30᠎ ᠤ ᠡᠳᠦᠷ ᠬᠥᠬᠡᠬᠤᠲᠠ ᠳᠤ ᠬᠤᠷᠠᠯᠳᠤᠪᠠ᠃
     6 ᠰᠠᠷ᠎ᠠ ᠶᠢᠨ 30᠎ ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠠᠷᠪᠠᠨ ᠬᠤᠶᠠᠳᠤᠭᠠᠷ ᠪᠥᠬᠦᠳᠡ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠠᠴᠠ ᠡᠯ᠎ᠡ ᠵᠦᠢᠯ ᠤᠨ ᠰᠢᠢᠳᠪᠦᠷᠢ ᠶᠢ ᠪᠠᠳᠤᠯᠠᠪᠠ᠃      ᠡᠨᠡ ᠤᠳᠠᠭᠠᠨ ᠤ ᠪᠥᠬᠦᠳᠡ ᠬᠤᠷᠠᠯ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠡᠰᠢᠭᠦᠨ 73 ᠬᠥᠮᠦᠨ᠂ ᠣᠷᠣᠯᠠᠭᠴᠢ ᠭᠡᠰᠢᠭᠦᠨ 5 ᠬᠥᠮᠦᠨ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠣᠯᠤᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠬᠡᠰᠡᠭ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃      ᠪᠥᠬᠦᠳᠡ ᠬᠤᠷᠠᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠱᠢ ᠲᠠᠢ ᠹᠧᠩ ᠶᠠᠷᠢᠶ᠎ᠠ ᠲᠠᠯᠪᠢᠵᠠᠢ᠃
     ᠪᠦᠭᠦᠳᠡ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠥ᠂ ᠪᠥᠬᠦ ᠤᠯᠤᠰ ᠤᠨ ᠬᠤᠶᠠᠷ ᠬᠤᠷᠠᠯ ᠤᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠥ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠯ︾᠎ ᠢ ᠬᠢᠨᠠᠨ ᠵᠥᠪᠯᠡᠵᠦ ᠪᠠᠲᠤᠯᠠᠨ᠂ ᠪᠦᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠪᠠ ᠨᠠᠮ ᠤᠨ ᠪᠠᠶᠢᠭᠤᠯᠤᠯᠲᠠ ᠶᠢᠨ ᠠᠵᠢᠯ ᠢ ᠰᠤᠳᠤᠯᠤᠨ ᠪᠠᠶᠢᠷᠢᠯᠠᠭᠤᠯᠪᠠ᠃ ᠱᠢ ᠲᠠᠢ ᠹᠧᠩ ︽ᠲᠣᠭᠲᠠᠭᠠᠯ ︵ᠶᠠᠷᠢᠯᠴᠠᠬᠤ ᠨᠤᠤᠷᠠᠭ︶︾᠎ ᠤᠨ ᠲᠤᠬᠠᠶ ᠪᠥᠬᠦᠳᠡ ᠬᠤᠷᠠᠯ ᠳᠤ ᠲᠣᠳᠣᠷᠬᠠᠶᠢᠯᠠᠯᠲᠠ ᠬᠢᠪᠡ᠃      ᠪᠥᠬᠦᠳᠡ ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶ᠎ᠠ ᠨᠢ ᠡᠨᠡ ᠵᠢᠯ ᠤᠨ ᠥᠪᠥᠷ ᠮᠣᠩᠭᠤᠯ ᠤᠨ ᠠᠵᠢᠯ ᠢ ᠰᠠᠶᠢᠲᠤᠷ ᠬᠢᠬᠦ ᠲᠤᠬᠠᠶ ᠶᠡᠷᠦᠩᠬᠡᠶ ᠱᠠᠭᠠᠷᠳᠠᠯᠭ᠎ᠠ ᠳᠤᠷᠠᠳᠴᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠬᠤ ᠲᠤᠬᠠᠶ ᠭᠦᠨᠵᠡᠭᠡᠶ ᠲᠣᠳᠣᠷᠬᠠᠶᠢᠯᠠᠨ ᠥᠭᠦᠯᠡᠵᠦ᠂ ᠲᠣᠳᠣᠷᠬᠠᠶ ᠱᠠᠭᠠᠷᠳᠠᠯᠭ᠎ᠠ ᠳᠤᠷᠠᠳᠴᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠬᠥᠭᠵᠢᠯᠲᠡ ᠳᠤ ᠴᠢᠬᠤᠯᠠ ᠦᠵᠡᠯ ᠰᠠᠨᠠᠭᠠᠨ ᠤ ᠵᠢᠯᠣᠭᠤᠳᠤᠮᠵᠢ ᠪᠠ ᠠᠵᠢᠯᠯᠠᠭᠠᠨ ᠤ ᠵᠦᠭᠯᠡᠭᠦᠷ ᠬᠠᠩᠭᠠᠪᠠ᠃ ᠪᠥᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ︽ᠳᠥᠷᠪᠡᠨ ᠤᠬᠠᠮᠰᠠᠷ︾᠎ ᠢᠶᠠᠨ ᠴᠢᠩᠭᠠᠳᠬᠠᠨ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠥ᠂ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠡᠵᠡᠮᠰᠢᠵᠤ ᠪᠣᠳᠠᠲᠠᠶᠢᠵᠢᠭᠤᠯᠬᠤ ᠳᠡᠭᠡᠷ᠎ᠡ ᠰᠢᠨ᠎ᠡ ᠳᠠᠪᠰᠢᠯᠲᠠ ᠰᠢᠨ᠎ᠡ ᠦᠷ᠎ᠡ ᠪᠦᠲᠦᠮᠵᠢ ᠣᠯᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ ᠬᠡᠵᠥ ᠵᠢᠭᠠᠵᠥ ᠭᠠᠷᠭᠠᠪᠠ᠃      ᠪᠥᠬᠦᠳᠡ ᠬᠤᠷᠠᠯ ᠠᠴᠠ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠬᠤ ᠨᠢ ᠨᠠᠮ ᠤᠨ ᠬᠦᠰᠡᠯᠡᠩ ᠢᠲᠡᠭᠡᠯ ᠪᠢᠰᠢᠷᠠᠯ᠂ ᠰᠢᠨᠵᠢ ᠴᠢᠨᠠᠷ ᠵᠣᠷᠢᠯᠲᠠ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠵᠦ᠂ ᠪᠠᠰᠠ ᠴᠤ ᠨᠠᠮ ᠤᠨ ᠲᠡᠮᠡᠴᠡᠯ ᠤᠨ ᠥᠩᠭᠡᠷᠡᠯᠲᠡ ᠪᠠ ᠦᠢᠯᠡᠳᠦᠯᠭᠡ ᠶᠢᠨ ᠲᠤᠷᠰᠢᠯᠭ᠎ᠠ ᠶᠢᠨ ᠲᠤᠬᠠᠢ ᠭᠦᠨᠵᠡᠭᠡᠢ ᠳ᠋ᠦᠩᠨᠡᠯᠲᠡ ᠮᠥᠨ᠃ ᠡᠷᠬᠡᠪᠰᠢ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢᠨ ᠴᠢᠬᠤᠯᠠ ᠶᠡᠭᠡ ᠠᠴᠢ ᠬᠤᠯᠪᠣᠭᠳᠠᠯ᠂ ᠭᠤᠤᠯ ᠠᠭᠤᠯᠭ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠨ ᠡᠵᠡᠮᠰᠢᠵᠦ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠳᠤ ᠨᠢᠬᠳᠠ ᠲᠦᠰᠢᠭᠯᠡᠵᠦ᠂ ᠠᠷᠠᠳ ᠲᠦᠮᠡᠨ ᠳᠤ ᠲᠠᠰᠤᠷᠠᠯᠲᠠ ᠦᠭᠡᠢ ᠪᠤᠶᠠᠨ ᠦᠢᠯᠡᠳᠴᠦ᠂ ᠠᠷᠠᠳ ᠲᠦᠮᠡᠨ ᠤ ᠳᠤᠮᠳᠠ ᠪᠠᠲᠤ ᠦᠨᠳᠦᠰᠦᠯᠡᠵᠦ᠂ ᠡᠨᠡ ᠬᠦ ᠦᠵᠡᠯ ᠰᠠᠨᠠᠭ᠎ᠠ ᠶᠢ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠠ ᠪᠣᠳᠠᠲᠠᠢ ᠠᠵᠢᠯ ᠤᠨ ᠳᠤᠮᠳᠠ ᠡᠷᠡᠰ ᠪᠠᠲᠤ ᠤᠬᠠᠮᠰᠠᠷ ᠠᠴᠠ ᠪᠠᠨ ᠨᠠᠶᠢᠳᠠᠪᠤᠷᠢᠵᠢᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭᠠᠨ ᠤ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠣᠭᠤᠳᠴᠤ ᠪᠠᠶᠢᠭᠠᠳ ᠣᠯᠠᠨ ᠲᠦᠮᠡᠨ ᠤ ᠠᠰᠢᠭ ᠲᠤᠰᠠ ᠶᠢ ᠢᠮᠠᠭᠳᠠ ᠲᠡᠷᠢᠭᠦᠨ ᠪᠠᠶᠢᠷᠢᠨ ᠳᠤ ᠲᠠᠯᠪᠢᠵᠤ᠂ ᠠᠷᠠᠳ ᠲᠦᠮᠡᠨ ᠤ ᠣᠶᠤᠨ ᠤᠬᠠᠭᠠᠨ ᠪᠠ ᠬᠦᠴᠦᠨ ᠴᠢᠳᠠᠯ ᠢ ᠨᠡᠩ ᠰᠠᠶᠢᠲᠤᠷ ᠨᠢᠭᠲᠠᠷᠠᠭᠤᠯᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠵᠥ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠵᠤ᠂ ᠠᠷᠠᠳ ᠤᠯᠠᠨ ᠯᠤᠭ᠎ᠠ ᠶᠢᠨ ᠴᠢᠰᠦ ᠮᠢᠬᠠᠨ ᠤ ᠬᠤᠯᠪᠤᠭ᠎ᠠ ᠪᠠᠨ ᠡᠭᠦᠷᠢᠳᠡ ᠪᠠᠲᠤᠯᠠᠬᠤ ᠬᠡᠷᠡᠭᠳᠡᠢ ᠬᠡᠵᠥ ᠴᠢᠬᠤᠯᠠᠴᠢᠯᠠᠪᠠ᠃      ᠪᠥᠬᠦᠳᠡ ᠬᠤᠷᠠᠯ ᠠᠴᠠ᠂ ᠡᠨᠡ ᠵᠢᠯ ᠤᠨ ᠳᠣᠤᠷ᠎ᠠ ᠬᠠᠭᠠᠰ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠰᠠᠶᠢᠲᠤᠷ ᠬᠢᠬᠦ ᠳᠤ ᠡᠷᠬᠡᠪᠰᠢ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠱᠠᠭᠠᠷᠳᠠᠯᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠥ᠂ ᠪᠦᠬᠦ ᠲᠠᠯ᠎ᠠ ᠶᠢᠨ᠂ ᠬᠤᠪᠢᠰᠤᠩᠭᠤᠶ᠂ ᠠᠯᠤᠰ ᠬᠡᠲᠦ ᠶᠢᠨ ᠬᠠᠷᠠᠴᠠ ᠪᠠᠷ ᠣᠳᠣᠬᠠᠨ ᠤ ᠪᠠᠶᠢᠳᠠᠯ ᠢ ᠵᠠᠳᠠᠯᠬᠤ ᠶᠢ ᠪᠠᠷᠢᠮᠲᠠᠯᠠᠵᠤ᠂ ᠬᠥᠭᠵᠢᠯᠲᠡ ᠶᠢᠨ ᠲᠣᠭᠲᠠᠭᠤᠨ᠂ ᠬᠥᠭᠵᠢᠯᠲᠡ ᠶᠢᠨ ᠬᠦᠴᠢᠷᠳᠠᠯ᠂ ᠬᠥᠭᠵᠢᠯᠲᠡ ᠶᠢᠨ ᠠᠵᠠ ᠲᠣᠬᠢᠶᠠᠯ ᠢ ᠭᠦᠢᠴᠡᠳ ᠣᠯᠵᠤ ᠬᠠᠷᠠᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠳᠡᠢ᠃      ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠤᠷᠢᠳᠦ ᠳᠠᠶᠢᠯᠠᠯᠳᠤᠭᠠᠨ ᠤ ᠬᠠᠷᠠᠯᠳᠠ ᠡᠭᠦᠷᠭᠡ ᠶᠢ ᠭᠤᠶᠢᠪᠢᠰᠢ ᠦᠭᠡᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠦ ᠪᠠᠨ ᠲᠥᠪᠯᠡᠷᠡᠭᠦᠯᠦᠨ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠰᠠᠶᠢᠲᠤᠷ ᠬᠢᠵᠥ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠬᠤ ᠶᠢ ᠰᠤᠯᠠᠷᠠᠭᠤᠯᠤᠯ ᠦᠭᠡᠢ ᠠᠳᠬᠤᠨ᠂ ᠠᠷᠠᠳ ᠲᠦᠮᠡᠨ ᠢᠶᠠᠷ ᠭᠤᠤᠯ ᠪᠣᠯᠭᠠᠬᠤ ᠡᠨᠡ ᠬᠦ ᠦᠨᠳᠦᠰᠦᠨ ᠪᠠᠶᠢᠷᠢᠰᠢᠯ ᠢ ᠪᠠᠲᠤ ᠡᠵᠡᠮᠳᠡᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠡᠨᠡ ᠬᠦ ᠠᠵᠢᠯ ᠤᠨ ᠶᠡᠷᠦᠩᠬᠡᠶ ᠬᠥᠭ ᠠᠶᠠᠰ ᠢ ᠪᠠᠲᠤ ᠡᠵᠡᠮᠳᠡᠵᠦ᠂ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠡᠨᠡ ᠬᠦ ᠶᠡᠭᠡ ᠴᠢᠭᠯᠡᠯ ᠢ ᠪᠠᠲᠤ ᠡᠵᠡᠮᠳᠡᠵᠦ᠂ ᠬᠢᠵᠢᠭ ᠤᠨ ᠪᠠᠶᠢᠳᠠᠯ ᠠᠴᠠ ᠪᠣᠯᠤᠭᠰᠠᠨ ᠠᠰᠢᠭ ᠦᠭᠡᠶ ᠨᠥᠯᠥᠭᠡ ᠶᠢ ᠡᠷᠡᠰ ᠢᠯᠠᠨ ᠳᠠᠪᠠᠵᠤ᠂ ᠪᠦᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠵᠦ᠂ ᠠᠷᠠᠳ ᠣᠯᠠᠨ ᠢ ᠵᠣᠯ ᠵᠢᠷᠭᠠᠯ ᠲᠠᠢ ᠰᠠᠶᠢᠨ ᠰᠠᠶᠢᠬᠠᠨ ᠠᠮᠢᠳᠤᠷᠠᠭᠤᠯᠬᠤ ᠪᠠᠷ ᠬᠦᠴᠦᠯᠡᠨ ᠵᠢᠳᠬᠦᠬᠦ ᠬᠡᠷᠡᠭᠳᠡᠢ ᠬᠡᠵᠥ ᠴᠢᠬᠤᠯᠠᠴᠢᠯᠠᠪᠠ᠃      ᠪᠥᠬᠦᠳᠡ ᠬᠤᠷᠠᠯ ᠠᠴᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠬᠤ ᠬᠠᠲᠠᠭᠤ ᠴᠢᠩᠭ᠎ᠠ ᠲᠡᠮᠡᠴᠡᠯ ᠮᠥᠨ᠂ ᠡᠷᠬᠡᠪᠰᠢ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠥ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠶᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠬᠤ ᠬᠡᠷᠡᠭᠳᠡᠢ᠃ ︽ᠭᠠᠳᠠᠨ᠎ᠠ ᠠᠴᠠ ᠬᠠᠯᠳᠠᠪᠤᠷᠢᠯᠠᠨ ᠤᠷᠤᠵᠥ ᠢᠷᠡᠬᠦ ᠶᠢ ᠰᠡᠷᠬᠡᠶᠢᠯᠡᠬᠦ᠂ ᠳᠣᠲᠣᠭᠠᠳᠤ ᠳᠠᠭᠠᠨ ᠳᠠᠬᠢᠨ ᠬᠡᠴᠡᠭᠦᠳᠡᠬᠦ ᠶᠢ ᠰᠡᠷᠬᠡᠶᠢᠯᠡᠬᠦ︾ ᠶᠡᠷᠦᠩᠬᠡᠶᠢᠯᠡᠭᠰᠡᠨ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠰᠡᠷᠭᠡᠶᠢᠯᠡᠨ ᠡᠵᠡᠮᠳᠡᠬᠦ ᠪᠤᠭᠤᠮᠳᠠ ᠶᠢ ᠡᠮᠤᠨᠡᠰᠢᠬᠦᠯᠵᠥ᠂ ᠰᠡᠷᠬᠡᠶᠢᠯᠡᠨ ᠡᠵᠡᠮᠳᠡᠬᠦ ᠳᠤᠤᠷ ᠢ ᠨᠢᠭᠲᠠ ᠰᠦᠯᠵᠢᠵᠦ᠂ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠬᠢᠵᠢᠭ ᠤᠨ ᠪᠠᠶᠢᠳᠠᠯ ᠳᠠᠬᠢᠨ ᠬᠡᠴᠡᠭᠦᠳᠡᠬᠦ ᠶᠢ ᠡᠷᠡᠰ ᠬᠤᠷᠢᠬᠯᠠᠬᠤ ᠬᠡᠷᠡᠭᠳᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠠᠪᠤᠴᠠ ᠳᠠᠬᠢ ᠠᠷᠠᠳ ᠣᠯᠠᠨ ᠤ ᠰᠠᠭᠤᠷᠢ ᠬᠦᠴᠦᠨ ᠴᠢᠳᠠᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠤᠯᠠᠨ ᠢ ᠥᠷᠭᠡᠨ ᠢᠶᠠᠷ ᠳᠠᠶᠢᠴᠢᠯᠠᠨ ᠳᠦᠰᠢᠭᠯᠡᠵᠥ᠂ ᠪᠦᠬᠦ ᠠᠷᠠᠳ ᠢᠶᠠᠷ ᠢᠶᠠᠨ ᠣᠷᠣᠯᠴᠠᠬᠤ᠂ ᠣᠯᠠᠨ ᠢᠶᠠᠷ ᠢᠶᠠᠨ ᠰᠡᠷᠭᠡᠶᠢᠯᠡᠵᠤ ᠤᠯᠠᠨ ᠢᠶᠠᠷ ᠢᠶᠠᠨ ᠵᠠᠰᠠᠬᠤ ᠨᠢᠭᠲᠠ ᠴᠢᠩᠭ᠎ᠠ ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠯᠳᠦᠭᠦᠯᠵᠤ᠂ ᠪᠠᠳᠤ ᠪᠠᠬᠢ ᠠᠷᠠᠳ ᠲᠦᠮᠡᠨ ᠤ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠬᠤ ᠬᠡᠷᠡᠭᠳᠡᠢ ᠬᠡᠵᠥ ᠵᠢᠭᠠᠵᠥ ᠭᠠᠷᠭᠠᠪᠠ᠃      ᠪᠦᠭᠦᠳᠡ ᠬᠤᠷᠠᠯ ᠠᠴᠠ᠂ ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ ᠪᠤᠯ ᠤᠯᠠᠨ ᠲᠦᠮᠡᠨ ᠤ ᠬᠠᠮᠤᠭ ᠪᠠᠴᠢᠮ ᠲᠤᠯᠭᠠᠮ ᠬᠠᠮᠤᠭ ᠰᠠᠨᠠᠭᠠᠰᠢᠷᠠᠵᠤ ᠪᠠᠶᠢᠬᠤ ᠬᠠᠮᠤᠭ ᠬᠦᠰᠡᠨ ᠬᠦᠯᠢᠶᠡᠵᠦ ᠪᠠᠶᠢᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠠᠷᠠᠳ ᠤᠨ ᠰᠡᠳᠭᠢᠯ ᠤᠨ ᠢᠨᠵᠧᠨᠧᠷᠢᠩ ᠮᠦᠨ᠂ ᠡᠷᠬᠡᠪᠰᠢ ᠤᠯᠠᠨ ᠲᠦᠮᠡᠨ ᠤ ᠪᠤᠶᠠᠨ ᠬᠡᠰᠢᠭ ᠲᠠᠢ ᠬᠤᠯᠪᠤᠭᠳᠠᠬᠤ᠂ ᠠᠷᠠᠳ ᠲᠦᠮᠡᠨ ᠤ ᠵᠤᠯ ᠵᠢᠷᠭᠠᠯ ᠲᠠᠢ ᠬᠤᠯᠪᠤᠭᠳᠠᠬᠤ ᠦᠨᠳᠦᠷᠴᠡ ᠠᠴᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠤᠭᠤᠮᠳᠠ ᠶᠢ ᠡᠷᠡᠰ ᠳᠠᠪᠠᠭ᠋ᠤ ᠬᠡᠷᠡᠭᠳᠠᠢ᠃ ᠦᠯᠡᠳᠡᠵᠤ ᠪᠠᠶᠢᠭ᠎ᠠ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠡᠭᠦᠷᠭᠡ ᠶᠢ ᠪᠡᠶᠡᠯᠡᠭᠦᠯᠬᠦ ᠶᠢ ᠲᠦᠢᠯᠪᠤᠷᠢᠳᠠᠢ ᠠᠳᠬᠤᠵᠤ᠂ ᠨᠢᠭᠡᠨᠳᠡ ᠤᠯᠤᠭᠰᠠᠨ ᠦᠷ᠎ᠠ ᠪᠦᠲᠦᠭᠡᠯ ᠢᠶᠠᠨ ᠪᠠᠬᠢᠵᠢᠭᠦᠯᠵᠤ᠂ ᠤᠷᠤᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠪᠤᠯᠤᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠤᠷᠭᠠᠨᠢᠭ ᠢᠶᠠᠷ ᠵᠤᠯᠭᠠᠭᠤᠯᠬᠤ ᠶᠢ ᠠᠬᠢᠭᠤᠯᠵᠤ᠂ ᠶᠠᠳᠠᠭᠤ ᠬᠦᠴᠢᠷᠳᠡᠯᠳᠠᠢ ᠬᠦᠮᠦᠨ ᠠᠮᠠ ᠶᠢ ᠦᠨᠳᠦᠰᠦᠳᠡᠨ ᠨᠦᠭᠦᠳ ᠤᠨ ᠠᠷᠠᠳ ᠲᠦᠮᠡᠨ ᠲᠠᠢ ᠵᠡᠷᠭᠡ ᠪᠠᠷ ᠪᠦᠬᠦ ᠲᠠᠯ᠎ᠠ ᠶᠢᠨ ᠴᠢᠨᠡᠭᠡᠯᠢᠭ ᠨᠡᠶᠢᠭᠡᠮ ᠳᠤ ᠠᠯᠬᠤᠨ ᠤᠷᠤᠬᠤ ᠶᠢ ᠪᠠᠳᠤᠯᠠᠬᠤ ᠬᠡᠷᠡᠭᠳᠠᠢ᠃ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠱᠠᠳᠤᠴᠢ ᠴᠢᠨᠠᠷᠳᠠᠢ ᠬᠠᠷᠠᠯᠳᠠ ᠡᠭᠦᠷᠭᠡ ᠳᠤ ᠠᠩᠬᠠᠷᠤᠯ ᠢᠶᠠᠨ ᠬᠠᠨᠳᠤᠭᠤᠯᠵᠤ᠂ ᠬᠦᠬᠡ ᠤᠭᠳᠠᠷᠭᠤᠢ᠂ ᠬᠦᠬᠡᠮᠳᠦᠭ ᠤᠰᠤ᠂ ᠠᠷᠢᠭᠤᠨ ᠬᠦᠷᠦᠰᠦ ᠶᠢ ᠬᠠᠮᠠᠭᠠᠯᠠᠬᠤ ᠳᠠᠶᠢᠯᠠᠯᠳᠤᠭᠠᠨ ᠤ ᠠᠵᠢᠯᠯᠠᠭ᠎ᠠ ᠶᠢᠨ ᠲᠦᠯᠦᠪᠯᠡᠭᠡ ᠶᠢ ᠪᠦᠬᠦ ᠬᠦᠴᠦ ᠪᠠᠷ ᠢᠶᠠᠨ ᠨᠠᠶᠢᠳᠠᠪᠤᠷᠢᠵᠢᠭᠤᠯᠵᠤ᠂ ᠤᠷᠴᠢᠨ ᠲᠤᠭᠤᠷᠢᠨ ᠤ ᠳᠤᠪᠤᠶᠢᠮ᠎ᠠ ᠠᠰᠠᠭᠤᠳᠠᠯ ᠢ ᠰᠠᠶᠢᠳᠤᠷ ᠰᠢᠢᠳᠪᠦᠷᠢᠯᠡᠬᠦ ᠬᠡᠷᠡᠭᠳᠠᠢ᠃ ᠡᠯ᠎ᠠ ᠬᠦᠷᠢᠶᠡᠨ ᠤ ᠠᠶᠤᠯ ᠲᠦᠭᠰᠢᠭᠦᠷᠢ ᠶᠢ ᠢᠳᠡᠪᠬᠢᠳᠠᠢ ᠰᠡᠷᠭᠡᠶᠢᠯᠡᠨ ᠠᠷᠢᠯᠭᠠᠵᠤ᠂ ᠰᠢᠰᠲ᠋ᠧᠮᠳᠤ ᠴᠢᠨᠠᠷᠳᠠᠢ ᠠᠶᠤᠯ ᠲᠦᠭᠰᠢᠭᠦᠷᠢ ᠡᠭᠦᠰᠬᠦ ᠦᠭᠡᠢ ᠪᠠᠶᠢᠬᠤ ᠬᠤᠷᠢᠭ᠎ᠠ ᠱᠤᠭᠤᠮ ᠢ ᠪᠠᠳᠤ ᠰᠠᠬᠢᠵᠤ᠂ ᠠᠷᠠᠳ ᠤᠯᠠᠨ ᠤ ᠲᠤᠰ ᠪᠡᠶ᠎ᠠ ᠶᠢᠨ ᠠᠰᠢᠭ ᠲᠤᠰᠠ ᠶᠢ ᠪᠦᠲᠦᠮᠵᠢᠳᠠᠢ ᠬᠠᠮᠠᠭᠠᠯᠠᠬᠤ ᠬᠡᠷᠡᠭᠳᠠᠢ ᠭᠡᠵᠤ ᠴᠢᠬᠤᠯᠠᠴᠢᠯᠠᠵᠠᠢ᠃      ᠪᠦᠭᠦᠳᠡ ᠬᠤᠷᠠᠯ ᠠᠴᠠ᠂ ᠠᠷᠠᠳ ᠤᠨ ᠠᠮᠢᠳᠤᠷᠠᠯ ᠪᠤᠯ ᠠᠷᠠᠳ ᠲᠦᠮᠡᠨ ᠤ ᠵᠤᠯ ᠵᠢᠷᠭᠠᠯ ᠤᠨ ᠰᠠᠭᠤᠷᠢ᠂ ᠨᠡᠶᠢᠭᠡᠮ ᠤᠨ ᠡᠶ᠎ᠡ ᠵᠤᠬᠢᠴᠠᠩᠭᠤᠢ ᠶᠢᠨ ᠦᠨᠳᠦᠰᠦ ᠮᠦᠨ᠂ ᠡᠷᠬᠡᠪᠰᠢ ᠠᠷᠭ᠎ᠠ ᠪᠦᠬᠦᠨ ᠢ ᠰᠦᠪᠡᠭᠴᠢᠯᠡᠨ ᠰᠠᠭᠤᠭᠠᠯᠢ ᠠᠷᠠᠳ ᠤᠨ ᠠᠵᠢᠯ ᠤᠯᠭᠤᠯᠳᠠ᠂ ᠠᠷᠠᠳ ᠤᠨ ᠦᠨᠳᠦᠰᠦᠨ ᠠᠮᠢᠳᠤᠷᠠᠯ᠂ ᠦᠨᠳᠦᠰᠦᠨ ᠱᠠᠳᠤᠨ ᠤ ᠡᠷᠭᠢᠯᠳᠡ ᠶᠢ ᠪᠠᠳᠤᠯᠠᠬᠤ ᠬᠡᠷᠡᠭᠳᠠᠢ᠃ ᠠᠵᠢᠯ ᠤᠯᠭᠤᠯᠳᠠ ᠶᠢ ᠤᠷᠢᠳ ᠢᠶᠠᠷ ᠪᠤᠳᠤᠯᠬᠢᠯᠠᠬᠤ ᠲᠦᠷᠦ ᠶᠢᠨ ᠪᠤᠳᠤᠯᠭ᠎ᠠ ᠪᠤᠯᠤᠨ ᠠᠵᠢᠯ ᠤᠯᠭᠤᠯᠳᠠ ᠶᠢ ᠲᠤᠭᠳᠠᠪᠤᠷᠢᠵᠢᠭᠤᠯᠬᠤ ᠠᠷᠭ᠎ᠠ ᠬᠡᠮᠵᠢᠶ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠭᠤᠤᠯᠳᠠᠯᠭ᠎ᠠ ᠲᠠᠢ ᠬᠦᠮᠦᠰ ᠤᠨ ᠠᠵᠢᠯ ᠤᠯᠭᠤᠯᠳᠠ ᠶᠢᠨ ᠠᠵᠢᠯ ᠢ ᠳᠤᠪᠤᠶᠢᠮ᠎ᠠ ᠰᠠᠶᠢᠳᠤᠷ ᠠᠳᠬᠤᠵᠤ᠂ ᠤᠳᠤᠬᠠᠨ ᠤ ᠠᠵᠢᠯ ᠤᠯᠭᠤᠯᠳᠠ ᠶᠢ ᠲᠤᠭᠳᠠᠪᠤᠷᠢᠵᠢᠭᠤᠯᠵᠤ᠂ ᠰᠢᠨ᠎ᠠ ᠠᠵᠢᠯ ᠤᠯᠭᠤᠯᠳᠠ ᠶᠢ ᠨᠡᠮᠡᠭᠳᠡᠭᠦᠯᠬᠦ ᠬᠡᠷᠡᠭᠳᠠᠢ᠃ ᠠᠷᠠᠳ ᠤᠨ ᠦᠨᠳᠦᠰᠦᠨ ᠠᠮᠢᠳᠤᠷᠠᠯ ᠤᠨ ᠬᠤᠷᠢᠭ᠎ᠠ ᠱᠤᠭᠤᠮ ᠢ ᠪᠠᠳᠤ ᠰᠠᠬᠢᠵᠤ᠂ ᠡᠯ᠎ᠠ ᠵᠦᠢᠯ ᠤᠨ ᠪᠠᠳᠤᠯᠠᠭ᠎ᠠ ᠶᠢᠨ ᠲᠦᠷᠦ ᠶᠢᠨ ᠪᠤᠳᠤᠯᠭ᠎ᠠ ᠪᠠ ᠲᠤᠭᠳᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠦᠬᠦ ᠬᠦᠴᠦ ᠪᠠᠷ ᠢᠶᠠᠨ ᠪᠠᠳᠤᠯᠠᠬᠤ ᠬᠡᠷᠡᠭᠳᠠᠢ᠃ ᠦᠨᠳᠦᠰᠦᠨ ᠱᠠᠳᠤ ᠳᠤ ᠳᠡᠮᠵᠢᠯᠭᠡ ᠦᠭᠴᠤ ᠦᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠦᠨᠳᠦᠰᠦᠨ ᠱᠠᠳᠤᠨ ᠤ ᠬᠡᠪ ᠤᠨ ᠡᠷᠭᠢᠯᠳᠡ ᠶᠢ ᠦᠨᠡᠨ ᠬᠦ ᠪᠠᠳᠤᠯᠠᠬᠤ ᠬᠡᠷᠡᠭᠳᠠᠢ ᠭᠡᠵᠤ ᠵᠢᠭᠠᠵᠤ ᠭᠠᠷᠭᠠᠪᠠ᠃      ᠪᠦᠭᠦᠳᠡ ᠬᠤᠷᠠᠯ ᠠᠴᠠ᠂ ᠠᠵᠤ ᠠᠬᠤᠢ ᠶᠢᠨ ᠨᠡᠮᠡᠭᠳᠡᠯ ᠪᠤᠯ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠴᠢᠬᠤᠯᠠ ᠲᠤᠯᠭᠠᠭᠤᠷᠢᠯᠠᠯ ᠮᠦᠨ᠂ ᠡᠷᠬᠡᠪᠰᠢ ᠠᠷᠠᠳ ᠤᠨ ᠠᠮᠢᠳᠤᠷᠠᠯ ᠢᠶᠠᠷ ᠵᠦᠭᠯᠡᠭᠦᠷ ᠪᠤᠯᠭᠠᠬᠤ ᠶᠢ ᠪᠠᠷᠢᠮᠳᠠᠯᠠᠵᠤ᠂ ᠠᠵᠤ ᠠᠬᠤᠢ ᠶᠢᠨ ᠡᠷᠭᠢᠯᠳᠡ ᠶᠢ ᠬᠦᠴᠦᠳᠠᠢ ᠪᠦᠲᠦᠮᠵᠢᠳᠠᠢ ᠲᠤᠭᠳᠠᠪᠤᠷᠢᠵᠢᠭᠤᠯᠬᠤ ᠬᠡᠷᠡᠭᠳᠠᠢ᠃ ᠠᠵᠤ ᠠᠬᠤᠢᠢᠯᠠᠯ ᠤᠨ ᠦᠢᠯᠡᠳᠪᠦᠷᠢᠯᠡᠯ ᠡᠵᠡᠩᠨᠡᠯᠳᠡ ᠳᠤ ᠲᠤᠯᠭᠠᠷᠠᠵᠤ ᠪᠠᠶᠢᠭ᠎ᠠ ᠡᠯ᠎ᠠ ᠵᠦᠢᠯ ᠤᠨ ᠠᠰᠠᠭᠤᠳᠠᠯ ᠪᠤᠯᠤᠨ ᠠᠵᠤ ᠦᠢᠯᠡᠰ ᠤᠨ ᠬᠡᠯᠬᠢᠶᠡᠨ ᠤ ᠬᠠᠮᠵᠢᠯᠴᠠᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠳᠤᠮᠳᠠ ᠤᠷᠤᠰᠢᠵᠤ ᠪᠠᠶᠢᠭ᠎ᠠ ᠳᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠤ᠂ ᠳᠡᠭᠡᠳᠤ ᠳᠤᠤᠷᠠᠳᠤ ᠤᠷᠤᠰᠬᠠᠯ᠂ ᠦᠢᠯᠡᠳᠪᠦᠷᠢᠯᠡᠯ ᠬᠠᠩᠭᠠᠯᠭ᠎ᠠ ᠪᠤᠷᠤᠯᠠᠭᠤᠯᠭ᠎ᠠ᠂ ᠲᠤᠮᠤ ᠳᠤᠮᠳᠠ ᠵᠢᠵᠢᠭ ᠠᠵᠤ ᠠᠬᠤᠢᠢᠯᠠᠯ ᠤᠨ ᠦᠢᠯᠡᠳᠪᠦᠷᠢᠯᠡᠯ ᠤᠨ ᠬᠦᠴᠦ ᠪᠠᠨ ᠪᠦᠬᠦ ᠲᠠᠯ᠎ᠠ ᠪᠠᠷ ᠰᠡᠷᠭᠦᠭᠡᠬᠦ ᠶᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠤᠭᠴᠠ ᠶᠢᠨ ᠵᠢᠱᠢᠯᠳᠡ ᠶᠢ ᠢᠳᠡᠪᠬᠢᠳᠠᠢ ᠬᠦᠳᠦᠯᠦᠨ ᠵᠢᠯᠤᠭᠤᠳᠴᠤ ᠲᠤᠭᠳᠠᠪᠤᠷᠢᠵᠢᠭᠤᠯᠬᠤ ᠬᠡᠷᠡᠭᠳᠠᠢ᠃ ᠪᠦᠲᠦᠮᠵᠢᠳᠠᠢ ᠪᠡᠯᠡ ᠤᠷᠤᠭᠤᠯᠤᠯᠳᠠ ᠶᠢ ᠦᠷᠭᠡᠳᠭᠡᠵᠤ᠂ ᠬᠡᠷᠡᠭᠯᠡᠭᠡ ᠶᠢᠨ ᠨᠡᠮᠡᠭᠳᠡᠯ ᠢ ᠠᠬᠢᠭᠤᠯᠵᠤ᠂ ᠠᠵᠢᠯ ᠤᠯᠭᠤᠯᠳᠠ ᠶᠢ ᠠᠬᠢᠭᠤᠯᠬᠤ ᠴᠢᠳᠠᠪᠤᠷᠢ ᠨᠢ ᠰᠠᠶᠢᠨ ᠪᠡᠯᠡ ᠤᠷᠤᠭᠤᠯᠤᠯᠳᠠ ᠶᠢᠨ ᠲᠦᠷᠦᠯ ᠵᠦᠢᠯ ᠢ ᠡᠩ ᠲᠡᠷᠢᠭᠦᠨ ᠳᠤ ᠬᠡᠷᠡᠭᠵᠢᠭᠦᠯᠵᠤ᠂ ᠡᠯ᠎ᠠ ᠲᠦᠷᠦᠯ ᠤᠨ ᠬᠡᠷᠡᠭᠯᠡᠭᠡ ᠶᠢᠨ ᠠᠵᠢᠯ ᠲᠦᠷᠦᠯ ᠤᠨ ᠰᠡᠷᠭᠦᠯᠳᠡ ᠶᠢ ᠪᠦᠲᠦᠮᠵᠢᠳᠠᠢ ᠠᠬᠢᠭᠤᠯᠵᠤ᠂ ᠰᠠᠶᠢᠨ ᠤᠯᠠᠷᠢᠯ ᠢ ᠠᠮᠵᠢᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠡᠷᠭᠦᠨ ᠬᠦᠭᠵᠢᠬᠦ ᠶᠢ ᠬᠦᠴᠦᠳᠠᠢ ᠠᠬᠢᠭᠤᠯᠬᠤ ᠬᠡᠷᠡᠭᠳᠠᠢ᠃ ᠨᠡᠭᠦᠷᠡᠰᠦ ᠴᠠᠬᠢᠯᠭᠠᠨ ᠰᠢᠳᠠᠮᠠᠬᠠᠢ ᠬᠡᠢ ᠶᠢᠨ ᠠᠶᠤᠯᠭᠦᠢ ᠲᠤᠭᠳᠠᠭᠤᠨ ᠬᠠᠩᠭᠠᠯᠭ᠎ᠠ ᠶᠢᠨ ᠠᠵᠢᠯ ᠢ ᠰᠠᠶᠢᠳᠤᠷ ᠬᠢᠵᠤ᠂ ᠭᠤᠤᠯ ᠢᠳᠡᠭᠡᠨ ᠪᠠ ᠬᠤᠯᠢᠰᠢᠨ ᠢᠳᠡᠭᠡᠨ ᠤ ᠦᠢᠯᠡᠳᠪᠦᠷᠢᠯᠡᠯ᠂ ᠭᠦᠢᠯᠭᠡᠭᠡᠨ ᠪᠠ ᠬᠠᠩᠭᠠᠯᠭ᠎ᠠ ᠶᠢ ᠵᠤᠬᠢᠶᠠᠨ ᠪᠠᠶᠢᠭᠤᠯᠬᠤ ᠠᠵᠢᠯ ᠢ ᠰᠠᠶᠢᠳᠤᠷ ᠬᠢᠵᠤ᠂ ᠵᠠᠬ᠎ᠠ ᠳᠡᠯᠭᠡᠭᠦᠷ ᠤᠨ ᠭᠤᠤᠯ ᠴᠤᠭᠴᠠ ᠶᠢᠨ ᠡᠨᠧᠷᠬᠢ ᠶᠢᠨ ᠬᠡᠷᠡᠭᠴᠡᠭᠡ ᠪᠤᠯᠤᠨ ᠰᠠᠭᠤᠭᠠᠯᠢ ᠠᠷᠠᠳ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠪᠤᠳᠠᠰ ᠤᠨ ᠬᠠᠩᠭᠠᠯᠭ᠎ᠠ ᠶᠢ ᠪᠠᠳᠤᠯᠠᠬᠤ ᠬᠡᠷᠡᠭᠳᠠᠢ ᠭᠡᠵᠤ ᠴᠢᠬᠤᠯᠠᠴᠢᠯᠠᠵᠠᠢ᠃      ᠪᠦᠭᠦᠳᠡ ᠬᠤᠷᠠᠯ ᠠᠴᠠ᠂ ᠠᠷᠠᠳ ᠤᠯᠠᠨ ᠢ ᠵᠤᠯ ᠵᠢᠷᠭᠠᠯ ᠲᠠᠢ ᠰᠠᠶᠢᠨ ᠰᠠᠶᠢᠬᠠᠨ ᠠᠮᠢᠳᠤᠷᠠᠭᠤᠯᠬᠤ ᠨᠢ ᠡᠴᠦᠰ ᠤᠨ ᠴᠡᠭ ᠬᠡᠵᠥ ᠦᠭᠡᠢ ᠶᠤᠮ᠂ ᠦᠷᠭᠦᠯᠵᠢᠯᠡᠭᠰᠡᠨ ᠰᠢᠨ᠎ᠠ ᠡᠬᠢᠯᠡᠯᠳᠡ ᠶᠢᠨ ᠴᠡᠭ ᠯᠡ ᠪᠤᠢ᠂ ᠠᠷᠠᠳ ᠲᠦᠮᠡᠨ ᠤ ᠦᠨᠳᠦᠰᠦᠨ ᠠᠵᠠ ᠵᠢᠷᠭᠠᠯ ᠪᠤᠯᠤᠨ ᠪᠦᠬᠦ ᠤᠷᠤᠨ ᠤ ᠠᠯᠤᠰ ᠬᠡᠳᠦ ᠶᠢᠨ ᠬᠦᠭᠵᠢᠯᠳᠡ ᠲᠠᠢ ᠬᠤᠯᠪᠤᠭᠳᠠᠬᠤ ᠴᠢᠬᠤᠯᠠ ᠶᠡᠭᠡ ᠠᠵᠢᠯ ᠢ ᠡᠷᠬᠡᠪᠰᠢ ᠭᠦᠨᠵᠡᠭᠡᠢ ᠠᠬᠢᠭᠤᠯᠤᠨ ᠪᠤᠳᠠᠳᠠᠢ ᠬᠢᠵᠦ᠂ ᠰᠢᠨ᠎ᠠ ᠬᠦᠭᠵᠢᠯᠳᠡ ᠶᠢᠨ ᠤᠢᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠭᠡᠢ ᠬᠦᠭᠵᠢᠭᠦᠯᠬᠦ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠠ ᠵᠠᠮ ᠢ ᠢᠳᠡᠪᠬᠢᠳᠠᠢ ᠬᠠᠶᠢᠨ ᠰᠦᠪᠡᠭᠴᠢᠯᠡᠵᠤ᠂ ᠬᠢᠯᠢ ᠬᠢᠵᠠᠭᠠᠷ ᠤᠨ ᠦᠨᠳᠦᠰᠦᠳᠡᠨ ᠤ ᠤᠷᠤᠨ ᠤ ᠵᠠᠰᠠᠯᠳᠠ ᠶᠢᠨ ᠴᠢᠳᠠᠪᠤᠷᠢ ᠶᠢ ᠲᠠᠰᠤᠷᠠᠯᠳᠠ ᠦᠭᠡᠢ ᠴᠢᠩᠭᠠᠳᠬᠠᠵᠤ᠂ ᠦᠨᠳᠦᠰᠦᠳᠡᠨ ᠨᠦᠭᠦᠳ ᠤᠨ ᠠᠷᠠᠳ ᠲᠦᠮᠡᠨ ᠳᠤ ᠨᠡᠩ ᠤᠯᠠᠨ ᠨᠡᠩ ᠰᠢᠭᠤᠳ ᠨᠡᠩ ᠪᠤᠳᠠᠳᠠᠢ ᠬᠦᠷᠳᠡᠮᠵᠢ ᠶᠢᠨ ᠲᠦᠷᠦᠭᠳᠡᠯ᠂ ᠵᠢᠷᠭᠠᠯᠳᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠤᠯᠭᠤᠬᠤ ᠬᠡᠷᠡᠭᠳᠠᠢ ᠭᠡᠵᠤ ᠵᠢᠭᠠᠵᠤ ᠭᠠᠷᠭᠠᠵᠠᠢ᠃      ᠪᠦᠭᠦᠳᠡ ᠬᠤᠷᠠᠯ ᠠᠴᠠ᠂ ᠮᠠᠨ ᠤ ᠤᠯᠤᠰ ᠤᠨ ᠨᠡᠶᠢᠭᠡᠮ ᠵᠢᠷᠤᠮ ᠤᠨ ᠠᠷᠠᠳᠴᠢᠯᠠᠯ ᠪᠤᠯ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠬᠠᠮᠠᠭᠠᠯᠠᠬᠤ ᠬᠠᠮᠤᠭ ᠤᠨ ᠦᠷᠭᠡᠨ ᠳᠡᠯᠭᠡᠷ᠂ ᠬᠠᠮᠤᠭ ᠤᠨ ᠦᠨᠡᠨ ᠪᠤᠳᠠᠳᠠᠢ᠂ ᠬᠠᠮᠤᠭ ᠤᠨ ᠲᠤᠰᠠᠳᠠᠢ ᠠᠷᠠᠳᠴᠢᠯᠠᠯ ᠮᠦᠨ᠂ ᠠᠷᠠᠳ ᠲᠦᠮᠡᠨ ᠡᠷᠬᠡ ᠮᠡᠳᠡᠵᠤ ᠡᠵᠡᠨ ᠰᠠᠭᠤᠬᠤ ᠳᠦᠷᠢᠮ ᠤᠨ ᠪᠠᠳᠤᠯᠠᠭ᠎ᠠ ᠶᠢ ᠡᠷᠬᠡᠪᠰᠢ ᠴᠢᠩᠭᠠᠳᠬᠠᠵᠤ᠂ ᠠᠷᠠᠳ ᠤᠨ ᠠᠷᠠᠳᠴᠢᠯᠠᠯ ᠢ ᠦᠨᠡᠨ ᠬᠦ ᠪᠦᠲᠦᠮᠵᠢᠳᠠᠢ ᠬᠡᠷᠡᠭᠵᠢᠭᠦᠯᠵᠤ᠂ ᠦᠨᠳᠦᠰᠦᠳᠡᠨ ᠨᠦᠭᠦᠳ ᠤᠨ ᠠᠷᠠᠳ ᠲᠦᠮᠡᠨ ᠢ ᠨᠢᠭᠳᠠᠷᠠᠭᠤᠯᠵᠤ᠂ ᠡᠬᠡ ᠤᠯᠤᠰ ᠤᠨ ᠬᠢᠯᠢ ᠬᠢᠵᠠᠭᠠᠷ ᠢ ᠬᠠᠮᠳᠦ ᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠳᠦ ᠪᠠᠷ ᠴᠤᠭᠴᠠᠯᠠᠬᠤ ᠬᠡᠷᠡᠭᠳᠠᠢ᠃ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠠᠶᠢᠭᠤᠯᠤᠯ ᠢ ᠪᠠᠷᠢᠮᠳᠠᠯᠠᠨ ᠲᠡᠭᠦᠯᠳᠡᠷᠵᠢᠭᠦᠯᠵᠤ᠂ ᠦᠨᠳᠦᠰᠦᠳᠡᠨ ᠨᠦᠭᠦᠳ ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠢ ᠴᠢᠩᠭᠠᠳᠬᠠᠵᠤ᠂ ᠦᠨᠳᠦᠰᠦᠳᠡᠨ ᠤ ᠪᠦᠯᠬᠦᠮᠳᠡᠯ ᠭᠡᠬᠦ ᠡᠨᠡ ᠬᠦ ᠦᠨᠳᠦᠰᠦᠳᠡᠨ ᠨᠦᠭᠦᠳ ᠤᠨ ᠠᠮᠢᠨ ᠰᠤᠳᠠᠰᠤ ᠶᠢ ᠡᠷᠡᠰ ᠰᠠᠶᠢᠳᠤᠷ ᠰᠠᠬᠢᠵᠤ᠂ ᠦᠨᠳᠦᠰᠦᠳᠡᠨ ᠨᠦᠭᠦᠳ ᠤᠨ ᠪᠦᠯᠬᠦᠮᠳᠡᠯ ᠳᠠᠪᠰᠢᠯᠳᠠ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠡᠮᠦᠨ᠎ᠠ ᠡᠩᠨᠡᠬᠡᠨ ᠳᠤ ᠬᠤᠰᠢᠭᠤᠴᠢᠯᠠᠵᠤ᠂ ᠦᠨᠳᠦᠰᠦᠳᠡᠨ ᠤ ᠪᠦᠯᠬᠦᠮᠳᠡᠯ ᠳᠤ ᠠᠭᠤᠯᠤᠭᠳᠠᠬᠤ ᠤᠶᠤᠨ ᠤᠬᠠᠭᠠᠨ ᠪᠠ ᠬᠦᠴᠦᠨ ᠴᠢᠳᠠᠯ ᠢ ᠰᠢᠨ᠎ᠠ ᠴᠠᠭ ᠦᠶ᠎ᠠ ᠶᠢᠨ ᠦᠪᠦᠷ ᠮᠤᠩᠭᠤᠯ ᠤᠨ ᠬᠦᠭᠵᠢᠯᠳᠡ ᠶᠢ ᠠᠬᠢᠭᠤᠯᠬᠤ ᠬᠦᠴᠦᠷᠬᠡᠭ ᠶᠡᠭᠡ ᠬᠦᠳᠡᠯᠭᠡᠬᠦ ᠡᠨᠧᠷᠭᠢ ᠪᠤᠯᠭᠠᠨ ᠬᠤᠪᠢᠷᠠᠭᠤᠯᠬᠤ ᠬᠡᠷᠡᠭᠳᠠᠢ ᠭᠡᠵᠤ ᠴᠢᠬᠤᠯᠠᠴᠢᠯᠠᠪᠠ᠃      ᠪᠦᠬᠦᠳᠠ ᠬᠤᠷᠠᠯ ᠠᠴᠠ᠂ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠡᠴᠤᠰ ᠤᠨ ᠵᠤᠷᠢᠯᠭ᠎ᠠ ᠪᠤᠯ ᠤᠯᠠᠨ ᠲᠦᠮᠡᠨ ᠤ ᠠᠮᠢᠳᠤᠷᠠᠯ ᠢ ᠶᠠᠪᠤᠬᠤ ᠲᠤᠳᠤᠮ ᠰᠠᠶᠢᠵᠢᠷᠠᠭᠤᠯᠬᠤ ᠶᠢᠨ ᠲᠦᠯᠦᠭᠡ ᠶᠤᠮ᠂ ᠡᠷᠬᠡᠪᠰᠢ ︽ᠠᠷᠪᠡᠨ ᠲᠦᠷᠪᠡᠳᠦᠭᠡᠷ ᠲᠠᠪᠤᠨ ᠵᠢᠯ︾᠎ ᠤᠨ ᠲᠦᠯᠦᠪᠵᠢᠬᠦᠯᠭᠡ ᠶᠢ ᠨᠠᠶᠢᠷᠠᠭᠤᠯᠤᠨ ᠲᠤᠭᠤᠷᠪᠢᠬᠤ ᠲᠠᠢ ᠤᠶᠠᠯᠳᠤᠭᠤᠯᠵᠤ᠂ ᠲᠤᠮᠳᠠ ᠤᠷᠳᠤ ᠬᠤᠭᠤᠴᠠᠭᠠᠨ ᠤ ᠪᠠᠶᠢᠯᠳᠤᠬᠤ ᠪᠤᠳᠤᠯᠭ᠎ᠠ ᠶᠢᠨ ᠡᠬᠦᠷᠭᠡ ᠪᠤᠯᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠯᠠᠭᠤᠯᠤᠯᠳᠠ ᠶᠢ ᠬᠦᠨᠵᠡᠭᠡᠢ ᠰᠤᠳᠤᠯᠤᠨ ᠲᠦᠯᠦᠪᠯᠡᠵᠤ᠂ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠬᠤ ᠴᠢᠬᠤᠯᠠ ᠶᠡᠭᠡ ᠰᠡᠳᠦᠪ ᠢ ᠰᠠᠶᠢᠳᠤᠷ ᠬᠠᠷᠢᠭᠤᠯᠬᠤ ᠭᠡᠷᠡᠭᠳᠠᠢ᠃ ᠲᠤᠳᠤᠭᠠᠳᠤ ᠬᠡᠷᠡᠭᠴᠡᠭᠡ ᠶᠢ ᠦᠷᠭᠡᠳᠭᠡᠬᠦ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠬᠤ ᠲᠠᠢ ᠨᠢᠭᠳᠠ ᠤᠶᠠᠯᠳᠤᠭᠤᠯᠤᠨ᠂ ᠬᠠᠨᠭ᠍ᠭᠠᠯᠭ᠎ᠠ ᠶᠢᠨ ᠲᠠᠯ᠎ᠡ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠠ ᠶᠢ ᠬᠦᠨᠵᠡᠭᠡᠶᠢᠷᠡᠬᠦᠯᠬᠦ ᠭᠤᠤᠯ ᠬᠦᠴᠤᠯᠡᠬᠦ ᠴᠢᠭᠯᠡᠯ ᠢ ᠬᠦᠨᠵᠡᠭᠡᠢ ᠰᠤᠳᠤᠯᠵᠤ᠂ ᠤᠯᠤᠰ ᠤᠨ ᠲᠤᠳᠤᠭᠠᠳᠤ ᠶᠢᠨ ᠲᠤᠮᠤ ᠵᠠᠬ᠎ᠠ ᠲᠡᠯᠭᠡᠬᠦᠷ ᠲᠤ ᠠᠭᠤᠰᠤᠯᠴᠠᠬᠤ ᠵᠠᠩᠭᠢᠯᠠᠭ᠎ᠠ ᠪᠠ ᠰᠢᠪᠳᠤᠯᠤᠯᠳᠠ ᠶᠢᠨ ᠴᠡᠭ ᠢ ᠤᠨᠤᠴᠠᠳᠠᠢ ᠤᠯᠵᠤ᠂ ᠤᠯᠤᠰ ᠤᠨ ᠲᠤᠳᠤᠭᠠᠳᠤ ᠶᠢᠨ ᠶᠡᠭᠡ ᠤᠷᠴᠢᠯ ᠳᠤ ᠨᠡᠩ ᠰᠠᠶᠢᠨ ᠠᠭᠤᠰᠤᠯᠴᠠᠬᠤ ᠭᠡᠷᠡᠭᠳᠠᠢ᠃ ᠠᠵᠤ ᠦᠢᠯᠡᠰ ᠤᠨ ᠬᠡᠯᠬᠢᠶ᠎ᠡ ᠬᠠᠨᠭ᠍ᠭᠠᠯᠭ᠎ᠠ ᠶᠢᠨ ᠬᠡᠯᠬᠢᠶ᠎ᠡ ᠶᠢ ᠰᠢᠯᠢᠳᠡᠭᠵᠢᠬᠦᠯᠤᠨ ᠲᠤᠬᠳᠠᠪᠤᠷᠢᠵᠢᠭᠤᠯᠬᠤ ᠶᠢᠨ ᠲᠤᠭᠤᠷᠢᠨ ᠳᠤ᠂ ᠲᠠᠪᠠᠭᠤᠯᠢᠭ ᠢᠶᠠᠨ ᠪᠠᠳᠠᠷᠠᠭᠤᠯᠵᠤ᠂ ᠲᠤᠳᠠᠭᠤᠳᠠᠯ ᠢᠶᠠᠨ ᠨᠦᠬᠦᠪᠤᠷᠢᠯᠡᠬᠦ ᠴᠢᠬᠤᠯᠠ ᠶᠡᠭᠡ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠦᠯᠦᠪᠯᠡᠵᠤ᠂ ᠠᠵᠤ ᠦᠢᠯᠡᠰ ᠤᠨ ᠪᠦᠳᠦᠴᠠ ᠶᠢᠨ ᠤᠯᠠᠨ ᠡᠰᠢᠵᠢᠭᠰᠡᠨ᠂ ᠠᠵᠤ ᠦᠢᠯᠡᠰ ᠤᠨ ᠰᠠᠭᠤᠷᠢ ᠶᠢᠨ ᠲᠡᠭᠡᠳᠤ ᠳᠡᠰᠵᠢᠭᠰᠡᠨ᠂ ᠠᠵᠤ ᠦᠢᠯᠡᠰ ᠤᠨ ᠬᠡᠯᠬᠢᠶ᠎ᠡ ᠶᠢᠨ ᠤᠳᠤᠬᠢᠴᠢᠯᠡᠬᠰᠡᠨ ᠲᠦᠪᠰᠢᠨ ᠢ ᠲᠡᠭᠡᠭᠰᠢᠯᠡᠬᠦᠯᠵᠤ᠂ ᠤᠯᠤᠰ ᠤᠨ ᠡᠨᠧᠷᠬᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ ᠢ ᠨᠡᠩ ᠰᠠᠶᠢᠳᠦᠷ ᠪᠠᠳᠤᠯᠠᠬᠤ ᠲᠤᠮᠳᠠ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠱᠠᠯᠠᠪᠳᠠᠨ ᠪᠠᠶᠢᠭᠤᠯᠬᠤ ᠭᠡᠷᠡᠭᠳᠠᠢ᠃ ᠲᠦᠪᠯᠡᠷᠡᠭᠰᠡᠨ ᠴᠤᠬᠯᠠᠷᠠᠬᠰᠡᠨ ᠡᠷᠴᠢᠮᠵᠢᠭᠰᠡᠨ ᠬᠦᠭᠵᠢᠯᠳᠠ ᠶᠢᠨ ᠵᠠᠮ ᠢᠶᠠᠷ ᠵᠠᠮᠨᠠᠬᠤ ᠶᠢ ᠪᠠᠷᠢᠮᠳᠠᠯᠠᠵᠤ᠂ ᠪᠤᠳᠠᠳᠤ ᠪᠠᠶᠢᠳᠠᠯ ᠠᠴᠠ ᠡᠬᠦᠰᠤᠨ ᠬᠤᠳᠠ ᠶᠢᠨ ᠬᠦᠭᠵᠢᠯᠳᠠ ᠶᠢᠨ ᠲᠦᠯᠦᠪᠵᠢᠬᠦᠯᠭᠡ ᠶᠢ ᠰᠤᠳᠤᠯᠤᠨ ᠲᠤᠬᠳᠠᠭᠠᠵᠤ᠂ ᠲᠤᠬᠠᠢ ᠶᠢᠨ ᠭᠠᠵᠠᠷ ᠤᠨ ᠪᠠᠶᠢᠳᠠᠯ ᠳᠤᠨᠢ ᠲᠤᠬᠢᠷᠠᠭᠤᠯᠤᠨ ᠬᠤᠳᠠ ᠶᠢᠨ ᠤᠷᠤᠨ ᠵᠠᠢ ᠶᠢᠨ ᠪᠠᠶᠢᠷᠢᠰᠢᠯᠠᠭᠤᠯᠤᠯᠳᠠ ᠶᠢᠨ ᠬᠡᠯᠪᠡᠷᠢ ᠶᠢᠨ ᠤᠯᠠᠨ ᠡᠰᠢᠵᠢᠯᠳᠠ ᠶᠢ ᠠᠬᠢᠭᠤᠯᠵᠤ᠂ ᠤᠯᠠᠨ ᠲᠦᠪ ᠢᠶᠠᠷ ᠲᠠᠶᠢᠴᠢᠯᠠᠬᠤ᠂ ᠤᠯᠠᠨ ᠲᠡᠰ ᠲᠠᠪᠬᠤᠷᠭ᠎ᠠ ᠪᠠᠷ ᠬᠤᠯᠪᠤᠭᠠᠯᠠᠨ ᠬᠦᠳᠡᠯᠦᠯᠴᠡᠬᠦ᠂ ᠤᠯᠠᠨ ᠴᠡᠭ ᠢᠶᠠᠷ ᠬᠤᠷᠰᠢᠯᠴᠠᠬᠤ ᠰᠢᠨ᠎ᠡ ᠮᠠᠶᠢᠭ ᠤᠨ ᠬᠤᠳᠠ ᠪᠠᠯᠭᠠᠰᠤᠵᠢᠯᠳᠠ ᠶᠢᠨ ᠪᠠᠶᠢᠷᠢᠰᠢᠯ ᠢ ᠪᠦᠷᠢᠯᠳᠦᠭᠦᠯᠬᠦ ᠭᠡᠷᠡᠭᠳᠠᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ ᠴᠢᠳᠠᠪᠤᠷᠢ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠦᠪᠯᠡᠷᠡᠭᠦᠯᠵᠦ᠂ ᠨᠡᠭᠡᠭᠡᠯᠳᠠᠳᠤ ᠬᠠᠮᠳᠤᠷᠠᠯᠴᠠᠭ᠎ᠠ ᠬᠢᠬᠦ᠂ ᠤᠨᠴᠠᠯᠢᠭ ᠢ ᠲᠤᠪᠤᠶᠢᠯᠭᠠᠬᠤ᠂ ᠵᠠᠩᠭᠢᠯᠠᠭ᠎ᠠ ᠶᠢ ᠠᠳᠬᠤᠨ ᠰᠢᠨ᠎ᠡ ᠶᠢ ᠡᠬᠦᠳᠬᠦ ᠲᠦᠷᠦ ᠶᠢᠨ ᠪᠤᠳᠤᠯᠭ᠎ᠠ ᠶᠢᠨ ᠲᠤᠬᠳᠠᠴᠠ ᠶᠢ ᠬᠦᠨᠵᠡᠭᠡᠢ ᠰᠤᠳᠤᠯᠵᠤ᠂ ᠪᠠᠶᠠᠯᠢᠭ ᠦᠪᠡᠷᠮᠢᠴᠡ ᠤᠨᠴᠠᠯᠢᠭ ᠲᠠᠢ᠂ ᠲᠠᠪᠠᠭᠤᠯᠢᠭ ᠲᠠᠢ ᠤᠷᠤᠨ ᠪᠦᠰᠡ ᠶᠢᠨ ᠰᠢᠨ᠎ᠡ ᠶᠢ ᠡᠬᠦᠳᠬᠦ ᠰᠢᠰᠲ᠋ᠧᠮ ᠢ ᠴᠤᠬᠴᠠᠯᠠᠬᠤ ᠭᠡᠷᠡᠭᠳᠠᠢ ᠭᠡᠵᠤ ᠵᠢᠭᠠᠵᠤ ᠭᠠᠷᠭᠠᠪᠠ᠃      ᠪᠦᠬᠦᠳᠠ ᠬᠤᠷᠠᠯ ᠠᠴᠠ᠂ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠪᠤᠯ ᠠᠷᠠᠳ ᠲᠦᠮᠡᠨ ᠳᠤ ᠪᠤᠶᠠᠨ ᠦᠢᠯᠡᠳᠬᠦ ᠵᠠᠭᠤᠨ ᠵᠢᠯ ᠤᠨ ᠶᠡᠭᠡ ᠪᠤᠳᠤᠯᠭ᠎ᠠ ᠪᠤᠯᠤᠨ᠎ᠡ᠂ ᠡᠷᠬᠡᠪᠰᠢ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ ᠲᠤᠬᠳᠠᠯ ᠬᠦᠴᠤᠨ ᠢᠶᠠᠨ ᠪᠠᠳᠤᠯᠠᠵᠤ᠂ ᠡᠭᠡ ᠤᠯᠤᠰ ᠤᠨ ᠤᠮᠠᠷᠠᠳᠤ ᠶᠢᠨ ᠲᠦᠮᠡᠨ ᠭᠠᠵᠠᠷ ᠤᠨ ᠨᠤᠮᠢᠨ ᠨᠤᠭᠤᠭᠠᠨ ᠤᠷᠳᠤ ᠴᠠᠭᠠᠨ ᠭᠡᠷᠡᠮ ᠪᠠ ᠮᠠᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠤ ᠴᠤᠬᠴᠠᠯᠠᠬᠤ ᠭᠡᠷᠡᠭᠳᠠᠢ᠃ ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠶᠢᠨ ᠦᠭᠡᠷᠡᠴᠢᠯᠡᠯᠳᠠ ᠶᠢ ᠬᠦᠨᠵᠡᠭᠡᠶᠢᠷᠠᠬᠦᠯᠵᠤ᠂ ᠤᠯᠤᠰ ᠤᠨ ᠨᠤᠳᠤᠭ ᠲᠠᠪᠢᠰᠭᠡᠷ ᠤᠨ ᠤᠷᠤᠨ ᠵᠠᠢ ᠶᠢᠨ ᠨᠡᠭᠡᠭᠡᠯᠳᠠ ᠶᠢᠨ ᠪᠠᠶᠢᠷᠢᠰᠢᠯ ᠢ ᠰᠢᠯᠢᠳᠡᠭᠵᠢᠬᠦᠯᠵᠤ᠂ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠬᠦᠭᠡᠬᠦ ᠴᠢᠬᠤᠯᠠ ᠶᠡᠭᠡ ᠢᠨᠵᠧᠨᠧᠷᠢᠩ ᠢ ᠵᠤᠬᠢᠶᠠᠨ ᠪᠠᠶᠢᠭᠤᠯᠤᠨ ᠭᠡᠷᠡᠭᠵᠢᠬᠦᠯᠵᠤ᠂ ᠬᠠᠳᠤᠨ ᠭᠤᠤᠯ ᠤᠨ ᠰᠠᠪᠠ ᠭᠠᠵᠠᠷ᠂ ᠬᠦᠯᠤᠨ ᠨᠠᠭᠤᠷ ᠲᠠᠭ᠎ᠠ ᠶᠢᠨ ᠨᠠᠭᠤᠷ ᠤᠯᠠᠭᠠᠨᠰᠤᠬᠠᠢ᠂ ᠦᠬᠠᠢ ᠵᠢᠴᠢ ᠡᠷᠬᠢᠨ ᠲᠤᠭᠤᠷᠢᠨ ᠤ ᠭᠠᠵᠠᠷ ᠤᠷᠤᠨ ᠤ ᠭᠤᠤᠯᠳᠠᠯᠭ᠎ᠠ ᠲᠠᠢ ᠤᠷᠤᠨ ᠪᠦᠰᠡ ᠶᠢᠨ ᠠᠮᠢ ᠠᠬᠤᠢ ᠤᠷᠴᠢᠨ ᠲᠤᠭᠤᠷᠢᠨ ᠤ ᠶᠡᠷᠤᠩᠭᠡᠶᠢᠯᠡᠭᠰᠡᠨ ᠵᠠᠰᠠᠯᠳᠠ ᠶᠢ ᠬᠦᠴᠤᠯᠠᠨ ᠰᠠᠶᠢᠳᠤᠷ ᠠᠳᠬᠤᠵᠤ᠂ ᠪᠤᠬᠢᠷᠳᠤᠯ ᠦᠭᠡᠢ ᠦᠢᠯᠡᠳᠪᠤᠷᠢᠯᠡᠯ ᠤᠨ ᠠᠷᠭ᠎ᠠ ᠬᠡᠯᠪᠡᠷᠢ ᠪᠠ ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠦᠬᠦᠯᠬᠦ ᠶᠢ ᠠᠬᠢᠭᠤᠯᠵᠤ᠂ ᠠᠮᠢ ᠠᠬᠤᠢ ᠪᠠᠷ ᠠᠷᠠᠳ ᠲᠤ ᠠᠰᠢᠭ ᠬᠦᠷᠳᠡᠭᠡᠬᠦ᠂ ᠠᠮᠢ ᠠᠬᠤᠢ ᠪᠠᠷ ᠠᠷᠠᠳ ᠲᠤ ᠲᠤᠰᠡ ᠬᠢᠬᠦ᠂ ᠠᠮᠢ ᠠᠬᠤᠢ ᠪᠠᠷ ᠠᠷᠠᠳ ᠲᠦᠮᠡᠨ ᠳᠤ ᠦᠢᠯᠡᠴᠢᠯᠡᠬᠦ ᠲᠡᠯ᠎ᠡ ᠪᠠᠷ ᠲᠠᠰᠤᠷᠠᠯᠳᠠ ᠦᠭᠡᠢ ᠰᠢᠨ᠎ᠡ ᠠᠬᠢᠴᠠ ᠲᠠᠢ ᠪᠤᠯᠬᠤ ᠭᠡᠷᠡᠭᠳᠠᠢ ᠭᠡᠵᠤ ᠴᠢᠬᠤᠯᠠᠴᠢᠯᠠᠪᠠ᠃      ᠪᠦᠬᠦᠳᠠ ᠬᠤᠷᠠᠯ ᠠᠴᠠ᠂ ᠨᠡᠶᠢᠭᠡᠮ ᠤᠨ ᠠᠵᠢᠯ ᠦᠢᠯᠡᠰ ᠠᠷᠠᠳ ᠤᠨ ᠠᠮᠢᠳᠤᠷᠠᠯ ᠲᠠᠢ ᠬᠤᠯᠪᠤᠬᠳᠠᠵᠤ᠂ ᠠᠷᠠᠳ ᠤᠨ ᠰᠡᠳᠬᠢᠯ ᠲᠠᠢ ᠬᠤᠯᠪᠤᠭᠳᠠᠵᠤ ᠪᠠᠶᠢᠳᠠᠭ᠂ ᠤᠯᠠᠨ ᠲᠦᠮᠡᠨ ᠤ ᠠᠮᠤᠷ ᠵᠢᠮᠤᠷ ᠠᠵᠤ ᠲᠦᠷᠦᠬᠦ᠂ ᠠᠮᠤᠷ ᠲᠦᠪᠰᠢᠨ ᠬᠠᠯᠠᠭᠤᠨ ᠳᠤᠯᠠᠭᠠᠨ ᠤᠷᠤᠰᠢᠨ ᠠᠮᠢᠳᠤᠷᠠᠬᠤ ᠲᠠᠢ ᠬᠤᠯᠪᠤᠬᠳᠠᠬᠤ ᠪᠤᠳᠠᠳᠠᠢ ᠠᠰᠠᠭᠤᠳᠠᠯ ᠢ ᠡᠷᠬᠡᠪᠰᠢ ᠬᠦᠴᠦᠯᠡᠨ ᠰᠢᠢᠳᠪᠤᠷᠢᠯᠡᠬᠦ ᠭᠡᠷᠡᠭᠳᠠᠢ᠃ ᠤᠯᠠᠨ ᠨᠡᠶᠢᠳᠠ ᠶᠢᠨ ᠡᠷᠡᠬᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠵᠤ᠂ ᠡᠪᠡᠳᠴᠢᠨ ᠡᠮᠬᠡᠭ ᠢ ᠤᠷᠢᠳᠴᠢᠯᠡᠨ ᠰᠡᠷᠭᠡᠶᠢᠯᠡᠵᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠦᠭᠡᠷᠡᠴᠢᠯᠡᠯᠳᠠ ᠶᠢ ᠬᠦᠨᠵᠡᠭᠡᠶᠢᠷᠠᠬᠦᠯᠵᠤ᠂ ᠤᠯᠠᠨ ᠨᠡᠶᠢᠳᠠ ᠶᠢᠨ ᠠᠵᠢᠯ ᠤᠯᠭᠤᠯᠳᠠ ᠶᠢᠨ ᠦᠢᠯᠡᠴᠢᠯᠡᠭᠡᠨ ᠤ ᠬᠤᠳᠠ ᠬᠦᠳᠡᠭᠡ ᠶᠢᠨ ᠪᠠᠶᠢᠡᠭᠭᠤ ᠰᠠᠭᠤᠭ᠎ᠠ ᠬᠦᠮᠦᠨ ᠠᠮᠠ ᠶᠢ ᠪᠦᠬᠦᠨ ᠢ ᠪᠦᠷᠬᠦᠬᠦᠯᠬᠦ ᠶᠢ ᠠᠬᠢᠭᠤᠯᠵᠤ᠂ ᠰᠤᠷᠭᠠᠨ ᠬᠦᠮᠦᠵᠢᠯ ᠤᠨ ᠲᠦᠪ ᠭᠤᠤᠯᠴᠢ ᠬᠦᠭᠵᠢᠯᠳᠠ ᠪᠠ ᠶᠠᠰᠤ ᠴᠢᠨᠠᠷ ᠤᠨ ᠲᠡᠭᠡᠭᠰᠢᠯᠡᠯᠳᠠ ᠶᠢ ᠠᠬᠢᠭᠤᠯᠵᠤ᠂ ᠤᠯᠠᠨ ᠲᠠᠰ ᠲᠠᠪᠬᠤᠷᠭ᠎ᠠ ᠶᠢᠨ ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ ᠢ ᠱᠠᠯᠠᠪᠳᠠᠨ ᠪᠠᠶᠢᠭᠤᠯᠵᠤ᠂ ︽ᠨᠠᠰᠤᠳᠠᠶᠢᠴᠤᠳ ᠪᠠ ᠨᠢᠯᠬᠠᠰ︾᠎ ᠤᠨ ᠠᠰᠠᠭᠤᠳᠠᠯ ᠢ ᠴᠢᠬᠤᠯᠠᠴᠢᠯᠠᠨ ᠰᠢᠢᠳᠪᠤᠷᠢᠯᠡᠵᠤ᠂ ᠰᠤᠶᠤᠯ ᠢᠶᠠᠷ ᠠᠷᠠᠳ ᠲᠤ ᠠᠰᠢᠭ ᠬᠦᠷᠳᠡᠭᠡᠬᠦ ᠢᠨᠵᠧᠨᠧᠷᠢᠩ ᠢ ᠬᠦᠨᠵᠡᠭᠡᠢ ᠭᠡᠷᠡᠭᠵᠢᠬᠦᠯᠵᠤ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠦᠷᠢᠮ ᠤᠨ ᠴᠢᠨᠠᠷᠳᠠᠢ ᠠᠷᠭ᠎ᠠ ᠬᠡᠮᠵᠢᠶ᠎ᠡ ᠶᠢ ᠪᠦᠷᠢᠨᠰᠢᠬᠦᠯᠤᠨ ᠠᠬᠢᠭᠤᠯᠵᠤ᠂ ᠦᠨᠳᠤᠰᠤᠨ ᠤᠯᠠᠨ ᠨᠡᠶᠢᠳᠠ ᠶᠢᠨ ᠦᠢᠯᠡᠴᠢᠯᠡᠭᠡᠨ ᠤ ᠲᠦᠪᠰᠢᠨ ᠢ ᠯᠠᠪᠳᠠᠭᠤᠨ ᠢᠶᠠᠷ ᠲᠡᠭᠡᠭᠰᠢᠯᠡᠬᠦᠯᠬᠦ ᠭᠡᠷᠡᠭᠳᠠᠢ ᠭᠡᠵᠤ ᠵᠢᠭᠠᠵᠤ ᠭᠠᠷᠭᠠᠪᠠ᠃      ᠪᠦᠬᠦᠳᠠ ᠬᠤᠷᠠᠯ ᠠᠴᠠ᠂ ᠰᠠᠶᠢᠨ ᠰᠠᠶᠢᠬᠠᠨ ᠨᠡᠶᠢᠭᠡᠮ ᠤᠨ ᠵᠠᠰᠠᠯᠳᠠ ᠪᠤᠯ ᠨᠡᠶᠢᠭᠡᠮ ᠤᠨ ᠡᠶ᠎ᠡ ᠵᠤᠬᠢᠴᠠᠩᠭᠤᠢ ᠲᠤᠬᠳᠠᠭᠤᠨ ᠢ ᠪᠠᠳᠤᠯᠠᠬᠤ᠂ ᠠᠷᠠᠳ ᠲᠦᠮᠡᠨ ᠢ ᠰᠠᠶᠢᠨ ᠰᠠᠶᠢᠬᠠᠨ ᠠᠮᠢᠳᠤᠷᠠᠭᠤᠯᠬᠤ ᠤᠷᠢᠳᠠᠯ ᠪᠠ ᠪᠠᠳᠤᠯᠠᠭ᠎ᠠ ᠪᠤᠯᠤᠨ᠎ᠡ᠂ ᠬᠠᠮᠳᠤ ᠪᠠᠷ ᠪᠠᠶᠢᠭᠤᠯᠬᠤ ᠬᠠᠮᠳᠤ ᠪᠠᠷ ᠵᠠᠰᠠᠬᠤ ᠬᠠᠮᠳᠤ ᠪᠠᠷ ᠡᠳ᠋ᠯᠡᠬᠦ ᠶᠢ ᠡᠷᠬᠡᠪᠰᠢ ᠪᠠᠷᠢᠮᠳᠠᠯᠠᠵᠤ᠂ ᠨᠡᠶᠢᠭᠡᠮ ᠤᠨ ᠵᠠᠰᠠᠯᠳᠠ ᠶᠢᠨ ᠤᠳᠤᠬᠢᠴᠢᠯᠠᠯᠳᠠ ᠶᠢ ᠲᠦᠷᠭᠡᠳᠭᠡᠨ ᠠᠬᠢᠭᠤᠯᠵᠤ᠂ ᠨᠡᠶᠢᠭᠡᠮ ᠠᠮᠤᠷ ᠲᠤᠬᠳᠠᠭᠤᠨ ᠡᠮᠬᠢ ᠲᠢᠭᠯᠢᠮ ᠲᠠᠢ᠂ ᠬᠢᠯᠢ ᠬᠢᠵᠠᠭᠠᠷ ᠠᠮᠤᠷ ᠲᠤᠬᠳᠠᠭᠤᠨ ᠪᠠᠳᠤ ᠪᠠᠬᠢ᠂ ᠦᠨᠳᠤᠰᠤᠳᠡᠨ ᠨᠦᠭᠦᠳ ᠤᠨ ᠠᠷᠠᠳ ᠲᠦᠮᠡᠨ ᠠᠮᠤᠷ ᠵᠢᠮᠤᠷ ᠠᠵᠤ ᠲᠦᠷᠦᠬᠦ ᠶᠢ ᠦᠨᠡᠨ ᠬᠦ ᠪᠠᠳᠤᠯᠠᠬᠤ ᠭᠡᠷᠡᠭᠳᠠᠢ᠃ ᠬᠤᠳᠠ ᠶᠢᠨ ᠵᠠᠰᠠᠯᠳᠠ ᠶᠢᠨ ᠰᠢᠰᠲ᠋ᠧᠮ ᠪᠠ ᠬᠤᠳᠠ ᠪᠠᠯᠭᠠᠰᠤᠨ ᠤ ᠦᠨᠳᠤᠰᠤᠨ ᠱᠠᠳᠤᠨ ᠤ ᠵᠠᠰᠠᠯᠳᠠ ᠶᠢᠨ ᠰᠢᠰᠲ᠋ᠧᠮ ᠢ ᠬᠦᠴᠤᠯᠠᠨ ᠪᠠᠶᠢᠭᠤᠯᠵᠤ᠂ ᠰᠢᠨ᠎ᠡ ᠪᠠᠶᠢᠳᠠᠯ ᠳᠤᠤᠷᠠᠬᠢ ᠠᠷᠠᠳ ᠤᠨ ᠲᠤᠳᠤᠭᠠᠳᠤ ᠶᠢᠨ ᠵᠦᠷᠢᠴᠠᠯ ᠢ ᠵᠦᠪ ᠢᠶᠠᠷ ᠰᠢᠢᠳᠪᠤᠷᠢᠯᠡᠬᠦ ᠤᠷᠳᠤ ᠬᠤᠭᠤᠴᠠᠭᠠᠨ ᠤ ᠪᠦᠳᠦᠮᠵᠢᠳᠠᠢ ᠲᠤᠬᠳᠠᠴᠠ ᠶᠢ ᠪᠦᠷᠢᠨᠰᠢᠬᠦᠯᠵᠤ᠂ ᠤᠯᠠᠨ ᠨᠠᠶᠢᠳᠠ ᠶᠢᠨ ᠠᠮᠤᠷ ᠲᠦᠪᠰᠢᠨ ᠤ ᠪᠠᠶᠢᠭᠤᠯᠤᠮᠵᠢ ᠲᠤᠬᠳᠠᠴᠠ ᠶᠢ ᠪᠦᠷᠢᠨᠰᠢᠬᠦᠯᠵᠤ᠂ ᠨᠡᠶᠢᠭᠡᠮ ᠤᠨ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠬᠦᠯᠳᠡᠷᠵᠢᠬᠦᠯᠵᠤ᠂ ᠡᠯ᠎ᠡ ᠬᠦᠷᠢᠶᠠᠨ ᠤ ᠤᠯᠤᠰ ᠤᠨ ᠠᠮᠤᠷ ᠲᠦᠪᠰᠢᠨ ᠢ ᠰᠠᠶᠢᠳᠤᠷ ᠬᠠᠮᠠᠭᠠᠯᠠᠵᠤ᠂ ᠡᠭᠡ ᠤᠯᠤᠰ ᠤᠨ ᠤᠮᠠᠷᠠᠳᠤ ᠬᠢᠯᠢ ᠶᠢᠨ ᠠᠮᠤᠷ ᠲᠤᠬᠳᠠᠭᠤᠨ ᠤ ᠬᠠᠯᠬᠠᠪᠴᠢ ᠶᠢ ᠪᠠᠳᠤ ᠴᠤᠬᠴᠠᠯᠠᠬᠤ ᠭᠡᠷᠡᠭᠳᠠᠢ ᠭᠡᠵᠤ ᠴᠢᠬᠤᠯᠠᠴᠢᠯᠠᠪᠠ᠃      ᠪᠦᠬᠦᠳᠠ ᠬᠤᠷᠠᠯ ᠠᠴᠠ᠂ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠨᠠᠮ ᠢ ᠬᠠᠮᠢᠶᠠᠷᠬᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠷᠡᠰ ᠡᠬᠦᠷᠭᠡᠯᠡᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠳᠠ ᠶᠢᠨ ᠶᠡᠷᠤᠩᠭᠡᠢ ᠱᠠᠭᠠᠷᠳᠠᠯᠭ᠎ᠠ ᠶᠢ ᠬᠦᠨᠵᠡᠭᠡᠢ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠠᠮᠢ ᠠᠬᠤᠢ ᠶᠢ ᠪᠦᠬᠦ ᠲᠠᠯ᠎ᠡ ᠪᠠᠷ ᠴᠡᠪᠡᠷᠰᠢᠬᠦᠯᠬᠦ ᠭᠡᠷᠡᠭᠳᠠᠢ᠃ ᠡᠷᠭᠡ ᠶᠢᠨ ᠦᠵᠡᠯᠳᠠ᠂ ᠠᠵᠢᠯ ᠤᠨ ᠪᠦᠳᠦᠮᠵᠢ ᠶᠢᠨ ᠦᠵᠡᠯᠳᠠ᠂ ᠠᠵᠢᠯ ᠦᠢᠯᠡᠰ ᠤᠨ ᠦᠵᠡᠯᠳᠠ ᠶᠢᠨ ᠬᠦᠮᠦᠵᠢᠯ ᠢ ᠦᠨᠡᠨ ᠬᠦ ᠴᠢᠩᠭᠠᠳᠬᠠᠵᠤ᠂ ᠨᠠᠮ ᠤᠨ ᠭᠡᠰᠢᠬᠦᠨ ᠺᠠᠳ᠋ᠷ ᠢᠯᠠᠩᠭᠤᠶ᠎ᠡ ᠤᠳᠤᠷᠢᠳᠬᠤ ᠺᠠᠳ᠋ᠷ ᠢᠮᠠᠬᠳᠠ ᠠᠷᠠᠳ ᠲᠦᠮᠡᠨ ᠳᠤ ᠪᠤᠶᠠᠨ ᠦᠢᠯᠡᠳᠬᠦ ᠶᠢ ᠬᠠᠮᠤᠭ ᠤᠨ ᠴᠢᠬᠤᠯᠠ ᠠᠵᠢᠯ ᠤᠨ ᠪᠦᠳᠦᠮᠵᠢ ᠪᠤᠯᠭᠠᠨ᠂ ᠡᠷᠭᠡ ᠪᠠᠨ ᠲᠦᠪ ᠭᠤᠤᠯᠴᠢ ᠪᠠᠷ ᠭᠡᠷᠡᠭᠯᠡᠵᠤ᠂ ᠬᠠᠤᠯᠢ ᠶᠤᠰᠤᠭᠠᠷ ᠡᠷᠭᠡ ᠪᠠᠨ ᠭᠡᠷᠡᠭᠯᠡᠵᠤ᠂ ᠠᠷᠠᠳ ᠤᠨ ᠲᠦᠯᠦᠭᠡ ᠡᠷᠭᠡ ᠪᠠᠨ ᠭᠡᠷᠡᠭᠯᠡᠵᠤ᠂ ᠠᠷᠢᠭᠤᠨ ᠴᠢᠭᠡᠴᠢ ᠪᠠᠷ ᠡᠷᠭᠡ ᠪᠠᠨ ᠭᠡᠷᠡᠭᠯᠡᠵᠤ᠂ ᠨᠠᠮ ᠪᠤᠯᠤᠨ ᠠᠷᠠᠳ ᠲᠦᠮᠡᠨ ᠳᠤ ᠦᠢᠯᠡᠴᠢᠯᠡᠬᠦ ᠠᠵᠢᠯ ᠦᠢᠯᠡᠰ ᠤᠨ ᠲᠤᠮᠳᠠ ᠦᠨᠳᠤᠰᠤᠨ ᠤᠯᠤᠰ ᠲᠦᠷᠦ ᠶᠢᠨ ᠡᠬᠦᠷᠭᠡᠯᠡᠯ ᠢᠶᠠᠨ ᠢᠯᠡᠷᠡᠬᠦᠯᠬᠦ ᠭᠡᠷᠡᠭᠳᠠᠢ᠃ ︽ᠲᠦᠷᠪᠡᠨ ᠰᠤᠷᠳᠠᠯ︾ ᠢᠯᠠᠩᠭᠤᠶ᠎ᠡ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠶᠡᠭᠡ ᠪᠠᠷ ᠴᠡᠭᠴᠡᠯᠡᠨ ᠵᠠᠰᠠᠵᠤ᠂ ᠤᠯᠠᠨ ᠲᠦᠮᠡᠨ ᠲᠠᠢ ᠨᠢᠬᠳᠠ ᠬᠠᠷᠢᠯᠴᠠᠬᠤ ᠰᠢᠯᠢᠳᠡᠭ ᠰᠤᠷᠳᠠᠯ ᠢ ᠪᠠᠳᠠᠷᠠᠭᠤᠯᠵᠤ᠂ ᠦᠨᠳᠤᠰᠤᠨ ᠱᠠᠳᠤᠨ ᠤ ᠲᠠᠷᠤᠭᠠᠰᠤ ᠶᠢ ᠬᠦᠡᠭᠭᠡᠷᠡᠬᠦᠯᠬᠦ ᠠᠵᠢᠯ ᠢ ᠬᠦᠨᠵᠡᠭᠡᠶᠢᠷᠠᠬᠦᠯᠤᠨ ᠦᠷᠭᠡᠳᠭᠡᠵᠤ᠂ ᠨᠠᠮ ᠤᠨ ᠭᠡᠰᠢᠬᠦᠨ ᠺᠠᠳ᠋ᠷ ᠤᠨ ᠴᠢᠩᠭ᠎ᠠ ᠲᠤᠯᠭᠠᠮ ᠪᠤᠳᠤᠯ᠂ ᠲᠡᠭᠡᠳᠤ ᠬᠡᠮᠵᠢᠶᠠᠨ ᠤ ᠬᠠᠷᠢᠭᠤᠴᠠᠯᠭᠠᠳᠤ ᠰᠡᠳᠬᠢᠯᠭᠡ ᠪᠠ ᠴᠢᠩᠭ᠎ᠠ ᠪᠤᠳᠠᠳᠠᠢ ᠰᠠᠶᠢᠨ ᠰᠤᠷᠳᠠᠯ ᠢᠶᠠᠷ ᠨᠠᠶᠢᠳᠠᠪᠤᠷᠢᠵᠢᠭᠤᠯᠤᠯᠳᠠ ᠶᠢ ᠠᠬᠢᠭᠤᠯᠵᠤ᠂ ᠤᠯᠠᠨ ᠲᠦᠮᠡᠨ ᠳᠤ ᠦᠢᠯᠡᠴᠢᠯᠡᠬᠦ ᠶᠢ ᠵᠤᠷᠢᠬᠵᠢᠭᠤᠯᠬᠤ ᠭᠡᠷᠡᠭᠳᠠᠢ᠃ ᠢᠯᠵᠡᠷᠡᠯ ᠢ ᠡᠰᠡᠷᠬᠦᠴᠡᠬᠦ ᠲᠠᠮᠠᠴᠠᠯ ᠢ ᠬᠦᠴᠤᠳᠠᠢ ᠠᠬᠢᠭᠤᠯᠵᠤ᠂ ᠨᠠᠬᠦᠷᠠᠰᠤᠨ ᠤ ᠡᠬᠢ ᠪᠠᠶᠠᠯᠢᠭ ᠤᠨ ᠬᠦᠷᠢᠶᠠᠨ ᠳᠠᠬᠢ ᠲᠦᠷᠢᠮ ᠲᠤᠬᠳᠠᠭᠠᠯ ᠠᠴᠠ ᠵᠦᠷᠢᠴᠡᠵᠤ ᠬᠠᠤᠯᠢ ᠠᠴᠠ ᠵᠦᠷᠢᠴᠡᠭᠰᠡᠨ ᠠᠰᠠᠭᠤᠳᠠᠯ ᠤᠨ ᠲᠤᠰᠬᠠᠢ ᠴᠡᠭᠴᠡᠯᠡᠨ ᠵᠠᠰᠠᠯᠳᠠ ᠶᠢ ᠲᠤᠪᠤᠶᠢᠮ᠎ᠠ ᠰᠠᠶᠢᠳᠤᠷ ᠠᠳᠬᠤᠵᠤ᠂ ᠢᠯᠵᠡᠷᠡᠯ ᠤᠨ ᠭᠡᠷᠡᠭ ᠢ ᠡᠷᠡᠰ ᠪᠠᠶᠢᠴᠠᠭᠠᠨ ᠰᠢᠢᠳᠭᠡᠵᠤ᠂ ᠠᠰᠢᠭ ᠲᠤᠰᠠ ᠶᠢᠨ ᠬᠡᠯᠬᠢᠶ᠎ᠡ ᠶᠢ ᠲᠠᠰᠤᠯᠵᠤ᠂ ᠬᠠᠷᠢᠴᠠᠭᠠᠨ ᠤ ᠲᠤᠤᠷ ᠢ ᠡᠪᠳᠡᠵᠤ᠂ ᠢᠯᠵᠡᠷᠡᠬᠤ ᠠᠴᠠ ᠵᠢᠷᠤᠭᠡᠰᠢᠶᠡᠬᠦ᠂ ᠢᠯᠵᠡᠷᠡᠵᠤ ᠪᠤᠯᠬᠤ ᠦᠭᠡᠢ᠂ ᠢᠯᠵᠡᠷᠡᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠬᠴᠠᠵᠢᠭᠤᠯᠤᠨ ᠠᠬᠢᠭᠤᠯᠵᠤ᠂ ᠦᠯᠡᠳᠡᠭᠳᠡᠯ ᠢ ᠪᠠᠭᠠᠰᠬᠠᠵᠤ ᠨᠡᠮᠡᠭᠳᠡᠯ ᠢ ᠬᠤᠷᠢᠬᠯᠠᠬᠤ᠂ ᠦᠡᠭᠭᠡᠨ ᠲᠠᠯ᠎ᠡ ᠪᠡ ᠦᠨᠳᠦᠰᠦ ᠠᠴᠠ ᠨᠢ ᠵᠡᠷᠭᠡ ᠪᠠᠷ ᠵᠠᠰᠠᠬᠤ ᠢᠯᠵᠡᠷᠡᠯ ᠢ ᠡᠰᠡᠷᠬᠦᠴᠡᠬᠦ ᠦᠷ᠎ᠡ ᠪᠦᠳᠦᠮᠵᠢ ᠪᠠᠷ ᠠᠷᠠᠳ ᠤᠨ ᠢᠳᠡᠭᠡᠯ ᠢ ᠤᠯᠬᠤ ᠭᠡᠷᠡᠭᠳᠡᠢ ᠭᠡᠵᠤ ᠱᠠᠭᠠᠷᠳᠠᠪᠠ᠃      ᠪᠦᠬᠦᠳᠠ ᠬᠤᠷᠠᠯ ᠠᠴᠠ᠂ ᠪᠦᠬᠦ ᠤᠷᠤᠨ ᠤ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠦᠷᠭᠡᠨ ᠤᠯᠠᠨ ᠨᠠᠮ ᠤᠨ ᠭᠡᠰᠢᠬᠦᠨ ᠺᠠᠳ᠋ᠷ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠡᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠨᠢᠬᠳᠠᠷᠠᠨ ᠪᠦᠯᠬᠦᠮᠳᠡᠵᠤ᠂ ᠶᠡᠷᠤᠩᠭᠡᠢ ᠱᠦᠵᠢ ᠰᠢ ᠶᠢᠨ ᠫᠢᠩ ᠤᠨ ᠦᠪᠤᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠡ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ ᠤᠬᠠᠮᠰᠠᠷ ᠠᠴᠠ ᠪᠠᠨ ᠦᠢᠯᠡᠳᠦᠯᠭᠡᠵᠢᠬᠦᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠠᠮᠠᠴᠡᠵᠤ᠂ ᠲᠡᠭᠡᠳᠤ ᠲᠤᠤᠷᠠᠳᠤ ᠱᠠᠳᠤ ᠪᠠᠷ ᠢᠶᠠᠨ ᠰᠡᠳᠬᠢᠯ ᠨᠢᠭᠡᠳᠤᠨ ᠬᠦᠴᠤ ᠪᠠᠨ ᠬᠠᠮᠳᠤᠳᠬᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠠᠶᠠᠯᠡᠬᠦᠯᠬᠦ ᠰᠢᠢᠳᠪᠤᠷᠢᠳᠤ ᠢᠯᠡᠯᠳᠠ ᠶᠢ ᠤᠯᠬᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠳᠤ ᠲᠠᠶᠢᠯᠠᠯᠳᠤᠭᠠᠨ ᠤ ᠬᠠᠷᠠᠯᠳᠠ ᠡᠬᠦᠷᠭᠡ ᠶᠢ ᠪᠠᠶᠠᠯᠡᠬᠦᠯᠬᠦ ᠶᠢ ᠦᠨᠡᠨ ᠬᠦ ᠪᠠᠳᠤᠯᠠᠵᠤ᠂ ᠰᠢᠨ᠎ᠡ ᠴᠠᠭ ᠦᠶ᠎ᠡ ᠳᠤ ᠨᠡᠶᠢᠭᠡᠮ ᠵᠢᠷᠤᠮ ᠤᠨ ᠤᠳᠤᠬᠢᠴᠢᠯᠠᠬᠰᠡᠨ ᠤᠯᠤᠰ ᠢ ᠪᠦᠬᠦ ᠲᠠᠯ᠎ᠡ ᠪᠠᠷ ᠪᠦᠳᠦᠭᠡᠨ ᠪᠠᠶᠢᠭᠤᠯᠬᠤ ᠠᠶᠠᠨ ᠳᠤ ᠦᠪᠤᠷ ᠮᠤᠩᠭᠤᠯ ᠤᠨ ᠬᠦᠭᠵᠢᠯᠳᠠ ᠶᠢᠨ ᠰᠢᠨ᠎ᠡ ᠬᠠᠭᠤᠳᠠᠰᠤ ᠶᠢ ᠪᠢᠴᠢᠭᠯᠡᠰᠤᠭᠡᠢ ᠭᠡᠵᠤ ᠤᠷᠢᠶᠠᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号