ᠱᠢ ᠲᠠᠢ ᠹᠧᠩ ᠮᠦᠩᠬᠦᠨ ᠬᠦᠢᠯᠭᠡᠭᠡᠨ ᠤ ᠪᠠᠶᠢᠭᠤᠯᠤᠮᠵᠢ ᠪᠠᠷ ᠠᠶᠢᠯᠴᠢᠯᠠᠬᠤ ᠶᠢᠨ ᠬᠠᠮᠳᠦ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠬᠰᠠᠨ ᠨᠢ ︽ᠵᠢᠷᠭᠤᠭ᠎ᠠ ᠶᠢ ᠲᠤᠭᠳᠠᠪᠤᠷᠢᠵᠢᠭᠤᠯᠬᠤ︾ ︽ᠵᠢᠷᠭᠤᠭ᠎ᠠ ᠶᠢ ᠪᠠᠳᠤᠯᠠᠬᠤ︾᠎ ᠳᠤ ᠦᠢᠯᠡᠴᠢᠯᠡᠨ ᠪᠠᠳᠤᠯᠠᠭ᠎ᠠ ᠬᠠᠩᠭᠠᠬᠤ ᠪᠠᠷ ᠬᠦᠴᠦᠯᠡᠵᠦ ᠥᠪᠦᠷ ᠮᠤᠩᠭᠤᠯ ᠤᠨ ᠴᠢᠨᠠᠷ ᠰᠠᠶᠢᠳᠠᠢ ᠬᠦᠭᠵᠢᠯᠳᠠ ᠳᠤ ᠬᠦᠴᠦᠨ ᠨᠡᠮᠡᠷᠢᠯᠡᠬᠦ ᠭᠡᠷᠡᠭᠲᠡᠢ
ᠨᠡᠶᠢᠲᠡᠯᠡᠭᠰᠡᠨ ᠴᠠᠭ᠄
2020/7/14
     7 ᠰᠠᠷ᠎ᠠ ᠶᠢᠨ 13᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠎ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠭᠡᠰᠡᠭ ᠮᠦᠩᠬᠦᠨ ᠬᠦᠢᠯᠭᠡᠭᠡᠨ ᠤ ᠪᠠᠶᠢᠭᠤᠯᠤᠮᠵᠢ ᠪᠠᠷ ᠬᠦᠨᠵᠡᠭᠡᠶᠢᠷᠡᠨ ᠮᠦᠩᠬᠦᠨ ᠬᠦᠢᠯᠭᠡᠭᠡᠨ ᠤ ᠠᠵᠢᠯ ᠢ ᠰᠢᠨᠵᠢᠯᠡᠨ ᠪᠠᠶᠢᠴᠠᠭᠠᠬᠤ ᠶᠢᠨ ᠬᠠᠮᠳᠦ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠳᠠᠭᠠᠨ᠂ ᠡᠯ᠎ᠠ ᠮᠦᠩᠬᠦᠨ ᠬᠦᠢᠯᠭᠡᠭᠡᠨ ᠎ ᠤ ᠪᠠᠶᠢᠭᠤᠯᠤᠮᠵᠢ ᠶᠢᠨ ᠬᠢᠨ ᠴᠢᠬᠤᠯᠠ ᠦᠢᠯᠡᠳᠦᠯ ᠢᠶᠠᠨ ᠬᠦᠢᠴᠡᠳ ᠪᠠᠳᠠᠷᠠᠭᠤᠯᠤᠨ᠂ ︽ᠵᠢᠷᠭᠤᠭ᠎ᠠ ᠶᠢ ᠲᠤᠭᠳᠠᠪᠤᠷᠢᠵᠢᠭᠤᠯᠬᠤ︾ ︽ᠵᠢᠷᠭᠤᠭ᠎ᠠ ᠶᠢ ᠪᠠᠳᠤᠯᠠᠬᠤ︾᠎ ᠳᠤ ᠦᠢᠯᠡᠴᠢᠯᠡᠨ ᠪᠠᠳᠤᠯᠠᠭ᠎ᠠ ᠬᠠᠩᠭᠠᠬᠤ ᠪᠠᠷ ᠬᠦᠴᠦᠯᠡᠵᠤ᠂ ᠮᠦᠩᠬᠦᠨ ᠬᠦᠢᠯᠭᠡᠭᠡᠨ ᠤ ᠠᠶᠦᠯ ᠲᠦᠭᠰᠢᠬᠦᠷᠢ ᠶᠢ ᠰᠡᠷᠭᠡᠶᠢᠯᠡᠨ ᠠᠷᠢᠯᠭᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠎ ᠢ ᠬᠦᠴᠦᠯᠠᠨ ᠰᠠᠶᠢᠳᠤᠷ ᠬᠢᠵᠦ᠂ ᠮᠦᠩᠬᠦᠨ ᠬᠦᠢᠯᠭᠡᠭᠡᠨ ᠤ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠠ ᠶᠢ ᠬᠦᠴᠦᠯᠡᠨ ᠬᠦᠨᠵᠡᠭᠡᠶᠢᠷᠡᠬᠦᠯᠵᠦ᠂ ᠥᠪᠦᠷ ᠮᠤᠩᠭᠤᠯ ᠤᠨ ᠠᠮᠢ ᠠᠬᠤᠢ ᠶᠢ ᠤᠷᠢᠳ ᠢᠶᠠᠷ ᠪᠤᠳᠤᠯᠬᠢᠯᠠᠵᠦ ᠪᠤᠬᠢᠷᠳᠤᠯ ᠦᠭᠡᠢ ᠬᠦᠭᠵᠢᠯᠳᠡ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠠ ᠵᠠᠮ ᠢ ᠰᠦᠪᠡᠭᠴᠢᠯᠡᠨ ᠲᠡᠬᠦᠨ ᠢᠶᠠᠷ ᠰᠠᠶᠢᠳᠤᠷ ᠵᠠᠮᠨᠠᠬᠤ ᠳᠤ ᠬᠦᠴᠦᠨ ᠨᠡᠮᠡᠷᠢᠯᠡᠬᠦ ᠭᠡᠷᠡᠭᠲᠡᠢ ᠭᠡᠵᠦ ᠴᠢᠬᠤᠯᠠᠴᠢᠯᠠᠪᠠ᠃
     ᠱᠢ ᠲᠠᠢ ᠹᠧᠩ ᠤᠯᠤᠰ ᠤᠨ ᠨᠡᠭᠡᠭᠡᠨ ᠬᠦᠭᠵᠢᠬᠦᠯᠦᠯᠳᠠ ᠶᠢᠨ ᠪᠠᠩᠬᠢ ᠶᠢᠨ ᠥᠪᠦᠷ ᠮᠤᠩᠭᠤᠯ ᠳᠠᠬᠢ ᠬᠤᠪᠢᠶᠠᠷᠢ ᠪᠠᠩᠬᠢ᠂ ᠵᠧ ᠱᠠᠩ ᠪᠠᠩᠬᠢ ᠶᠢᠨ ᠬᠦᠭᠡᠬᠤᠳᠠ ᠳᠠᠬᠢ ᠬᠤᠪᠢᠶᠠᠷᠢ ᠪᠠᠩᠬᠢ᠂ ᠦᠢᠯᠡᠳᠪᠤᠷᠢ ᠬᠤᠳᠠᠯᠳᠤᠭᠠᠨ ᠎ ᠤ ᠪᠠᠩᠬᠢ ᠶᠢᠨ ᠥᠪᠦᠷ ᠮᠤᠩᠭᠤᠯ ᠳᠠᠬᠢ ᠬᠤᠪᠢᠶᠠᠷᠢ ᠪᠠᠩᠬᠢ ᠳᠤ ᠬᠦᠷᠴᠦ᠂ ᠲᠤᠬᠠᠢᠢᠯᠠᠬᠰᠠᠨ ᠠᠵᠢᠯ ᠤᠨ ᠪᠠᠶᠢᠳᠠᠯ᠂ ᠤᠶᠤᠨᠳᠦ ᠮᠦᠩᠬᠦᠨ ᠬᠦᠢᠯᠭᠡᠭᠡᠨ ᠤ ᠪᠠᠶᠢᠭᠤᠯᠤᠯᠳᠠ ᠪᠤᠯᠤᠨ ᠠᠵᠢᠯ ᠦᠢᠯᠡᠳᠪᠤᠷᠢᠯᠡᠯ ᠢᠶᠠᠨ ᠰᠡᠷᠬᠦᠭᠡᠬᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ ᠡᠬᠦᠳᠬᠦ ᠳᠤ ᠦᠢᠯᠡᠴᠢᠯᠡᠨ ᠳᠡᠮᠵᠢᠯᠬᠡ ᠬᠠᠩᠭᠠᠵᠤ ᠪᠠᠶᠢᠭ᠎ᠠ ᠪᠠᠶᠢᠳᠠᠯ ᠢ ᠬᠦᠨᠵᠡᠭᠡᠢ ᠰᠢᠨᠵᠢᠯᠡᠨ ᠪᠠᠶᠢᠴᠠᠭᠠᠪᠠ᠂ ᠲᠡᠷᠡ᠂ ᠡᠯ᠎ᠠ ᠪᠠᠩᠬᠢ ᠶᠢᠨ ᠦᠢᠯᠡᠰ ᠤᠨ ᠮᠦᠩᠬᠦᠨ ᠬᠦᠢᠯᠭᠡᠭᠡᠨ ᠤ ᠪᠠᠶᠢᠭᠤᠯᠤᠮᠵᠢ ᠶᠢᠨ ᠬᠢᠨ ᠢᠳᠡᠭᠡᠮᠵᠢᠳᠦ ᠵᠢᠭᠡᠯᠡᠯᠭᠡ ᠪᠠᠨ ᠦᠷᠬᠦᠯᠵᠢᠯᠡᠨ ᠨᠡᠮᠡᠭᠳᠡᠬᠦᠯᠵᠦ᠂ ᠮᠦᠩᠬᠦᠨ ᠬᠦᠢᠯᠭᠡᠭᠡᠨ ᠤ ᠰᠢᠨ᠎ᠠ ᠶᠢ ᠡᠬᠦᠳᠬᠦ ᠶᠢ ᠢᠳᠡᠪᠬᠢᠳᠠᠢ ᠠᠬᠢᠭᠤᠯᠤᠨ᠂ ︽ᠵᠢᠷᠭᠤᠭ᠎ᠠ ᠶᠢ ᠲᠤᠭᠳᠠᠪᠤᠷᠢᠵᠢᠭᠤᠯᠬᠤ︾ ︽ᠵᠢᠷᠭᠤᠭ᠎ᠠ ᠶᠢ ᠪᠠᠳᠤᠯᠠᠬᠤ︾᠎ ᠳᠤ ᠠᠩᠬᠠᠷᠤᠯ ᠢᠶᠠᠨ ᠲᠦᠪᠯᠡᠷᠡᠬᠦᠯᠦᠨ ᠪᠡᠯᠡ ᠮᠦᠩᠬᠦᠨ ᠤ ᠪᠠᠳᠤᠯᠠᠭ᠎ᠠ ᠬᠠᠩᠭᠠᠬᠤ ᠪᠠᠨ ᠴᠢᠩᠭᠠᠳᠬᠠᠵᠦ᠂ ᠥᠪᠦᠷ ᠮᠤᠩᠭᠤᠯ ᠤᠨ ᠬᠦᠭᠵᠢᠯᠳᠠ ᠳᠤ ᠦᠨᠡᠨ ᠬᠦ ᠪᠦᠷᠢᠨ ᠬᠦᠢᠴᠡᠳ ︽ᠠᠮᠤ ᠬᠦᠨᠡᠰᠦ︾ ᠪᠠ ︽ᠵᠡᠷ ᠵᠡᠪᠰᠡᠭ︾ ᠬᠠᠩᠭᠠᠬᠤ ᠭᠡᠷᠡᠭᠲᠡᠢ ᠭᠡᠪᠡ᠃ ᠥᠪᠦᠷ ᠮᠤᠩᠭᠤᠯ ᠪᠠᠩᠬᠢ᠂ ᠶᠢᠨ ᠬᠦ᠋ ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ᠂ ᠮᠧᠩ ᠱᠠᠩ ᠪᠠᠩᠬᠢ ᠪᠠᠷ ᠰᠢᠨᠵᠢᠯᠡᠨ ᠪᠠᠶᠢᠴᠠᠭᠠᠬᠤ ᠳᠠᠭᠠᠨ᠂ ᠱᠢ ᠲᠠᠢ ᠹᠧᠩ ᠲᠤᠬᠠᠢᠢᠯᠠᠬᠰᠠᠨ ᠠᠵᠢᠯ ᠤᠨ ᠪᠠᠶᠢᠳᠠᠯ᠂ ᠦᠢᠯᠡᠳᠬᠦᠨ ᠤ ᠰᠢᠨ᠎ᠠ ᠡᠬᠦᠳᠦᠯᠳᠠ᠂ ᠠᠶᠦᠯ ᠲᠦᠭᠰᠢᠬᠦᠷᠢ ᠶᠢ ᠰᠡᠷᠭᠡᠶᠢᠯᠡᠨ ᠡᠵᠡᠮᠳᠡᠬᠦ ᠵᠡᠷᠭᠡ ᠪᠠᠶᠢᠳᠠᠯ ᠢ ᠨᠠᠷᠢᠨ ᠤᠢᠢᠯᠠᠭᠠᠵᠦ᠂ ᠭᠤᠤᠯ ᠠᠵᠢᠯ ᠦᠢᠯᠡᠰ ᠲᠤ ᠠᠩᠬᠠᠷᠤᠯ ᠢᠶᠠᠨ ᠲᠦᠪᠯᠡᠷᠡᠬᠦᠯᠤᠨ ᠯᠠᠪᠳᠠᠭᠤᠨ ᠪᠠᠳᠤᠳᠠᠢ ᠠᠵᠢᠯᠯᠠᠵᠤ᠂ ᠬᠦᠭᠵᠢᠯᠳᠠ ᠶᠢᠨ ᠤᠢᠢᠯᠠᠭᠠᠬᠳᠠᠬᠤᠨ ᠢᠶᠠᠨ ᠰᠢᠨᠡᠴᠢᠯᠡᠨ᠂ ᠲᠤᠬᠠᠢᠢᠯᠠᠬᠰᠠᠨ ᠠᠵᠢᠯ ᠢᠶᠠᠨ ᠭᠠᠷᠮᠠᠭᠠᠢ ᠰᠠᠶᠢᠬᠠᠨ ᠪᠡᠶᠡᠯᠡᠬᠦᠯᠵᠦ᠂ ᠡᠯ᠎ᠠ ᠲᠦᠷᠦᠯ ᠤᠨ ᠠᠶᠦᠯ ᠲᠦᠭᠰᠢᠬᠦᠷᠢ ᠶᠢ ᠪᠦᠳᠦᠮᠵᠢᠳᠠᠢ ᠰᠡᠷᠭᠡᠶᠢᠯᠡᠨ ᠠᠷᠢᠯᠭᠠᠬᠤ ᠭᠡᠷᠡᠭᠲᠡᠢ ᠭᠡᠵᠦ ᠴᠢᠬᠤᠯᠠᠴᠢᠯᠠᠪᠠ᠃ ᠲᠡᠷᠡ ᠮᠧᠩ ᠱᠠᠩ ᠪᠠᠩᠬᠢ ᠶᠢᠨ ᠬᠢᠨ ᠢ ᠰᠢᠨ᠎ᠠ ᠭᠠᠷᠤᠭ᠎ᠠ ᠠᠴᠠ ᠢᠷᠡᠭᠡᠳᠦᠢ ᠪᠠᠨ ᠴᠤᠬᠴᠠᠯᠠᠵᠦ᠂ ᠰᠢᠨ᠎ᠠ ᠲᠦᠷᠰᠦ ᠪᠠᠶᠢᠳᠠᠯ ᠰᠢᠨ᠎ᠠ ᠵᠢᠳᠬᠦᠯ ᠴᠢᠷᠮᠠᠶᠢᠯᠭ᠎ᠠ ᠪᠠᠨ ᠢᠯᠡᠷᠡᠬᠦᠯᠳᠦᠬᠡᠢ ᠭᠡᠵᠦ ᠵᠤᠷᠢᠬᠵᠢᠭᠤᠯᠪᠠ᠃ ᠲᠤᠮᠳᠠᠳᠤ ᠤᠯᠤᠰ ᠤᠨ ᠪᠠᠩᠬᠢ ᠶᠢᠨ ᠬᠤᠯᠪᠤᠭᠠᠨ ᠤ ᠥᠪᠦᠷ ᠮᠤᠩᠭᠤᠯ ᠳᠠᠬᠢ ᠬᠤᠪᠢᠶᠠᠷᠢ ᠺᠤᠮᠫᠠᠨᠢ ᠳᠤ ᠱᠢ ᠲᠠᠢ ᠹᠧᠩ ᠮᠠᠰᠢᠨ ᠳᠡᠷᠭᠡᠨ ᠳᠤ ᠰᠠᠭᠤᠬᠤ ᠺᠤᠳ᠋ ᠢ ᠰᠢᠷᠪᠢᠬᠦ᠂ ᠨᠢᠭᠤᠷ ᠢᠶᠠᠨ ᠰᠢᠷᠪᠢᠬᠦᠯᠦᠨ ᠲᠤᠭᠠᠴᠠᠭ᠎ᠠ ᠬᠢᠬᠦ᠂ ᠲᠠᠷᠢᠶᠠᠯᠠᠩ ᠢ ᠲᠤᠰᠠᠯᠠᠬᠤ ᠵᠤᠭᠤᠰ ᠭᠠᠷᠭᠠᠨ ᠠᠪᠬᠤ ᠵᠡᠷᠭᠡ ᠦᠵᠦᠬᠦᠷᠯᠢᠭ ᠲᠦᠬᠦᠭᠡᠷᠤᠮᠵᠢ ᠶᠢ ᠲᠤᠷᠰᠢᠨ ᠬᠡᠷᠡᠭᠯᠡᠵᠦ᠂ ᠪᠠᠩᠬᠢ ᠶᠢᠨ ᠬᠤᠯᠪᠤᠭᠠᠨ ᠤ ᠠᠷᠠᠳ ᠲᠤ ᠲᠦᠬᠦᠮ ᠦᠵᠡᠬᠦᠯᠬᠦ ᠲᠤᠨᠤᠭ ᠲᠦᠬᠦᠭᠡᠷᠤᠮᠵᠢ ᠶᠢᠨ ᠠᠮᠤᠷ ᠲᠦᠪᠰᠢᠨ ᠪᠦᠭᠡᠳ ᠲᠦᠬᠦᠮ ᠲᠦᠳᠡ ᠪᠠᠶᠢᠬᠤ ᠦᠢᠯᠡᠳᠦᠯ ᠢ ᠬᠦᠢᠴᠡᠳ ᠪᠠᠳᠠᠷᠠᠭᠤᠯᠵᠦ᠂ ᠤᠯᠠᠨ ᠲᠦᠮᠡᠨ ᠢ ᠨᠠᠭᠠᠰᠢ ᠴᠠᠭᠠᠰᠢ ᠬᠦᠶᠦᠯᠭᠡᠬᠦ ᠦᠭᠡᠢ ᠪᠠᠷ ᠴᠢᠷᠮᠠᠶᠢᠬᠤ ᠶᠢᠨ ᠬᠠᠮᠳᠤ ᠬᠤᠯᠪᠤᠭᠳᠠᠯ ᠪᠦᠬᠦᠢ ᠮᠡᠷᠭᠡᠵᠢᠯ ᠪᠠ ᠦᠢᠯᠡᠳᠬᠦᠨ ᠤ ᠰᠤᠶᠦᠯ ᠵᠢᠭᠤᠯᠴᠢᠯᠠᠯ ᠵᠡᠷᠭᠡ ᠬᠦᠷᠢᠶᠡᠨ ᠳᠠᠬᠢ ᠭᠡᠷᠡᠭᠯᠡᠭᠡ ᠶᠢ ᠴᠢᠩᠭᠠᠳᠬᠠᠨ᠂ ᠨᠡᠩ ᠤᠯᠠᠨ ᠬᠦᠮᠦᠰ ᠤᠨ ᠭᠡᠷᠡᠭᠯᠡᠭᠡ ᠶᠢ ᠬᠦᠭᠵᠢᠶᠡᠨᠳᠠᠢ ᠪᠤᠯᠭᠠᠵᠤ᠂ ᠭᠡᠷᠡᠭᠯᠡᠭᠡ ᠶᠢ ᠴᠢᠨᠠᠬᠰᠢᠳᠠ ᠲᠠᠶᠢᠴᠢᠯᠠᠨ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃ ᠦᠪᠤᠷ ᠮᠤᠩᠭᠤᠯ ᠤᠨ ᠰᠲ᠋ᠤᠺ ᠤᠨ ᠡᠷᠬᠡ ᠶᠢᠨ ᠠᠷᠠᠯᠵᠢᠶᠠᠨ ᠤ ᠲᠦᠪ ᠲᠤ᠂ ᠱᠢ ᠲᠠᠢ ᠹᠧᠩ ᠠᠵᠥ ᠠᠬᠤᠢᠢᠯᠠᠯ ᠢ ᠨᠡᠪᠴᠢᠬᠦᠯᠥᠨ ᠪᠤᠶᠢᠵᠢᠭᠤᠯᠵᠥ ᠪᠠᠶᠢᠬᠤ ᠵᠡᠷᠬᠡ ᠪᠠᠶᠢᠳᠠᠯ ᠢ ᠬᠦᠨᠵᠡᠬᠡᠢ ᠤᠢᠢᠯᠠᠭᠠᠵᠥ᠂ ᠦᠢᠯᠡᠴᠢᠯᠡᠬᠡᠨ ᠤ ᠲᠦᠪᠰᠢᠨ ᠢᠶᠠᠨ ᠲᠠᠰᠤᠷᠠᠯᠳᠡ ᠦᠬᠡᠢ ᠲᠡᠭᠡᠭᠰᠢᠯᠡᠬᠦᠯᠤᠨ᠂ ᠤᠷᠤᠨ ᠪᠦᠰᠡ ᠶᠢᠨ ᠬᠦᠷᠦᠩᠬᠡ ᠶᠢᠨ ᠵᠠᠬ᠎ᠠ ᠲᠡᠯᠬᠡᠬᠦᠷ ᠢ ᠴᠢᠷᠮᠡᠶᠢᠨ ᠬᠦᠭᠵᠢᠬᠡᠵᠤ᠂ ᠨᠡᠩ ᠤᠯᠠᠨ ᠲᠤᠮᠳᠠ ᠪᠠᠭ᠎ᠠ ᠠᠵᠥ ᠠᠬᠤᠢᠢᠯᠠᠯ ᠤᠨ ᠬᠦᠭᠵᠢᠯᠳᠡ ᠳᠤ ᠠᠮᠢᠵᠢᠷᠡᠯ ᠤᠨ ᠬᠦᠴᠦᠨ ᠤᠯᠭᠤᠬᠤ ᠬᠡᠷᠡᠭᠳᠡᠢ ᠬᠡᠵᠥ ᠴᠢᠬᠤᠯᠠᠴᠢᠯᠠᠪᠠ᠃
     ᠶᠠᠷᠢᠯᠴᠠᠬᠤ ᠬᠤᠷᠡᠯ ᠲᠡᠭᠡᠷ᠎ᠡ᠂ ᠱᠢ ᠲᠠᠢ ᠹᠧᠩ ᠦᠪᠡᠷᠳᠡᠬᠡᠨ ᠵᠠᠰᠠᠬᠤ ᠤᠷᠤᠨ ᠤ ᠤᠷᠤᠨ ᠨᠤᠳᠤᠭ ᠤᠨ ᠮᠥᠩᠬᠦᠨ ᠬᠦᠢᠯᠬᠡᠬᠡᠨ ᠤ ᠬᠢᠨᠠᠯᠳᠠ ᠬᠠᠮᠢᠶᠠᠷᠤᠯᠳᠡ ᠶᠢᠨ ᠲᠤᠪᠴᠢᠶ᠎ᠠ᠂ ᠠᠷᠠᠳ ᠤᠨ ᠪᠠᠩᠬᠢ ᠶᠢᠨ ᠬᠦᠬᠡᠬᠤᠳᠠ ᠳᠠᠬᠢ ᠭᠤᠤᠯ ᠰᠠᠯᠪᠤᠷᠢ ᠪᠠᠩᠬᠢ᠂ ᠦᠪᠤᠷ ᠮᠤᠩᠭᠤᠯ ᠤᠨ ᠪᠠᠩᠬᠢ ᠲᠠᠭᠠᠳᠬᠠᠯ ᠤᠨ ᠬᠢᠨᠠᠯᠳᠠ ᠬᠠᠮᠢᠶᠠᠷᠤᠯᠳᠡ ᠶᠢᠨ ᠲᠤᠪᠴᠢᠶ᠎ᠠ᠂ ᠦᠪᠤᠷ ᠮᠤᠩᠭᠤᠯ ᠤᠨ ᠦᠨᠡᠳᠤ ᠲᠡᠮᠳᠡᠭᠳᠤ ᠶᠢᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ᠂ ᠦᠢᠯᠡᠳᠪᠤᠷᠢ ᠬᠤᠳᠠᠯᠳᠤᠭᠠᠨ ᠤ ᠪᠠᠩᠬᠢ ᠶᠢᠨ ᠦᠪᠤᠷ ᠮᠤᠩᠭᠤᠯ ᠳᠠᠬᠢ ᠬᠤᠪᠢᠶᠡᠷᠢ ᠪᠠᠩᠬᠢ᠂ ᠲᠠᠷᠢᠶᠠᠯᠠᠩ ᠤᠨ ᠪᠠᠩᠬᠢ ᠶᠢᠨ ᠦᠪᠤᠷ ᠮᠤᠩᠭᠤᠯ ᠳᠠᠬᠢ ᠬᠤᠪᠢᠶᠡᠷᠢ ᠪᠠᠩᠬᠢ᠂ ᠬᠦᠸᠧ ᠰᠢᠨ ᠦᠨᠡᠳᠤ ᠲᠡᠮᠳᠡᠭᠳᠤ ᠶᠢᠨ ᠬᠢᠵᠠᠭᠠᠷᠳᠤ ᠺᠤᠮᠫᠠᠨᠢ ᠶᠢᠨ ᠦᠪᠤᠷ ᠮᠤᠩᠭᠤᠯ ᠳᠠᠬᠢ ᠬᠤᠪᠢᠶᠡᠷᠢ ᠺᠤᠮᠫᠠᠨᠢ ᠶᠢᠨ ᠬᠠᠷᠢᠭᠤᠴᠠᠯᠭᠠᠳᠠᠨ ᠤ ᠦᠬᠡ ᠬᠡᠯᠡᠬᠦ ᠶᠢ ᠰᠤᠨᠤᠰᠴᠦ᠂ ᠤᠯᠠᠨ ᠲᠠᠢ ᠪᠤᠳᠤᠯ ᠰᠠᠨᠠᠯ ᠢᠶᠠᠨ ᠬᠦᠨᠵᠡᠬᠡᠢ ᠰᠤᠯᠢᠯᠴᠠᠪᠠ᠃ ᠱᠢ ᠲᠠᠢ ᠹᠧᠩ ᠡᠯ᠎ᠡ ᠮᠥᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠬᠢᠨ ᠤ ᠤᠷᠳᠤ ᠬᠤᠭᠤᠴᠠᠭᠠᠨ ᠤ ᠲᠤᠷᠰᠢ ᠦᠪᠤᠷ ᠮᠤᠩᠭᠤᠯ ᠤᠨ ᠠᠵᠥ ᠠᠬᠤᠢ ᠨᠡᠶᠢᠬᠡᠮ ᠤᠨ ᠬᠦᠭᠵᠢᠯᠳᠡ ᠳᠤ ᠬᠤᠪᠢ ᠨᠡᠮᠡᠷᠢ ᠦᠵᠡᠬᠦᠯᠥᠭᠰᠡᠡ ᠳᠤ ᠲᠠᠯᠠᠷᠬᠠᠵᠥ ᠪᠠᠶᠢᠬᠤ ᠪᠠᠨ ᠢᠯᠡᠳᠬᠡᠪᠡ᠃ ᠲᠡᠷᠡ᠂ ᠮᠥᠩᠬᠦᠨ ᠬᠦᠢᠯᠬᠡᠬᠡᠨ ᠪᠤᠯ ᠠᠵᠥ ᠠᠬᠤᠢ ᠶᠢᠨ ᠡᠷᠬᠢᠯᠳᠡ ᠶᠢᠨ ᠠᠮᠢᠨ ᠰᠤᠳᠠᠰᠤ ᠪᠤᠯᠤᠨ᠎ᠠ᠂ ᠡᠯ᠎ᠡ ᠮᠥᠩᠬᠦᠨ ᠬᠦᠢᠯᠬᠡᠬᠡᠨ ᠤ ᠪᠠᠶᠢᠭᠤᠯᠤᠮᠵᠢ ᠨᠤᠭᠤᠳ ᠦᠪᠤᠷ ᠮᠤᠩᠭᠤᠯ ᠳᠤ ᠨᠤᠲᠤᠬᠰᠢᠨ ᠦᠪᠤᠷ ᠮᠤᠩᠭᠤᠯ ᠳᠤ ᠦᠢᠯᠡᠴᠢᠯᠡᠵᠤ᠂ ᠠᠮᠵᠢᠯᠳᠡ ᠪᠠᠨ ᠪᠠᠳᠠᠷᠠᠭᠤᠯᠤᠨ ᠲᠠᠪᠠᠭᠤᠯᠢᠭ ᠢᠶᠠᠨ ᠪᠠᠳᠠᠷᠠᠭᠤᠯᠵᠤ᠂ ᠦᠪᠤᠷ ᠮᠤᠩᠭᠤᠯ ᠤᠨ ᠬᠦᠭᠵᠢᠯᠳᠡ ᠳᠤ ᠨᠡᠩ ᠤᠯᠠᠨ ᠮᠥᠩᠬᠦᠨ ᠬᠦᠢᠯᠬᠡᠬᠡᠨ ᠤ ᠲᠡᠮᠵᠢᠯᠭᠡ ᠦᠵᠡᠭᠦᠯᠬᠦ ᠬᠡᠷᠡᠭᠳᠡᠢ᠂ ᠤᠳᠤᠬᠠᠨ ᠳᠤ ᠢᠯᠠᠩᠭᠤᠶ᠎ᠠ ︽ᠵᠢᠷᠭᠤᠭ᠎ᠠ ᠶᠢ ᠲᠤᠭᠳᠠᠪᠤᠷᠢᠵᠢᠭᠤᠯᠬᠤ︾᠂ ︽ᠵᠢᠷᠭᠤᠭ᠎ᠠ ᠶᠢ ᠪᠠᠳᠤᠯᠠᠬᠤ︾᠎ ᠳᠤ ᠪᠦᠬᠦ ᠬᠦᠴᠦᠨ ᠢᠶᠠᠷ ᠦᠢᠯᠡᠴᠢᠯᠡᠨ ᠪᠠᠳᠤᠯᠠᠭ᠎ᠠ ᠬᠠᠩᠭᠠᠵᠤ᠂ ᠠᠵᠥ ᠠᠬᠤᠢ ᠶᠢᠨ ᠦᠨᠳᠦᠰᠦᠨ ᠪᠠᠶᠢᠳᠠᠯ ᠢ ᠲᠤᠭᠳᠠᠪᠤᠷᠢᠵᠢᠭᠤᠯᠬᠤ ᠳᠤ ᠨᠡᠩ ᠤᠯᠠᠨ ᠮᠥᠩᠬᠦᠨ ᠬᠦᠢᠯᠬᠡᠬᠡᠨ ᠤ ᠬᠦᠴᠦᠨ ᠨᠡᠮᠡᠷᠢᠯᠡᠬᠦ ᠬᠡᠷᠡᠭᠳᠡᠢ᠃ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠢᠳᠡᠪᠬᠢᠳᠡᠢ ᠦᠢᠯᠡᠳᠦᠯᠬᠡᠵᠢᠬᠦᠯᠵᠥ᠂ ᠠᠵᠢᠯ ᠤᠯᠭᠤᠬᠤ ᠦᠢᠯᠡᠰ ᠪᠤᠰᠬᠠᠬᠤ ᠭᠤᠤᠯᠳᠠᠯᠭ᠎ᠠ ᠲᠠᠢ ᠬᠦᠮᠥᠰ ᠲᠤ ᠲᠤᠬᠢᠷᠠᠬᠰᠠᠠ ᠮᠥᠩᠬᠦᠨ ᠬᠦᠢᠯᠬᠡᠬᠡᠨ ᠤ ᠦᠢᠯᠡᠴᠢᠯᠡᠭᠡ ᠬᠠᠩᠭᠠᠵᠥ᠂ ᠲᠡᠳᠡᠨ ᠳᠤ ᠦᠨᠡᠨ ᠪᠤᠳᠠᠳᠠᠢ ᠠᠰᠢᠬ ᠬᠦᠷᠳᠡᠬᠡᠬᠦ ᠬᠡᠷᠡᠭᠲᠡᠢ᠃ ᠲᠤᠮᠳᠠ ᠪᠠᠭ᠎ᠠ ᠵᠢᠵᠢᠭ ᠠᠵᠤ ᠠᠬᠤᠢᠢᠯᠠᠯ ᠢ ᠲᠡᠮᠵᠢᠬᠦ ᠡᠷᠴᠢᠮ ᠢᠶᠠᠨ ᠴᠢᠨᠠᠬᠰᠢᠳᠠ ᠴᠢᠩᠭᠠᠷᠠᠭᠤᠯᠵᠤ᠂ ᠠᠵᠤ ᠠᠬᠤᠢᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠤᠷᠢᠯᠡᠵᠤ᠂ ᠬᠦᠴᠢᠷᠳᠡᠯ ᠠᠴᠠ ᠠᠩᠭᠢᠵᠢᠷᠠᠭᠤᠯᠬᠤ ᠭᠡᠷᠡᠭᠳᠠᠢ᠃ ︽ᠬᠤᠶᠠᠷ ᠰᠢᠨ᠎ᠡ ᠨᠢᠭᠡ ᠴᠢᠬᠤᠯᠠ︾᠂ ᠤᠯᠠᠨ ᠨᠠᠶᠢᠳᠠ ᠶᠢᠨ ᠡᠷᠡᠬᠦᠯ ᠬᠠᠮᠠᠭᠠᠯᠠᠯ᠂ ᠠᠮᠢ ᠠᠬᠤᠢ ᠶᠢᠨ ᠬᠠᠮᠠᠭᠠᠯᠠᠯᠳᠠ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠬᠦᠷᠢᠶᠠᠨ ᠳᠠᠬᠢ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠪᠡᠯᠡ ᠮᠦᠡᠭᠭᠦᠨ ᠤ ᠭᠡᠷᠡᠭᠴᠡᠭᠡ ᠶᠢ ᠤᠷᠢᠳ ᠢᠶᠠᠷ ᠪᠠᠳᠤᠯᠠᠵᠤ᠂ ᠢᠳᠡᠭᠡᠮᠵᠢᠳᠤ ᠵᠢᠭᠡᠯᠡᠯᠭᠡ ᠶᠢ ᠵᠤᠬᠢᠰᠳᠠᠢ ᠨᠡᠮᠡᠭᠳᠡᠬᠦᠯᠬᠦ ᠪᠠ ᠲᠠᠩᠴᠡᠬᠦᠷᠢᠳᠠᠢ ᠲᠠᠯᠪᠢᠬᠤ ᠶᠢ ᠪᠠᠶᠠᠯᠡᠬᠦᠯᠬᠦ ᠭᠡᠷᠡᠭᠳᠠᠢ᠃ ᠠᠵᠤ ᠦᠢᠯᠡᠰ ᠤᠨ ᠬᠡᠯᠬᠢᠶ᠎ᠡ ᠶᠢᠨ ᠭᠤᠤᠯᠯᠠᠬᠴᠢ ᠠᠵᠤ ᠠᠬᠤᠢᠢᠯᠠᠯ ᠤᠳ ᠢ ᠲᠡᠮᠵᠢᠬᠦ ᠪᠠᠨ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠶᠢᠨ ᠲᠡᠭᠡᠳᠦ ᠲᠤᠤᠷᠠᠳᠤ ᠤᠷᠤᠰᠬᠠᠯ ᠤᠨ ᠮᠦᠡᠭᠭᠦᠨ ᠬᠦᠢᠯᠭᠡᠭᠡᠨ ᠤ ᠦᠢᠯᠡᠴᠢᠯᠡᠭᠡ ᠶᠢ ᠰᠢᠯᠢᠳᠡᠭᠵᠢᠬᠦᠯᠬᠦ ᠭᠡᠷᠡᠭᠳᠠᠢ ᠭᠡᠵᠤ ᠵᠢᠭᠠᠵᠤ ᠭᠠᠷᠭᠠᠪᠠ᠃ ᠲᠡᠷᠨ᠂ ᠡᠯ᠎ᠡ ᠱᠠᠳᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠪᠠ ᠮᠦᠡᠭᠭᠦᠨ ᠬᠦᠢᠯᠭᠡᠭᠡᠨ ᠤ ᠬᠢᠨᠠᠯᠳᠠ ᠬᠠᠮᠢᠶᠡᠷᠤᠯᠳᠠ ᠶᠢᠨ ᠰᠠᠯᠠᠭ᠎ᠠ ᠮᠦᠴᠢᠷ᠂ ᠮᠦᠡᠭᠭᠦᠨ ᠬᠦᠢᠯᠭᠡᠭᠡᠨ ᠤ ᠪᠠᠶᠢᠭᠤᠯᠤᠮᠵᠢ ᠴᠦᠮ ᠠᠶᠤᠯ ᠲᠦᠭᠰᠢᠬᠦᠷᠢ ᠶᠢᠨ ᠤᠬᠠᠮᠰᠠᠷ ᠢᠶᠠᠨ ᠴᠢᠩᠭᠠᠳᠬᠠᠨ ᠬᠤᠷᠢᠭ᠎ᠠ ᠱᠤᠭᠤᠮ ᠤᠨ ᠰᠡᠳᠬᠢᠬᠦᠢ ᠶᠢ ᠪᠡᠳᠤ ᠪᠤᠢ ᠪᠤᠯᠭᠠᠵᠤ᠂ ᠡᠷᠡᠰ ᠪᠠᠳᠤ ᠤᠪᠤᠷ ᠢᠶᠠᠷ ᠴᠢᠩᠭ᠎ᠠ ᠬᠦᠴᠤᠳᠠᠢ ᠠᠷᠭ᠎ᠠ ᠬᠡᠮᠵᠢᠶ᠎ᠡ ᠠᠪᠴᠤ ᠪᠠᠶᠢᠭᠠᠳ ᠮᠦᠡᠭᠭᠦᠨ ᠬᠦᠢᠯᠭᠡᠭᠡᠨ ᠤ ᠠᠶᠤᠯ ᠲᠦᠭᠰᠢᠬᠦᠷᠢ ᠶᠢ ᠰᠡᠷᠭᠡᠶᠢᠯᠡᠨ ᠠᠷᠢᠯᠭᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠬᠠᠮᠳᠤ ᠪᠠᠷ ᠬᠦᠴᠤᠯᠠᠨ ᠰᠠᠶᠢᠳᠤᠷ ᠬᠢᠵᠤ᠂ ᠰᠢᠰᠲ᠋ᠧᠮᠳᠤ ᠴᠢᠨᠠᠷᠳᠠᠢ ᠮᠦᠡᠭᠭᠦᠨ ᠬᠦᠢᠯᠭᠡᠭᠡᠨ ᠤ ᠠᠶᠤᠯ ᠲᠦᠭᠰᠢᠬᠦᠷᠢ ᠡᠬᠦᠰᠬᠦ ᠦᠭᠡᠢ ᠪᠠᠶᠢᠬᠤ ᠶᠢ ᠦᠨᠡᠨ ᠬᠦ ᠪᠠᠳᠤᠯᠬᠠᠤ ᠭᠡᠷᠡᠭᠳᠠᠢ ᠭᠡᠵᠤ ᠴᠢᠬᠤᠯᠠᠴᠢᠯᠠᠪᠠ᠃      ᠱᠢ ᠲᠠᠢ ᠹᠧᠩ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ ᠪᠤᠬᠢᠷᠳᠤᠯ ᠦᠭᠡᠢ ᠬᠦᠭᠵᠢᠯᠳᠡ ᠪᠠᠷ ᠤᠳᠤᠷᠢᠳᠤᠮᠵᠢ ᠪᠤᠯᠭᠠᠬᠰᠡᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠡ ᠵᠠᠮ ᠢ ᠰᠦᠪᠡᠭᠴᠢᠯᠡᠵᠤ ᠲᠡᠬᠦᠨ ᠢᠶᠠᠷ ᠰᠠᠶᠢᠳᠤᠷ ᠵᠠᠮᠨᠠᠬᠤ ᠪᠤᠯ ᠶᠡᠷᠤᠩᠭᠡᠢ ᠱᠦᠵᠢ ᠰᠢ ᠶᠢᠨ ᠫᠢᠩ ᠤᠨ ᠦᠪᠤᠷ ᠮᠤᠩᠭᠤᠯ ᠤᠨ ᠪᠠᠶᠢᠳᠠᠯ ᠳᠤ ᠲᠤᠬᠢᠷᠠᠭᠤᠯᠤᠨ ᠲᠤᠬᠳᠠᠭᠠᠵᠦ ᠦᠭᠭᠦᠭᠰᠡᠨ ᠠᠵᠢᠯᠯᠠᠭᠠᠨ ᠤ ᠬᠦᠳᠦᠯᠪᠤᠷᠢ ᠮᠦᠨ᠂ ᠪᠢᠳᠡᠨ ᠤ ᠰᠢᠨ᠎ᠡ ᠴᠠᠭ ᠦᠶ᠎ᠡ ᠶᠢᠨ ᠦᠪᠤᠷ ᠮᠤᠩᠭᠤᠯ ᠤᠨ ᠬᠦᠭᠵᠢᠯᠳᠠ ᠶᠢ ᠠᠬᠢᠭᠤᠯᠬᠤ ᠪᠠᠷ ᠴᠢᠷᠮᠠᠶᠢᠬᠤ ᠴᠢᠭᠯᠡᠯ ᠪᠤᠯᠤᠨ᠎ᠡ᠂ ᠡᠯ᠎ᠡ ᠮᠦᠡᠭᠭᠦᠨ ᠬᠦᠢᠯᠭᠡᠭᠡᠨ ᠤ ᠪᠠᠶᠢᠭᠤᠯᠤᠮᠵᠢ ᠶᠢᠨ ᠬᠢᠨ ᠡᠨᠡ ᠬᠦ ᠰᠢᠨ᠎ᠡ ᠵᠠᠮ ᠢ ᠰᠦᠪᠡᠭᠴᠢᠯᠡᠵᠤ ᠲᠡᠬᠦᠨ ᠢᠶᠠᠷ ᠰᠠᠶᠢᠳᠤᠷ ᠵᠠᠮᠨᠠᠬᠤ ᠳᠤ ᠦᠢᠯᠡᠴᠢᠯᠡᠨ ᠪᠠᠳᠤᠯᠠᠭ᠎ᠠ ᠬᠠᠩᠭᠠᠬᠤ ᠳᠤ ᠠᠩᠬᠠᠷᠤᠯ ᠬᠦᠴᠦ ᠪᠠᠨ ᠲᠦᠪᠯᠡᠷᠡᠭᠦᠯᠵᠦ᠂ ᠮᠦᠡᠭᠭᠦᠨ ᠬᠦᠢᠯᠭᠡᠭᠡᠨ ᠤ ᠬᠠᠨᠭ᠍ᠭᠠᠯᠭ᠎ᠠ ᠶᠢᠨ ᠲᠠᠯ᠎ᠡ ᠶᠢᠨ ᠪᠦᠳᠦᠴᠠ ᠶᠢᠨ ᠴᠢᠨᠠᠷᠳᠠᠢ ᠦᠭᠡᠷᠡᠴᠢᠯᠡᠯᠳᠠ ᠶᠢ ᠬᠦᠴᠤᠯᠠᠨ ᠬᠦᠨᠵᠡᠭᠡᠶᠢᠷᠠᠬᠦᠯᠵᠤ᠂ ᠦᠪᠤᠷ ᠮᠤᠩᠭᠤᠯ ᠤᠨ ᠬᠦᠭᠵᠢᠯᠳᠠ ᠳᠤ ᠨᠡᠩ ᠴᠢᠨᠠᠷ ᠰᠠᠶᠢᠳᠠᠢ᠂ ᠨᠡᠩ ᠦᠷ᠎ᠡ ᠪᠦᠳᠦᠮᠵᠢᠳᠠᠢ ᠮᠦᠡᠭᠭᠦᠨ ᠬᠦᠢᠯᠭᠡᠭᠡᠨ ᠤ ᠪᠠᠳᠤᠯᠠᠭ᠎ᠠ ᠬᠠᠨᠭ᠍ᠭᠠᠬᠤ ᠭᠡᠷᠡᠭᠳᠠᠢ᠃ ᠠᠵᠤ ᠠᠬᠤᠢᠢᠯᠠᠯ ᠮᠠᠨᠳᠤᠪᠠᠯ ᠮᠦᠩᠬᠦᠨ ᠬᠦᠢᠯᠭᠡᠭᠡᠨ ᠮᠠᠨᠳᠤᠨ᠎ᠠ᠂ ᠡᠯ᠎ᠠ ᠮᠦᠩᠬᠦᠨ ᠬᠦᠢᠯᠭᠡᠭᠡᠨ ᠤ ᠪᠠᠶᠢᠭᠤᠯᠤᠮᠵᠢ ᠶᠢᠨ ᠬᠢᠨ ᠭᠡᠷᠡᠭᠯᠡᠭᠴᠢᠳ ᠢ ᠬᠠᠪᠰᠤᠷᠬᠤ ᠨᠢ ᠳᠠᠷᠤᠢ ᠦᠪᠡᠷ ᠢ ᠪᠠᠨ ᠬᠠᠪᠰᠤᠷᠴᠦ ᠪᠠᠶᠢᠬᠤ ᠶᠠᠪᠤᠳᠠᠯ ᠮᠦᠨ ᠭᠡᠬᠦ ᠤᠢᠢᠯᠠᠭᠠᠭᠳᠠᠬᠤᠨ ᠢ ᠪᠠᠳᠤ ᠪᠤᠢ ᠪᠤᠯᠭᠠᠵᠦ᠂ ᠵᠤᠬᠢᠰᠳᠠᠢ ᠪᠠᠷ ᠠᠰᠢᠬ ᠬᠦᠷᠳᠡᠭᠡᠬᠦ ᠡᠨᠡ ᠬᠦ ᠵᠠᠩᠬᠢᠯᠠᠭ᠎ᠠ ᠶᠢ ᠴᠢᠩᠭ᠎ᠠ ᠠᠳᠬᠤᠨ᠂ ᠪᠠᠳᠤᠯᠠᠬᠤ ᠶᠢ ᠨᠢ ᠪᠠᠳᠤᠯᠠᠵᠦ ᠬᠢᠵᠠᠭᠠᠷᠯᠠᠬᠤ ᠶᠢ ᠨᠢ ᠬᠢᠵᠠᠭᠠᠷᠯᠠᠬᠤ ᠱᠠᠭᠠᠷᠳᠠᠯᠭ᠎ᠠ ᠶᠤᠰᠤᠭᠠᠷ᠂ ᠰᠢᠨ᠎ᠠ ᠪᠠᠷ ᠨᠡᠮᠡᠭᠳᠡᠭᠰᠡᠨ ᠮᠦᠩᠬᠦᠨ ᠬᠦᠢᠯᠭᠡᠭᠡᠨ ᠤ ᠪᠡᠯᠡ ᠮᠦᠩᠬᠦ ᠶᠢ ᠦᠨᠡᠨ ᠬᠦ ᠬᠠᠮᠤᠭ ᠠᠴᠠ ᠢᠯᠡᠬᠦᠦ ᠳᠡᠮᠵᠢᠯᠭᠡ ᠭᠡᠷᠡᠭᠰᠡᠬᠦ ᠭᠠᠵᠠᠷ ᠲᠡᠶᠢᠰᠢ ᠭᠡᠯᠪᠠᠶᠢᠯᠬᠡᠬᠦ ᠶᠢ ᠪᠠᠳᠤᠯᠠᠬᠤ ᠭᠡᠷᠡᠭᠲᠡᠢ᠃ ᠪᠤᠳᠠᠳᠤ ᠴᠤᠬᠴᠠ ᠶᠢᠨ ᠠᠵᠤ ᠠᠬᠤᠢ ᠳᠤ ᠰᠢᠭᠤᠳ ᠬᠦᠷᠬᠦ ᠦᠢᠯᠡᠳᠬᠦᠨ ᠪᠠ ᠦᠢᠯᠡᠴᠢᠯᠡᠭᠡ ᠪᠠᠨ ᠰᠢᠨᠡᠴᠢᠯᠡᠵᠦ᠂ ᠳᠤᠮᠳᠠᠬᠢ ᠭᠤᠭᠴᠤᠭ᠎ᠠ ᠶᠢ ᠴᠦᠬᠡᠳᠭᠡᠨ ᠵᠢᠷᠤᠮᠵᠢᠭᠤᠯᠵᠦ᠂ ᠵᠢᠭᠡᠯᠡᠯᠭᠡ ᠶᠢᠨ ᠭᠠᠷᠳᠠᠮ ᠢ ᠲᠦᠬᠦᠮᠴᠢᠯᠡᠨ᠂ ᠠᠵᠤ ᠠᠬᠤᠢᠢᠯᠠᠯ ᠪᠠ ᠤᠯᠠᠨ ᠲᠦᠮᠡᠨ ᠳᠤ ᠨᠡᠩ ᠤᠯᠠᠨ ᠮᠦᠩᠬᠦᠨ ᠬᠦᠢᠯᠭᠡᠭᠡᠨ ᠤ ᠬᠦᠷᠳᠡᠮᠵᠢ ᠶᠢᠨ ᠲᠦᠷᠦᠭᠳᠡᠯ ᠤᠯᠭᠤᠬᠤ ᠭᠡᠷᠡᠭᠲᠡᠢ᠃ ᠤᠯᠤᠰ ᠠᠴᠠ ᠬᠦᠷᠦᠩᠭᠡ ᠶᠢᠨ ᠵᠠᠬ᠎ᠠ ᠳᠡᠯᠭᠡᠬᠦᠷ ᠤᠨ ᠬᠦᠭᠵᠢᠯᠳᠠ ᠶᠢ ᠠᠬᠢᠭᠤᠯᠵᠦ ᠪᠠᠶᠢᠭ᠎ᠠ ᠠᠵᠠ ᠲᠤᠬᠢᠶᠠᠯᠳᠦ ᠬᠤᠭᠤᠴᠠᠭ᠎ᠠ ᠶᠢ ᠠᠮᠵᠢᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠦᠷ ᠮᠤᠩᠭᠤᠯ ᠢ ᠮᠠᠨᠳᠤᠭᠤᠯᠬᠤ᠂ ᠰᠦᠨ ᠤ ᠦᠢᠯᠡᠰ ᠢ ᠬᠦᠭᠵᠢᠭᠦᠯᠤᠨ ᠮᠠᠨᠳᠤᠭᠤᠯᠬᠤ᠂ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠪᠠ ᠠᠵᠤ ᠦᠢᠯᠡᠰ ᠢ ᠲᠡᠰ ᠲᠡᠪᠰᠢᠬᠦᠯᠬᠦ ᠵᠡᠷᠭᠡ ᠬᠦᠷᠢᠶ᠎ᠠ ᠪᠠᠷ ᠭᠤᠤᠯᠳᠠᠭᠤᠯᠵᠤ᠂ ᠰᠲ᠋ᠤᠺ ᠤᠨ ᠵᠠᠬ᠎ᠠ ᠳᠡᠯᠬᠡᠬᠦᠷ ᠲᠤ ᠭᠠᠷᠬᠤ ᠪᠠᠷ ᠪᠡᠯᠡᠳᠭᠡᠵᠦ ᠪᠠᠶᠢᠭ᠎ᠠ ᠠᠵᠤ ᠠᠬᠤᠢᠢᠯᠠᠯ ᠢ ᠨᠦᠬᠡᠴᠡᠯᠡᠬᠦ ᠪᠠ ᠱᠠᠳᠤ ᠪᠦᠯᠦᠭ ᠬᠤᠪᠢᠶᠠᠨ ᠪᠤᠶᠢᠵᠢᠭᠤᠯᠵᠤ ᠬᠦᠭᠵᠢᠭᠦᠯᠬᠦ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠦ᠂ ᠡᠷᠳᠡᠭᠡᠨ ᠰᠢᠨ᠎ᠠ ᠰᠢᠪᠳᠤᠯᠤᠯᠳᠠ ᠲᠠᠢ ᠪᠤᠯᠭᠠᠬᠤ ᠭᠡᠷᠡᠭᠲᠡᠢ᠃ ᠡᠯ᠎ᠠ ᠱᠠᠳᠤᠨ ᠤ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠨᠢ ᠮᠦᠩᠬᠦᠨ ᠬᠦᠢᠯᠭᠡᠭᠡᠨ ᠤ ᠠᠵᠢᠯ ᠢ ᠡᠳᠦᠷ ᠳᠤᠳᠤᠮ ᠤᠨ ᠴᠢᠬᠤᠯᠠ ᠵᠦᠪᠯᠡᠬᠦ ᠵᠦᠢᠯ ᠳᠡᠭᠡᠨ ᠤᠷᠤᠭᠤᠯᠵᠦ᠂ ᠲᠤᠭᠳᠠᠭᠰᠠᠨ ᠬᠤᠭᠤᠴᠠᠭ᠎ᠠ ᠲᠠᠢ ᠪᠠᠷ ᠰᠤᠳᠤᠯᠤᠨ ᠢᠳᠡᠪᠬᠢᠳᠠᠢ ᠠᠬᠢᠭᠤᠯᠵᠦ᠂ ᠮᠦᠩᠬᠦᠨ ᠬᠦᠢᠯᠭᠡᠭᠡᠨ ᠤ ᠦᠢᠯᠡᠰ ᠤᠨ ᠴᠢᠨᠠᠷ ᠰᠠᠶᠢᠳᠠᠢ ᠬᠦᠭᠵᠢᠯᠳᠠ ᠳᠤ ᠰᠠᠶᠢᠨ ᠰᠠᠶᠢᠬᠠᠨ ᠤᠷᠴᠢᠨ ᠨᠦᠬᠦᠴᠡᠯ ᠬᠠᠩᠭᠠᠵᠦᠦᠭᠬᠦ ᠪᠠᠷ ᠴᠢᠷᠮᠠᠶᠢᠬᠤ ᠭᠡᠷᠡᠭᠲᠡᠢ ᠭᠡᠵᠦ ᠵᠢᠭᠠᠵᠦ ᠭᠠᠷᠭᠠᠪᠠ᠃      ᠥᠪᠡᠷᠲᠡᠭᠡᠨ ᠵᠠᠰᠠᠬᠤ ᠤᠷᠤᠨ ᠤ ᠤᠳᠤᠷᠢᠳᠤᠯᠭ᠎ᠠ ᠵᠠᠩ ᠱᠤᠤ ᠴᠦᠨ᠂ ᠬᠤᠸᠠᠩ ᡁᠢ ᠴᠢᠶᠠᠩ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠠᠵᠢᠯᠯᠠᠭ᠎ᠠ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号