| | | 7 ᠰᠠᠷ᠎ᠠ ᠶᠢᠨ 8 ᠤ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ | ᠲᠢᠩᠬᠢᠮ ᠠᠴᠠ ᠣᠶᠢᠯᠠᠭᠠᠭᠰᠠᠨ ᠢᠶᠠᠷ᠂ ᠣᠳᠣᠬᠠᠨ ᠳᠤ ᠥᠪᠥᠷ ᠮᠣᠩᠭᠤᠯ ᠨᠢᠭᠡᠨᠲᠡ ᠵᠢᠭᠤᠯᠴᠢᠯᠠᠯ ᠤᠨ ᠬᠥᠭᠵᠢᠶᠡᠨᠲᠡᠶ | ᠤᠯᠠᠷᠢᠯ ᠳᠤ ᠣᠷᠣᠵᠠᠢ᠂ ᠡᠶᠢᠡᠭᠦ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠠᠴᠠ | ᠥᠪᠡᠰᠦᠪᠠᠨ ᠮᠠᠰᠢᠨ ᠵᠢᠯᠣᠭᠤᠳᠴᠤ ᠵᠢᠭᠤᠯᠴᠢᠯᠠᠬᠤ 4 ᠵᠤᠷᠪᠤᠰ ᠰᠣᠳᠣᠨ ᠱᠤᠭᠤᠮ ᠢ ᠲᠠᠨᠢᠯᠴᠠᠭᠤᠯᠤᠨ᠂ ᠪᠦᠬᠦ | ᠤᠯᠤᠰ ᠤᠨ ᠵᠢᠭᠤᠯᠴᠢᠯᠠᠭᠰᠠᠳ ᠤᠨ ᠲᠡᠯᠭᠡᠷᠡᠭᠦ ᠵᠤᠨ ᠤ ᠤᠯᠠᠷᠢᠯ ᠳᠤ ᠥᠪᠥᠷ ᠮᠣᠩᠭᠤᠯ ᠳᠤ ᠢᠷᠡᠵᠦ ᠦᠪᠡᠰᠦᠪᠡᠨ | ᠮᠠᠰᠢᠨ ᠵᠢᠯᠣᠭᠤᠳᠴᠤ ᠲᠠᠪᠠᠳᠠᠢ ᠰᠠᠶᠢᠬᠠᠨ ᠵᠢᠭᠤᠯᠴᠢᠯᠠᠬᠤ ᠶᠢ ᠴᠢᠩ ᠰᠡᠳᠬᠢᠯ ᠠᠴᠠ ᠪᠠᠨ ᠪᠠᠶᠠᠷᠯᠠᠨ ᠤᠬᠳᠤᠪᠠ᠃ | ᠤᠯᠠᠭᠠᠨᠬᠤᠲᠠ — ᠷᠠᠰᠢᠶᠠᠨ — ᠬᠠᠶᠢᠯᠠᠷ — ᠮᠠᠨᠵᠤᠤᠷ ᠤᠨ ᠲᠠᠯ᠎ᠠ ᠨᠤᠲᠤᠭ ᠣᠢ ᠰᠢᠭᠤᠢ ᠶᠢᠨ | ᠵᠢᠭᠤᠯᠴᠢᠯᠠᠯ ᠤᠨ ᠱᠤᠭᠤᠮ᠃ ᠡᠨᠡᠭᠦ ᠵᠢᠭᠤᠯᠴᠢᠯᠠᠯ ᠤᠨ ᠱᠤᠭᠤᠮ ᠨᠢ ᠶᠡᠭᠡ ᠬᠢᠩᠭᠠᠨ ᠳᠠᠪᠠᠭ᠎ᠠ ᠪᠠ ᠬᠥᠯᠥᠨ | ᠪᠤᠶᠢᠷ ᠤᠨ ᠲᠠᠯ᠎ᠠ ᠨᠤᠲᠤᠭ ᠢ ᠰᠤᠠᠳᠠᠯᠠᠵᠤ᠂ ᠲᠠᠯ᠎ᠠ ᠨᠤᠲᠤᠭ᠂ ᠣᠶ ᠰᠢᠭᠤᠶ᠂ ᠭᠠᠯᠲᠤ ᠠᠭᠤᠯᠠ᠂ ᠬᠠᠯᠠᠭᠤᠨ | ᠷᠠᠰᠢᠶᠠᠨ᠂ ᠭᠤᠤᠯ ᠮᠥᠷᠡᠨ᠂ ᠨᠤᠭᠤ ᠭᠠᠵᠠᠷ᠂ ᠨᠠᠭᠤᠷ ᠴᠥᠭᠦᠷᠥᠮ᠂ ᠮᠥᠰᠥ ᠴᠠᠰᠤ᠂ ᠠᠷᠠᠳ ᠤᠨ ᠵᠠᠩ ᠦᠢᠯᠡ᠂ | ᠪᠣᠭᠤᠮᠲᠠ ᠵᠡᠷᠭᠡ ᠣᠯᠠᠨ ᠵᠦᠢᠯ ᠤᠨ ᠰᠣᠶᠣᠯ ᠵᠢᠭᠤᠯᠴᠢᠯᠠᠯ ᠤᠨ ᠦᠵᠡᠮᠦᠷᠢ ᠲᠠᠢ ᠶᠤᠮ᠃ ᠡᠨᠡᠭᠦ ᠵᠢᠭᠤᠯᠴᠢᠯᠠᠯ ᠤᠨ | ᠱᠤᠭᠤᠮ ᠪᠣᠯ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠡᠬᠢ ᠪᠠᠶᠠᠯᠢᠭ ᠤᠨ ᠴᠢᠨᠠᠷ ᠲᠠᠰ ᠢᠶᠠᠷ | ᠬᠠᠮᠤᠭ ᠤᠨ ᠥᠨᠳᠥᠷ᠂ ᠰᠠᠭᠤᠷᠢ ᠨᠥᠬᠦᠴᠡᠯ ᠢᠶᠠᠷ ᠬᠠᠮᠤᠭ ᠤᠨ ᠰᠠᠶᠢᠨ᠂ ᠵᠠᠬ᠎ᠠ ᠳᠡᠯᠭᠡᠭᠦᠷ ᠤᠨ ᠳᠠᠯᠳᠠ | ᠬᠦᠴᠦᠨ ᠢᠶᠠᠷ ᠬᠠᠮᠤᠭ ᠤᠨ ᠶᠡᠭᠡ ᠲᠠᠯ᠎ᠠ ᠨᠤᠲᠤᠭ ᠤᠨ ᠰᠣᠶᠣᠯ ᠪᠣᠯᠤᠨ ᠰᠡᠯᠡᠭᠦᠴᠡᠯ ᠠᠮᠠᠷᠠᠯᠲᠠ ᠶᠢᠨ | ᠵᠢᠭᠤᠯᠴᠢᠯᠠᠯ ᠤᠨ ᠬᠦᠭᠵᠢᠭᠡᠨᠲᠡᠢ ᠱᠤᠭᠤᠮ ᠪᠤᠯᠬᠤ ᠪᠦᠭᠡᠳ ᠪᠠᠰᠠ ᠴᠦ ᠥᠪᠡᠰᠦᠪᠠᠨ ᠮᠠᠰᠢᠨ ᠵᠢᠯᠣᠭᠤᠳᠴᠤ | ᠵᠢᠭᠤᠯᠴᠢᠯᠠᠬᠤ ᠬᠠᠮᠤᠬ ᠤᠨ ᠰᠠᠶᠢᠨ ᠱᠤᠭᠤᠮ ᠪᠣᠯᠤᠨ᠎ᠠ᠃ | ᠰᠢᠯᠤᠭᠤᠨ ᠬᠥᠬᠡ ᠬᠤᠰᠢᠭᠤ — ᠰᠢᠯᠢᠩᠬᠤᠲᠠ — ᠬᠡᠰᠢᠭᠲᠡᠨ ᠬᠤᠰᠢᠭᠤ — ᠪᠠᠭᠠᠷᠢᠨ ᠪᠠᠷᠠᠭᠤᠨ | ᠬᠤᠰᠢᠭᠤ — ᠤᠯᠠᠭᠠᠨᠬᠠᠳᠠ — ᠬᠠᠷᠠᠴᠢᠨ ᠬᠤᠰᠢᠭᠤᠨ ᠤ ᠲᠠᠯ᠎ᠠ ᠨᠤᠲᠤᠭ ᠤᠨ ᠵᠠᠩ ᠦᠢᠯᠡ ᠶᠢᠨ | ᠵᠢᠭᠤᠯᠴᠢᠯᠠᠯ ᠤᠨ ᠱᠤᠭᠤᠮ᠃ ᠡᠨᠡᠭᠦ ᠵᠢᠭᠤᠯᠴᠢᠯᠠᠯ ᠤᠨ ᠱᠤᠭᠤᠮ ᠨᠢ ᠰᠢᠯᠢ ᠶᠢᠨ ᠭᠤᠣᠯ ᠠᠶᠢᠮᠠᠭ ᠪᠠ ᠤᠯᠠᠭᠠᠨᠬᠠᠳᠠ | ᠬᠤᠲᠠ ᠶᠢ ᠰᠤᠨᠳᠠᠯᠠᠵᠤ᠂ ᠰᠢᠯᠢ ᠶᠢᠨ ᠭᠤᠣᠯ ᠤᠨ ᠲᠠᠯ᠎ᠠ ᠨᠤᠲᠤᠭ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ | ᠭᠠᠵᠠᠷ᠂ ᠬᠤᠷᠴᠢᠨ ᠤ ᠡᠯᠡᠰᠦᠷᠬᠡᠭ ᠭᠠᠵᠠᠷ᠂ ᠶᠡᠭᠡ ᠬᠢᠩᠭᠠᠨ ᠳᠠᠪᠠᠭ᠎ᠠ ᠶᠢᠨ ᠡᠮᠦᠨᠡᠲᠦ ᠬᠡᠰᠡᠭ ᠵᠡᠷᠭᠡ ᠶᠢ ᠲᠤᠭᠤᠯᠵᠤ᠂ | ᠥᠷᠭᠡᠨ ᠠᠭᠤᠳᠠᠮ ᠲᠠᠯ᠎ᠠ ᠨᠤᠲᠤᠭ᠂ ᠦᠪᠴᠢ ᠪᠦᠷᠭᠦᠭᠰᠡᠨ ᠤᠢ ᠰᠢᠭᠤᠢ᠂ ᠨᠡᠯᠦᠭᠡᠷ ᠶᠡᠭᠡ ᠡᠯᠡᠰᠦᠨ ᠴᠦᠯ᠂ | ᠭᠤᠣᠯ ᠮᠥᠷᠡᠨ ᠨᠠᠭᠤᠷ ᠴᠥᠭᠦᠷᠥᠮ᠂ ᠭᠠᠵᠠᠷ ᠰᠢᠨᠵᠢᠯᠡᠭᠡᠨ ᠤ ᠭᠠᠶᠢᠬᠠᠮᠰᠢᠭᠲᠤ ᠦᠵᠡᠮᠵᠢ ᠪᠠ ᠭᠠᠵᠠᠷ ᠤᠨ | ᠢᠯᠴᠢ ᠶᠢᠨ ᠬᠠᠯᠠᠭᠤᠨ ᠷᠠᠰᠢᠶᠠᠨ ᠵᠡᠷᠭᠡ ᠠᠯᠢ ᠤᠯᠠᠨ ᠵᠢᠭᠤᠯᠴᠢᠯᠠᠯ ᠤᠨ ᠡᠬᠢ ᠪᠠᠶᠠᠯᠢᠭ ᠲᠠᠢ ᠶᠤᠮ᠃ ᠲᠤᠰ | ᠣᠷᠣᠨ ᠨᠢ ᠪᠡᠭᠡᠵᠢᠩ᠂ ᠴᠧᠩᠳᠧ᠂ ᠮᠦᠭᠲᠡᠨ᠂ ᠴᠢᠭᠤᠯᠤᠯᠲᠤ ᠬᠠᠭᠠᠯᠭ᠎ᠠ ᠵᠡᠷᠭᠡ ᠴᠢᠬᠤᠯᠠ ᠵᠢᠭᠤᠯᠴᠢᠯᠠᠯ ᠤᠨ ᠬᠤᠳᠠ | ᠨᠤᠭᠤᠳ ᠲᠠᠢ ᠬᠥᠷᠰᠢᠯᠡᠵᠦ᠂ ᠵᠠᠮ ᠬᠠᠷᠢᠯᠴᠠᠭ᠎ᠠ ᠳᠥᠭᠦᠮ ᠳᠥᠲᠡ᠂ ᠣᠷᠣᠨ ᠪᠠᠶᠢᠷᠢ ᠶᠢᠨ ᠨᠦᠭᠦᠴᠡᠯ ᠳᠠᠪᠠᠭᠤᠯᠢᠭ | ᠪᠠᠶᠢᠳᠠᠬ ᠲᠤᠯᠠ ᠪᠡᠭᠡᠵᠢᠩ ᠲᠢᠶᠠᠨᠵᠢᠨ ᠾᠧᠪᠧᠶ ᠶᠢ ᠲᠣᠭᠤᠷᠢᠭᠰᠠᠨ ᠲᠠᠯ᠎ᠠ ᠨᠤᠲᠤᠭ ᠤᠨ ᠰᠣᠶᠣᠯ ᠪᠣᠯᠤᠨ ᠠᠮᠢ | ᠠᠬᠤᠶ ᠶᠢᠨ ᠰᠡᠯᠡᠭᠦᠴᠡᠯ ᠵᠢᠭᠤᠯᠴᠢᠯᠠᠯ ᠤᠨ ᠣᠷᠣᠨ ᠪᠦᠰᠡ ᠪᠤᠯᠤᠬᠰᠠᠨ ᠪᠥᠭᠡᠳ ᠪᠠᠰᠠ ᠴᠤ ᠤᠯᠤᠰ ᠤᠨ | ᠳᠣᠲᠣᠭᠠᠳᠤ ᠶᠢᠨ ᠣᠷᠣᠨ ᠪᠦᠰᠡ ᠠᠯᠤᠰᠯᠠᠭᠰᠠᠨ ᠥᠪᠡᠰᠦᠪᠠᠨ ᠮᠠᠰᠢᠨ ᠵᠢᠯᠣᠭᠤᠳᠴᠤ ᠵᠢᠭᠤᠯᠴᠢᠯᠠᠬᠤ ᠬᠠᠮᠤᠭ ᠤᠨ | ᠰᠠᠶᠢᠨ ᠱᠤᠭᠤᠮ ᠪᠤᠯᠵᠠᠢ᠃ | ᠤᠯᠠᠭᠠᠨᠴᠠᠪ — ᠬᠥᠬᠡᠬᠤᠲᠠ — ᠪᠤᠭᠤᠲᠤ — ᠣᠷᠳᠣᠰ ᠤᠨ ᠬᠠᠲᠤᠨ ᠭᠤᠤᠯ ᠤᠨ ᠲᠤᠬᠤᠢ ᠶᠢᠨ | ᠵᠠᠩ ᠠᠭᠠᠯᠢ ᠶᠢᠨ ᠰᠣᠶᠣᠯ ᠤᠨ ᠵᠢᠭᠤᠯᠴᠢᠯᠠᠯ ᠤᠨ ᠱᠤᠭᠤᠮ᠃ ᠡᠨᠡᠭᠦ ᠱᠤᠭᠤᠮ ᠤᠨ ᠬᠠᠮᠤᠷᠤᠭᠰᠠᠨ ᠣᠷᠣᠨ | ᠪᠦᠰᠡ ᠳᠤ ᠬᠥᠬᠡᠬᠤᠲᠠ᠂ ᠪᠤᠭᠤᠲᠤ ᠬᠤᠲᠠ᠂ ᠤᠯᠠᠭᠠᠨᠴᠠᠪ ᠬᠤᠲᠠ᠂ ᠣᠷᠳᠣᠰ ᠬᠤᠲᠠ ᠪᠠᠭᠲᠠᠨ᠎ᠠ᠃ ᠡᠨᠡᠭᠦ | ᠣᠷᠣᠨ ᠪᠦᠰᠡ ᠶᠢᠨ ᠵᠢᠭᠤᠯᠴᠢᠯᠠᠯ ᠤᠨ ᠡᠬᠢ ᠪᠠᠶᠠᠯᠢᠭ ᠤᠨ ᠲᠤᠭ᠎ᠠ ᠬᠡᠮᠵᠢᠶ᠎ᠡ ᠨᠢ ᠡᠯᠪᠡᠭ᠂ ᠲᠥᠷᠥᠯ ᠵᠦᠢᠯ ᠨᠢ | ᠣᠯᠠᠨ ᠶᠠᠩᠵᠤ ᠶᠢᠨ ᠪᠠᠶᠢᠵᠤ᠂ ᠲᠠᠯ᠎ᠠ ᠨᠤᠲᠤᠭ᠂ ᠡᠯᠡᠰᠦᠨ ᠴᠥᠯ᠂ ᠬᠠᠯᠠᠭᠤᠨ ᠷᠠᠰᠢᠶᠠᠨ᠂ ᠭᠤᠤᠯ ᠮᠥᠷᠡᠨ᠂ | ᠨᠠᠭᠤᠷ ᠴᠥᠭᠦᠷᠥᠮ᠂ ᠠᠷᠠᠳ ᠤᠨ ᠵᠠᠩ ᠵᠠᠩᠰᠢᠯ᠂ ᠡᠷᠲᠡᠨ ᠤ ᠪᠠᠭᠤᠷᠢ᠂ ᠣᠲᠣ ᠦᠶ᠎ᠡ ᠶᠢᠨ ᠠᠵᠤ ᠦᠢᠯᠡᠳᠪᠦᠷᠢ | ᠬᠥᠳᠡᠭᠡ ᠠᠵᠤ ᠠᠬᠤᠶ ᠶᠢᠨ ᠦᠵᠡᠮᠵᠢ᠂ ᠲᠠᠯ᠎ᠠ ᠨᠤᠲᠤᠭ ᠤᠨ ᠬᠤᠲᠠ ᠶᠢᠨ ᠦᠵᠡᠮᠵᠢ ᠵᠡᠷᠭᠡ 9 ᠲᠥᠷᠥᠯ ᠤᠨ | ᠵᠢᠭᠤᠯᠴᠢᠯᠠᠯ ᠤᠨ ᠡᠬᠢ ᠪᠠᠶᠠᠯᠢᠭ ᠪᠣᠶ᠃ ᠴᠢᠩᠭᠢᠰ ᠬᠠᠭᠠᠨ ᠤ ᠣᠩᠭᠤᠨ ᠤ ᠬᠦᠷᠢᠶᠡᠯᠡᠩ ︵5A ᠳᠡᠰ︶᠂ ᠪᠦᠷᠢᠶ᠎ᠠ | ᠮᠠᠩᠬ᠎ᠠ ︵5A ᠳᠡᠰ︶᠂ ᠡᠩᠭᠡᠪᠡᠢ᠂ ᠴᠢ ᠰᠢᠩ ᠬᠤ᠋ ᠨᠠᠭᠤᠷ᠂ ᠬᠢᠶ᠎ᠡ ᠪᠠᠭᠰᠢ᠂ ᠭᠡᠭᠡᠨᠳᠡᠯ᠎ᠠ᠂ ᠬᠦᠢᠲᠡᠨ ᠰᠢᠯᠢ ᠶᠢᠨ | ᠲᠠᠯ᠎ᠠ ᠨᠤᠲᠤᠭ᠂ ᠵᠤᠤ ᠵᠢᠶᠦ᠋ᠨ ᠮᠦᠽᠧᠶ᠂ ᠴᠡᠯᠡᠭᠡᠷ ᠲᠠᠯ᠎ᠠ᠂ ᠪᠠᠳᠺᠡᠷ ᠵᠤᠤ᠂ ᠵᠡᠭᠦᠨᠭᠠᠷ ᠤᠨ ᠬᠠᠳᠤᠨ ᠭᠤᠤᠯ ᠤᠨ | ᠶᠡᠭᠡ ᠬᠠᠪᠴᠢᠯ᠂ ᠬᠠᠳᠤᠨ ᠭᠤᠤᠯ ᠤᠨ ᠷᠠᠰᠢᠶᠠᠨ ᠪᠤᠯᠠᠬ ᠵᠢᠭᠤᠯᠴᠢᠯᠠᠯ ᠤᠨ ᠣᠷᠣᠨ ᠵᠡᠷᠭᠡ ᠮᠠᠰᠢ ᠣᠯᠠᠨ | ᠣᠨᠴᠠᠯᠢᠭᠲᠤ ᠵᠢᠭᠤᠯᠴᠢᠯᠠᠯ ᠤᠨ ᠦᠵᠡᠮᠵᠢᠲᠦ ᠣᠷᠣᠨ ᠲᠠᠢ ᠪᠦᠭᠡᠳ ᠤᠯᠤᠰ ᠤᠨ ᠳᠣᠲᠣᠭᠠᠳᠤ ᠭᠠᠳᠠᠭᠠᠳᠤ ᠶᠢᠨ | ᠵᠢᠭᠤᠯᠴᠢᠯᠠᠯ ᠤᠨ ᠵᠠᠬ᠎ᠠ ᠳᠡᠯᠭᠡᠭᠦᠷ ᠲᠤ ᠨᠡᠯᠢᠶᠡᠳ ᠥᠨᠳᠥᠷ ᠠᠯᠳᠠᠷᠰᠢᠯ ᠲᠠᠢ ᠶᠤᠮ᠃ | ᠦᠬᠠᠢ — ᠠᠯᠠᠱᠠ — ᠪᠠᠶᠠᠨᠨᠠᠭᠤᠷ ᠤᠨ ᠡᠯᠡᠰᠦᠨ ᠴᠦᠯ ᠤᠨ ᠵᠠᠩ ᠦᠢᠯᠡ ᠪᠠ ᠬᠠᠳᠤᠨ ᠭᠤᠣᠯ ᠤᠨ | ᠰᠣᠶᠣᠯ ᠤᠨ ᠵᠢᠭᠤᠯᠴᠢᠯᠠᠯ ᠤᠨ ᠱᠤᠭᠤᠮ᠃ ᠡᠨᠡᠭᠦ ᠵᠢᠭᠤᠯᠴᠢᠯᠠᠯ ᠤᠨ ᠱᠤᠭᠤᠮ ᠨᠢ ᠥᠪᠥᠷ ᠮᠣᠩᠭᠤᠯ ᠤᠨ | ᠣᠨᠴᠠᠯᠢᠭ ᠢᠶᠠᠷ ᠲᠤᠪᠤᠶᠢᠮ᠎ᠠ᠂ ᠴᠢᠨᠠᠷ ᠲᠡᠰ ᠤᠨ ᠳᠠᠪᠠᠭᠤᠯᠢᠭ ᠲᠠᠢ᠂ ᠦᠳᠭᠡᠨ ᠵᠤᠵᠠᠭᠠᠨ ᠰᠣᠶᠣᠯ ᠲᠠᠢ᠂ | ᠲᠤᠪᠤᠶᠢᠮ᠎ᠠ ᠳᠠᠪᠠᠭᠤᠯᠢᠭ ᠲᠠᠢ ᠵᠢᠭᠤᠯᠴᠢᠯᠠᠯ ᠤᠨ ᠡᠬᠢ ᠪᠠᠶᠠᠯᠢᠭ ᠲᠦᠪᠯᠡᠷᠡᠭᠰᠡᠨ ᠤᠷᠤᠨ ᠢ ᠰᠤᠠᠳᠠᠯᠠᠵᠠᠢ᠃ | ᠦᠬᠠᠢ ᠠᠴᠠ ᠮᠣᠷᠳᠠᠵᠤ᠂ ᠬᠠᠳᠤᠨ ᠭᠤᠣᠯ ᠢ ᠭᠡᠲᠦᠯᠵᠦ᠂ ᠠᠯᠠᠱᠠ ᠠᠭᠤᠯᠠ ᠶᠢ ᠲᠤᠭᠤᠯᠵᠤ ᠭᠠᠷᠤᠭᠠᠳ ᠠᠯᠠᠱᠠ | ᠵᠡᠭᠦᠨ ᠬᠤᠰᠢᠭᠤᠨ ᠳᠤ ᠣᠷᠣᠪᠠᠯ ᠬᠤᠯᠠᠳᠠᠬᠢᠨ ᠢ ᠲᠤᠬᠳᠠᠭᠠᠬᠴᠢ ᠬᠤᠸᠠᠷᠠᠨ᠂ ᠠᠯᠠᠱᠠ ᠠᠭᠤᠯᠠ ᠶᠢᠨ ᠪᠠᠷᠠᠭᠤᠨ | ᠬᠡᠶᠢᠳ ᠪᠠ ᠵᠡᠭᠦᠨ ᠬᠡᠶᠢᠳ ᠢᠶᠠᠷ ᠲᠤᠭᠤᠷᠢᠵᠤ᠂ G7 ᠲᠦᠷᠭᠡᠨ ᠤ ᠵᠠᠮ ᠢᠶᠠᠷ ᠳᠠᠮᠵᠢᠨ ᠭᠤᠪᠢ ᠨᠤᠳᠤᠬ ᠢ | ᠲᠤᠭᠤᠯᠤᠨ ᠡᠵᠡᠨ᠎ᠡ ᠬᠤᠰᠢᠭᠤᠨ ᠳᠤ ᠬᠦᠷᠴᠦ᠂ ᠲᠣᠤᠷᠠᠶ ᠶᠢᠨ ᠣᠶ ᠶᠢᠨ ᠦᠵᠡᠮᠵᠢᠲᠦ ᠣᠷᠣᠨ᠂ ᠰᠤᠪᠨᠠᠭᠤᠷ᠂ | ᠴᠡᠭᠡ ᠪᠣᠭᠤᠮᠲᠠ᠂ ᠳ᠋ᠦᠩ ᠹᠧᠩ ᠰᠠᠨᠰᠠᠷ ᠤᠨ ᠬᠤᠲᠠ ᠵᠡᠷᠭᠡ ᠣᠯᠠᠨ ᠨᠡᠷᠡᠲᠦ ᠦᠵᠡᠮᠵᠢᠲᠦ ᠣᠷᠣᠨ ᠢ ᠲᠣᠭᠤᠷᠢᠨ | ᠦᠵᠡᠵᠦ ᠪᠤᠯᠤᠨ᠎ᠠ᠃ ᠡᠨᠡᠭᠦ ᠵᠢᠭᠤᠯᠴᠢᠯᠠᠯ ᠤᠨ ᠱᠤᠭᠤᠮ ᠪᠣᠯ ᠤᠯᠤᠰ ᠤᠨ ᠳᠣᠲᠣᠭᠠᠳᠤ ᠶᠢᠨ ᠥᠪᠡᠰᠦᠪᠠᠨ ᠮᠠᠰᠢᠨ | ᠵᠢᠯᠤᠭᠤᠳᠴᠤ ᠵᠢᠭᠤᠯᠴᠢᠯᠠᠬᠤ ᠰᠢᠵᠢᠷ ᠠᠯᠲᠠᠨ ᠱᠤᠭᠤᠮ ᠪᠣᠯᠤᠨ᠎ᠠ᠃ |