2020 ᠣᠨ ᠳᠤ ᠬᠥᠬᠡᠬᠤᠲᠠ ᠶᠢᠨ ᠪᠠᠭ᠎ᠠ ᠰᠤᠷᠭᠠᠭᠤᠯᠢ ᠠᠴᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠠᠯᠪᠠᠨ ᠠᠴᠠ ᠡᠷᠭᠢᠯᠡᠭᠰᠡᠨ ᠰᠤᠷᠭᠠᠭᠤᠯᠢ ᠶᠢᠨ ᠺᠣᠮᠫᠢᠦ᠋ᠲ᠋ᠧᠷ ᠢᠶᠠᠷ ᠣᠷᠣᠨ ᠪᠠᠶᠢᠷᠢ ᠲᠣᠬᠢᠷᠠᠭᠤᠯᠬᠤ ᠵᠢᠴᠢ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠲᠠᠰᠢᠷᠠᠮ ᠢᠶᠠᠷ ᠰᠣᠷᠣᠭᠴᠢ ᠡᠯᠰᠡᠭᠰᠡᠨ ᠦᠷ᠎ᠡ ᠳ᠋ᠦᠩ ᠢ ᠨᠡᠶᠢᠲᠡᠯᠡᠪᠡ
ᠨᠡᠶᠢᠲᠡᠯᠡᠭᠰᠡᠨ ᠴᠠᠭ᠄
2020/7/13
     7 ᠳ᠋ᠤᠭᠠᠷ ᠰᠠᠷ᠎ᠠ ᠶᠢᠨ 11᠎ ᠤ ᠡᠳᠦᠷ ᠤᠨ ᠦᠳᠡ ᠡᠮᠦᠨᠡᠬᠢ 9 ᠴᠠᠭ ᠲᠤ᠂ 2020 ᠣᠨ ᠳᠤ ᠬᠥᠬᠡᠬᠤᠲᠠ ᠶᠢᠨ ᠳᠥᠷᠪᠡᠨ ᠲᠣᠭᠤᠷᠢᠭ ᠤᠨ ᠪᠠᠭ᠎ᠠ ᠰᠤᠷᠭᠠᠭᠤᠯᠢ ᠠᠴᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠠᠯᠪᠠᠨ ᠠᠴᠠ ᠡᠷᠭᠢᠯᠡᠭᠰᠡᠨ ᠰᠤᠷᠭᠠᠭᠤᠯᠢ ᠶᠢᠨ ᠺᠣᠮᠫᠢᠦ᠋ᠲ᠋ᠧᠷ ᠢᠶᠠᠷ ᠣᠷᠣᠨ ᠪᠠᠶᠢᠷᠢ ᠲᠣᠬᠢᠷᠠᠭᠤᠯᠬᠤ ᠪᠠ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠲᠠᠰᠢᠷᠠᠮ ᠢᠶᠠᠷ ᠰᠣᠷᠣᠭᠴᠢ ᠡᠯᠰᠡᠬᠦ ᠲᠤᠬᠠᠢ ᠶᠢᠨ ᠲᠠᠯᠠᠪᠠᠶ ᠶᠢᠨ ᠬᠤᠷᠠᠯ ᠬᠥᠬᠡᠬᠤᠲᠠ ᠶᠢᠨ ᠰᠣᠷᠣᠭᠴᠢ ᠡᠯᠰᠡᠬᠦ ᠰᠢᠯᠭᠠᠯᠲᠠ ᠶᠢᠨ ᠬᠠᠮᠢᠶᠠᠷᠤᠯᠲᠠ ᠶᠢᠨ ᠲᠥᠪ ᠲᠤ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠵᠡᠷᠭᠡ ᠨᠢᠭᠡᠴᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠠᠯᠪᠠᠨ ᠭᠡᠷᠡᠴᠢᠯᠡᠭᠡ ᠶᠢᠨ ᠭᠠᠵᠠᠷ ᠤᠨ ᠠᠵᠢᠯᠲᠠᠨ ᠵᠢᠴᠢ ᠬᠡᠰᠡᠭ ᠰᠤᠷᠤᠭᠴᠢᠳ ᠤᠨ ᠲᠥᠯᠥᠭᠡᠯᠡᠭᠴᠢ᠂ ᠬᠡᠷ ᠤᠨ ᠠᠬᠠᠮᠠᠳ ᠤᠨ ᠲᠥᠯᠥᠭᠡᠯᠡᠭᠴᠢ᠂ ᠪᠠᠭᠰᠢ ᠶᠢᠨ ᠲᠥᠯᠥᠭᠡᠯᠡᠭᠴᠢᠳ ᠲᠤᠬᠠᠶ ᠶᠢᠨ ᠲᠠᠯᠠᠪᠠᠶ ᠶᠢᠨ ᠬᠤᠷᠠᠯ ᠳᠤ ᠣᠷᠣᠯᠴᠠᠵᠠᠶ᠃      ᠡᠨᠡ ᠵᠢᠯ᠂ ᠬᠥᠬᠡᠬᠤᠲᠠ ᠪᠠᠭ᠎ᠠ ᠰᠤᠷᠭᠠᠭᠤᠯᠢ ᠠᠴᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠳᠤ ᠠᠯᠪᠠᠨ ᠠᠴᠠ ᠡᠷᠭᠢᠯᠡᠭᠰᠡᠨ ᠪᠠ ᠠᠷᠠᠳ ᠠᠴᠠ ᠡᠷᠭᠢᠯᠡᠭᠰᠡᠨ ᠰᠤᠷᠭᠠᠭᠤᠯᠢ ᠵᠡᠷᠭᠡ ᠪᠠᠷ ᠰᠣᠷᠣᠭᠴᠢ ᠡᠯᠰᠡᠬᠦ ᠳᠤ ︽ᠢᠯᠡ ᠪᠠᠷ ᠰᠣᠷᠣᠭᠴᠢ ᠡᠯᠰᠡᠬᠦ︾ ᠠᠷᠭ᠎ᠠ ᠶᠢ ᠠᠪᠴᠠᠢ᠃ ᠬᠤᠲᠠ ᠶᠢᠨ ᠲᠣᠭᠤᠷᠢᠭ ᠤᠨ ᠠᠯᠪᠠᠨ ᠠᠴᠠ ᠡᠷᠭᠢᠯᠡᠭᠰᠡᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠨᠢ ᠺᠣᠮᠫᠢᠦ᠋ᠲ᠋ᠧᠷ ᠢᠶᠠᠷ ᠣᠷᠣᠨ ᠪᠠᠶᠢᠷᠢ ᠲᠣᠬᠢᠷᠠᠭᠤᠯᠬᠤ ᠪᠤᠶᠤ ᠪᠠᠭ᠎ᠠ ᠰᠤᠷᠭᠠᠭᠤᠯᠢ ᠶᠢᠨ ᠰᠢᠰᠲ᠋ᠧᠮ ᠢᠶᠠᠷ ᠢᠶᠠᠨ ᠰᠢᠭᠤᠳ ᠳᠡᠪᠰᠢᠬᠦ ᠠᠷᠭ᠎ᠠ ᠪᠠᠷ ᠶᠠᠪᠤᠭᠳᠠᠭᠤᠯᠵᠠᠢ︔ ᠠᠷᠠᠳ ᠠᠴᠠ ᠡᠷᠬᠢᠯᠡᠭᠰᠡᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠨᠢ ᠰᠤᠷᠤᠭᠴᠢ ᠡᠯᠰᠡᠬᠦ ᠳᠤ ᠪᠠᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠂ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ᠂ ᠰᠦᠯᠵᠢᠶᠡᠨ ᠳᠡᠭᠡᠷ᠎ᠡ ᠡᠯᠰᠡᠬᠦ ᠠᠷᠭ᠎ᠠ ᠪᠠᠷ ᠶᠠᠪᠤᠭᠳᠠᠭᠤᠯᠵᠤ᠂ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠨᠢ ᠲᠤᠬᠠᠶ ᠶᠢᠨ ᠵᠢᠯ ᠤᠨ ᠰᠣᠷᠣᠭᠴᠢ ᠡᠯᠰᠡᠬᠦ ᠲᠥᠯᠥᠪᠯᠡᠭᠡ ᠠᠴᠠ ᠬᠡᠲᠦᠷᠡᠭᠰᠡᠨ ᠰᠤᠷᠭᠠᠭᠤᠯᠢ ᠪᠣᠯ ᠺᠣᠮᠫᠢᠦ᠋ᠲ᠋ᠧᠷ ᠢᠶᠠᠷ ᠲᠠᠰᠢᠷᠠᠮ ᠢᠶᠠᠷ ᠡᠯᠰᠡᠬᠦ ᠶᠢ ᠬᠡᠷᠡᠭᠵᠢᠭᠦᠯᠵᠦ᠂ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠨᠢ ᠰᠤᠷᠭᠠᠭᠤᠯᠢ ᠶᠢᠨ ᠲᠣᠰ ᠵᠢᠯ ᠤᠨ ᠰᠣᠷᠣᠭᠴᠢ ᠡᠯᠰᠡᠬᠦ ᠲᠥᠯᠥᠪᠯᠡᠭᠡ ᠠᠴᠠ ᠬᠡᠲᠦᠷᠡᠭᠰᠡᠨ ᠥᠬᠡᠶ ᠪᠣᠯ ᠰᠢᠭᠤᠳ ᠡᠯᠰᠡᠵᠡᠢ᠃      ᠺᠣᠮᠫᠢᠦ᠋ᠲ᠋ᠧᠷ ᠢᠶᠠᠷ ᠳᠠᠮᠵᠢᠨ ᠣᠷᠣᠨ ᠪᠠᠶᠢᠷᠢ ᠲᠣᠬᠢᠷᠠᠭᠤᠯᠤᠭᠰᠠᠨ ᠤ ᠳᠠᠷᠠᠭ᠎ᠠ᠂ ᠠᠯᠪᠠᠨ ᠠᠴᠠ ᠡᠷᠬᠢᠯᠡᠭᠰᠡᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠨᠢᠭᠡᠳᠦᠭᠡᠷ ᠡᠷᠡᠮᠡᠯᠵᠡᠯ ᠤᠨ ᠰᠤᠷᠤᠭᠴᠢ 8437 ᠬᠦᠮᠦᠨ᠂ ᠬᠤᠶᠠᠳᠤᠭᠠᠷ ᠡᠷᠡᠮᠡᠯᠵᠡᠯ ᠤᠨ ᠰᠤᠷᠤᠭᠴᠢ 1399 ᠬᠦᠮᠦᠨ᠂ ᠭᠤᠷᠪᠠᠳᠤᠭᠠᠷ ᠡᠷᠡᠮᠡᠯᠵᠡᠯ ᠤᠨ ᠰᠤᠷᠤᠭᠴᠢ 361 ᠬᠦᠮᠦᠨ᠂ ᠳᠥᠷᠪᠡᠳᠦᠭᠡᠷ ᠡᠷᠡᠮᠡᠯᠵᠡᠯ ᠤᠨ ᠰᠤᠷᠤᠭᠴᠢ 408 ᠬᠥᠮᠦᠨ ᠲᠣᠮᠢᠯᠠᠨ᠂ ᠲᠠᠪᠤᠳᠤᠭᠠᠷ ᠡᠷᠡᠮᠡᠯᠵᠡᠯ ᠤᠨ ᠰᠤᠷᠤᠭᠴᠢ 74 ᠬᠥᠮᠦᠨ ᠲᠣᠬᠢᠷᠠᠭᠤᠯᠵᠤ᠂ ᠵᠢᠷᠭᠤᠳᠤᠭᠠᠷ᠂ ᠳᠣᠯᠣᠳᠤᠭᠠᠷ᠂ ᠨᠠᠢᠮᠠᠳᠤᠭᠠᠷ ᠡᠷᠡᠮᠡᠯᠵᠡᠯ ᠤᠨ ᠰᠤᠷᠤᠭᠴᠢ ᠥᠯᠥ ᠲᠣᠬᠢᠷᠠᠭᠤᠯᠪᠠ︔ ᠠᠷᠠᠳ ᠠᠴᠠ ᠡᠷᠬᠢᠯᠡᠭᠰᠡᠨ 12 ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠨᠡᠶᠢᠲᠡ 5964 ᠰᠤᠷᠤᠭᠴᠢ ᠶᠢ ᠺᠣᠮᠫᠢᠦ᠋ᠲ᠋ᠧᠷ ᠢᠶᠠᠷ ᠳᠠᠮᠵᠢᠨ ᠲᠠᠰᠢᠷᠠᠮ ᠢᠶᠠᠷ ᠡᠯᠰᠡᠨ ᠠᠪᠴᠠᠢ᠃ ᠪᠤᠰᠤᠳ ᠠᠷᠠᠳ ᠠᠴᠠ ᠡᠷᠭᠢᠯᠡᠭᠰᠡᠨ 15 ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠨᠢ ᠰᠣᠷᠣᠭᠴᠢ ᠡᠯᠰᠡᠬᠦ ᠲᠥᠯᠥᠪᠯᠡᠭᠡ ᠠᠴᠠ ᠬᠡᠲᠦᠷᠡᠭᠰᠡᠨ ᠥᠬᠡᠶ ᠪᠣᠯ ᠡᠷᠡᠮᠡᠯᠵᠡᠯ ᠲᠠᠭᠯᠠᠭᠰᠠᠨ 816 ᠰᠣᠷᠣᠭᠴᠢ ᠶᠢ ᠰᠢᠭᠤᠳ ᠡᠯᠰᠡᠵᠡᠢ᠃      ᠺᠣᠮᠫᠢᠦ᠋ᠲ᠋ᠧᠷ ᠢᠶᠠᠷ ᠣᠷᠣᠨ ᠪᠠᠶᠢᠷᠢ ᠲᠣᠬᠢᠷᠠᠭᠤᠯᠤᠭᠰᠠᠨ ᠪᠠ ᠲᠠᠰᠢᠷᠠᠮ ᠢᠶᠠᠷ ᠡᠯᠰᠡᠭᠰᠡᠨ ᠰᠤᠷᠤᠭᠴᠢᠳ ᠤᠨ ᠨᠡᠷᠡᠰ ᠢ ᠬᠥᠬᠡᠬᠤᠲᠠ ᠶᠢᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠳᠡᠭᠡᠷ᠎ᠡ ᠨᠡᠶᠢᠲᠡᠯᠡᠪᠡ᠃ ᠡᠯᠰᠡᠭᠳᠡᠭᠰᠡᠨ ᠦᠭᠡᠢ ᠰᠤᠷᠤᠭᠴᠢ ᠵᠢᠴᠢ ᠬᠤᠶᠠᠳᠤᠭᠠᠷ ᠤᠳᠠᠭᠠᠨ ᠤ ᠨᠢᠭᠡᠳᠦᠯᠲᠡᠶ ᠲᠣᠬᠢᠷᠠᠭᠤᠯᠤᠯᠲᠠ ᠳᠤ ᠣᠷᠣᠯᠴᠠᠬᠤ ᠪᠠᠷ ᠪᠠᠶᠢᠭ᠎ᠠ ᠰᠤᠷᠤᠭᠴᠢ᠂ 7 ᠳ᠋ᠤᠭᠠᠷ ᠰᠠᠷ᠎ᠠ ᠶᠢᠨ 15᠎ ᠤ ᠡᠳᠦᠷ ᠤᠨ 8᠄ 00 — 7 ᠳ᠋ᠤᠭᠠᠷ ᠰᠠᠷ᠎ᠠ ᠶᠢᠨ 16᠎ ᠤ ᠡᠳᠦᠷ ᠤᠨ 18᠄ 00 ᠴᠠᠭ ᠲᠤ ᠬᠥᠬᠡᠬᠤᠲᠠ ᠶᠢᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠳᠤ ᠭᠠᠷᠴᠤ ᠨᠢᠭᠡᠳᠦᠯᠲᠡᠶ ᠲᠣᠬᠢᠷᠠᠭᠤᠯᠤᠯᠲᠠ ᠳᠤ ᠡᠷᠡᠮᠡᠯᠵᠡᠯ ᠲᠠᠭᠯᠠᠨ ᠮᠡᠳᠡᠭᠦᠯᠵᠤ ᠪᠣᠯᠤᠨ᠎ᠠ᠂ ᠬᠤᠶᠠᠳᠤᠭᠠᠷ ᠤᠳᠠᠭ᠎ᠠ ᠶᠢᠨ ᠨᠢᠭᠡᠳᠦᠯᠲᠡᠶ ᠲᠣᠬᠢᠷᠠᠭᠤᠯᠤᠯᠲᠠ ᠶᠢᠨ ᠣᠷᠣᠨ ᠪᠠᠶᠢᠷᠢ ᠶᠢᠨ ᠲᠣᠬᠢᠷᠠᠭᠤᠯᠤᠯᠲᠠ ᠶᠢ 7 ᠳ᠋ᠤᠭᠠᠷ ᠰᠠᠷ᠎ᠠ ᠶᠢᠨ 19᠎ ᠤ ᠡᠳᠦᠷ ᠤᠨ 9᠄ 00 ᠴᠠᠭ ᠲᠤ ᠶᠠᠪᠤᠭᠳᠠᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号