7 ᠳ᠋ᠤᠭᠠᠷ ᠰᠠᠷ᠎ᠠ ᠶᠢᠨ 11 ᠤ ᠡᠳᠦᠷ᠂ ᠰᠢᠯᠢ ᠶᠢᠨ ᠭᠤᠤᠯ ᠠᠶᠢᠮᠠᠭ ᠤᠨ ᠠᠩᠬᠠᠳᠠᠭᠴᠢ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ — ᠰᠢᠯᠢ ᠶᠢᠨ ᠭᠤᠤᠯ ᠠᠶᠢᠮᠠᠭ ᠤᠨ ᠰᠣᠶᠣᠯ | ᠵᠢᠭᠤᠯᠴᠢᠯᠠᠯ ᠤᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠠᠵᠤ ᠦᠢᠯᠡᠰ ᠤᠨ ᠬᠦᠷᠢᠶᠡᠯᠡᠩ | ᠨᠡᠭᠡᠭᠡᠯᠲᠡ ᠶᠢᠨ ᠶᠣᠰᠣᠯᠠᠯ ᠡᠷᠭᠢᠯᠡᠵᠦ᠂ ᠡᠵᠡᠩᠨᠡᠯᠲᠡ ᠶᠢᠨ ᠱᠠᠲᠤᠨ ᠳᠤ ᠣᠷᠣᠪᠠ᠃ | ᠲᠤᠰ ᠠᠵᠤ ᠦᠢᠯᠡᠰ ᠤᠨ ᠬᠦᠷᠢᠶᠡᠯᠡᠩ ᠪᠣᠯ ᠶᠤᠸᠠᠨ ᠤᠯᠤᠰ ᠤᠨ ᠰᠣᠶᠣᠯ ᠪᠣᠯᠤᠨ ᠲᠠᠯ᠎ᠠ ᠨᠤᠲᠤᠭ ᠤᠨ | ᠣᠨᠴᠠᠯᠢᠭᠲᠤ ᠵᠢᠭᠤᠯᠴᠢᠯᠠᠯ ᠤᠨ ᠨᠡᠷᠡᠳᠬᠦᠨ ᠢᠶᠠᠷ ᠭᠤᠤᠯ ᠪᠣᠯᠭᠠᠭᠰᠠᠨ ᠠᠵᠤ ᠦᠢᠯᠡᠰ ᠤᠨ ᠬᠦᠷᠢᠶᠡᠯᠡᠩ ᠪᠣᠯᠤᠨ᠎ᠠ᠃ | ᠬᠦᠷᠢᠶᠡᠯᠡᠩ ᠲᠣᠭᠤᠷᠢᠭ ᠤᠨ ᠡᠵᠡᠯᠡᠬᠦ ᠲᠠᠯᠠᠪᠠᠢ ᠨᠢ 2.5 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠵᠠᠬ᠎ᠠ | ᠳᠡᠯᠭᠡᠭᠦᠷᠴᠢᠯᠡᠭᠰᠡᠨ ᠡᠵᠡᠩᠨᠡᠯᠲᠡ ᠶᠢᠨ ᠵᠠᠭᠪᠤᠷ ᠢ ᠬᠡᠷᠡᠭᠯᠡᠵᠡᠢ᠂ ᠣᠲᠣ ᠣᠷᠣᠵᠤ ᠰᠠᠭᠤᠭᠰᠠᠨ ᠬᠤᠳᠠᠯᠳᠤᠭᠠᠴᠢᠨ | ᠡᠷᠦᠬᠡ 50 ᠶᠢ ᠳᠠᠪᠠᠵᠤ᠂ ᠣᠷᠣᠵᠤ ᠰᠠᠭᠤᠭᠰᠠᠨ ᠠᠵᠢᠯ ᠲᠥᠷᠥᠯ ᠨᠢ ᠠᠳᠤᠭᠤᠨ ᠰᠣᠶᠣᠯ᠂ ᠲᠠᠷᠢᠶᠠᠯᠠᠩ ᠮᠠᠯ | ᠠᠵᠤ ᠠᠬᠤᠶ ᠶᠢᠨ ᠣᠨᠴᠠ ᠭᠠᠷᠤᠯᠲᠠ᠂ ᠦᠨᠳᠦᠰᠦᠲᠡᠨ ᠤ ᠭᠠᠷ ᠤᠷᠠᠯᠠᠯ ᠵᠡᠷᠭᠡ ᠣᠯᠠᠨ ᠵᠦᠢᠯ ᠤᠨ ᠠᠵᠢᠯ | ᠲᠥᠷᠥᠯ ᠢ ᠬᠠᠮᠤᠷᠴᠤ ᠪᠠᠶᠢᠨ᠎ᠠ᠃ ᠡᠭᠦᠨ ᠤ ᠬᠠᠮᠲᠤ᠂ ᠲᠣᠰ ᠠᠵᠤ ᠦᠢᠯᠡᠰ ᠤᠨ ᠬᠦᠷᠢᠶᠡᠯᠡᠩ ᠪᠣᠯ ᠰᠢᠯᠢ ᠶᠢᠨ | ᠭᠤᠤᠯ ᠠᠶᠢᠮᠠᠭ ᠤᠨ ᠭᠠᠵᠠᠷ ᠣᠷᠣᠨ ᠤ ᠠᠵᠤ ᠦᠢᠯᠡᠰ ᠤᠨ ᠲᠠᠰ ᠳᠡᠪᠰᠢᠭᠦᠯᠬᠦ ᠪᠠ ᠠᠵᠤ ᠠᠬᠤᠶ ᠶᠢᠨ ᠬᠡᠯᠪᠡᠷᠢ ᠪᠠᠨ | ᠬᠤᠪᠢᠷᠠᠭᠤᠯᠬᠤ ᠶᠢ ᠪᠡᠶᠡᠯᠡᠭᠦᠯᠬᠦ᠂ ᠰᠣᠶᠣᠯ ᠵᠢᠭᠤᠯᠴᠢᠯᠠᠯ ᠤᠨ ᠰᠢᠨ᠎ᠡ ᠡᠭᠦᠳᠦᠯᠲᠡ ᠶᠢᠨ ᠠᠵᠤ ᠦᠢᠯᠡᠰ ᠢ | ᠬᠥᠭᠵᠢᠭᠦᠯᠦᠨ ᠪᠤᠵᠠᠭᠠᠶᠢᠷᠠᠭᠤᠯᠬᠤ᠂ ᠪᠥᠬᠦ ᠠᠶᠢᠮᠠᠭ ᠤᠨ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠶᠢ | ᠵᠣᠬᠢᠴᠠᠭᠤᠯᠤᠨ ᠬᠥᠭᠵᠢᠭᠦᠯᠬᠦ ᠶᠢ ᠠᠬᠢᠭᠤᠯᠬᠤ ᠴᠢᠬᠤᠯᠠ ᠬᠥᠳᠡᠯᠭᠡᠭᠦᠷ ᠮᠥᠨ᠂ ᠲᠡᠷᠡ ᠨᠢ ᠭᠠᠵᠠᠷ ᠣᠷᠣᠨ ᠤ | ᠲᠡᠮᠲᠡᠭᠲᠦ ᠴᠢᠨᠠᠷᠲᠠᠶ ᠬᠤᠲᠠ ᠶᠢᠨ ᠶᠡᠷᠦᠩᠬᠡᠶᠢᠯᠡᠭᠰᠡᠨ ᠴᠣᠭᠴᠠ ᠶᠢ ᠪᠣᠶ ᠪᠣᠯᠭᠠᠬᠤ᠂ ᠰᠣᠶᠣᠯ ᠤᠨ ᠵᠢᠭᠤᠯᠴᠢᠯᠠᠯ ᠤᠨ | ᠠᠵᠤ ᠦᠢᠯᠡᠰ ᠢ ᠴᠢᠯᠦᠭᠡᠲᠡᠢ ᠬᠥᠭᠵᠢᠭᠦᠯᠬᠦ ᠶᠢ ᠲᠦᠯᠬᠢᠨ ᠠᠬᠢᠭᠤᠯᠬᠤ ᠵᠡᠷᠭᠡ ᠳᠤ ᠴᠢᠬᠤᠯᠠ ᠠᠴᠢ ᠬᠤᠯᠪᠣᠭᠳᠠᠯ | ᠲᠠᠢ ᠶᠤᠮ᠃ | ᠰᠢᠯᠢ ᠶᠢᠨ ᠭᠤᠣᠯ ᠠᠶᠢᠮᠠᠭ ᠤᠨ ᠬᠥᠳᠡᠯᠮᠦᠷᠢ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠪᠴᠢᠶ᠎ᠠ ᠶᠢᠨ | ᠳᠠᠷᠤᠭ᠎ᠠ ᠯᠢᠶᠠᠨ ᠸᠠᠨ ᠫᠢᠩ ᠲᠠᠨᠢᠯᠴᠠᠭᠤᠯᠬᠤ ᠳᠤ ᠪᠠᠨ᠂ ᠠᠵᠤ ᠦᠢᠯᠡᠰ ᠤᠨ ᠬᠦᠷᠢᠶᠡᠯᠡᠩ ᠨᠢ 100 ᠰᠢᠬᠠᠮ | ᠦᠢᠯᠡᠰ ᠪᠣᠰᠬᠠᠬᠤ ᠪᠣᠳᠠᠳᠤ ᠴᠣᠭᠴᠠ ᠶᠢ ᠪᠠᠭᠲᠠᠭᠠᠵᠤ 1000 ᠬᠥᠮᠦᠨ ᠳᠤ ᠠᠵᠢᠯ ᠣᠯᠭᠤᠬᠤ ᠶᠢ ᠳᠠᠶᠢᠴᠢᠯᠠᠨ᠂ | ᠲᠠᠯ᠎ᠠ ᠨᠤᠲᠤᠭ ᠤᠨ ᠣᠨᠴᠠᠯᠢᠭᠲᠤ ᠵᠢᠭᠤᠯᠴᠢᠯᠠᠯ ᠪᠣᠯᠤᠨ ᠵᠢᠭᠤᠯᠴᠢᠯᠠᠯ ᠤᠨ ᠰᠣᠶᠣᠯ ᠤᠨ ᠪᠦᠲᠦᠭᠡᠭᠳᠡᠬᠦᠨ ᠢ | ᠬᠥᠭᠵᠢᠭᠦᠯᠬᠦ ᠳᠤ ᠠᠵᠠ ᠲᠣᠬᠢᠶᠠᠯ ᠠᠪᠴᠢᠷᠠᠬᠤ ᠪᠣᠯᠤᠨ᠎ᠠ ᠭᠡᠪᠡ᠃ | |