| | | 7 ᠳ᠋ᠤᠭᠠᠷ ᠰᠠᠷ᠎ᠠ ᠶᠢᠨ 10 ᠤ ᠡᠳᠦᠷ᠂ ᠠᠵᠢᠯᠲᠠᠳ ᠶᠠᠭ ᠲᠠᠪᠴᠠᠩ ᠤᠨ ᠢᠯᠡᠴᠢᠯᠡᠨ ᠮᠡᠳᠡᠭᠦᠯᠦᠯᠲᠡ ᠶᠢ | ᠭᠥᠯᠢᠶᠡᠨ ᠠᠪᠴᠤ ᠰᠢᠢᠳᠪᠦᠷᠢᠯᠡᠵᠦ ᠪᠠᠶᠢᠨ᠎ᠠ᠃ ᠲᠣᠰ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠠᠴᠠ ᠬᠠᠮᠲᠤᠷᠠᠨ ᠪᠠᠶᠢᠭᠤᠯᠤᠭᠰᠠᠨ ᠥᠪᠥᠷ ᠮᠣᠩᠭᠤᠯ ᠤᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠬᠠᠮᠠᠭᠠᠯᠠᠬᠤ ᠳᠤ ᠲᠤᠰᠠᠯᠠᠮᠵᠢ ᠦᠵᠡᠭᠦᠯᠬᠦ | ᠦᠢᠯᠡᠴᠢᠯᠡᠭᠡᠨ ᠤ ᠲᠠᠪᠴᠠᠩ ᠵᠢᠩᠬᠢᠨᠢ ᠪᠠᠷ ᠰᠦᠯᠵᠢᠶᠡᠨ ᠳᠤ ᠣᠷᠣᠵᠤ ᠠᠵᠢᠯᠯᠠᠪᠠ᠃ ᠣᠶᠢᠯᠠᠭᠠᠭᠰᠠᠨ ᠢᠶᠠᠷ᠂ ᠲᠣᠰ | ᠲᠠᠪᠴᠠᠩ ᠨᠢ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠪᠠᠨ ᠬᠠᠮᠠᠭᠠᠯᠠᠬᠤ ᠳᠤ ᠲᠤᠰᠠᠯᠠᠮᠵᠢ ᠦᠵᠡᠭᠦᠯᠬᠦ ᠡᠬᠢ ᠪᠠᠶᠠᠯᠢᠭ ᠢ ᠬᠤᠷᠠᠮᠳᠤᠭᠤᠯᠵᠤ᠂ ᠪᠥᠬᠦ | ᠣᠷᠣᠨ ᠤ ᠠᠵᠤ ᠠᠬᠤᠶᠢᠯᠠᠯ᠂ ᠬᠤᠪᠢ ᠬᠥᠮᠦᠨ ᠵᠡᠷᠭᠡ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡᠲᠦ | ᠬᠥᠮᠦᠨ ᠳᠤ ᠳᠥᠭᠦᠮ ᠳᠥᠲᠡ᠂ ᠥᠨᠳᠥᠷ ᠪᠦᠲᠦᠮᠵᠢᠲᠡᠶ ᠨᠢᠭᠡ ᠥᠷᠲᠡᠭᠡ ᠮᠠᠶ᠋ᠢᠭ ᠤᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠬᠠᠮᠠᠭᠠᠯᠠᠬᠤ ᠳᠤ ᠲᠤᠰᠠᠯᠠᠮᠵᠢ ᠦᠵᠡᠭᠦᠯᠬᠦ ᠦᠢᠯᠡᠴᠢᠯᠡᠭᠡ ᠬᠠᠩᠭᠠᠬᠤ | ᠪᠣᠯᠣᠨ᠎ᠠ᠃ |