ᠲᠦᠩᠯᠢᠶᠣᠤ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠠᠪᠴᠠᠩ ᠤᠨ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠴᠢᠳᠠᠮᠵᠢ ᠵᠢᠩᠬᠢᠨᠢ ᠪᠠᠷ ᠰᠦᠯᠵᠢᠶᠡᠨ ᠳᠤ ᠭᠠᠷᠪᠠ
ᠨᠡᠶᠢᠲᠡᠯᠡᠭᠰᠡᠨ ᠴᠠᠭ᠄
2020/7/10
     ᠣᠶᠢᠷ᠎ᠠ ᠳᠤ᠂ ᠲᠦᠩᠯᠢᠶᠣᠤ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠠᠪᠴᠠᠩ ᠨᠢ ᠢᠲᠡᠭᠡᠮᠵᠢ ᠠᠯᠳᠠᠭᠰᠠᠳ ᠤᠨ ᠠᠷᠠᠯᠵᠢᠶᠠᠯᠠᠬᠤ ᠳᠤ ᠣᠷᠣᠯᠴᠠᠬᠤ ᠶᠢ ᠨᠢ ᠵᠠᠯᠬᠠᠭᠠᠨ ᠴᠡᠭᠡᠷᠯᠡᠭᠦᠯᠬᠦ ᠴᠢᠳᠠᠮᠵᠢ ᠶᠢ ᠵᠢᠩᠬᠢᠨᠢ ᠪᠠᠷ ᠰᠦᠯᠵᠢᠶᠡᠨ ᠳᠤ ᠬᠤᠯᠪᠣᠪᠠ᠃      ᠲᠣᠰ ᠴᠢᠳᠠᠮᠵᠢ ᠨᠢ ᠲᠦᠩᠯᠢᠶᠣᠤ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠢᠲᠡᠭᠡᠮᠵᠢ ᠶᠢᠨ ᠲᠠᠪᠴᠠᠩ ᠯᠤᠭ᠎ᠠ ᠢᠲᠡᠭᠡᠮᠵᠢ ᠶᠢᠨ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠨ ᠬᠠᠮᠲᠤ ᠪᠠᠷ ᠬᠦᠷᠲᠡᠬᠦ ᠪᠠᠷ ᠰᠠᠭᠤᠷᠢᠯᠠᠨ ᠂ ᠢᠲᠡᠭᠡᠮᠵᠢ ᠶᠢᠨ ᠲᠠᠪᠴᠠᠩ ᠠᠴᠠ ᠬᠠᠷ᠎ᠠ ᠳᠠᠩᠰᠠ ᠶᠢᠨ ᠲᠤᠭ᠎ᠠ ᠪᠠᠷᠢᠮᠲᠠ ᠶᠢ ᠣᠯᠬᠤ ᠶᠢᠨ ᠬᠠᠮᠲᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠰᠢᠰᠲ᠋ᠧᠮ ᠤᠨ ᠬᠡᠷᠡᠭᠯᠡᠭᠴᠢ ᠲᠠᠢ ᠬᠤᠯᠪᠣᠬᠤ ᠪᠠᠷ ᠳᠠᠮᠵᠢᠭᠤᠯᠤᠨ ᠢᠲᠡᠭᠡᠮᠵᠢ ᠠᠯᠳᠠᠭᠰᠠᠨ ᠠᠵᠤ ᠠᠬᠤᠶᠢᠯᠠᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠦᠷᠦᠯ ᠵᠦᠢᠯ ᠳᠤ ᠣᠷᠣᠯᠴᠠᠬᠤ ᠦᠶ᠎ᠡ ᠲᠡᠭᠦᠨ ᠳᠤ ︽ᠢᠲᠡᠭᠡᠮᠵᠢ ᠪᠠᠨ ᠠᠯᠳᠠᠭᠰᠠᠨ ᠭᠦᠢᠴᠡᠳᠬᠡᠭᠳᠡᠭᠴᠢ ᠪᠠᠷ ᠵᠢᠭᠰᠠᠭᠠᠭᠳᠠᠭᠰᠠᠨ ᠲᠤᠯᠠ ᠠᠷᠠᠯᠵᠢᠶᠠᠨ ᠳᠤ ᠣᠷᠣᠯᠴᠠᠬᠤ ᠶᠢ ᠨᠢ ᠬᠢᠵᠠᠭᠠᠷᠯᠠᠨ᠎ᠠ︾ ᠬᠡᠮᠡᠨ ᠰᠠᠨᠠᠭᠠᠴᠢᠯᠠᠭ᠎ᠠ ᠠᠴᠠ ᠪᠠᠨ ᠰᠠᠨᠠᠭᠤᠯᠵᠤ ᠥᠭᠭᠦᠨ᠎ᠡ᠃ ᠳᠠᠭᠠᠭᠠᠴᠢᠯᠠᠯᠲᠠ ᠵᠠᠷᠯᠠᠬᠤ᠂ ᠳᠠᠭᠠᠭᠠᠴᠢᠯᠠᠯᠲᠠ ᠰᠢᠯᠭᠠᠷᠠᠭᠤᠯᠵᠤ ᠲᠣᠭᠲᠠᠭᠠᠬᠤ ᠭᠤᠭᠴᠤᠭ᠎ᠠ ᠳᠤ᠂ ᠥᠮᠴᠢᠲᠡᠨ ᠤ ᠨᠢᠭᠡᠴᠢ ᠶᠢᠨ ᠲᠥᠯᠥᠭᠡᠯᠡᠭᠴᠢ ᠪᠤᠶᠤ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠠᠵᠤ ᠠᠬᠤᠶᠢᠯᠠᠯ ᠤᠨ ᠢᠲᠡᠭᠡᠮᠵᠢ ᠶᠢᠨ ᠪᠠᠶᠢᠳᠠᠯ ᠢ ᠰᠢᠰᠲ᠋ᠧᠮ ᠲᠠᠢ ᠤᠶᠠᠯᠳᠤᠭᠤᠯᠤᠨ ᠬᠠᠤᠯᠢ ᠲᠣᠭᠲᠠᠭᠠᠯ ᠶᠣᠰᠣᠭᠠᠷ ᠢᠲᠡᠭᠡᠯ ᠠᠯᠳᠠᠭᠰᠠᠨ ᠠᠵᠤ ᠠᠬᠤᠶᠢᠯᠠᠯ ᠳᠤ ᠬᠢᠵᠠᠭᠠᠷᠯᠠᠯ ᠲᠣᠭᠲᠠᠭᠠᠵᠤ᠂ ᠣᠷᠣᠯᠴᠠᠬᠤ ᠬᠢᠷᠢ ᠬᠡᠮ ᠢ ᠨᠢ ᠬᠦᠴᠦᠨ ᠥᠬᠡᠶ ᠪᠣᠯᠭᠠᠨ᠎ᠠ᠃      ᠢᠲᠡᠭᠡᠮᠵᠢ ᠠᠯᠳᠠᠭᠰᠠᠨ ᠠᠵᠤ ᠠᠬᠤᠶᠢᠯᠠᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠳᠠᠬᠢ ᠠᠵᠢᠯᠯᠠᠭ᠎ᠠ ᠳᠤ ᠬᠢᠵᠠᠭᠠᠷᠯᠠᠯ ᠲᠣᠭᠲᠠᠭᠠᠵᠤ᠂ ᠠᠵᠤ ᠠᠬᠤᠶᠢᠯᠠᠯ ᠤᠨ ᠢᠲᠡᠭᠡᠯ ᠠᠯᠳᠠᠭᠰᠠᠨ ᠥᠪᠡᠷ ᠤᠨ ᠥᠷᠲᠡᠭ ᠢ ᠳᠡᠭᠡᠭᠰᠢᠯᠡᠭᠦᠯᠵᠦ᠂ ᠲᠦᠩᠯᠢᠶᠣᠤ ᠬᠤᠲᠠ ᠶᠢᠨ ᠥᠷᠨᠢᠭᠦᠯᠦᠭᠰᠡᠨ ᠠᠵᠤ ᠠᠬᠤᠶᠢᠯᠠᠯ ᠤᠨ ᠢᠲᠡᠭᠡᠯ ᠠᠯᠳᠠᠭᠰᠠᠨ ᠠᠵᠢᠯᠯᠠᠭ᠎ᠠ ᠶᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠠᠵᠢᠯ ᠢ ᠢᠳᠡᠪᠬᠢᠲᠡᠢ ᠴᠤᠤᠷᠢᠶᠠᠲᠤᠨ ᠳᠠᠭᠠᠵᠤ᠂ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠣᠷᠴᠢᠨ ᠲᠣᠭᠤᠷᠢᠨ ᠢ ᠴᠡᠪᠡᠷᠰᠢᠭᠦᠯᠵᠦ᠂ ᠡᠷᠬᠡ ᠲᠡᠭᠰᠢ ᠠᠷᠠᠯᠵᠢᠶᠠᠨ ᠤ ᠡᠮᠬᠢ ᠳᠢᠭᠯᠢᠮ ᠢ ᠬᠠᠮᠠᠭᠠᠯᠠᠬᠤ ᠳᠤ ᠠᠰᠢᠭᠲᠠᠶ ᠪᠣᠯᠭᠠᠵᠠᠢ᠃      ᠳᠠᠷᠠᠭᠠᠴᠢ ᠪᠠᠷ ᠲᠦᠩᠯᠢᠶᠣᠤ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠥᠪ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠳᠤ ᠣᠷᠣᠯᠴᠠᠭᠰᠠᠳ ᠤᠨ ᠢᠲᠡᠭᠡᠮᠵᠢ ᠶᠢᠨ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠢᠲᠡᠭᠡᠯ ᠠᠯᠳᠠᠭᠰᠠᠳ ᠢ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠬᠦᠷᠢᠶᠡᠨ ᠳᠤ ᠭᠢᠰᠬᠢᠬᠦ ᠵᠠᠮ ᠦᠭᠡᠢ ᠪᠣᠯᠭᠠᠵᠤ᠂ ᠬᠤᠲᠠ ᠶᠢᠨ ︽ᠢᠲᠡᠭᠡᠮᠵᠢ ᠲᠠᠢ ᠪᠠᠶᠢᠭᠰᠠᠳ ᠢ ᠬᠠᠮᠲᠤᠷᠠᠨ ᠤᠷᠮᠠᠰᠢᠭᠤᠯᠵᠤ᠂ ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ︾ ᠲᠣᠭᠲᠠᠴᠠ ᠶᠢ ᠪᠠᠶᠢᠭᠤᠯᠬᠤ ᠳᠤ ᠪᠦᠬᠦ ᠬᠦᠴᠦᠨ ᠢᠶᠠᠷ ᠢᠶᠠᠨ ᠬᠠᠮᠵᠢᠯᠴᠠᠨ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠪᠠ ︽ᠦᠨᠡᠨᠴᠢ ᠢᠲᠡᠭᠡᠮᠵᠢᠲᠡᠶ ᠲᠦᠩᠯᠢᠶᠣᠤ︾᠎ ᠶᠢᠨ ᠪᠠᠶᠢᠭᠤᠯᠤᠯᠲᠠ ᠶᠢ ᠠᠬᠢᠭᠤᠯᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号