ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠷᠠᠯᠵᠢᠶᠠᠯᠠᠬᠤ ᠪᠠ ᠢᠳᠡᠬᠦ ᠶᠢ ᠴᠠᠭᠠᠵᠠᠯᠠᠬᠤ ᠲᠤᠬᠠᠶ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2020/7/14
                ᠦᠪᠦᠷ ᠵᠠᠰᠠᠭ ᠠᠯᠪᠠᠨ ᠲᠠᠷᠬᠠᠭᠠᠨᠨᠰᠠᠨ ﹇2020﹈ 12 ᠳ᠋ᠤᠭᠠᠷ ᠲᠤᠭᠠᠳᠤᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠬᠡᠴᠢ ᠳᠤ᠄      ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ︽ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠷᠠᠯᠵᠢᠶᠠᠯᠠᠬᠤ ᠶᠢ ᠪᠥᠬᠦ ᠲᠠᠯ᠎ᠠ ᠪᠠᠷ ᠴᠠᠭᠠᠵᠠᠯᠠᠬᠤ᠂ ᠬᠡᠭᠡᠷ᠎ᠡ ᠶᠢᠨ ᠠᠮᠢᠲᠠᠨ ᠢ ᠲᠤᠷ᠎ᠠ ᠪᠠᠷ ᠢᠳᠡᠬᠦ ᠮᠠᠭᠤ ᠮᠠᠭᠤᠬᠠᠢ ᠳᠠᠳᠬᠠᠯ ᠢ ᠠᠷᠢᠯᠭᠠᠬᠤ ᠪᠠ ᠠᠷᠠᠳ ᠣᠯᠠᠨ ᠤ ᠠᠮᠢ ᠨᠠᠰᠤᠨ ᠤ ᠡᠷᠡᠭᠦᠯ ᠮᠡᠨᠳᠦ ᠠᠮᠤᠷ ᠲᠦᠪᠰᠢᠨ ᠢ ᠦᠨᠡᠨ ᠬᠦ ᠪᠠᠲᠤᠯᠠᠬᠤ ᠲᠤᠬᠠᠶ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ︵2020 ᠣᠨ ᠤ 2 ᠳ᠋ᠤᠭᠠᠷ ᠰᠠᠷ᠎ᠠ ᠶᠢᠨ 24 ᠤ ᠡᠳᠦᠷ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠵᠢᠷᠭᠤᠳᠤᠭᠠᠷ ᠬᠤᠷᠠᠯᠳᠤᠭᠠᠨ ᠠᠴᠠ ᠪᠠᠲᠤᠯᠠᠪᠠ᠂ ᠳᠣᠷᠣᠭᠰᠢ ︽ᠲᠣᠭᠲᠠᠭᠠᠯ︾ ᠭᠡᠵᠦ ᠲᠣᠪᠴᠢᠯᠠᠨ᠎ᠠ︶ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ  ᠬᠡᠷᠡᠭᠵᠢᠬᠦᠯᠵᠦ᠂ ᠪᠦᠬᠦ ᠨᠡᠶᠢᠭᠡᠮ ᠤᠨ ᠠᠮᠢ ᠠᠬᠤᠢ ᠶᠢ ᠬᠠᠮᠠᠭᠠᠯᠠᠬᠤ ᠤᠬᠠᠮᠰᠠᠷ ᠢ ᠨᠢ ᠴᠢᠩᠭᠠᠳᠬᠠᠨ᠂ ᠬᠡᠭᠡᠷ᠎ᠡ ᠶᠢᠨ ᠠᠮᠢᠲᠠᠨ ᠢ ᠳᠤᠷ᠎ᠠ ᠪᠠᠷ ᠢᠳᠡᠬᠦ ᠮᠠᠭᠤ ᠮᠠᠭᠤᠬᠠᠢ ᠳᠠᠳᠬᠠᠯ ᠢ ᠠᠷᠢᠯᠭᠠᠵᠤ᠂ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠪᠦᠲᠦᠮᠵᠢᠲᠡᠶ ᠬᠠᠮᠠᠭᠠᠯᠠᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠵᠦ᠂ ᠬᠥᠮᠦᠨ ᠪᠠᠶᠢᠭᠠᠯᠢ ᠶᠢᠨ ᠡᠶ᠎ᠡ ᠵᠤᠬᠢᠴᠠᠯ ᠲᠠᠢ ᠬᠠᠮᠲᠤ ᠣᠷᠣᠰᠢᠬᠤ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠪᠡ᠃      ᠨᠢᠬᠡ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠵᠦ ᠤᠳᠤᠷᠢᠳᠬᠤ ᠪᠠᠨ ᠴᠢᠩᠭᠠᠳᠬᠠᠬᠤ ᠬᠡᠷᠡᠭᠳᠡᠢ      ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠷᠠᠯᠵᠢᠶᠠᠯᠠᠬᠤ ᠪᠠ ᠳᠤᠷ᠎ᠠ ᠪᠠᠷ ᠢᠳᠡᠬᠦ ᠨᠢ ᠬᠡᠭᠡᠷ᠎ᠡ ᠶᠢᠨ ᠠᠮᠢᠲᠠᠨ ᠤ ᠳᠦᠷᠰᠦ ᠶᠢᠨ ᠰᠦᠷᠦᠭ ᠪᠠ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠪᠠ ᠠᠷᠠᠳ ᠤᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠤ ᠳᠤ ᠬᠦᠨᠳᠦ ᠶᠡᠭᠡ ᠭᠡᠮ ᠰᠤᠭᠤᠭ ᠠᠪᠴᠢᠷᠠᠬᠤ ᠪᠤᠯᠤᠨ᠎ᠠ᠃ ᠨᠠᠮ ᠤᠨ ᠲᠥᠪ ᠬᠤᠷᠢᠶ᠎ᠠ ᠡᠭᠦᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠶᠡᠷᠦᠩᠬᠡᠢ ᠱᠦᠵᠢ ᠰᠢ ᠶᠢᠨ ᠫᠢᠩ ᠤᠯᠠᠨᠳᠠ ᠴᠢᠬᠤᠯᠠ ᠵᠢᠭᠠᠪᠤᠷᠢ ᠴᠣᠬᠤᠯᠠᠪᠤᠷᠢ ᠭᠠᠷᠭᠠᠪᠠ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠬᠤᠭᠤᠴᠠᠭᠠᠨ ᠳᠤ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠡᠭᠡᠷ᠎ᠡ ᠶᠢᠨ ᠠᠮᠢᠲᠠᠨ ᠢ ᠳᠤᠷ᠎ᠠ ᠪᠠᠷ ᠢᠳᠡᠵᠦ ᠪᠠᠶᠢᠭ᠎ᠠ ᠡᠨᠡᠬᠦ ᠳᠣᠪᠤᠶᠢᠮ᠎ᠠ ᠠᠰᠠᠭᠤᠳᠠᠯ ᠢ ᠭᠤᠤᠯᠳᠠᠭᠤᠯᠤᠨ ᠠᠩᠬᠠᠷᠴᠤ ︽ᠲᠤᠨᠨᠳᠠᠭᠠᠯ︾ ᠢ ᠭᠠᠷᠭᠠᠨᠨᠰᠠᠨ ᠪᠠᠶᠢᠨ᠎ᠠ᠂ ᠡᠨᠡ ᠨᠢ ᠬᠡᠭᠡᠷ᠎ᠡ ᠶᠢᠨ ᠠᠮᠢᠲᠠᠨ ᠢᠳᠡᠬᠦ ᠶᠢ ᠪᠦᠬᠦ ᠲᠠᠯ᠎ᠠ ᠪᠠᠷ  ᠴᠠᠭᠠᠵᠠᠯᠠᠨ᠂ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠷᠠᠯᠵᠢᠶᠠᠯᠠᠬᠤ ᠳᠤ ᠴᠢᠩᠭ᠎ᠠ ᠴᠣᠬᠢᠯᠲᠠ ᠥᠭᠴᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠨ ᠬᠢᠵᠠᠭᠠᠷᠯᠠᠬᠤ ᠳᠤ ᠬᠦᠴᠦᠲᠡᠶ ᠬᠠᠤᠯᠢ ᠲᠦᠷᠢᠮ ᠤᠨ ᠪᠠᠲᠤᠯᠠᠭ᠎ᠠ ᠬᠠᠩᠭᠠᠪᠠ᠃ ᠮᠠᠨ ᠤ ᠣᠷᠣᠨ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠤᠨ ᠲᠣᠮᠣ ᠣᠷᠣᠨ ᠪᠣᠯᠤᠭᠰᠠᠨ ᠤ ᠬᠤᠪᠢ ᠳᠤ᠂ ᠬᠡᠭᠡᠷ᠎ᠡ ᠶᠢᠨ ᠠᠮᠢᠲᠠᠨ ᠢᠳᠡᠬᠦ ᠶᠢ ᠴᠠᠭᠠᠵᠠᠯᠠᠬᠤ᠂ ᠬᠠᠤᠯᠢ ᠪᠤᠰᠤ ᠪᠠᠷ ᠠᠷᠠᠯᠵᠢᠶᠠᠯᠠᠬᠤ ᠵᠠᠬ᠎ᠠ ᠳᠡᠯᠭᠡᠭᠦᠷ ᠢ ᠭᠦᠴᠦᠨ ᠦᠬᠡᠢ ᠪᠤᠯᠭᠠᠬᠤ ᠠᠵᠢᠯ ᠢ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠭᠦᠨᠳᠦ ᠶᠡᠭᠡ᠂ ᠴᠠᠯᠠᠭᠠᠶᠢᠷᠠᠵᠤ ᠪᠤᠯᠤᠰᠢ ᠦᠭᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠬᠡᠴᠢ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠷᠠᠭᠤᠯᠤᠨ᠂ ᠵᠠᠰᠠᠭ ᠤᠨ ᠣᠷᠳᠣᠨ ᠨᠢᠭᠡᠳᠦᠯᠲᠡᠶ ᠤᠳᠤᠷᠢᠳᠬᠤ᠂ ᠰᠠᠯᠠᠭ᠎ᠠ ᠮᠥᠴᠢᠷ ᠬᠠᠤᠯᠢ ᠶᠣᠰᠣᠭᠠᠷ ᠬᠢᠨᠠᠨ ᠬᠠᠮᠢᠶᠠᠷᠬᠤ᠂ ᠡᠵᠡᠩᠨᠡᠯᠲᠡ ᠶᠢᠨ ᠭᠤᠤᠯ ᠴᠣᠭᠴᠠ ᠨᠠᠶᠢᠳᠠᠪᠤᠷᠢᠵᠢᠭᠤᠯᠬᠤ ᠵᠠᠷᠴᠢᠮ ᠶᠣᠰᠣᠭᠠᠷ᠂ ︽ᠲᠣᠭᠲᠠᠭᠠᠯ︾ ᠤᠨ ᠡᠯ᠎ᠡ ᠵᠦᠢᠯ ᠤᠨ ᠲᠣᠭᠲᠠᠭᠠᠯ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠬᠡᠷᠡᠭᠵᠢᠬᠦᠯᠬᠦ ᠬᠡᠷᠡᠭᠳᠡᠢ᠃      ᠬᠤᠶᠠᠷ᠂ ᠡᠯ᠎ᠡ ᠱᠠᠲᠤᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠴᠢᠩᠭᠠᠳᠬᠠᠵᠦ᠂ ᠠᠵᠢᠯ ᠤᠨ ᠨᠡᠶᠢᠯᠡᠮᠡᠯ ᠬᠦᠴᠦᠨ ᠢ ᠪᠤᠢ ᠪᠤᠯᠭᠠᠬᠤ ᠬᠡᠷᠡᠭᠳᠡᠢ      ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠷᠠᠯᠵᠢᠶᠠᠯᠠᠬᠤ᠂ ᠢᠳᠡᠬᠦ ᠶᠢ ᠴᠠᠭᠠᠵᠠᠯᠠᠬᠤ ᠪᠠ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠭᠤᠤᠯ ᠴᠣᠭᠴᠠ ᠶᠢ  ᠲᠤᠳᠤᠷᠬᠠᠶᠢᠯᠠᠨ᠂ ᠬᠠᠤᠯᠢ ᠬᠡᠷᠡᠭᠵᠢᠭᠦᠯᠬᠦ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠤᠬᠢᠶᠠᠨ ᠪᠠᠶᠢᠭᠤᠯᠵᠤ ᠵᠤᠬᠢᠴᠠᠭᠤᠯᠤᠨ ᠰᠢᠮᠳᠠᠭᠤᠯᠵᠤ ᠪᠠᠶᠢᠭᠠᠳ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠨᠢ ᠬᠠᠤᠯᠢ ᠶᠣᠰᠣᠭᠠᠷ ᠭᠦᠢᠴᠡᠳᠬᠡᠯᠬᠡᠬᠦ ᠬᠡᠷᠡᠭᠲᠡᠶ᠃ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠷᠠᠯᠵᠢᠶᠠᠯᠠᠬᠤ ᠪᠠ ᠢᠳᠡᠬᠦ ᠶᠢ ᠴᠠᠭᠠᠵᠠᠯᠠᠬᠤ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠣᠢ ᠰᠢᠭᠤᠶ ᠡᠪᠡᠰᠦ ᠪᠡᠯᠴᠢᠭᠡᠷ᠂ ᠳᠣᠲᠣᠭᠠᠳᠤ ᠶᠢ ᠬᠠᠮᠠᠭᠠᠯᠠᠬᠤ ᠵᠢᠴᠢ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠷᠠᠯᠵᠢᠶᠠᠯᠠᠬᠤ ᠪᠠ ᠢᠳᠡᠬᠦ ᠶᠢ ᠴᠠᠭᠠᠵᠠᠯᠠᠬᠤ ᠲᠠᠯ᠎ᠠ ᠪᠠᠷ ᠬᠢ ᠬᠢᠨᠠᠯᠳᠠ ᠬᠠᠮᠢᠶᠠᠷᠤᠯᠳᠠ ᠶᠢ ᠬᠠᠤᠯᠢ ᠶᠣᠰᠣᠭᠠᠷ ᠬᠠᠷᠢᠭᠤᠴᠠᠬᠤ ᠬᠡᠷᠡᠭᠳᠡᠢ᠃ ᠣᠢ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠨᠢ ᠬᠠᠭᠤᠷᠠᠶ ᠶᠢᠨ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠰᠤᠳᠤᠯᠤᠨ ᠪᠠᠶᠢᠴᠠᠭᠠᠬᠤ᠂ ᠬᠢᠨᠠᠨ ᠰᠢᠨᠵᠢᠬᠦ ᠪᠠ ᠬᠡᠭᠡᠷ᠎ᠡ ᠭᠠᠳᠠᠨᠠᠬᠢ ᠳᠦᠷᠰᠦ ᠶᠢᠨ ᠰᠦᠷᠦᠭ ᠢ ᠬᠠᠮᠠᠭᠠᠯᠠᠬᠤ᠂ ᠬᠠᠭᠤᠷᠠᠶ ᠶᠢᠨ ᠬᠡᠭᠡᠷ᠎ᠡ ᠶᠢᠨ ᠠᠮᠢᠲᠠᠨ ᠤ ᠬᠡᠮ ᠬᠢᠵᠢᠭ ᠢ ᠬᠢᠨᠠᠨ ᠰᠢᠨᠵᠢᠬᠦ ᠪᠠ ᠰᠡᠷᠭᠡᠶᠢᠯᠡᠨ ᠡᠵᠡᠮᠳᠡᠬᠦ᠂ ᠰᠢᠨᠵᠢᠯᠡᠬᠦ ᠤᠬᠠᠭᠠᠨ ᠤ ᠰᠤᠳᠤᠯᠤᠯ ᠬᠢᠬᠦ᠂ ᠡᠮ ᠤᠨ ᠨᠠᠶᠢᠷᠠᠯᠭ᠎ᠠ ᠳᠤ ᠬᠡᠷᠡᠭᠯᠡᠬᠦ᠂ ᠳᠡᠯᠭᠡᠨ ᠦᠵᠡᠭᠦᠯᠬᠦ ᠵᠡᠷᠭᠡ ᠢᠳᠡᠭᠡᠨ ᠤ ᠪᠤᠰᠤ ᠴᠢᠨᠠᠷ ᠤᠨ ᠠᠰᠢᠨᠨᠯᠠᠯᠳᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠪᠠ ᠬᠢᠨᠠᠯᠳᠠ ᠬᠠᠮᠢᠶᠠᠷᠤᠯᠳᠠ ᠶᠢᠨ ᠠᠵᠢᠯ ᠢ ᠬᠠᠷᠢᠭᠤᠴᠠᠬᠤ ᠬᠡᠷᠡᠭᠳᠡᠢ︔ ᠲᠠᠷᠢᠶᠠᠯᠠᠩ ᠮᠠᠯ ᠠᠵᠤ ᠠᠬᠤᠢ ᠪᠠ ᠭᠦᠳᠡᠭᠡ ᠲᠤᠰᠬᠤᠨ ᠮᠠᠯᠵᠢᠬᠤ ᠤᠷᠤᠨ ᠤ ᠰᠠᠯᠠᠭ᠎ᠠ ᠮᠥᠴᠢᠷ ᠨᠢ ᠤᠰᠤᠨ ᠤ ᠬᠡᠭᠡᠷ᠎ᠡ ᠶᠢᠨ ᠠᠮᠢᠲᠠᠨ ᠪᠠ ᠭᠡᠷ ᠤᠨ ᠵᠢᠭᠦᠷᠲᠡᠨ ᠲᠡᠵᠢᠬᠡᠪᠦᠷᠢ ᠶᠢᠨ  ᠬᠡᠮ ᠬᠢᠵᠢᠭ ᠢ ᠰᠡᠷᠭᠡᠶᠢᠯᠡᠬᠦ ᠵᠢᠴᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠵᠤ᠂ ᠬᠠᠭᠤᠷᠠᠶ ᠶᠢᠨ ᠬᠡᠭᠡᠷ᠎ᠡ ᠶᠢᠨ ᠠᠮᠢᠲᠠᠨ ᠤ ᠬᠡᠮ ᠬᠢᠵᠢᠭ ᠢ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠡᠭᠦᠷᠬᠡᠯᠡᠬᠦ ᠬᠡᠷᠡᠭᠳᠡᠢ︔ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠥᠴᠢᠷ ᠨᠢ ᠴᠤᠭᠯᠠᠭ᠎ᠠ ᠮᠠᠶᠢᠮᠠᠶ ᠳᠠᠬᠢ ᠬᠡᠭᠡᠷ᠎ᠡ ᠶᠢᠨ ᠠᠮᠢᠲᠠᠨ ᠵᠢᠴᠢ ᠲᠡᠭᠦᠨ ᠢᠶᠠᠷ ᠬᠢᠭᠰᠡᠨ ᠪᠦᠲᠦᠭᠡᠭᠳᠡᠬᠦᠨ ᠢ ᠬᠠᠤᠯᠢ ᠪᠤᠰᠤ ᠪᠠᠷ ᠬᠤᠳᠠᠯᠳᠤᠨ ᠠᠪᠬᠤ᠂ ᠡᠳ᠋ᠰᠢᠬᠦᠯᠦᠨ ᠪᠣᠯᠪᠠᠰᠤᠷᠠᠭᠤᠯᠬᠤ ᠪᠠ  ᠪᠤᠷᠤᠯᠠᠭᠤᠯᠤᠨ ᠬᠤᠳᠠᠯᠳᠤᠬᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠶᠢᠳᠪᠦᠷᠢᠯᠡᠵᠦ᠂ ᠰᠦᠯᠵᠢᠶ᠎ᠡ ᠪᠠᠷ ᠬᠢᠨᠠᠨ ᠬᠠᠮᠢᠶᠠᠷᠬᠤ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ᠂ ᠰᠦᠯᠵᠢᠶᠡᠨ ᠤ ᠠᠷᠠᠯᠵᠢᠶᠠᠨ ᠤ ᠲᠠᠪᠴᠠᠩ  ᠳᠤ ᠬᠠᠨᠳᠤᠯᠭ᠎ᠠ ᠲᠠᠢ ᠪᠠᠷ ᠬᠢᠨᠠᠨ ᠰᠢᠨᠵᠢᠬᠦ ᠠᠵᠢᠯ ᠦᠷᠨᠢᠬᠦᠯᠬᠦ ᠶᠢ ᠬᠠᠷᠢᠭᠤᠴᠠᠬᠤ ᠬᠡᠷᠡᠭᠳᠡᠢ︔ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠨᠢ ᠬᠡᠭᠡᠷ᠎ᠡ ᠶᠢᠨ ᠠᠮᠢᠲᠠᠨ ᠢ ᠳᠤᠷ᠎ᠠ ᠪᠠᠷ ᠢᠶᠠᠨ ᠠᠩᠨᠠᠬᠤ᠂ ᠬᠠᠤᠯᠢ ᠪᠤᠰᠤ ᠪᠠᠷ ᠠᠷᠠᠯᠵᠢᠶᠠᠯᠠᠬᠤ᠂ ᠲᠡᠭᠡᠭᠡᠪᠦᠷᠢᠯᠡᠬᠦ ᠪᠠ ᠢᠳᠡᠬᠦ ᠵᠡᠷᠭᠡ ᠬᠠᠤᠯᠢ ᠠᠴᠠ ᠵᠥᠷᠢᠴᠡᠭᠰᠡᠨ ᠡᠯ᠎ᠡ ᠲᠦᠷᠦᠯ ᠤᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠠᠵᠢᠯ ᠢ ᠬᠠᠷᠢᠭᠤᠴᠠᠬᠤ ᠬᠡᠷᠡᠭᠲᠡᠶ᠃      ᠭᠤᠷᠪᠠ᠂ ᠬᠢᠨᠠᠯᠳᠠ ᠬᠠᠮᠢᠶᠠᠷᠤᠯᠳᠠ ᠶᠢᠨ ᠡᠷᠴᠢᠮ ᠢᠶᠠᠨ ᠴᠢᠩᠭᠠᠷᠠᠭᠤᠯᠵᠤ᠂ ᠴᠢᠩᠭ᠎ᠠ ᠬᠢᠨᠠᠨ ᠪᠠᠶᠢᠴᠠᠭᠠᠬᠤ ᠠᠵᠢᠯ ᠢ ᠬᠡᠷᠡᠭᠵᠢᠬᠦᠯᠬᠦ ᠬᠡᠷᠡᠭᠳᠡᠢ      ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠷᠠᠯᠵᠢᠶᠠᠯᠠᠬᠤ ᠶᠢ ᠪᠦᠬᠦ ᠲᠠᠯ᠎ᠠ ᠪᠠᠷ ᠴᠠᠭᠠᠵᠠᠯᠠᠵᠤ᠂  ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠷᠠᠯᠵᠢᠶᠠᠯᠠᠬᠤ ᠵᠠᠬ᠎ᠠ ᠳᠡᠯᠭᠡᠭᠦᠷ ᠢ ᠭᠦᠴᠦᠨ ᠦᠬᠡᠢ ᠪᠤᠯᠭᠠᠬᠤ ᠬᠡᠷᠡᠭᠳᠡᠢ᠃ ᠶᠠᠮᠠᠷᠪᠠ ᠨᠢᠭᠡᠴᠢ ᠪᠠ ᠬᠤᠪᠢ ᠬᠥᠮᠦᠨ ᠬᠡᠳ ᠢᠳᠡᠬᠦ ᠶᠢ ᠴᠠᠭᠠᠵᠠᠯᠬᠠᠰᠠᠨ ᠬᠡᠭᠡᠷ᠎ᠡ ᠶᠢᠨ ᠠᠮᠢᠲᠠᠨ ᠢᠶᠠᠷ ᠬᠢᠭᠰᠡᠨ ᠢᠳᠡᠭᠡᠨ ᠤ ᠵᠦᠢᠯ ᠢ ᠦᠢᠯᠡᠳᠪᠦᠷᠢᠯᠡᠬᠦ ᠪᠠ ᠡᠵᠡᠩᠨᠡᠵᠦ ᠪᠣᠯᠬᠤ ᠦᠭᠡᠢ᠃ ᠰᠢᠨᠵᠢᠯᠡᠬᠦ ᠤᠬᠠᠭᠠᠨ ᠤ ᠰᠤᠳᠤᠯᠤᠯ ᠬᠢᠬᠦ᠂ ᠡᠮᠴᠢᠯᠡᠭᠡᠨ ᠪᠠ ᠡᠮ ᠤᠨ ᠨᠠᠶᠢᠷᠠᠯᠭ᠎ᠠ ᠳᠤ ᠬᠡᠷᠡᠭᠯᠡᠬᠦ᠂ ᠦᠵᠡᠬᠦᠯᠬᠡ ᠶᠢᠨ ᠲᠤᠨᠨᠯᠠᠯᠳᠠ ᠬᠢᠬᠦ ᠪᠠ ᠲᠡᠯᠬᠡᠨ ᠦᠵᠡᠬᠦᠯᠬᠦ᠂ ᠳᠦᠷᠰᠦ ᠬᠠᠮᠠᠭᠠᠯᠠᠬᠤ᠂ ᠳᠦᠷᠰᠦ ᠶᠢᠨ ᠡᠭᠦᠰᠦᠯᠳᠦ ᠦᠷᠡᠵᠢᠭᠦᠯᠦᠨ ᠪᠤᠶᠢᠵᠢᠭᠤᠯᠬᠤ᠂ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠵᠡᠷᠭᠡ ᠪᠤᠰᠤᠳ ᠣᠨᠴᠠᠭᠠᠢ ᠪᠠᠶᠢᠳᠠᠯ ᠠᠴᠠ ᠪᠣᠯᠵᠤ᠂ ᠬᠡᠭᠡᠷ᠎ᠡ ᠶᠢᠨ ᠠᠮᠢᠲᠠᠨ ᠢ ᠢᠳᠡᠭᠡᠨ ᠤ ᠪᠤᠰᠤ ᠴᠢᠨᠠᠷ ᠤᠨ ᠠᠰᠢᠨᠨᠯᠠᠯᠳᠠ ᠬᠢᠬᠦ ᠴᠢᠬᠤᠯᠠᠳᠠᠢ  ᠪᠤᠯᠪᠠᠯ᠂ ᠬᠠᠤᠯᠢ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠬᠦ ᠪᠠ ᠪᠠᠶᠢᠴᠠᠭᠠᠨ ᠰᠢᠯᠭᠠᠵᠦ ᠬᠢᠵᠢᠭ ᠪᠠᠶᠢᠴᠠᠭᠠᠬᠤ ᠠᠵᠢᠯ ᠢ ᠴᠢᠩᠭ᠎ᠠ ᠬᠡᠷᠡᠭᠵᠢᠬᠦᠯᠬᠦ ᠬᠡᠷᠡᠭᠲᠡᠶ᠃ ᠬᠡᠭᠡᠷ᠎ᠡ ᠭᠠᠳᠠᠨᠠᠬᠢ ᠪᠠᠶᠢᠭᠠᠯᠢᠯᠢᠭ ᠤᠷᠴᠢᠨ ᠳᠤ ᠦᠰᠴᠤ ᠲᠤᠷᠨᠢᠨᠨᠰᠨᠨ ᠬᠠᠭᠤᠷᠠᠶ ᠶᠢᠨ ᠬᠡᠭᠡᠷ᠎ᠡ ᠶᠢᠨ ᠠᠮᠢᠲᠠᠨ ᠢ ᠢᠳᠡᠬᠦ ᠵᠤᠷᠢᠯᠭ᠎ᠠ ᠪᠠᠷ ᠠᠩᠨᠠᠬᠤ᠂ ᠠᠷᠠᠯᠵᠢᠶᠠᠯᠠᠬᠤ ᠪᠠ ᠲᠡᠭᠡᠭᠡᠪᠦᠷᠢᠯᠡᠬᠦ ᠶᠢ ᠴᠠᠭᠠᠵᠠᠯᠠᠬᠤ ᠬᠡᠷᠡᠭᠳᠡᠢ᠃ ᠬᠡᠭᠡᠷ᠎ᠡ ᠶᠢᠨ ᠠᠮᠢᠲᠠᠨ ᠢ ᠠᠩᠨᠠᠬᠤ᠂ ᠠᠷᠠᠯᠵᠢᠶᠠᠯᠠᠬᠤ᠂ ᠲᠡᠬᠡᠬᠡᠪᠦᠷᠢᠯᠡᠬᠦ᠂  ᠬᠡᠷᠡᠭᠯᠡᠵᠦ ᠠᠰᠢᠨᠨᠯᠠᠬᠤ᠂ ᠠᠪᠴᠤ ᠶᠠᠪᠤᠬᠤ ᠪᠠ ᠢᠯᠡᠬᠡᠨ ᠭᠦᠷᠬᠡᠬᠦ ᠳᠤ ᠭᠦᠷᠪᠡᠯ᠂ ᠵᠤᠬᠢᠬᠤ ᠠᠪᠠᠯᠠᠬᠤ ᠦᠨᠡᠮᠯᠡᠯ᠂ ᠠᠩᠨᠠᠬᠤ ᠦᠨᠡᠮᠯᠡᠯ᠂ ᠲᠤᠰᠬᠠᠶ ᠢᠯᠭᠠᠬᠤ ᠲᠡᠮᠳᠡᠭ᠂ ᠭᠦᠮᠦᠨ ᠤ ᠭᠦᠴᠦ ᠪᠠᠷ ᠦᠷᠡᠵᠢᠭᠦᠯᠦᠨ ᠪᠤᠶᠢᠵᠢᠭᠤᠯᠬᠤ ᠵᠥᠪᠰᠢᠶᠡᠷᠡᠯ ᠤᠨ ᠦᠨᠡᠮᠯᠡᠯ᠂ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠠᠭᠤᠯᠪᠤᠷᠢ ᠳᠡᠪᠲᠡᠷ ᠪᠤᠶᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠡᠷᠡᠴᠢ ᠵᠡᠷᠬᠡ ᠬᠠᠤᠯᠢ ᠶᠣᠰᠣᠨ ᠤ ᠢᠷᠡᠯᠲᠡ ᠲᠠᠢ ᠭᠡᠷᠡᠴᠢ ᠪᠠ ᠬᠢᠵᠢᠭ ᠤᠨ ᠪᠠᠶᠢᠴᠠᠭᠠᠯᠲᠠ ᠬᠢᠭᠰᠡᠨ ᠭᠡᠷᠡᠴᠢ ᠪᠠᠶᠢᠬᠤ ᠬᠡᠷᠡᠭᠲᠡᠶ᠃ ᠰᠦᠯᠵᠢᠶᠡᠨ ᠤ ᠠᠷᠠᠯᠵᠢᠶᠠᠨ ᠤ ᠲᠠᠪᠴᠠᠩ᠂ ᠲᠠᠸᠠᠷ ᠤᠨ ᠠᠷᠠᠯᠵᠢᠶᠠᠨ ᠤ ᠵᠠᠬ᠎ᠠ ᠳᠡᠯᠭᠡᠭᠦᠷ᠂ ᠢᠳᠡᠭᠡᠨ ᠤᠮᠳᠠᠭᠠᠨ ᠤ ᠲᠠᠯᠠᠪᠤᠷ ᠭᠠᠵᠠᠷ ᠵᠡᠷᠭᠡ ᠠᠷᠠᠯᠵᠢᠶᠠᠯᠠᠬᠤ ᠪᠠ ᠬᠡᠷᠡᠭᠯᠡᠭᠡᠨ ᠤ ᠲᠠᠯᠠᠪᠤᠷ ᠭᠠᠵᠠᠷ ᠵᠢᠴᠢ ᠲᠡᠬᠡᠬᠡᠪᠦᠷᠢᠯᠡᠬᠦ᠂  ᠭᠦᠮᠦᠷᠬᠡᠯᠡᠨ ᠬᠠᠳᠠᠭᠠᠯᠠᠬᠤ᠂ ᠲᠦᠷᠭᠡᠨ ᠢᠯᠡᠬᠡᠯᠳᠡ ᠵᠡᠷᠭᠡ ᠶᠢᠨ ᠡᠵᠡᠩᠨᠡᠭᠴᠢᠳ ᠤᠨ ᠲᠡᠳᠡᠬᠡᠷ ᠬᠠᠤᠯᠢ ᠪᠤᠰᠤ ᠪᠠᠷ ᠬᠡᠭᠡᠷ᠎ᠡ ᠶᠢᠨ ᠠᠮᠢᠲᠠᠨ ᠢᠳᠡᠬᠦ ᠪᠠ ᠬᠡᠷᠡᠭᠯᠡᠬᠦ ᠶᠢ ᠴᠠᠭᠠᠵᠠᠯᠠᠭᠰᠠᠨ ᠠᠩᠨᠠᠨ ᠪᠠᠷᠢᠬᠤ ᠪᠠᠭᠠᠵᠢ ᠬᠡᠷᠡᠭᠰᠡᠯ ᠳᠤ ᠠᠷᠠᠯᠵᠢᠶᠠᠨ ᠤ ᠪᠤᠶᠤ ᠬᠡᠷᠡᠭᠯᠡᠬᠡᠨ ᠤ ᠦᠢᠯᠡᠴᠢᠯᠡᠭᠡ ᠬᠠᠩᠭᠠᠬᠤ ᠶᠢ ᠴᠠᠭᠠᠵᠠᠯᠠᠬᠤ ᠬᠡᠷᠡᠭᠲᠡᠶ᠃ ᠶᠠᠮᠠᠷᠪᠠ ᠦᠢᠯᠡᠳᠪᠦᠷᠢᠯᠡᠯ᠂ ᠡᠵᠡᠩᠨᠡᠨ ᠪᠣᠯᠪᠠᠰᠤᠷᠠᠭᠤᠯᠬᠤ ᠨᠢᠬᠡᠴᠢ ᠪᠤᠶᠤ ᠬᠤᠪᠢ ᠬᠥᠮᠦᠨ ᠭᠡᠳ ᠢᠳᠡᠬᠦ ᠶᠢ ᠴᠠᠭᠠᠵᠠᠯᠠᠭᠰᠠᠨ ᠬᠡᠭᠡᠷ᠎ᠡ ᠶᠢᠨ ᠠᠮᠢᠳᠠᠳ ᠤᠨ ᠨᠡᠷᠡᠶᠢᠳᠦᠯ᠂ ᠦᠬᠡᠷ᠎ᠡ ᠨᠡᠷᠡᠶᠢᠳᠦᠯ᠂ ᠵᠢᠷᠤᠭ ᠳᠦᠷᠰᠦ ᠵᠡᠷᠭᠡ ᠪᠠᠷ ᠵᠠᠷ ᠮᠡᠳᠡᠭᠡ᠂ ᠬᠤᠳᠠᠯᠳᠤᠭᠠᠨ ᠤ ᠫᠠᠶᠢᠰᠠ᠂ ᠵᠠᠭᠤᠰᠢ ᠶᠢᠨ ᠵᠤᠷ ᠵᠡᠷᠭᠡ ᠶᠢ ᠦᠢᠯᠡᠳᠴᠤ ᠵᠤᠴᠢᠳ ᠢ ᠦᠳᠡᠬᠡᠨ ᠲᠠᠳᠠᠵᠦ ᠪᠤᠯᠬᠤ ᠦᠬᠡᠢ᠃ ︽ᠠᠩ ᠤᠨ ᠮᠢᠬ᠎ᠠ︾ ︽ᠬᠡᠭᠡᠷ᠎ᠡ ᠶᠢᠨ ᠠᠮᠢᠲᠠᠨ︾ ᠢ ᠥᠪᠡᠷᠲᠡᠭᠡᠨ ᠵᠠᠰᠠᠬᠤ ᠣᠷᠣᠨ ᠤ ᠵᠠᠬ᠎ᠠ ᠲᠡᠯᠬᠡᠭᠦᠷ ᠤᠨ ᠭᠤᠤᠯ ᠴᠣᠭᠴᠠ ᠶᠢᠨ ᠨᠡᠷᠡᠶᠢᠳᠦᠯ ᠢ ᠲᠡᠮᠳᠡᠭᠯᠡᠨ ᠲᠠᠩᠰᠠᠯᠠᠭᠤᠯᠤᠨᠨᠰᠠᠨ ︽ᠴᠠᠭᠠᠵᠠᠲᠠᠶ ᠦᠬᠡ ᠥᠰᠥᠭ ᠤᠨ ᠰᠠᠩ︾ ᠳᠤ ᠣᠷᠣᠭᠤᠯᠤᠨ ᠨᠢᠭᠡᠳᠦᠯᠲᠡᠶ ᠬᠠᠮᠢᠶᠠᠷᠬᠤ ᠬᠡᠷᠡᠭᠳᠡᠢ᠃      ᠳᠥᠷᠪᠡ᠂ ᠲᠥᠷᠥ ᠶᠢᠨ ᠪᠣᠳᠣᠯᠭ᠎ᠠ ᠶᠢ ᠣᠨᠣᠪᠴᠢᠲᠠᠶ ᠡᠵᠡᠮᠳᠡᠵᠦ᠂ ᠠᠵᠢᠯ ᠢᠶᠠᠨ ᠵᠤᠯᠭᠠᠭᠤᠯᠬᠤ ᠶᠢ ᠴᠢᠩᠭᠠᠷᠠᠭᠤᠯᠬᠤ ᠬᠡᠷᠡᠭᠳᠡᠢ      ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾  ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠠᠯ ᠠᠵᠤ ᠠᠬᠤᠶ ᠶᠢᠨ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ ᠠᠵᠤ ᠠᠬᠤᠶ ᠶᠢᠨ ᠬᠠᠤᠯᠢ︾ ᠪᠠ ︽ᠲᠣᠭᠲᠠᠭᠠᠯ︾ ᠵᠡᠷᠭᠡ ᠶᠢᠨ ᠲᠣᠭᠲᠠᠭᠠᠯ ᠶᠣᠰᠣᠭᠠᠷ᠂ ᠬᠤᠪᠣᠷ  ᠴᠤᠬᠠᠭ᠂ ᠮᠥᠬᠦᠬᠦ ᠰᠢᠬᠠᠭᠰᠠᠨ ᠤᠰᠤᠨ ᠤ ᠬᠡᠭᠡᠷ᠎ᠡ ᠶᠢᠨ ᠠᠮᠢᠲᠠᠨ ᠠᠴᠠ ᠭᠠᠳᠠᠨᠠᠬᠢ ᠪᠤᠰᠤᠳ ᠤᠰᠤᠨ ᠤ ᠬᠡᠭᠡᠷ᠎ᠡ ᠶᠢᠨ ᠠᠮᠢᠲᠠᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ ᠠᠵᠤ ᠠᠬᠤᠶ ᠶᠢᠨ ᠬᠠᠤᠯᠢ︾ ᠶᠢᠨ ᠬᠤᠯᠪᠣᠭᠳᠠᠯ ᠪᠦᠭᠦᠢ ᠲᠣᠭᠲᠠᠭᠠᠯ ᠢ ᠲᠤᠬᠢᠷᠠᠭᠤᠯᠤᠨ ᠬᠡᠷᠡᠭᠯᠡᠨ᠎ᠠ︔ ︽ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠭᠠᠷᠴᠠᠭ︾ ᠲᠤ ᠵᠢᠭᠰᠠᠭᠠᠨ ᠣᠷᠣᠭᠤᠯᠤᠭᠰᠠᠨ ᠠᠮᠢᠳᠠᠳ ᠨᠢ ᠭᠡᠷ ᠤᠨ ᠲᠡᠵᠢᠭᠡᠪᠦᠷᠢ ᠭᠡᠷ ᠤᠨ ᠵᠢᠭᠦᠷᠲᠡᠨ ᠳᠤ ᠬᠠᠷᠢᠶᠠᠯᠠᠭᠳᠠᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠠᠯ ᠠᠵᠤ ᠠᠬᠤᠢ ᠶᠢᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠲᠤᠬᠢᠷᠠᠭᠤᠯᠤᠨ ᠬᠡᠷᠡᠭᠯᠡᠨ᠎ᠠ᠃ ᠬᠤᠯᠪᠣᠭᠳᠠᠯ ᠪᠦᠬᠦᠢ ᠠᠵᠢᠯ ᠲᠥᠷᠥᠯ ᠤᠨ ᠰᠠᠯᠠᠭ᠎ᠠ ᠮᠥᠴᠢᠷ ᠨᠢ ᠲᠥᠷᠥ ᠶᠢᠨ ᠪᠣᠳᠣᠯᠭ᠎ᠠ ᠶᠢᠨ ᠵᠠᠭᠠᠭ ᠬᠢᠵᠠᠭᠠᠷ ᠢ ᠣᠨᠣᠪᠴᠢᠲᠠᠶ ᠡᠵᠡᠮᠰᠢᠵᠦ᠂ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠨ᠂ ᠬᠠᠮᠢᠶ᠎ᠠ ᠪᠦᠬᠦᠢ ᠠᠵᠢᠯ ᠢ ᠡᠮᠬᠢ ᠵᠢᠷᠤᠮ ᠲᠠᠢ ᠵᠣᠯᠭᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠣᠢ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠨ ᠬᠢᠨ ᠤᠰᠤᠨ ᠤ ᠬᠡᠭᠡᠷ᠎ᠡ ᠶᠢᠨ ᠠᠮᠢᠲᠠᠨ ᠪᠠ ︽ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠭᠠᠷᠴᠠᠭ︾ ᠢ ᠨᠡᠶᠢᠲᠡᠯᠡᠭᠰᠡᠨ ᠤ ᠳᠠᠷᠠᠭ᠎ᠠ ᠵᠢᠭᠰᠠᠭᠠᠭᠰᠠᠨ ᠮᠠᠯ ᠵᠢᠭᠦᠷᠲᠡᠨ ᠳᠤ ᠪᠤᠯ ᠬᠢᠨᠠᠨ ᠣᠯᠭᠤᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠦᠨᠡᠮᠯᠡᠯ ᠪᠤᠶᠤ ᠪᠢᠴᠢᠭ ᠬᠠᠷ᠎ᠠ ᠶᠢ ᠪᠤᠴᠠᠭᠠᠬᠤ ᠪᠠ ᠬᠦᠴᠦᠨ ᠦᠭᠡᠢ ᠪᠣᠯᠭᠠᠬᠤ ᠶᠢᠨ ᠬᠠᠮᠲᠤ᠂ ᠲᠠᠷᠢᠶᠠᠯᠠᠩ ᠮᠠᠯ ᠠᠵᠤ ᠠᠬᠤᠢ ᠪᠠ ᠭᠦᠳᠡᠭᠡ ᠲᠤᠰᠬᠤᠨ ᠮᠠᠯᠵᠢᠬᠤ ᠤᠷᠤᠨ ᠤ ᠰᠠᠯᠠᠭ᠎ᠠ ᠮᠥᠴᠢᠷ ᠯᠦᠭᠡ ᠮᠡᠳᠡᠭᠡ ᠵᠠᠩᠭᠢ ᠶᠢ ᠬᠠᠮᠳᠤ ᠳᠤ ᠪᠠᠨ ᠭᠦᠷᠳᠡᠬᠦ᠂ ᠮᠠᠲ᠋ᠧᠷᠢᠶᠠᠯ ᠢᠶᠠᠨ ᠲᠤᠰᠢᠶᠠᠬᠤ ᠪᠠ ᠭᠦᠯᠢᠶᠡᠵᠦ ᠠᠪᠬᠤ ᠵᠡᠷᠭᠡ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠵᠦ᠂ ᠲᠡᠵᠢᠭᠡᠨ ᠦᠷᠡᠵᠢᠬᠦᠯᠬᠦ ᠡᠷᠦᠬᠡ ᠶᠢᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠪᠠᠲᠤᠯᠠᠬᠤ ᠬᠡᠷᠡᠭᠲᠡᠶ︔ ᠢᠳᠡᠬᠦ ᠶᠢ ᠴᠠᠭᠠᠵᠠᠯᠬᠠᠰᠠᠨ ᠬᠡᠪᠴᠢᠶᠡᠨ ᠳᠤ ᠬᠠᠷᠢᠶᠠᠯᠠᠭᠳᠠᠬᠤ ᠪᠣᠯᠪᠠᠴᠤ ᠰᠢᠨᠵᠢᠯᠡᠬᠦ ᠤᠬᠠᠭᠠᠨ ᠤ ᠰᠤᠳᠤᠯᠤᠯ ᠬᠢᠬᠦ᠂ ᠡᠮ ᠤᠨ ᠨᠠᠶᠢᠷᠠᠯᠭ᠎ᠠ ᠳᠤ ᠬᠡᠷᠡᠭᠯᠡᠬᠦ᠂ ᠳᠡᠯᠭᠡᠨ ᠦᠵᠡᠬᠦᠯᠬᠦ ᠵᠡᠷᠭᠡ ᠢᠳᠡᠭᠡᠨ ᠤ ᠪᠤᠰᠤ ᠴᠢᠨᠠᠷ ᠤᠨ ᠬᠠᠤᠯᠢ ᠶᠣᠰᠣᠨ ᠤ ᠬᠡᠷᠡᠭᠴᠡᠭᠡ ᠲᠠᠢ ᠠᠷᠠᠴᠢᠯᠠᠨ ᠲᠡᠵᠢᠬᠡᠵᠦ ᠪᠠᠶᠢᠭ᠎ᠠ ᠬᠡᠭᠡᠷ᠎ᠡ ᠶᠢᠨ  ᠠᠮᠢᠳᠠᠳ ᠢ ᠪᠤᠯ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠴᠢ ᠦᠨᠡᠮᠯᠡᠯ ᠪᠤᠶᠤ ᠪᠢᠴᠢᠭ ᠬᠠᠷ᠎ᠠ ᠶᠢ ᠬᠤᠪᠢᠷᠠᠭᠤᠯᠬᠤ᠂ ᠰᠣᠯᠢᠵᠤ ᠣᠯᠭᠤᠬᠤ ᠵᠡᠷᠭᠡ ᠠᠵᠢᠯ ᠢ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠬᠦ ᠬᠡᠷᠡᠭᠲᠡᠶ᠃       ᠲᠠᠪᠤ᠂ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠵᠦ᠂ ᠰᠶᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ      ᠬᠠᠷᠢᠶᠠᠯᠬᠠᠳᠠᠬᠤ ᠭᠠᠵᠠᠷ ᠢᠶᠠᠷ ᠬᠠᠮᠢᠶᠠᠷᠤᠭᠤᠯᠬᠤ ᠵᠠᠷᠴᠢᠮ ᠶᠣᠰᠣᠭᠠᠷ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠬᠠᠷᠢᠶᠠᠯᠬᠠᠳᠠᠬᠤ ᠣᠷᠣᠨ ᠤ ᠬᠡᠭᠡᠷ᠎ᠡ ᠶᠢᠨ ᠠᠮᠢᠲᠠᠨ ᠢ ᠭᠦᠮᠦᠨ ᠤ ᠭᠦᠴᠦ ᠪᠠᠷ ᠦᠷᠡᠵᠢᠭᠦᠯᠦᠨ ᠪᠤᠶᠢᠵᠢᠭᠤᠯᠬᠤ ᠪᠠ ᠡᠵᠡᠩᠨᠡᠨ ᠠᠰᠢᠭᠯᠠᠬᠤ ᠪᠠᠶᠢᠭᠤᠯᠤᠮᠵᠢ ᠶᠢ ᠪᠦᠬᠦ ᠲᠠᠯ᠎ᠠ ᠪᠠᠷ ᠤᠶᠢᠯᠠᠭᠠᠵᠦ ᠵᠢᠨᠨᠰᠠᠭᠠᠨ ᠪᠠᠶᠢᠴᠠᠭᠠᠬᠤ ᠪᠠ ᠲᠡᠳᠡᠬᠡᠷ ᠲᠤ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠯᠳᠠ ᠬᠢᠵᠦ᠂ ᠠᠯᠠᠰᠢᠨ ᠳᠤ ᠬᠡᠷᠡᠭᠯᠡᠬᠦ ᠪᠠᠷ ᠵᠣᠷᠢᠯᠭ᠎ᠠ ᠪᠤᠯᠭᠠᠨᠨᠰᠠᠨ ᠲᠡᠵᠢᠭᠡᠨ ᠦᠷᠡᠵᠢᠭᠦᠯᠬᠦ ᠡᠷᠦᠬᠡ ᠶᠢ ᠵᠢᠯᠤᠭᠤᠳᠴᠤ ᠪᠠᠶᠢᠭᠠᠳ ᠠᠷᠠᠴᠢᠯᠠᠨ ᠲᠡᠵᠢᠬᠡᠵᠦ ᠪᠠᠶᠢᠭ᠎ᠠ ᠬᠡᠬᠡᠷ᠎ᠡ ᠶᠢᠨ ᠠᠮᠢᠳᠠᠳ ᠢ ᠨᠢ ᠲᠣᠬᠢᠲᠠᠶ ᠰᠶᠢᠳᠪᠦᠷᠢᠯᠡᠬᠦᠯᠵᠦ᠂ ᠡᠭᠦᠰᠦᠮᠡᠯ ᠠᠰᠠᠭᠤᠳᠠᠯ ᠡᠭᠦᠰᠬᠦ ᠠᠴᠠ ᠰᠡᠷᠬᠡᠶᠢᠯᠡᠬᠦ ᠬᠡᠷᠡᠭᠲᠡᠶ᠃ ᠢᠳᠡᠬᠦ ᠶᠢ ᠴᠠᠭᠠᠵᠠᠯᠠᠭᠰᠠᠨ ᠤ ᠳᠠᠷᠠᠭ᠎ᠠ ᠲᠡᠵᠢᠭᠡᠨ ᠦᠷᠡᠵᠢᠭᠦᠯᠬᠦ ᠶᠢ  ᠨᠢ ᠵᠣᠭᠰᠣᠭᠠᠭᠰᠠᠨ ᠠᠷᠠᠴᠢᠯᠠᠨ ᠲᠡᠵᠢᠬᠡᠵᠦ ᠪᠠᠶᠢᠭ᠎ᠠ ᠬᠡᠭᠡᠷ᠎ᠡ ᠶᠢᠨ ᠠᠮᠢᠳᠠᠳ ᠢ ᠪᠤᠯ ᠳᠦᠷᠰᠦ ᠶᠢᠨ ᠬᠡᠪᠰᠢᠯ ᠪᠠ ᠣᠨᠴᠠᠯᠢᠭ ᠢ ᠨᠢ ᠦᠨᠳᠦᠰᠦᠯᠡᠨ ᠰᠢᠨᠵᠢᠯᠡᠬᠦ ᠤᠬᠠᠭᠠᠨᠴᠢ ᠪᠠᠷ ᠪᠠᠶᠢᠭᠠᠯᠢ ᠳᠤ ᠲᠠᠯᠪᠢᠬᠤ᠂ ᠢᠳᠡᠭᠡᠨ ᠤ ᠪᠤᠰᠤ ᠵᠦᠢᠯ ᠪᠤᠯᠭᠠᠬᠤ᠂ ᠨᠠᠶᠢᠳᠠᠵᠤ ᠣᠷᠣᠯᠠᠨ ᠲᠡᠵᠢᠭᠡᠯᠭᠡᠬᠦ ᠪᠤᠶᠤ ᠬᠠᠮᠢᠶ᠎ᠠ ᠪᠦᠬᠦᠢ ᠪᠠᠶᠢᠭᠤᠯᠤᠮᠵᠢ ᠳᠤ ᠰᠢᠯᠵᠢᠭᠦᠯᠦᠨ ᠲᠤᠰᠢᠶᠠᠬᠤ᠂ ᠬᠤᠤᠷ ᠦᠬᠡᠶᠢᠳᠡᠭᠦᠯᠦᠨ ᠰᠶᠢᠳᠪᠦᠷᠢᠯᠡᠬᠦ ᠵᠡᠷᠭᠡ ᠠᠷᠭ᠎ᠠ ᠬᠡᠮᠵᠢᠶ᠎ᠡ ᠠᠪᠴᠤ ᠰᠶᠢᠳᠪᠦᠷᠢᠯᠡᠬᠦ ᠬᠡᠷᠡᠭᠲᠡᠶ᠃ ᠠᠷᠠᠴᠢᠯᠠᠨ ᠲᠡᠵᠢᠬᠡᠵᠦ ᠪᠠᠶᠢᠭ᠎ᠠ ᠬᠡᠭᠡᠷ᠎ᠡ ᠶᠢᠨ ᠠᠮᠢᠲᠠᠨ ᠢ ᠪᠠᠶᠢᠭᠠᠯᠢ ᠳᠤ  ᠲᠠᠯᠪᠢᠬᠤ ᠳᠤ ᠪᠠᠨ ᠮᠠᠨ ᠤ ᠣᠷᠣᠨ ᠤ ᠪᠠᠶᠢᠭᠠᠯᠢ ᠶᠢᠨ ᠲᠠᠷᠬᠠᠯᠳᠠ ᠶᠢᠨ ᠲᠦᠷᠰᠦ ᠳᠤ ᠬᠠᠨᠳᠤᠭᠤᠯᠵᠦ᠂ ᠠᠮᠢᠳᠤᠷᠠᠬᠤᠢ ᠶᠢᠨ ᠣᠷᠴᠢᠨ ᠨᠢ ᠰᠠᠶᠢᠨ ᠪᠤᠯᠬᠤ ᠲᠣᠰ ᠳᠦᠷᠰᠦ ᠶᠢᠨ ᠪᠠᠶᠢᠭᠠᠯᠢ ᠶᠢᠨ ᠲᠠᠷᠬᠠᠯᠳᠠ ᠶᠢᠨ ᠣᠷᠣᠨ ᠪᠤᠶᠤ ᠲᠡᠤᠬᠡ ᠶᠢᠨ ᠲᠠᠷᠬᠠᠯᠳᠠ ᠶᠢᠨ ᠣᠷᠣᠨ ᠢ ᠰᠤᠩᠭᠤᠨ᠂ ᠪᠠᠶᠢᠭᠠᠯᠢ ᠳᠤ ᠲᠠᠯᠪᠢᠬᠤ ᠲᠤᠭ᠎ᠠ ᠬᠡᠮᠵᠢᠶ᠎ᠡ ᠶᠢ ᠨᠢ ᠰᠢᠨᠵᠢᠯᠡᠬᠦ ᠤᠬᠠᠭᠠᠨᠴᠢ ᠪᠠᠷ ᠲᠤᠭᠠᠴᠠᠨ ᠪᠤᠳᠤᠨᠨᠰᠠᠨ ᠠᠮᠢᠳᠤᠷᠠᠬᠤᠢ ᠶᠢᠨ ᠣᠷᠴᠢᠨ ᠤ ᠪᠠᠭᠲᠠᠭᠠᠮᠵᠢ ᠶᠢᠨ ᠲᠤᠳᠤᠷ᠎ᠠ ᠬᠢᠵᠠᠭᠠᠷᠯᠠᠵᠦ᠂ ᠪᠠᠶᠢᠭᠠᠯᠢ ᠳᠤ  ᠲᠠᠯᠪᠢᠬᠤ ᠪᠣᠳᠠᠭᠠᠯᠢ ᠪᠡᠶ᠎ᠡ ᠳᠤ ᠡᠷᠡᠭᠦᠯ ᠮᠡᠨᠳᠦ ᠶᠢᠨ ᠠᠵᠢᠨᠨᠯᠠᠯᠳᠠ ᠪᠠᠶᠢᠴᠠᠭᠠᠯᠲᠠ ᠬᠢᠬᠦ ᠶᠢᠨ ᠬᠠᠮᠳᠤ᠂ ᠲᠤᠬᠢᠷᠠᠯᠴᠠᠬᠤ ᠴᠢᠨᠠᠷ ᠤᠨ ᠲᠠᠯ᠎ᠠ ᠳᠤ ᠪᠡᠯᠡᠳᠬᠡᠯ ᠬᠢᠵᠦ᠂ ᠪᠠᠶᠢᠭᠠᠯᠢ ᠳᠤ ᠲᠠᠯᠪᠢᠬᠤ ᠲᠥᠰᠦᠯ ᠢ ᠰᠢᠨᠵᠢᠯᠡᠬᠦ ᠤᠬᠠᠭᠠᠨᠴᠢ ᠪᠠᠷ ᠨᠤᠲᠠᠯᠠᠭᠰᠠᠨ ᠤ ᠳᠠᠷᠠᠭ᠎ᠠ ᠬᠡᠷᠡᠭᠵᠢᠬᠦᠯᠵᠦ᠂ ᠠᠮᠢ ᠠᠬᠤᠶ ᠳᠤ ᠬᠤᠤᠷ ᠬᠥᠨᠥᠭᠡᠯ ᠤᠴᠠᠷᠠᠭᠤᠯᠬᠤ ᠥᠬᠡᠶ ᠪᠠᠶᠢᠬᠤ ᠶᠢ ᠦᠨᠡᠨ ᠬᠦ ᠪᠠᠳᠤᠯᠠᠬᠤ ᠬᠡᠷᠡᠭᠳᠡᠢ︔ ᠲᠡᠵᠢᠬᠡᠵᠦ ᠪᠠᠶᠢᠭ᠎ᠠ ᠠᠮᠢᠳᠠᠳ ᠤᠨ ᠲᠤᠭ᠎ᠠ ᠬᠡᠮᠵᠢᠶ᠎ᠡ ᠨᠢ ᠠᠷᠪᠢᠨ ᠪᠠᠶᠢᠵᠦ᠂ ᠲᠤᠬᠠᠶ ᠶᠢᠨ ᠭᠠᠵᠠᠷ ᠤᠨ ᠠᠮᠢᠳᠤᠷᠠᠬᠤᠢ ᠶᠢᠨ ᠤᠷᠴᠢᠨ ᠤ ᠪᠠᠭᠳᠠᠭᠠᠮᠵᠢ ᠠᠴᠠ ᠳᠠᠪᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠱᠠᠳᠤᠨ ᠠᠴᠠ ᠳᠡᠭᠡᠭᠰᠢᠬᠢ ᠣᠢ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠠᠴᠠ ᠵᠤᠬᠢᠴᠠᠭᠤᠯᠵᠦ ᠪᠠᠶᠢᠭᠠᠳ ᠣᠷᠣᠨ ᠪᠦᠰᠡ ᠠᠯᠤᠰᠯᠠᠨ᠂ ᠬᠤᠭᠤᠴᠠᠭ᠎ᠠ ᠪᠦᠯᠦᠭ ᠬᠤᠪᠢᠶᠠᠨ᠂ ᠬᠡᠰᠡᠭ ᠪᠤᠰᠠᠭ ᠢᠶᠠᠷ ᠪᠠᠶᠢᠭᠠᠯᠢ ᠳᠤ ᠲᠠᠯᠪᠢᠬᠤ ᠠᠵᠢᠯ ᠢ ᠬᠡᠷᠡᠭᠵᠢᠬᠦᠯᠬᠦ ᠬᠡᠷᠡᠭᠳᠡᠢ︔ ᠡᠮ ᠤᠨ ᠨᠠᠶᠢᠷᠠᠯᠭ᠎ᠠ ᠳᠤ ᠬᠡᠷᠡᠭᠯᠡᠬᠦ᠂ ᠪᠠᠭ᠋ᠠᠳᠤᠨ ᠰᠣᠨᠢᠷᠬᠠᠬᠤ ᠦᠨ᠎ᠡ ᠴᠠᠨ᠎ᠠ ᠲᠠᠢ ᠠᠷᠠᠴᠢᠯᠠᠨ ᠲᠡᠵᠢᠬᠡᠵᠦ ᠪᠠᠶᠢᠭ᠎ᠠ ᠬᠡᠭᠡᠷ᠎ᠡ ᠶᠢᠨ ᠠᠮᠢᠲᠠᠨ ᠳᠤ ᠬᠠᠤᠯᠢ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠤ ᠵᠥᠪᠰᠢᠶᠡᠷᠡᠯ ᠪᠠ ᠮᠡᠳᠡᠭᠡ ᠵᠠᠩᠭᠢ ᠶᠢᠨ ᠦᠢᠯᠡᠴᠢᠯᠡᠬᠡᠨ ᠤ ᠵᠡᠷᠬᠡ ᠠᠵᠢᠯ ᠢ ᠲᠦᠷᠬᠡᠳᠬᠡᠨ ᠠᠬᠢᠭᠤᠯᠬᠤ ᠪᠠᠷ ᠲᠠᠮᠵᠢᠨ ᠢᠳᠡᠭᠡᠨ ᠤ ᠪᠤᠰᠤ ᠴᠢᠨᠠᠷᠲᠠᠶ ᠬᠠᠤᠯᠢ ᠶᠣᠰᠣᠨ ᠤ ᠬᠡᠷᠡᠭᠴᠡᠭᠡ ᠲᠠᠢ ᠪᠣᠯᠭᠠᠨ ᠬᠤᠪᠢᠷᠠᠭᠤᠯᠬᠤ ᠬᠡᠷᠡᠭᠳᠡᠢ︔ ᠢᠳᠡᠬᠦ ᠶᠢ ᠴᠠᠭᠠᠵᠠᠯᠠᠬᠤ ᠬᠡᠪᠴᠢᠶᠡᠨ ᠳᠠᠬᠢ ᠭᠠᠳᠠᠨ᠎ᠠ ᠠᠴᠠ ᠢᠷᠡᠭᠰᠡᠨ ᠬᠡᠭᠡᠷ᠎ᠡ ᠶᠢᠨ ᠠᠮᠢᠲᠠᠨ ᠢ ᠪᠠᠶᠢᠭᠠᠯᠢ ᠳᠤ ᠲᠠᠯᠪᠢᠵᠦ ᠪᠣᠯᠬᠤ ᠦᠭᠡᠢ᠂ ᠬᠠᠷᠢᠨ ᠣᠷᠣᠯᠠᠨ ᠲᠡᠵᠢᠭᠡᠯᠭᠡᠬᠦ ᠪᠠᠷ ᠨᠠᠶᠢᠳᠠᠬᠤ ᠪᠤᠶᠤ ᠨᠥᠬᠦᠴᠡᠯ ᠪᠦᠷᠢᠯᠳᠦᠭᠦᠯᠦᠭᠰᠡᠨ  ᠬᠤᠷᠢᠶᠠᠮᠵᠢᠯᠠᠵᠦ ᠠᠪᠤᠷᠠᠯᠳᠠ ᠬᠢᠬᠦ ᠪᠠᠶᠢᠭᠤᠯᠤᠮᠵᠢ ᠳᠤ ᠰᠢᠯᠵᠢᠭᠦᠯᠦᠨ ᠲᠤᠰᠢᠶᠠᠵᠤ᠂ ᠰᠢᠨᠵᠢᠯᠡᠬᠦ ᠤᠬᠠᠭᠠᠨ ᠤ ᠰᠤᠳᠤᠯᠤᠯ ᠬᠢᠬᠦ ᠪᠠ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠰᠤᠷᠭᠠᠨ ᠬᠥᠮᠦᠵᠢᠯ ᠭᠦᠷᠳᠡᠬᠡᠬᠦ ᠵᠡᠷᠭᠡ ᠬᠡᠷᠡᠭᠴᠡᠭᠡ ᠶᠢ ᠦᠨᠳᠦᠰᠦᠯᠡᠨ ᠵᠦᠶ ᠵᠣᠬᠢᠰᠲᠠᠶ ᠲᠤᠬᠢᠷᠠᠭᠤᠯᠤᠯᠳᠠ ᠬᠢᠬᠦ ᠬᠡᠷᠡᠭᠳᠡᠢ︔ ᠦᠨᠡᠬᠡᠷ ᠰᠶᠢᠳᠪᠦᠷᠢᠯᠡᠬᠦ ᠶᠢᠨ ᠠᠷᠭ᠎ᠠ ᠦᠭᠡᠢ ᠪᠤᠯᠤᠨᠨᠰᠠᠨ ᠠᠷᠠᠴᠢᠯᠠᠨ ᠲᠡᠵᠢᠬᠡᠵᠦ ᠪᠠᠶᠢᠭ᠎ᠠ ᠬᠡᠭᠡᠷ᠎ᠡ ᠶᠢᠨ ᠠᠮᠢᠳᠠᠳ ᠢ ᠴᠠᠭ ᠲᠤᠬᠠᠶ ᠳᠤ ᠨᠢ ᠬᠤᠤᠷ ᠦᠬᠡᠶᠢᠳᠡᠭᠦᠯᠦᠨ ᠰᠶᠢᠳᠪᠦᠷᠢᠯᠡᠬᠦ ᠬᠡᠷᠡᠭᠳᠡᠢ᠃      ᠵᠢᠷᠭᠤᠭ᠎ᠠ᠂ ᠨᠦᠭᠦᠪᠦᠷᠢᠯᠡᠬᠦ ᠠᠵᠢᠯ ᠢ ᠰᠠᠶᠢᠲᠤᠷ ᠬᠢᠵᠦ᠂ ᠬᠦᠴᠢᠷᠳᠡᠯ ᠢ ᠨᠢ ᠬᠠᠪᠰᠤᠷᠤᠨ ᠰᠶᠢᠳᠪᠦᠷᠢᠯᠡᠬᠦ ᠬᠡᠷᠡᠭᠲᠡᠢ      ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠡᠵᠢᠭᠡᠨ ᠦᠷᠡᠵᠢᠭᠦᠯᠬᠦ ᠡᠷᠦᠬᠡ ᠶᠢ ᠢᠳᠡᠪᠬᠢᠲᠡᠶ ᠪᠠᠷ ᠬᠥᠲᠥᠯᠥᠨ ᠵᠢᠯᠤᠭᠤᠳᠴᠤ᠂ ᠬᠠᠪᠰᠤᠷᠤᠨ ᠲᠡᠳᠬᠦᠵᠦ ᠪᠠᠶᠢᠭᠠᠳ ᠦᠢᠯᠡᠳᠪᠦᠷᠢᠯᠡᠯ ᠡᠵᠡᠩᠨᠡᠯᠲᠡ ᠶᠢᠨ ᠴᠢᠭᠯᠡᠯ ᠢ ᠨᠢ ᠬᠤᠪᠢᠷᠠᠭᠤᠯᠵᠤ᠂  ᠢᠳᠡᠬᠦ ᠶᠢ ᠴᠠᠭᠠᠵᠠᠯᠠᠬᠤ ᠬᠡᠪᠴᠢᠶᠡᠨ ᠳᠤ ᠬᠠᠷᠢᠶᠠᠯᠬᠠᠳ᠋ᠬᠠᠰᠠᠨ ᠪᠤᠯᠪᠠᠴᠤ ᠬᠡᠷᠡᠭᠯᠡᠵᠦ ᠪᠠᠶᠢᠨᠨᠰᠠᠨ ᠪᠡᠯᠡᠳᠬᠡᠮᠵᠢ ᠶᠢ ᠨᠢ ᠪᠤᠰᠤᠳ ᠠᠮᠢᠳᠠᠨ ᠢ ᠲᠡᠵᠢᠭᠡᠨ ᠦᠷᠡᠵᠢᠭᠦᠯᠬᠦ ᠳᠤ ᠬᠡᠷᠡᠭᠯᠡᠵᠦ ᠪᠤᠯᠪᠠᠯ᠂ ᠮᠡᠳᠡᠭᠡ ᠵᠠᠩᠭᠢ ᠶᠢᠨ ᠦᠢᠯᠡᠴᠢᠯᠡᠭᠡ ᠪᠠ ᠮᠡᠷᠭᠡᠵᠢᠯ ᠤᠨ ᠵᠢᠯᠣᠭᠤᠳᠤᠯᠭ᠎ᠠ ᠬᠢᠬᠦ ᠶᠢ ᠴᠢᠩᠭᠠᠳᠬᠠᠬᠤ ᠪᠠᠷ ᠳᠠᠮᠵᠢᠭᠤᠯᠤᠨ᠂ ᠲᠡᠵᠢᠭᠡᠨ ᠦᠷᠡᠵᠢᠭᠦᠯᠬᠦ ᠡᠷᠦᠬᠡ ᠶᠢ ᠰᠠᠨᠠᠭᠠᠴᠢᠯᠠᠭ᠎ᠠ ᠠᠴᠠ ᠪᠠᠨ ᠬᠥᠲᠥᠯᠥᠨ ᠵᠢᠯᠣᠭᠤᠳᠴᠤ ᠪᠠᠶᠢᠭᠠᠳ ᠲᠡᠵᠢᠭᠡᠨ ᠦᠷᠡᠵᠢᠬᠦᠯᠬᠦ ᠪᠦᠲᠦᠴᠡ ᠳᠤ ᠨᠢ ᠲᠣᠬᠢᠷᠠᠭᠤᠯᠤᠯᠲᠠ ᠬᠢᠯᠭᠡᠵᠦ᠂ ᠲᠡᠵᠢᠭᠡᠨ ᠦᠷᠡᠵᠢᠭᠦᠯᠬᠦ ᠪᠡᠯᠡᠳᠬᠡᠮᠵᠢ ᠶᠢᠨ ᠦᠢᠯᠡᠳᠦᠯ ᠢ ᠨᠢ ᠦᠷᠭᠦᠯᠵᠢᠯᠡᠨ ᠪᠠᠳᠠᠷᠠᠭᠤᠯᠬᠤ ᠬᠡᠷᠡᠭᠲᠡᠶ᠃  ᠢᠳᠡᠬᠦ ᠶᠢ ᠴᠠᠭᠠᠵᠠᠯᠬᠠᠰᠠᠨ ᠤ ᠳᠠᠷᠠᠭ᠎ᠠ ᠲᠡᠵᠢᠭᠡᠨ ᠦᠷᠡᠵᠢᠭᠦᠯᠬᠦ ᠠᠵᠢᠯᠯᠠᠭ᠎ᠠ ᠶᠢ ᠨᠢ ᠵᠣᠭᠰᠣᠭᠠᠭᠰᠠᠨ ᠪᠠᠶᠢᠪᠠᠯ᠂ ᠲᠡᠵᠢᠭᠡᠨ ᠦᠷᠡᠵᠢᠭᠦᠯᠬᠦ ᠡᠷᠦᠬᠡ ᠶᠢᠨ ᠦᠢᠯᠡᠳᠪᠦᠷᠢᠯᠡᠯ ᠢᠶᠠᠨ ᠬᠤᠪᠢᠷᠠᠭᠤᠯᠤᠨ ᠠᠵᠢᠯ ᠲᠥᠷᠥᠯ ᠢᠶᠠᠨ ᠦᠬᠡᠷᠡᠳᠡᠬᠦᠯᠬᠦ ᠶᠢ ᠲᠡᠮᠵᠢᠵᠦ᠂ ᠵᠢᠯᠤᠭᠤᠳᠴᠤ᠂ ᠬᠠᠪᠰᠤᠷᠴᠤ ᠪᠠᠶᠢᠭᠠᠳ ᠠᠰᠢᠭ ᠦᠭᠡᠶ ᠨᠥᠯᠥᠭᠡ ᠶᠢ ᠨᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠶ᠃ ᠡᠯ᠎ᠡ ᠭᠠᠵᠠᠷ ᠣᠷᠣᠨ ᠨᠢ ᠢᠳᠡᠬᠦ ᠶᠢ ᠴᠠᠭᠠᠵᠠᠯᠬᠠᠰᠠᠨ ᠠᠷᠭ᠎ᠠ ᠬᠡᠮᠵᠢᠶ᠎ᠡ ᠠᠴᠠ ᠪᠤᠯᠵᠦ ᠬᠡᠰᠡᠭ ᠲᠡᠵᠢᠭᠡᠨ ᠦᠷᠡᠵᠢᠬᠦᠯᠬᠦ ᠡᠷᠦᠬᠡ᠂ ᠠᠵᠢᠯᠯᠠᠭᠰᠠᠳ ᠲᠤ ᠬᠤᠬᠢᠷᠠᠯ ᠤᠴᠠᠷᠠᠭᠤᠯᠤᠭᠰᠠᠨ ᠪᠤᠶᠤ ᠨᠥᠯᠥᠭᠡ ᠦᠵᠡᠭᠦᠯᠦᠭᠰᠡᠨ ᠵᠡᠷᠭᠡ ᠪᠠᠶᠢᠳᠠᠯ ᠳᠤ ᠬᠠᠨᠳᠤᠭᠤᠯᠵᠦ᠂ ᠰᠠᠭᠤᠷᠢ ᠲᠤᠭ᠎ᠠ ᠶᠢ ᠨᠢ ᠲᠣᠳᠣᠷᠬᠠᠶ ᠤᠶᠢᠯᠠᠭᠠᠬᠤ ᠪᠠ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠭᠰᠡᠨ ᠰᠠᠭᠤᠷᠢᠨ ᠲᠡᠬᠡᠷ᠎ᠡ᠂ ᠵᠦᠶ ᠵᠣᠬᠢᠰᠲᠠᠶ ᠨᠦᠭᠦᠪᠦᠷᠢᠯᠡᠬᠦ ᠰᠠᠨᠠᠭᠤᠯᠭ᠎ᠠ ᠳᠤᠷᠠᠳᠴᠤ᠂ ᠨᠦᠭᠦᠪᠦᠷᠢᠯᠡᠬᠦ  ᠬᠡᠪᠴᠢᠶ᠎ᠡ ᠶᠢ ᠨᠢ ᠲᠤᠳᠤᠷᠬᠠᠶᠢᠯᠠᠨ᠂ ᠬᠠᠤᠯᠢ ᠶᠣᠰᠣᠭᠠᠷ ᠲᠡᠵᠢᠭᠡᠨ ᠦᠷᠡᠵᠢᠭᠦᠯᠦᠭᠰᠡᠨ ᠪᠠ ᠲᠣᠭᠲᠠᠭᠠᠯ ᠶᠣᠰᠣᠭᠠᠷ ᠠᠵᠢᠯ ᠢᠶᠠᠨ ᠵᠣᠭᠰᠣᠭᠠᠭᠰᠠᠨ ᠤᠳ ᠢ ᠨᠦᠭᠦᠪᠦᠷᠢᠯᠡᠬᠦ ᠡᠲᠡᠭᠡᠳ ᠪᠣᠯᠭᠠᠵᠤ᠂ ᠲᠣᠭᠲᠠᠭᠠᠯ ᠠᠴᠠ ᠵᠥᠷᠢᠴᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠦᠨᠡᠮᠯᠡᠯ ᠣᠯᠤᠭᠰᠠᠨ ᠪᠤᠶᠤ ᠬᠠᠤᠯᠢ ᠠᠴᠠ ᠵᠥᠷᠢᠴᠡᠨ ᠲᠡᠵᠢᠭᠡᠨ ᠦᠷᠡᠵᠢᠭᠦᠯᠦᠭᠰᠡᠨ ᠪᠤᠯ ᠨᠦᠭᠦᠪᠦᠷᠢ ᠦᠭᠬᠦ ᠥᠬᠡᠶ᠃ ᠨᠦᠭᠦᠪᠦᠷᠢᠯᠡᠬᠦ ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠵᠤ᠂  ᠠᠷᠠᠴᠢᠯᠠᠨ ᠲᠡᠵᠢᠬᠡᠵᠦ ᠪᠠᠶᠢᠭ᠎ᠠ ᠬᠡᠭᠡᠷ᠎ᠡ ᠶᠢᠨ ᠠᠮᠢᠲᠠᠨ ᠤ ᠲᠥᠷᠥᠯ ᠵᠦᠢᠯ ᠪᠠ ᠲᠤᠭ᠎ᠠ ᠬᠡᠮᠵᠢᠶ᠎ᠡ ᠶᠢ ᠭᠤᠤᠯᠳᠠᠯᠭ᠎ᠠ ᠲᠠᠢ ᠪᠤᠳᠤᠯᠬᠢᠯᠠᠨ᠂ ᠲᠡᠵᠢᠭᠡᠨ ᠦᠷᠡᠵᠢᠭᠦᠯᠬᠦ ᠪᠡᠯᠡᠳᠬᠡᠮᠵᠢ ᠶᠢᠨ ᠲᠠᠯ᠎ᠠ ᠳᠤ ᠣᠷᠣᠭᠤᠯᠤᠯᠲᠠ ᠬᠢᠬᠦ ᠪᠠ ᠲᠡᠵᠢᠭᠡᠨ ᠦᠷᠡᠵᠢᠭᠦᠯᠬᠦ ᠵᠠᠭᠪᠤᠷ ᠵᠡᠷᠬᠡ ᠬᠦᠴᠦᠨ ᠵᠦᠢᠯ ᠤᠳ ᠢ ᠵᠤᠬᠢᠬᠤ ᠬᠡᠮᠵᠢᠶ᠎ᠡ ᠪᠠᠷ ᠬᠠᠮᠲᠤ ᠳᠤ ᠨᠢ ᠬᠠᠷᠠᠭᠠᠯᠵᠠᠬᠤ ᠶᠢᠨ ᠲᠠᠭᠠᠤ᠂ ᠣᠷᠣᠨ ᠪᠦᠰᠡ  ᠠᠯᠤᠰᠯᠠᠨ ᠨᠡᠪᠳᠡᠷᠡᠯᠴᠡᠵᠦ ᠵᠤᠬᠢᠴᠠᠭᠤᠯᠬᠤ ᠪᠠᠨ ᠴᠢᠩᠭᠠᠳᠬᠠᠨ᠂ ᠨᠦᠭᠦᠪᠦᠷᠢᠯᠡᠬᠦ ᠪᠠᠷᠢᠮᠵᠢᠶ᠎ᠠ ᠶᠢᠨ ᠵᠥᠷᠢᠶ᠎ᠡ ᠬᠡᠳᠦ ᠶᠡᠭᠡ ᠠᠴᠠ ᠪᠤᠯᠵᠦ ᠰᠢᠨ᠎ᠠ ᠵᠦᠷᠢᠴᠡᠯ ᠡᠭᠦᠰᠬᠦ ᠠᠴᠠ ᠵᠠᠶᠢᠯᠠᠰᠬᠢᠬᠦ ᠬᠡᠷᠡᠭᠳᠡᠢ᠃ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠢᠳᠡᠪᠬᠢᠲᠡᠶ ᠰᠤᠳᠤᠯᠤᠨ ᠲᠣᠭᠲᠠᠭᠠᠵᠤ᠂ ᠲᠡᠵᠢᠭᠡᠨ ᠦᠷᠡᠵᠢᠭᠦᠯᠬᠦ ᠡᠷᠦᠬᠡ ᠶᠢᠨ ᠪᠣᠳᠠᠲᠠᠶ ᠪᠠᠶᠢᠳᠠᠯ ᠢ ᠦᠨᠳᠦᠰᠦᠯᠡᠨ ᠠᠷᠭ᠎ᠠ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠵᠦ᠂ ᠨᠥᠬᠦᠴᠡᠯ ᠳᠤ ᠨᠡᠶᠢᠴᠡᠬᠦ ᠶᠢ ᠨᠢ ᠡᠩ ᠲᠡᠷᠢᠬᠦᠨ ᠳᠤ ᠣᠳᠣ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠲᠦᠷᠦᠯ ᠵᠦᠢᠯ᠂ ᠪᠡᠯᠡ ᠮᠥᠩᠭᠦ ᠵᠡᠷᠭᠡ ᠪᠠᠷ ᠬᠠᠪᠰᠤᠷᠤᠨ ᠲᠡᠳᠬᠦᠬᠦ ᠠᠷᠭ᠎ᠠ ᠵᠠᠮ ᠳᠤ ᠣᠷᠣᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠳᠡᠮᠵᠢᠯᠭᠡ ᠦᠵᠡᠬᠦᠯᠬᠦ ᠬᠡᠷᠡᠭᠳᠡᠢ︔ ᠬᠠᠪᠰᠤᠷᠤᠨ ᠲᠡᠳᠬᠦᠬᠦ ᠠᠵᠢᠯ ᠢ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠠᠵᠢᠯ ᠲᠠᠢ ᠤᠶᠠᠯᠳᠤᠭᠤᠯᠵᠦ᠂ ᠲᠡᠵᠢᠭᠡᠨ ᠦᠷᠡᠵᠢᠭᠦᠯᠬᠦ ᠡᠷᠦᠬᠡ ᠲᠥᠪᠯᠡᠷᠡᠭᠰᠡᠨ ᠶᠠᠳᠠᠭᠤ ᠬᠦᠴᠢᠷᠳᠡᠯᠲᠡᠶ ᠭᠠᠵᠠᠷ ᠣᠷᠣᠨ᠂ ᠳᠠᠩᠰᠠ ᠪᠠ ᠺᠠᠷᠲ ᠲᠠᠢ ᠡᠷᠦᠬᠡ ᠲᠡᠶᠢᠰᠢ ᠭᠤᠤᠯᠳᠠᠯᠭ᠎ᠠ ᠲᠠᠢ ᠬᠡᠯᠪᠡᠶᠢᠯᠬᠡᠵᠦ᠂ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠲᠡᠵᠢᠭᠡᠨ ᠦᠷᠡᠵᠢᠭᠦᠯᠬᠦ ᠡᠷᠦᠬᠡ ᠶᠢ ᠬᠠᠪᠰᠤᠷᠤᠨ ᠲᠡᠳᠬᠦᠬᠦ ᠠᠵᠢᠯ ᠳᠤ ︽ᠨᠢᠬᠡ ᠡᠷᠦᠬᠡ ᠳᠤ ᠨᠢᠬᠡ ᠠᠷᠭ᠎ᠠ ᠪᠤᠳᠤᠯᠭ᠎ᠠ ᠬᠡᠷᠡᠭᠵᠢᠬᠦᠯᠬᠦ ᠪᠠ ᠡᠷᠦᠬᠡ ᠳᠤ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ︾ ᠶᠢ ᠪᠡᠶᠡᠯᠡᠬᠦᠯᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠵᠡᠷᠭᠡ ᠲᠥᠷᠥ ᠶᠢᠨ ᠪᠣᠳᠣᠯᠭ᠎ᠠ ᠪᠠᠷ ᠲᠡᠮᠵᠢᠬᠦ ᠡᠷᠴᠢᠮ ᠢᠶᠠᠨ ᠴᠢᠩᠭᠠᠷᠠᠭᠤᠯᠤᠨ᠂ ᠣᠯᠠᠨ ᠵᠦᠢᠯ ᠤᠨ ᠠᠷᠭ᠎ᠠ ᠬᠡᠯᠪᠡᠷᠢ ᠶᠢ ᠠᠪᠴᠤ ᠪᠠᠶᠢᠭᠠᠳ ᠲᠡᠳᠡᠨᠡᠷ ᠤᠨ ᠦᠢᠯᠡᠳᠪᠦᠷᠢᠯᠡᠯ ᠢᠶᠠᠨ ᠬᠤᠪᠢᠷᠠᠭᠤᠯᠬᠤ᠂ ᠣᠷᠣᠯᠠᠬᠤ ᠠᠵᠤ ᠦᠢᠯᠡᠰ ᠢ ᠭᠦᠭᠵᠢᠬᠦᠯᠬᠦ ᠳᠤ ᠨᠢ ᠲᠡᠮᠵᠢᠯᠬᠡ ᠦᠵᠡᠬᠦᠯᠵᠦ᠂ ᠰᠠᠭᠤᠷᠢ ᠠᠴᠠ ᠨᠢ ᠲᠠᠭᠠᠭᠠᠨ ᠪᠠᠳᠤᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠬᠦᠯᠬᠦ ᠬᠡᠷᠡᠭᠳᠡᠢ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠬᠠᠷᠢᠶᠠᠯᠬᠠᠳᠠᠬᠤ ᠭᠠᠵᠠᠷ ᠢᠶᠠᠷ ᠬᠠᠮᠢᠶᠠᠷᠤᠭᠤᠯᠬᠤ ᠵᠠᠷᠴᠢᠮ ᠶᠣᠰᠣᠭᠠᠷ᠂ ᠨᠦᠭᠦᠪᠦᠷᠢᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠥᠪ ᠤᠨ ᠲᠥᠷᠥ ᠶᠢᠨ ᠪᠣᠳᠣᠯᠭ᠎ᠠ ᠪᠠ ᠪᠡᠯᠡ ᠮᠦᠩᠬᠦᠨ ᠤ ᠳᠡᠮᠵᠢᠯᠭᠡ ᠶᠢ ᠢᠳᠡᠪᠬᠢᠯᠡᠨ ᠣᠯᠬᠤ ᠬᠡᠷᠡᠭᠳᠡᠢ᠃      ᠲᠤᠯᠤᠭ᠎ᠠ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ      ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠨᠠᠶᠢᠳᠠᠪᠤᠷᠢᠵᠢᠭᠤᠯᠵᠦ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ﹀ ᠶᠢ ᠬᠡᠷᠡᠭᠵᠢᠭᠦᠯᠬᠦ ᠠᠷᠭ᠎ᠠ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠠᠩᠨᠠᠬᠤ ᠬᠤᠷᠢᠭᠠᠲᠠᠶ ᠣᠷᠣᠨ ᠪᠠ ᠠᠩᠨᠠᠬᠤ ᠬᠤᠷᠢᠭᠠᠲᠠᠶ ᠬᠤᠭᠤᠴᠠᠭ᠎ᠠ ᠶᠢ ᠬᠤᠪᠢᠶᠠᠷᠢᠯᠠᠨ ᠲᠣᠭᠲᠠᠭᠠᠬᠤ ᠬᠡᠷᠡᠭᠲᠡᠶ᠃ ᠬᠡᠭᠡᠷ᠎ᠡ ᠶᠢᠨ ᠠᠮᠢᠲᠠᠨ ᠤ ᠴᠢᠬᠤᠯᠠ ᠲᠠᠷᠬᠠᠯᠲᠠ ᠶᠢᠨ ᠣᠷᠣᠨ ᠪᠠ ᠣᠷᠣᠰᠢᠨ ᠠᠮᠢᠳᠤᠷᠠᠬᠤ ᠭᠠᠵᠠᠷ ᠲᠤ ᠣᠷᠣᠨ ᠬᠡᠰᠡᠭ ᠬᠤᠪᠢᠶᠠᠬᠤ ᠶᠢ ᠬᠡᠷᠡᠭᠵᠢᠬᠦᠯᠦᠨ᠂ ᠬᠠᠮᠠᠭᠠᠯᠠᠬᠤ ᠬᠠᠷᠢᠭᠤᠴᠠᠯᠭ᠎ᠠ ᠶᠢ ᠲᠤᠳᠤᠷᠬᠠᠶᠢᠯᠠᠵᠦ᠂ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠳᠡᠢ᠃  ᠤᠨᠴᠠᠭᠠᠶᠢᠯᠠᠨ ᠨᠡᠭᠦᠳᠡᠯ ᠤᠨ ᠰᠢᠪᠠᠭᠤᠳ ᠤᠨ ᠶᠡᠭᠡ ᠬᠡᠪᠴᠢᠶ᠎ᠡ ᠪᠠᠷ ᠴᠤᠨᠨᠯᠠᠷᠠᠵᠦ ᠡᠪᠦᠯᠵᠢᠬᠦ ᠭᠠᠵᠠᠷ᠂ ᠦᠷᠡᠵᠢᠬᠦ ᠭᠠᠵᠠᠷ ᠪᠠ ᠨᠡᠭᠦᠳᠡᠯᠯᠡᠬᠦ ᠵᠠᠮ ᠳᠤ ᠬᠠᠮᠠᠭᠠᠯᠠᠯᠳᠠ ᠶᠢᠨ ᠬᠠᠷᠠᠭᠤᠯ ᠤᠨ ᠥᠷᠲᠡᠭᠡ᠂ ᠴᠠᠭᠳᠠᠨ ᠬᠠᠮᠠᠭᠠᠯᠠᠬᠤ ᠵᠠᠮ ᠱᠤᠭᠤᠮ ᠢ ᠪᠠᠶᠢᠷᠢᠯᠠᠭᠤᠯᠤᠨ ᠨᠢᠨᠨᠳᠠᠷᠠᠭᠤᠯᠵᠦ᠂ ᠬᠡᠭᠡᠷ᠎ᠡ ᠭᠠᠳᠠᠨᠠᠬᠢ ᠲᠣᠭᠤᠷᠢᠨ ᠬᠠᠮᠠᠭᠠᠯᠠᠵᠤ ᠮᠠᠨᠠᠵᠦ ᠰᠠᠬᠢᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠰᠢᠪᠠᠭᠤ ᠲᠤᠤᠷᠯᠠᠬᠤ ᠲᠤᠤᠷ᠂ ᠠᠪᠠ ᠶᠢᠨ ᠤᠷᠠᠬ᠎ᠠ ᠵᠡᠷᠭᠡ ᠬᠠᠤᠯᠢ ᠪᠤᠰᠤ ᠠᠩᠨᠠᠨ  ᠪᠠᠷᠢᠬᠤ ᠪᠠᠭᠠᠵᠢ ᠬᠡᠷᠡᠭᠰᠡᠯ ᠢ ᠪᠦᠬᠦ ᠲᠠᠯ᠎ᠠ ᠪᠠᠷ ᠴᠡᠪᠡᠷᠯᠡᠨ ᠠᠷᠢᠯᠭᠠᠵᠤ᠂ ᠨᠡᠭᠦᠳᠡᠯ ᠤᠨ ᠰᠢᠪᠠᠭᠤ ᠵᠡᠷᠭᠡ ᠬᠡᠭᠡᠷ᠎ᠡ ᠶᠢᠨ ᠠᠮᠢᠲᠠᠨ ᠤ ᠳᠦᠷᠰᠦ ᠶᠢᠨ ᠰᠦᠷᠦᠭ ᠤᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠳᠡᠢ᠃ ᠬᠡᠭᠡᠷ᠎ᠡ ᠶᠢᠨ ᠠᠮᠢᠲᠠᠨ ᠤ ᠬᠢᠵᠢᠭ ᠡᠪᠡᠳᠴᠢᠨ ᠢ ᠬᠢᠨᠠᠨ ᠰᠢᠨᠵᠢᠬᠦ ᠥᠷᠲᠡᠭᠡ ᠪᠠ ᠠᠪᠤᠷᠠᠯᠳᠠ ᠶᠢᠨ ᠲᠥᠪ ︵ᠦᠷᠳᠡᠭᠡ︶ ᠤᠨ ᠲᠥᠯᠥᠪᠵᠢᠭᠦᠯᠪᠡ ᠪᠠ ᠪᠦᠲᠦᠭᠡᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠬᠡᠭᠡᠷ᠎ᠡ ᠶᠢᠨ ᠠᠮᠢᠲᠠᠨ ᠤ ᠬᠢᠵᠢᠭ ᠤᠨ ᠢᠷᠡᠯᠲᠡ᠂ ᠬᠢᠵᠢᠭ ᠡᠪᠡᠳᠴᠢᠨ ᠢ ᠬᠢᠨᠠᠨ ᠰᠢᠨᠵᠢᠬᠦ ᠪᠠ ᠬᠤᠷᠢᠶᠠᠮᠵᠢᠯᠠᠵᠦ ᠠᠪᠤᠷᠠᠯᠳᠠ ᠬᠢᠬᠦ ᠠᠵᠢᠯ ᠢ ᠰᠠᠶᠢᠲᠤᠷ ᠬᠢᠬᠦ ᠬᠡᠷᠡᠭᠳᠡᠢ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ ᠳᠤ ᠲᠣᠭᠲᠠᠭᠠᠭᠰᠠᠨ ᠬᠠᠮᠠᠭᠠᠯᠠᠬᠤ ᠬᠡᠭᠡᠷ᠎ᠡ ᠶᠢᠨ ᠠᠮᠢᠲᠠᠨ ᠢ ᠬᠠᠮᠠᠭᠠᠯᠬᠠᠰᠠᠨ ᠠᠴᠠ ᠪᠤᠯᠵᠦ ᠬᠥᠮᠦᠨ ᠬᠠᠷ᠎ᠠ ᠠᠳᠡᠵᠦ ᠰᠢᠷᠬᠠᠲᠤᠭᠰᠠᠨ ᠂ ᠲᠠᠷᠢᠮᠠᠯ ᠪᠤᠶᠤ ᠪᠤᠰᠤᠳ ᠡᠳ᠋ ᠬᠦᠷᠦᠩᠭᠡ ᠳᠤ ᠬᠤᠬᠢᠷᠠᠯ ᠤᠴᠠᠷᠠᠭᠤᠯᠤᠨᠨᠰᠠᠨ ᠪᠠᠶᠢᠪᠠᠯ᠂ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠠᠴᠠ ᠨᠦᠭᠦᠪᠦᠷᠢ ᠦᠭᠬᠦ ᠬᠡᠷᠡᠭᠳᠡᠢ᠃      ᠨᠠᠢᠮᠠ᠂ ᠤᠬᠠᠭᠤᠯᠵᠤ ᠬᠥᠲᠥᠯᠦᠨ ᠵᠢᠯᠣᠭᠤᠳᠬᠤ ᠪᠠᠨ ᠴᠢᠩᠭᠠᠳᠬᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠬᠤ ᠬᠡᠷᠡᠭᠳᠡᠢ      ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠠᠷᠠᠳ ᠤᠨ ᠪᠦᠯᠬᠦᠮ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠤᠷᠭᠠᠭᠤᠯᠢ ᠵᠡᠷᠭᠡ ᠨᠡᠶᠢᠭᠡᠮ ᠤᠨ ᠡᠯ᠎ᠡ ᠲᠠᠯ᠎ᠠ ᠶᠢᠨ ᠬᠢᠨ ᠠᠮᠢ ᠠᠬᠤᠶ ᠶᠢᠨ ᠣᠷᠴᠢᠨ ᠲᠤᠭᠤᠷᠢᠨ ᠤ ᠬᠠᠮᠠᠭᠠᠯᠠᠯᠲᠠ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ᠂ ᠬᠡᠭᠡᠷ᠎ᠡ ᠶᠢᠨ ᠠᠮᠢᠲᠠᠨ ᠢᠳᠡᠬᠦ ᠶᠢ ᠴᠠᠭᠠᠵᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠮᠡᠳᠡᠯᠭᠡ ᠶᠢ ᠤᠬᠠᠭᠤᠯᠤᠨ ᠰᠤᠷᠤᠯᠴᠠᠬᠤ ᠪᠠ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠬᠤ ᠠᠵᠢᠯ ᠢ ᠢᠳᠡᠪᠬᠢᠲᠡᠶ ᠥᠷᠨᠢᠭᠦᠯᠬᠦ ᠬᠡᠷᠡᠭᠲᠡᠶ᠃ ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨ ᠬᠡᠭᠡᠷ᠎ᠡ ᠶᠢᠨ ᠠᠮᠢᠲᠠᠨ ᠢᠳᠡᠬᠦ ᠶᠢ ᠴᠠᠭᠠᠵᠠᠯᠠᠬᠤ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠠᠵᠢᠯ ᠢᠶᠠᠨ ᠴᠢᠩᠭᠠᠳᠬᠠᠵᠤ᠂ ᠪᠣᠬᠢᠷᠲᠤᠯ ᠦᠭᠡᠶ᠂ ᠡᠷᠡᠭᠦᠯ ᠰᠠᠷᠠᠭᠤᠯ᠂ ᠪᠣᠯᠪᠠᠰᠤᠨ ᠠᠮᠢᠳᠤᠷᠠᠯ ᠤᠨ ᠤᠨᠤᠯᠵᠢᠬᠤᠨ ᠢ ᠰᠠᠨᠠᠭᠠᠴᠢᠯᠠᠬᠤ ᠬᠡᠷᠡᠭᠲᠡᠶ᠃ ᠨᠡᠶᠢᠭᠡᠮ ᠤᠨ ᠪᠦᠷᠢᠯᠳᠦᠬᠦᠨ ᠤᠳ ᠠᠮᠢ ᠠᠬᠤᠢ ᠶᠢᠨ ᠬᠠᠮᠠᠭᠠᠯᠠᠯᠲᠠ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠦᠵᠡᠯ ᠤᠬᠠᠮᠰᠠᠷ ᠢᠶᠠᠨ ᠤᠬᠠᠮᠰᠠᠷ ᠠᠴᠠ ᠪᠠᠨ ᠴᠢᠩᠭᠠᠳᠬᠠᠵᠤ᠂ ᠨᠡᠶᠢᠭᠡᠮ ᠨᠡᠶᠢᠲᠡ ᠶᠢᠨ ᠬᠢᠨ ᠤ ᠬᠡᠭᠡᠷ᠎ᠡ ᠶᠢᠨ ᠠᠮᠢᠲᠠᠨ  ᠢ ᠬᠠᠤᠯᠢ ᠪᠤᠰᠤ ᠪᠠᠷ ᠠᠷᠠᠯᠵᠢᠶᠠᠯᠠᠬᠤ ᠪᠠ ᠲᠤᠷ᠎ᠠ ᠪᠠᠷ ᠢᠳᠡᠬᠦ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠬᠤ ᠪᠠ ᠰᠠᠨᠠᠭᠠᠴᠢᠯᠠᠭ᠎ᠠ ᠠᠴᠠ ᠪᠠᠨ ᠢᠯᠡᠴᠢᠯᠡᠨ ᠮᠡᠳᠡᠭᠦᠯᠬᠦ ᠶᠢ  ᠵᠤᠷᠢᠨᠨᠵᠢᠭᠤᠯᠤᠨ᠂ ᠵᠠᠰᠠᠭ ᠤᠨ ᠣᠷᠳᠣᠨ ᠪᠦᠬᠦ ᠲᠠᠯ᠎ᠠ ᠪᠠᠷ ᠭᠤᠤᠯᠯᠠᠨ ᠵᠢᠯᠤᠭᠤᠳᠬᠤ᠂ ᠰᠠᠯᠠᠭ᠎ᠠ ᠮᠥᠴᠢᠷ ᠬᠠᠤᠯᠢ ᠶᠣᠰᠣᠭᠠᠷ ᠬᠢᠨᠠᠨ ᠬᠠᠮᠢᠶᠠᠷᠴᠤ᠂ ᠪᠦᠭᠦ ᠨᠡᠶᠢᠭᠡᠮ ᠢᠶᠠᠷ ᠢᠶᠠᠨ ᠢᠳᠡᠪᠬᠢᠲᠡᠶ ᠤᠷᠤᠯᠴᠬᠠᠰᠠᠨ᠂  ᠬᠡᠭᠡᠷ᠎ᠡ ᠶᠢᠨ ᠠᠮᠢᠲᠠᠨ ᠢ ᠳᠤᠷ᠎ᠠ ᠪᠠᠷ ᠢᠳᠡᠬᠦ ᠮᠠᠭᠤ ᠳᠠᠳᠬᠠᠯ ᠢ ᠬᠠᠮᠲᠤ ᠪᠠᠷ ᠠᠷᠢᠯᠭᠠᠬᠤ ᠰᠢᠨ᠎ᠠ ᠪᠠᠶᠢᠳᠠᠯ ᠢ ᠪᠤᠢ ᠪᠤᠯᠭᠠᠬᠤ ᠬᠡᠷᠡᠭᠳᠡᠢ᠃                                2020 ᠣᠨ ᠤ 5 ᠳ᠋ᠤᠭᠠᠷ ᠰᠠᠷ᠎ᠠ ᠶᠢᠨ 16 ᠤ ᠡᠳᠦᠷ                ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ