ᠵᠠᠰᠠᠭ ᠤᠨ ᠤᠷᠳᠤᠨ ᠤ ᠠᠯᠪᠠᠨ ᠲᠢᠩᠬᠢᠮ
ᠨᠡᠶᠢᠲᠡᠯᠡᠭᠰᠡᠨ ᠴᠠᠭ᠄
2020/7/15
     ᠨᠢᠭᠡ᠂ ᠭᠤᠤᠯ ᠡᠭᠦᠷᠭᠡ ᠬᠠᠷᠢᠭᠤᠴᠠᠯᠭ᠎ᠠ      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠭᠤᠤᠯ ᠡᠭᠦᠷᠭᠡ ᠬᠠᠷᠢᠭᠤᠴᠠᠯᠭ᠎ᠠ ᠶᠢ ᠳᠣᠤᠷᠠᠬᠢ ᠮᠡᠲᠦ ᠲᠣᠬᠢᠷᠠᠭᠤᠯᠪᠠ᠄      ︵ᠨᠢᠭᠡ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠮᠵᠢᠨ ᠪᠦᠬᠦ ᠣᠷᠣᠨ ᠤ ᠠᠵᠢᠯ ᠤᠨ ᠪᠠᠶᠢᠳᠠᠯ ᠢ ᠣᠶᠢᠯᠭᠠᠨ ᠡᠵᠡᠮᠰᠢᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠠᠵᠢᠯ ᠤᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠨᠢᠭᠡᠴᠢ ᠶᠢᠨ ᠬᠤᠭᠤᠷᠣᠨᠳᠤᠬᠢ ᠮᠠᠷᠭᠤᠭᠠᠨ ᠲᠠᠢ ᠴᠢᠬᠤᠯᠠ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠬᠦ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ᠃      ︵ᠬᠤᠶᠠᠷ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ   ᠬᠠᠮᠵᠢᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠡᠷ᠎ᠡ ᠪᠠᠷ  ᠨᠡᠶᠢᠲᠡᠯᠡᠬᠦ ᠠᠯᠪᠠᠨ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠬᠤ ᠪᠤᠶᠤ ᠬᠢᠨᠠᠨ᠎ᠠ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠶᠠᠷᠢᠶ᠎ᠠ ᠵᠡᠷᠭᠡ ᠡᠬᠡ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠨ᠎ᠠ᠃      ︵ᠭᠤᠷᠪᠠ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ ᠵᠠᠰᠠᠭ ᠤᠨ ᠣᠷᠳᠣᠨ ᠤ ᠬᠤᠷᠠᠯ ᠵᠢᠴᠢ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠬᠤᠷᠠᠯ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠮᠵᠢᠨ ᠬᠤᠷᠠᠯ ᠢᠶᠠᠷ ᠲᠣᠭᠲᠠᠭᠠᠭᠰᠠᠨ ᠵᠦᠢᠯᠡᠰ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠷᠠᠯ ᠢᠶᠠᠷ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠳᠥᠷᠪᠡ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠠᠵᠢᠯᠯᠠᠭ᠎ᠠ ᠶᠢ ᠵᠣᠬᠢᠶᠠᠨ ᠪᠠᠶᠢᠭᠤᠯᠬᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ  ᠤᠳᠤᠷᠢᠳᠬᠤ ᠨᠥᠬᠦᠳ ᠤᠨ ᠳᠣᠲᠣᠭᠠᠳᠤ ᠭᠠᠳᠠᠭᠠᠳᠤ ᠶᠠᠪᠤᠳᠠᠯ ᠤᠨ ᠴᠢᠬᠤᠯᠠ ᠠᠵᠢᠯᠯᠠᠭ᠎ᠠ ᠶᠢ ᠲᠣᠬᠢᠷᠠᠭᠤᠯᠬᠤ ᠶᠢ ᠬᠠᠷᠢᠭᠤᠴᠠᠨ᠎ᠠ᠃      ︵ᠲᠠᠪᠤ︶ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠢᠭᠠᠪᠤᠷᠢ ᠠᠪᠬᠤ ᠵᠦᠢᠯ ᠢ ᠬᠢᠨᠠᠨ ᠬᠠᠷᠭᠤᠭᠤᠯᠬᠤ ᠶᠢ ᠬᠠᠷᠢᠭᠤᠴᠠᠵᠤ᠃ ᠭᠦᠢᠴᠡᠳᠬᠡᠬᠦ ᠰᠠᠨᠠᠯ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃      ︵ᠵᠢᠷᠭᠤᠭ᠎ᠠ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠰᠢᠢᠳᠪᠦᠷᠢᠯᠡᠬᠦ ᠠᠵᠢᠯ ᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠲᠠᠷᠬᠠᠭᠠᠨ ᠶᠠᠪᠤᠭᠤᠯᠬᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠬᠢᠨ᠎ᠡ᠃      ︵ᠳᠣᠯᠤᠭ᠎ᠠ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠤᠨ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠵᠦᠢᠯᠡᠰ ᠵᠢᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠴᠣᠬᠤᠯᠠᠪᠤᠷᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠢ ᠰᠢᠮᠳᠠᠭᠤᠯᠤᠨ ᠪᠠᠶᠢᠴᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠴᠠᠭ ᠲᠤᠬᠠᠶ ᠳᠤ ᠨᠢ ᠮᠡᠳᠡᠭᠦᠯᠦᠨ᠎ᠡ ᠃      ︵ᠨᠠᠢᠮᠠ︶ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠴᠤᠭᠯᠠᠭᠤᠯᠬᠤ᠂ ᠨᠠᠶᠢᠷᠠᠭᠤᠯᠬᠤ᠂ ᠮᠡᠳᠡᠭᠦᠯᠦᠨ ᠬᠦᠷᠭᠡᠬᠦ ᠵᠡᠷᠭᠡ ᠠᠵᠢᠯ ᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠢᠯᠡᠴᠢᠯᠡᠭᠡ ᠬᠠᠩᠭᠠᠨ᠎ᠠ᠃      ︵ᠶᠢᠰᠦ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ  ᠲᠢᠩᠬᠢᠮ ᠤᠨ ᠪᠢᠴᠢᠭ ᠮᠠᠲ᠋ᠧᠷᠢᠶᠠᠯ ᠪᠠ ᠬᠤᠷᠠᠯ ᠤᠨ ᠮᠠᠲ᠋ᠧᠷᠢᠶᠠᠯ ᠤᠨ ᠮᠣᠩᠭᠤᠯ ᠣᠷᠴᠢᠭᠤᠯᠭ᠎ᠠ ᠶᠢᠨ ᠠᠵᠢᠯ ᠢ ᠬᠠᠷᠢᠭᠤᠴᠠᠵᠤ᠂ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠣᠷᠴᠢᠭᠤᠯᠭ᠎ᠠ ᠪᠣᠯᠤᠨ ᠮᠣᠩᠭᠤᠯ ᠬᠡᠯᠡᠨ ᠤ ᠫᠤᠷᠲ᠋ᠧᠯ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃      ︵ᠠᠷᠪᠠ︶ ᠠᠵᠤ ᠠᠬᠤᠶ ᠠᠮᠢ ᠠᠬᠤᠢ ᠶᠢᠨ ᠬᠦᠷᠢᠶᠡᠨ ᠳᠠᠬᠢ ᠥᠭᠡᠷᠡᠴᠢᠯᠡᠯᠲᠡ ᠶᠢᠨ ᠴᠢᠬᠤᠯᠠ ᠶᠡᠭᠡ ᠠᠰᠠᠭᠤᠳᠠᠯ ᠤᠨ ᠲᠤᠬᠠᠶ ᠲᠥᠷᠥ ᠶᠢᠨ ᠪᠣᠳᠣᠯᠭ᠎ᠠ ᠶᠢᠨ ᠰᠤᠳᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠣᠷᠣᠨ ᠤ ᠠᠵᠤ ᠠᠬᠤᠶ ᠠᠮᠢ ᠠᠬᠤᠢ ᠶᠢᠨ ᠬᠦᠷᠢᠶᠡᠨ ᠤ ᠥᠭᠡᠷᠡᠴᠢᠯᠡᠯᠲᠡ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠤᠨ ᠲᠤᠭᠤᠷᠪᠢᠵᠤ᠂ ᠪᠦᠬᠦ ᠣᠷᠣᠨ ᠤ ᠠᠵᠤ ᠠᠬᠤᠶ ᠠᠮᠢ ᠠᠬᠤᠢ ᠶᠢᠨ ᠬᠦᠷᠢᠶᠡᠨ ᠤ ᠥᠭᠡᠷᠡᠴᠢᠯᠡᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ᠂ ᠦᠨᠡᠯᠡᠨ ᠵᠢᠱᠢᠯᠲᠡ ᠪᠠ ᠰᠢᠮᠳᠠᠭᠤᠯᠤᠨ ᠪᠠᠶᠢᠴᠠᠭᠠᠯᠲᠠ ᠬᠢᠨ᠎ᠡ᠃      ︵ᠠᠷᠪᠠᠨ ᠨᠢᠭᠡ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠲᠥᠯᠥᠪᠯᠡᠭᠡ ᠶᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠡᠷᠬᠢᠯᠡᠬᠦ ᠰᠣᠨᠢᠨ ᠮᠡᠳᠡᠭᠡ ᠨᠡᠶᠢᠲᠡᠯᠡᠬᠦ ᠠᠵᠢᠯᠯᠠᠭ᠎ᠠ ᠶᠢ ᠳᠠᠭᠠᠭᠠᠨ ᠡᠷᠬᠢᠯᠡᠨ᠎ᠡ᠃      ︵ᠠᠷᠪᠠᠨ ᠬᠤᠶᠠᠷ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠶᠡᠷᠦᠩᠬᠡᠶ ᠵᠢᠵᠢᠭᠦᠷ ᠤᠨ  ᠠᠵᠢᠯ ᠢ ᠬᠠᠷᠢᠭᠤᠴᠠᠵᠤ᠂ ᠴᠢᠬᠤᠯᠠ ᠪᠠᠶᠢᠳᠠᠯ ᠢ ᠴᠠᠭ ᠲᠤᠬᠠᠶ ᠳᠤ ᠨᠢ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠶᠢ ᠤᠯᠠᠮᠵᠢᠯᠠᠬᠤ ᠪᠠ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃      ︵ᠠᠷᠪᠠᠨ ᠭᠤᠷᠪᠠ︶ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠪᠦᠬᠦ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠢ ᠵᠢᠯᠣᠭᠤᠳᠬᠤ᠂ ᠰᠢᠮᠳᠠᠭᠤᠯᠬᠤ ᠪᠠ ᠪᠠᠶᠢᠴᠠᠭᠠᠨ᠎ᠠ᠃      ︵ᠠᠷᠪᠠᠨ ᠳᠥᠷᠪᠡ︶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢ ᠬᠠᠮᠢᠶᠠᠷᠤᠨ᠎ᠠ᠃      ︵ᠠᠷᠪᠠᠨ ᠲᠠᠪᠤ  ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠬᠤᠶᠠᠷ᠂ ᠳᠣᠲᠣᠭᠠᠳᠤ ᠪᠠᠶᠢᠭᠤᠯᠤᠮᠵᠢ      ︵ᠨᠢᠭᠡ︶ ᠠᠯᠪᠠᠨ ᠭᠡᠷ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠶᠡᠷᠦᠩᠬᠡᠶ ᠵᠢᠵᠢᠭᠦᠷ ᠤᠨ ᠭᠡᠷ︶᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠤᠳᠤᠷᠢᠳᠬᠤ ᠨᠥᠬᠦᠳ ᠢ ᠬᠠᠮᠵᠢᠨ ᠲᠢᠩᠬᠢᠮ ᠤᠨ ᠠᠵᠢᠯ ᠶᠠᠪᠤᠳᠠᠯ ᠢ ᠰᠢᠢᠳᠪᠦᠷᠢᠯᠡᠨ᠎ᠡ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠦᠢᠯᠡᠴᠢᠯᠡᠭᠡ᠂ ᠪᠢᠴᠢᠭ ᠮᠠᠲ᠋ᠧᠷᠢᠶᠠᠯ ᠪᠠ ᠲᠠᠮᠠᠭ᠎ᠠ ᠶᠢᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃ ᠲᠢᠩᠬᠢᠮ ᠤᠨ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ᠂ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ᠂ ᠠᠯᠪᠠᠨ ᠶᠠᠪᠤᠳᠠᠯ ᠤᠨ ᠬᠦᠯᠢᠶᠡᠨ ᠵᠣᠴᠢᠯᠠᠬᠤ ᠪᠠ ᠭᠠᠳᠠᠭᠠᠳᠤ ᠲᠠᠢ ᠬᠠᠷᠢᠯᠴᠠᠬᠤ ᠵᠡᠷᠭᠡ ᠠᠵᠢᠯ ᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠭᠠᠳᠠᠭᠠᠳᠤ ᠳᠤ ᠰᠠᠭᠤᠭ᠎ᠠ ᠬᠡᠷᠡᠭ ᠡᠷᠬᠢᠯᠡᠬᠦ ᠪᠠᠶᠢᠭᠤᠯᠤᠮᠵᠢ ᠲᠠᠢ ᠬᠠᠷᠢᠯᠴᠠᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠶᠡᠷᠦᠩᠬᠡᠶ ᠵᠢᠵᠢᠭᠦᠷᠯᠡᠬᠦ ᠠᠵᠢᠯ ᠢ ᠬᠠᠷᠢᠭᠤᠴᠠᠵᠤ᠂ ᠴᠢᠬᠤᠯᠠ ᠪᠠᠶᠢᠳᠠᠯ ᠢ ᠴᠠᠭ ᠲᠤᠬᠠᠶ ᠳᠤ ᠨᠢ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠶᠢ ᠤᠯᠠᠮᠵᠢᠯᠠᠬᠤ ᠪᠠ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃      ︵ᠬᠤᠶᠠᠷ︶ ᠨᠠᠷᠢᠨ ᠪᠢᠴᠢᠭ ᠤᠨ ᠨᠢᠭᠡᠳᠦᠭᠡᠷ ᠭᠠᠵᠠᠷ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠭᠤᠤᠯ ᠤᠳᠤᠷᠢᠳᠬᠤ ᠨᠥᠬᠦᠷ ᠤᠨ ᠡᠬᠡ ᠪᠢᠴᠢᠭ ᠢ ᠲᠤᠭᠤᠷᠪᠢᠬᠤ ᠪᠠ ᠠᠯᠪᠠᠨ ᠶᠠᠪᠤᠳᠠᠯ ᠤᠨ ᠠᠵᠢᠯᠯᠠᠭ᠎ᠠ ᠶᠢ ᠲᠣᠬᠢᠷᠠᠭᠤᠯᠬᠤ ᠶᠢ ᠬᠠᠷᠢᠭᠤᠴᠠᠨ᠎ᠠ᠃ ᠭᠤᠤᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠲᠠ ᠬᠢᠨ᠎ᠡ᠃ ᠴᠢᠬᠤᠯᠠ ᠠᠵᠢᠯ ᠤᠨ ᠠᠬᠢᠯᠲᠠ ᠶᠢᠨ ᠪᠠᠶᠢᠳᠠᠯ ᠢ ᠲᠣᠬᠢᠷᠠᠭᠤᠯᠬᠤ ᠪᠠ ᠬᠠᠷᠢᠭᠤ ᠮᠡᠳᠡᠭᠦᠯᠦᠨ᠎ᠡ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠵᠣᠬᠢᠶᠠᠨ ᠪᠠᠶᠢᠭᠤᠯᠤᠨ ᠲᠤᠭᠤᠷᠪᠢᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠦᠢᠯᠡᠴᠢᠯᠡᠭᠡ᠂ ᠪᠢᠴᠢᠭ ᠮᠠᠲ᠋ᠧᠷᠢᠶᠠᠯ ᠪᠠ ᠲᠠᠮᠠᠭ᠎ᠠ ᠶᠢᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃      ︵ᠭᠤᠷᠪᠠ︶ ᠨᠠᠷᠢᠨ ᠪᠢᠴᠢᠭ ᠤᠨ ᠬᠤᠶᠠᠳᠤᠭᠠᠷ ᠭᠠᠵᠠᠷ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ ᠬᠢᠨᠠᠨ ᠪᠠᠶᠢᠴᠠᠭᠠᠬᠤ ᠵᠥᠪᠯᠡᠯ᠂ ᠠᠷᠠᠳᠴᠢᠯᠠᠭᠰᠠᠨ ᠨᠠᠮ ᠪᠦᠯᠦᠭ ᠵᠡᠷᠭᠡ ᠬᠠᠮᠢᠶ᠎ᠠ ᠪᠥᠬᠦᠶ ᠠᠵᠢᠯ ᠤᠨ ᠰᠠᠯᠠᠭ᠎ᠠ ᠮᠥᠴᠢᠷ ᠲᠠᠢ ᠬᠠᠷᠢᠯᠴᠠᠨ᠎ᠠ᠃ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ ᠭᠠᠶᠢᠯᠢ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠬᠢᠨᠠᠨ ᠪᠣᠳᠣᠯᠲᠠ᠂ ᠲᠤᠭ᠎ᠠ ᠪᠦᠷᠢᠳᠬᠡᠯ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ᠂ ᠠᠶᠤᠯ ᠦᠭᠡᠢ ᠦᠢᠯᠡᠳᠪᠦᠷᠢᠯᠡᠯ᠂ ᠪᠠᠶᠢᠭᠤᠯᠭ᠎ᠠ ᠶᠢᠨ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠬᠥᠭᠵᠢᠭᠦᠯᠦᠯᠲᠡ ᠶᠢᠨ ᠪᠠᠶᠢᠯᠳᠤᠬᠤ ᠪᠣᠳᠣᠯᠭ᠎ᠠ ᠶᠢᠨ ᠰᠤᠳᠤᠯᠤᠯ ᠵᠡᠷᠭᠡ ᠲᠠᠯ᠎ᠠ ᠶᠢᠨ ᠠᠵᠢᠯ ᠲᠠᠢ ᠬᠠᠷᠢᠯᠴᠠᠨ᠎ᠠ᠃ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠲᠤᠭᠤᠷᠪᠢᠬᠤ᠂ ᠬᠢᠨᠠᠨ ᠬᠠᠷᠭᠤᠭᠤᠯᠬᠤ ᠪᠠ ᠬᠤᠷᠠᠯ ᠤᠨ ᠶᠠᠪᠤᠳᠠᠯ ᠤᠨ ᠠᠵᠢᠯ ᠢ ᠡᠭᠦᠷᠭᠡᠯᠡᠨ᠎ᠡ᠃ ᠪᠠᠶᠢᠩᠭᠤ ᠶᠢᠨ ᠳᠡᠳ᠋ ᠲᠡᠷᠢᠭᠦᠯᠡᠭᠴᠢ ᠶᠢᠨ ᠠᠵᠢᠯ ᠤᠨ ᠬᠡᠪᠴᠢᠶᠡᠨ ᠳᠤ ᠪᠠᠶᠢᠴᠠᠭᠠᠨ ᠰᠤᠳᠤᠯᠤᠯᠲᠠ ᠬᠢᠬᠦ᠂ ᠵᠣᠬᠢᠴᠠᠭᠤᠯᠬᠤ᠂ ᠰᠢᠮᠳᠠᠭᠤᠯᠤᠨ ᠭᠦᠢᠴᠡᠳᠬᠡᠬᠦ ᠵᠡᠷᠭᠡ ᠠᠵᠢᠯ ᠢ ᠬᠠᠷᠢᠭᠤᠴᠠᠨ᠎ᠠ᠃      ︵ᠲᠦᠷᠪᠡ︶ ᠨᠠᠷᠢᠨ ᠪᠢᠴᠢᠭ ᠤᠨ ᠭᠤᠷᠪᠠᠳᠤᠭᠠᠷ ᠭᠠᠵᠠᠷ᠃ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠡᠨᠧᠷᠭᠢ᠂ ᠲᠣᠮᠣ ᠳ᠋ᠠᠶᠢᠲ᠋ᠠ ᠵᠡᠷᠭᠡ ᠲᠠᠯ᠎ᠠ ᠶᠢᠨ ᠠᠵᠢᠯ ᠲᠠᠢ ᠬᠠᠷᠢᠯᠴᠠᠨ᠎ᠠ᠃ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠲᠤᠭᠤᠷᠪᠢᠬᠤ᠂ ᠬᠢᠨᠠᠨ ᠬᠠᠷᠭᠤᠭᠤᠯᠬᠤ ᠪᠠ ᠬᠤᠷᠠᠯ ᠤᠨ ᠶᠠᠪᠤᠳᠠᠯ ᠤᠨ ᠠᠵᠢᠯ ᠢ ᠡᠭᠦᠷᠭᠡᠯᠡᠨ᠎ᠡ᠃ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ ᠶᠢᠨ ᠠᠵᠢᠯ ᠤᠨ ᠬᠡᠪᠴᠢᠶᠡᠨ ᠳᠤ ᠪᠠᠶᠢᠴᠠᠭᠠᠨ ᠰᠤᠳᠤᠯᠤᠯᠲᠠ ᠬᠢᠬᠦ᠂ ᠵᠣᠬᠢᠴᠠᠭᠤᠯᠬᠤ᠂ ᠰᠢᠮᠳᠠᠭᠤᠯᠤᠨ ᠭᠦᠢᠴᠡᠳᠬᠡᠬᠦ ᠵᠡᠷᠭᠡ ᠠᠵᠢᠯ ᠢ ᠬᠠᠷᠢᠭᠤᠴᠠᠨ᠎ᠠ᠃      ︵ᠲᠠᠪᠤ︶ ᠨᠠᠷᠢᠨ ᠪᠢᠴᠢᠭ ᠤᠨ ᠳᠥᠷᠪᠡᠳᠦᠭᠡᠷ ᠭᠠᠵᠠᠷ᠃ ᠦᠨᠳᠦᠰᠦᠲᠡᠨ ᠤ ᠬᠡᠷᠡᠭ ᠶᠠᠪᠤᠳᠠᠯ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠶᠢᠨ ᠣᠷᠴᠢᠨ ᠲᠣᠭᠤᠷᠢᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠲᠠᠯ᠎ᠠ ᠶᠢᠨ ᠠᠵᠢᠯ ᠲᠠᠢ ᠬᠠᠷᠢᠯᠴᠠᠨ᠎ᠠ᠃ ᠬᠠᠮᠢᠶ᠎ᠠ ᠪᠦᠬᠦᠢ ᠡᠬᠡ ᠪᠢᠴᠢᠭ ᠲᠤᠭᠤᠷᠪᠢᠬᠤ᠂ ᠬᠢᠨᠠᠨ ᠬᠠᠷᠭᠤᠭᠤᠯᠬᠤ ᠪᠠ ᠬᠤᠷᠠᠯ ᠤᠨ ᠶᠠᠪᠤᠳᠠᠯ ᠤᠨ ᠠᠵᠢᠯ ᠢ ᠡᠭᠦ‌‍ᠷᠭᠡᠯᠡᠨ᠎ᠡ᠃ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ ᠶᠢᠨ ᠠᠵᠢᠯ ᠤᠨ ᠬᠡᠪᠴᠢᠶᠡᠨ ᠳᠤ ᠪᠠᠶᠢᠴᠠᠭᠠᠨ ᠰᠤᠳᠤᠯᠤᠯᠲᠠ ᠬᠢᠬᠦ᠂ ᠵᠣᠬᠢᠴᠠᠭᠤᠯᠬᠤ᠂ ᠰᠢᠮᠳᠠᠭᠤᠯᠤᠨ ᠭᠦᠢᠴᠡᠳᠬᠡᠬᠦ ᠵᠡᠷᠭᠡ ᠠᠵᠢᠯ ᠢ ᠬᠠᠷᠢᠭᠤᠴᠠᠨ᠎ᠠ᠃      ︵ᠵᠢᠷᠭᠤᠭ᠎ᠠ︶ ᠨᠠᠷᠢᠨ ᠪᠢᠴᠢᠭ ᠤᠨ ᠲᠠᠪᠤᠳᠤᠭᠠᠷ ᠭᠠᠵᠠᠷ᠃ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ᠂ ᠣᠢ ᠰᠢᠭᠤᠶ ᠪᠠ ᠨᠤᠲᠤᠭ ᠪᠡᠯᠴᠢᠭᠡᠷ᠂ ᠬᠠᠩᠭᠠᠨ ᠪᠣᠷᠣᠯᠠᠭᠤᠯᠬᠤ ᠬᠤᠷᠰᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠤᠯ ᠵᠢᠴᠢ ᠲᠠᠷᠢᠶᠠᠯᠠᠬᠤ ᠮᠠᠯᠵᠢᠬᠤ ᠣᠷᠣᠨ ᠵᠡᠷᠭᠡ ᠲᠠᠯ᠎ᠠ ᠶᠢᠨ ᠠᠵᠢᠯ ᠲᠠᠢ ᠬᠠᠷᠢᠯᠴᠠᠨ᠎ᠠ᠃ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠲᠤᠭᠤᠷᠪᠢᠬᠤ᠂ ᠬᠢᠨᠠᠨ ᠬᠠᠷᠭᠤᠭᠤᠯᠬᠤ ᠪᠠ ᠬᠤᠷᠠᠯ ᠤᠨ ᠶᠠᠪᠤᠳᠠᠯ ᠤᠨ ᠠᠵᠢᠯ ᠢ ᠡᠭᠦᠷᠭᠡᠯᠡᠨ᠎ᠡ᠃ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ ᠶᠢᠨ ᠠᠵᠢᠯ ᠤᠨ ᠬᠡᠪᠴᠢᠶᠡᠨ ᠳᠤ ᠪᠠᠶᠢᠴᠠᠭᠠᠨ ᠰᠤᠳᠤᠯᠤᠯᠲᠠ ᠬᠢᠬᠦ᠂ ᠵᠣᠬᠢᠴᠠᠭᠤᠯᠬᠤ᠂ ᠰᠢᠮᠳᠠᠭᠤᠯᠤᠨ ᠭᠦᠢᠴᠡᠳᠬᠡᠬᠦ ᠵᠡᠷᠭᠡ ᠠᠵᠢᠯ ᠢ ᠬᠠᠷᠢᠭᠤᠴᠠᠨ᠎ᠠ᠃      ︵ᠳᠣᠯᠤᠭ᠎ᠠ︶ ᠨᠠᠷᠢᠨ ᠪᠢᠴᠢᠭ ᠤᠨ ᠵᠢᠷᠭᠤᠳᠤᠭᠠᠷ ᠭᠠᠵᠠᠷ᠃ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠵᠠᠬᠢᠳᠠᠯ ᠰᠤᠷᠪᠤᠯᠵᠢᠯᠠᠯ ᠵᠡᠷᠭᠡ ᠲᠠᠯ᠎ᠠ ᠶᠢᠨ ᠠᠵᠢᠯ ᠲᠠᠢ ᠬᠠᠷᠢᠯᠴᠠᠨ᠎ᠠ᠃ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠲᠤᠭᠤᠷᠪᠢᠬᠤ᠂ ᠬᠢᠨᠠᠨ ᠬᠠᠷᠭᠤᠭᠤᠯᠬᠤ ᠪᠠ ᠬᠤᠷᠠᠯ ᠤᠨ ᠶᠠᠪᠤᠳᠠᠯ ᠤᠨ ᠠᠵᠢᠯ ᠢ ᠡᠭᠦᠷᠭᠡᠯᠡᠨ᠎ᠡ᠃ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ ᠶᠢᠨ ᠠᠵᠢᠯ ᠤᠨ ᠬᠡᠪᠴᠢᠶᠡᠨ ᠳᠤ ᠪᠠᠶᠢᠴᠠᠭᠠᠨ ᠰᠤᠳᠤᠯᠤᠯᠲᠠ ᠬᠢᠬᠦ᠂ ᠵᠣᠬᠢᠴᠠᠭᠤᠯᠬᠤ᠂ ᠰᠢᠮᠳᠠᠭᠤᠯᠤᠨ ᠭᠦᠢᠴᠡᠳᠬᠡᠬᠦ ᠵᠡᠷᠭᠡ ᠠᠵᠢᠯ ᠢ ᠬᠠᠷᠢᠭᠤᠴᠠᠨ᠎ᠠ᠃      ︵ᠨᠠᠢᠮᠠ︶ ᠨᠠᠷᠢᠨ ᠪᠢᠴᠢᠭ ᠤᠨ ᠳᠣᠯᠣᠳᠤᠭᠠᠷ ᠭᠠᠵᠠᠷ᠃ ᠬᠤᠳᠠᠯᠳᠤᠭᠠᠨ ᠤ ᠶᠠᠪᠤᠳᠠᠯ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠮᠥᠩᠭᠦᠨ ᠭᠦᠢᠯᠭᠡᠭᠡᠨ᠂ ᠦᠢᠯᠡᠴᠢᠯᠡᠭᠡᠨ ᠤ ᠦᠢᠯᠡᠰ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ᠂ ᠭᠠᠳᠠᠭᠠᠳᠤ ᠨᠡᠭᠡᠭᠡᠯᠲᠡ᠂ ᠭᠠᠳᠠᠭᠠᠳᠤ ᠶᠠᠪᠤᠳᠠᠯ ᠵᠡᠷᠭᠡ ᠲᠠᠯ᠎ᠠ ᠶᠢᠨ ᠠᠵᠢᠯ ᠲᠠᠢ ᠬᠠᠷᠢᠯᠴᠠᠨ᠎ᠠ᠃ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠲᠤᠭᠤᠷᠪᠢᠬᠤ᠂ ᠬᠢᠨᠠᠨ ᠬᠠᠷᠭᠤᠭᠤᠯᠬᠤ ᠪᠠ ᠬᠤᠷᠠᠯ ᠤᠨ ᠶᠠᠪᠤᠳᠠᠯ ᠤᠨ ᠠᠵᠢᠯ ᠢ ᠡᠭᠦᠷᠭᠡᠯᠡᠨ᠎ᠡ᠃ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ ᠶᠢᠨ ᠠᠵᠢᠯ ᠤᠨ ᠬᠡᠪᠴᠢᠶᠡᠨ ᠳᠤ ᠪᠠᠶᠢᠴᠠᠭᠠᠨ ᠰᠤᠳᠤᠯᠤᠯᠲᠠ ᠬᠢᠬᠦ᠂ ᠵᠣᠬᠢᠴᠠᠭᠤᠯᠬᠤ᠂ ᠰᠢᠮᠳᠠᠭᠤᠯᠤᠨ ᠭᠦᠢᠴᠡᠳᠬᠡᠬᠦ ᠵᠡᠷᠭᠡ ᠠᠵᠢᠯ ᠢ ᠬᠠᠷᠢᠭᠤᠴᠠᠨ᠎ᠠ᠃      ︵ᠶᠢᠰᠦ︶ ᠨᠠᠷᠢᠨ ᠪᠢᠴᠢᠭ ᠤᠨ ᠨᠠᠢᠮᠠᠳᠤᠭᠠᠷ ᠭᠠᠵᠠᠷ᠃ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠂ ᠷᠠᠳᠢᠣ᠋ ᠨᠡᠪᠲᠡᠷᠡᠭᠦᠯᠭᠡ ᠲᠧᠯᠸᠢᠰ᠂ ᠪᠡᠶ᠎ᠡ ᠶᠢᠨ ᠲᠠᠮᠢᠷ᠂ ᠰᠣᠶᠣᠯ ᠲᠡᠤᠬᠡ ᠪᠠ ᠣᠷᠣᠨ ᠨᠤᠲᠤᠭ ᠤᠨ ᠣᠶᠢᠯᠠᠯᠭ᠎ᠠ ᠵᠡᠷᠭᠡ ᠲᠠᠯ᠎ᠠ ᠶᠢᠨ ᠠᠵᠢᠯ ᠢ ᠬᠠᠷᠢᠯᠴᠠᠨ᠎ᠠ ᠃ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠲᠤᠭᠤᠷᠪᠢᠬᠤ᠂ ᠬᠢᠨᠠᠨ ᠬᠠᠷᠭᠤᠭᠤᠯᠬᠤ ᠪᠠ ᠬᠤᠷᠠᠯ ᠤᠨ ᠶᠠᠪᠤᠳᠠᠯ ᠤᠨ ᠠᠵᠢᠯ ᠢ ᠡᠭᠦᠷᠭᠡᠯᠡᠨ᠎ᠡ᠃ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ ᠶᠢᠨ ᠠᠵᠢᠯ ᠤᠨ ᠬᠡᠪᠴᠢᠶᠡᠨ ᠳᠤ ᠪᠠᠶᠢᠴᠠᠭᠠᠨ ᠰᠤᠳᠤᠯᠤᠯᠲᠠ ᠬᠢᠬᠦ᠂ ᠵᠣᠬᠢᠴᠠᠭᠤᠯᠬᠤ᠂ ᠰᠢᠮᠳᠠᠭᠤᠯᠤᠨ ᠭᠦᠢᠴᠡᠳᠬᠡᠬᠦ ᠵᠡᠷᠭᠡ ᠠᠵᠢᠯ ᠢ ᠬᠠᠷᠢᠭᠤᠴᠠᠨ᠎ᠠ᠃      ︵ᠠᠷᠪᠠ︶ ᠨᠠᠷᠢᠨ ᠪᠢᠴᠢᠭ ᠤᠨ ᠶᠢᠰᠦᠳᠦᠭᠡᠷ ᠭᠠᠵᠠᠷ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠷᠠᠳ ᠤᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠪᠠ ᠡᠷᠡᠭᠦᠯ ᠮᠡᠨᠳᠦ᠂ ᠴᠡᠷᠢᠭ ᠠᠴᠠ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠮᠴᠢᠯᠡᠭᠡᠨ ᠤ ᠪᠠᠲᠤᠯᠠᠭ᠎ᠠ ᠵᠡᠷᠭᠡ ᠲᠠᠯ᠎ᠠ ᠶᠢᠨ ᠠᠵᠢᠯ ᠲᠠᠢ ᠬᠠᠷᠢᠯᠴᠠᠨ᠎ᠠ᠃ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠲᠤᠭᠤᠷᠪᠢᠬᠤ᠂ ᠬᠢᠨᠠᠨ ᠬᠠᠷᠭᠤᠭᠤᠯᠬᠤ ᠪᠠ ᠬᠤᠷᠠᠯ ᠤᠨ ᠶᠠᠪᠤᠳᠠᠯ ᠤᠨ ᠠᠵᠢᠯ ᠢ ᠡᠭᠦᠷᠭᠡᠯᠡᠨ᠎ᠡ᠃ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ ᠶᠢᠨ ᠠᠵᠢᠯ ᠤᠨ ᠬᠡᠪᠴᠢᠶᠡᠨ ᠳᠤ ᠪᠠᠶᠢᠴᠠᠭᠠᠨ ᠰᠤᠳᠤᠯᠤᠯᠲᠠ ᠬᠢᠬᠦ᠂ ᠵᠣᠬᠢᠴᠠᠭᠤᠯᠬᠤ᠂ ᠰᠢᠮᠳᠠᠭᠤᠯᠤᠨ ᠭᠦᠢᠴᠡᠳᠬᠡᠬᠦ ᠵᠡᠷᠭᠡ ᠠᠵᠢᠯ ᠢ ᠬᠠᠷᠢᠭᠤᠴᠠᠨ᠎ᠠ᠃      ︵ᠠᠷᠪᠠᠨ ᠨᠢᠭᠡ︶ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢᠨ ᠭᠠᠵᠠᠷ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢ ᠬᠦᠯᠢᠶᠡᠨ ᠠᠪᠬᠤ ᠲᠠᠷᠬᠠᠭᠠᠬᠤ ᠤᠯᠠᠮᠵᠢᠯᠠᠬᠤ᠂ ᠠᠯᠪᠠᠨ ᠪᠢᠴᠢᠭ ᠢ ᠬᠢᠨᠠᠨ ᠬᠠᠷᠭᠤᠭᠤᠯᠬᠤ᠂ ᠪᠢᠴᠢᠭ ᠬᠠᠷ᠎ᠠ ᠳᠠᠩᠰᠠ ᠡᠪᠬᠡᠮᠡᠯ ᠤᠨ ᠬᠠᠮᠢᠶᠠᠷᠤᠯᠲᠠ᠂ ᠨᠢᠭᠤᠴᠠ ᠴᠢᠬᠤᠯᠠ ᠮᠡᠳᠡᠭᠡ ᠬᠤᠯᠪᠣᠭ᠎ᠠ ᠵᠡᠷᠭᠡ ᠠᠵᠢᠯ ᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠲᠠᠮᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠲᠠᠮᠠᠭ᠎ᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠨᠢᠭᠤᠴᠠ ᠶᠢ ᠬᠠᠮᠠᠭᠠᠯᠠᠬᠤ ᠵᠥᠪᠯᠡᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠠᠯᠪᠠᠨ ᠪᠢᠴᠢᠭ ᠤᠨ ᠰᠢᠢᠳᠪᠦᠷᠢᠯᠡᠯᠲᠡ ᠶᠢᠨ ᠠᠵᠢᠯ ᠢ ᠵᠢᠯᠣᠭᠤᠳᠤᠨ᠎ᠠ᠃      ︵ᠠᠷᠪᠠᠨ ᠬᠤᠶᠠᠷ︶ ᠬᠤᠷᠠᠯ ᠤᠨ ᠭᠠᠵᠠᠷ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠥᠬᠦᠳᠡ ᠬᠤᠷᠠᠯ᠂ ᠪᠠᠶᠢᠩᠭᠤ ᠶᠢᠨ ᠬᠤᠷᠠᠯ᠂ ᠲᠡᠷᠢᠭᠦᠯᠡᠭᠴᠢ ᠶᠢᠨ ᠠᠯᠪᠠᠨ ᠠᠵᠢᠯ ᠤᠨ ᠬᠤᠷᠠᠯ ᠪᠣᠯᠤᠨ ᠠᠵᠢᠯ ᠤᠨ ᠬᠤᠷᠠᠯ ᠤᠨ ᠠᠵᠢᠯ ᠢ ᠬᠠᠷᠢᠭᠤᠴᠠᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠬᠤᠷᠠᠯᠳᠤᠭᠤᠯᠤᠭᠰᠠᠨ ᠪᠦᠬᠦ ᠤᠯᠤᠰ ᠤᠨ ᠴᠢᠨᠠᠷᠲᠠᠶ ᠲᠧᠯᠸᠢᠰ ᠳ᠋ᠢᠶᠠᠩᠬᠤᠸᠠ ᠬᠤᠷᠠᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠬᠤᠷᠠᠯ ᠤᠨ ᠲᠠᠯᠠᠪᠠᠢ ᠶᠢᠨ ᠬᠤᠷᠠᠯ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠬᠤᠯᠪᠣᠭᠳᠠᠯ ᠪᠦᠬᠦᠢ ᠲᠣᠲᠤᠭᠠᠳᠤ ᠶᠢᠨ ᠠᠵᠢᠯᠯᠠᠭ᠎ᠠ ᠶᠢᠨ ᠬᠤᠷᠠᠯ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠷᠠᠯ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠠᠷᠪᠠᠨ ᠭᠤᠷᠪᠠ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠯᠪᠠᠨ ᠭᠡᠷ᠃ ᠴᠢᠬᠤᠯᠠ ᠶᠡᠭᠡ ᠲᠤᠰᠬᠠᠶ ᠰᠢᠮᠳᠠᠭᠤᠯᠤᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠦᠷᠨᠢᠭᠦᠯᠬᠦ  ᠰᠢᠮᠳᠠᠭᠤᠯᠤᠨ ᠪᠠᠶᠢᠴᠠᠭᠠᠬᠤ ᠠᠵᠢᠯ ᠢ ᠳᠠᠭᠠᠭᠠᠨ ᠭᠦᠢᠴᠡᠳᠬᠡᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠵᠢᠯ ᠤᠨ ᠳᠦᠷᠢᠮ ᠪᠣᠯᠤᠨ ᠠᠵᠢᠯ ᠤᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠤᠯᠪᠣᠭᠳᠠᠯ ᠪᠦᠬᠦᠢ ᠭᠠᠵᠠᠷ ᠭᠡᠷ᠂ ᠬᠠᠷᠢᠶ᠎ᠠ ᠨᠢᠭᠡᠴᠢ ᠶᠢᠨ ᠪᠠᠶᠢᠩᠭᠤ ᠶᠢᠨ ᠴᠢᠨᠠᠷᠲᠠᠶ ᠰᠢᠮᠳᠠᠭᠤᠯᠤᠨ ᠪᠠᠶᠢᠴᠠᠭᠠᠬᠤ ᠠᠵᠢᠯ ᠢ ᠵᠢᠯᠣᠭᠤᠳᠬᠤ ᠪᠠ ᠵᠣᠬᠢᠴᠠᠭᠤᠯᠤᠨ᠎ᠠ᠃ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠡᠭᠦᠷᠭᠡᠯᠡᠬᠦ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠳᠤᠷᠠᠳᠤᠯᠭ᠎ᠠ ᠶᠢ ᠭᠦᠢᠴᠡᠳᠬᠡᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ᠃ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃      ︵ᠠᠷᠪᠠᠨ ᠳᠥᠷᠪᠡ︶ ᠮᠡᠳᠡᠭᠡ ᠵᠠᠩᠭᠢ ᠶᠢᠨ ᠪᠠᠶᠢᠴᠠᠭᠠᠨ ᠰᠤᠳᠤᠯᠬᠤ ᠭᠠᠵᠠᠷ᠃ ᠪᠦᠬᠦ ᠣᠷᠣᠨ ᠤ ᠡᠯ᠎ᠡ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠰᠠᠯᠠᠭ᠎ᠠ ᠮᠥᠴᠢᠷ ᠲᠠᠢ ᠬᠠᠷᠢᠯᠴᠠᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠴᠤᠭᠯᠠᠭᠤᠯᠬᠤ᠂ ᠨᠠᠶᠢᠷᠠᠭᠤᠯᠬᠤ᠂ ᠮᠡᠳᠡᠭᠦᠯᠦᠨ ᠬᠦᠷᠭᠡᠬᠦ ᠵᠡᠷᠭᠡ ᠠᠵᠢᠯ ᠢ ᠬᠠᠷᠢᠭᠤᠴᠠᠵᠤ᠂ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠬᠤ᠂ ᠲᠥᠯᠥᠪᠯᠡᠭᠡ ᠲᠣᠭᠲᠠᠭᠠᠬᠤ ᠪᠠ ᠲᠣᠤᠷ ᠰᠦᠯᠵᠢᠶᠡᠨ ᠤ ᠲᠠᠪᠴᠠᠩ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠪᠠᠶᠢᠴᠠᠭᠠᠨ ᠰᠤᠳᠤᠯᠤᠯᠲᠠ ᠬᠢᠬᠦ ᠪᠠ ᠰᠣᠯᠢᠯᠴᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠥᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠲᠣᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠠᠷᠪᠠᠨ ᠲᠠᠪᠤ︶ ᠣᠷᠴᠢᠭᠤᠯᠬᠤ ᠭᠠᠵᠠᠷ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ ᠵᠢᠴᠢ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠮᠣᠩᠭᠤᠯ ᠣᠷᠴᠢᠭᠤᠯᠭ᠎ᠠ ᠶᠢᠨ ᠠᠵᠢᠯ ᠢ ᠬᠠᠷᠢᠭᠤᠴᠠᠨ᠎ᠠ᠃ ᠵᠠᠰᠠᠭ ᠤᠨ ᠣᠷᠳᠣᠨ ᠤ ᠠᠯᠪᠠᠨ ᠮᠡᠳᠡᠭᠡ ᠶᠢ ᠮᠣᠩᠭᠤᠯ ᠬᠡᠯᠡ ᠪᠠᠷ ᠣᠷᠴᠢᠭᠤᠯᠬᠤ ᠪᠠ ᠬᠢᠨᠠᠨ ᠲᠣᠭᠲᠠᠭᠠᠬᠤ ᠠᠵᠢᠯ ᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠮᠣ ᠬᠡᠯᠪᠡᠷᠢ ᠶᠢᠨ ᠬᠤᠷᠠᠯ ᠤᠨ ᠮᠣᠩᠭᠤᠯ ᠬᠡᠯᠡᠨ ᠤ ᠣᠷᠴᠢᠭᠤᠯᠭ᠎ᠠ ᠶᠢᠨ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠣᠷᠴᠢᠭᠤᠯᠭ᠎ᠠ ᠪᠣᠯᠤᠨ ᠮᠣᠩᠭᠤᠯ ᠬᠡᠯᠡᠨ ᠤ ᠫᠤᠷᠲ᠋ᠧᠯ ᠰᠦᠯᠵᠢᠶᠡᠨ ᠤ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃      ︵ᠠᠷᠪᠠᠨ ᠵᠢᠷᠭᠤᠭ᠎ᠠ︶ ᠬᠠᠤᠯᠢ ᠴᠠᠭᠠᠵᠠ ᠶᠢᠨ ᠬᠡᠷᠡᠭ ᠡᠷᠬᠢᠯᠡᠬᠦ ᠭᠠᠵᠠᠷ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠳᠦᠷᠢᠮ ᠢ ᠲᠣᠭᠲᠠᠭᠠᠵᠤ᠂ ᠪᠦᠬᠦ ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠵᠢᠯᠣᠭᠤᠳᠤᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠭᠡᠳ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠲᠤᠭᠤᠷᠪᠢᠨ ᠲᠣᠭᠲᠠᠭᠠᠵᠤ ᠤᠯᠠᠮᠵᠢᠯᠠᠬᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠬᠠᠤᠯᠢ ᠶᠣᠰᠣᠨ ᠤ ᠬᠢᠨᠠᠨ ᠪᠠᠶᠢᠴᠠᠭᠠᠯᠲᠠ ᠬᠢᠬᠦ ᠶᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠳᠤ ᠬᠠᠤᠯᠢ ᠶᠣᠰᠣᠨ ᠤ ᠬᠢᠨᠠᠨ ᠪᠠᠶᠢᠴᠠᠭᠠᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠲᠣᠭᠲᠠᠭᠰᠠᠨ ᠭᠡᠷ᠎ᠡ᠂ ᠵᠥᠪᠯᠡᠯᠴᠡᠭᠡᠷ ᠵᠡᠷᠭᠡ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠬᠢᠨᠠᠨ ᠬᠠᠷᠭᠤᠭᠤᠯᠬᠤ ᠠᠵᠢᠯ ᠢ ᠭᠦᠢᠴᠡᠳᠬᠡᠨ᠎ᠡ᠃    ︵ᠠᠷᠪᠠᠨ ᠳᠣᠯᠤᠭ᠎ᠠ︶ ᠥᠭᠡᠷᠡᠴᠢᠯᠡᠯᠲᠡ ᠶᠢ ᠵᠣᠬᠢᠴᠠᠭᠤᠯᠬᠤ ᠭᠠᠵᠠᠷ᠃ ᠠᠵᠤ ᠠᠬᠤᠶ ᠶᠢᠨ ᠠᠮᠢ ᠠᠬᠤᠶ ᠶᠢᠨ ᠬᠦᠷᠢᠶᠡᠨ ᠳᠠᠬᠢ ᠥᠭᠡᠷᠡᠴᠢᠯᠡᠯᠲᠡ ᠶᠢᠨ ᠴᠢᠬᠤᠯᠠ ᠶᠡᠭᠡ ᠠᠰᠠᠭᠤᠳᠠᠯ ᠤᠨ ᠲᠤᠬᠠᠶ ᠲᠦᠷᠦ ᠶᠢᠨ ᠪᠤᠳᠤᠯᠭ᠎ᠠ ᠶᠢᠨ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠦᠬᠦ ᠣᠷᠣᠨ ᠤ ᠠᠵᠤ ᠠᠬᠤᠶ ᠠᠮᠢ ᠠᠬᠤᠢ ᠶᠢᠨ ᠬᠦᠷᠢᠶᠡᠨ ᠤ ᠥᠭᠡᠷᠡᠴᠢᠯᠡᠯᠲᠡ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠵᠢᠴᠢ ᠡᠬᠡ ᠨᠣᠣᠷᠠᠭ ᠢ ᠵᠣᠬᠢᠶᠠᠨ ᠪᠠᠶᠢᠭᠤᠯᠤᠨ ᠲᠤᠭᠤᠷᠪᠢᠨ᠎ᠠ᠃ ᠪᠦᠬᠦ ᠣᠷᠣᠨ ᠤ ᠠᠵᠤ ᠠᠬᠤᠶ ᠠᠮᠢ ᠠᠬᠤᠢ ᠶᠢᠨ ᠬᠦᠷᠢᠶᠡᠨ ᠤ ᠥᠭᠡᠷᠡᠴᠢᠯᠡᠯᠲᠡ ᠶᠢᠨ ᠠᠵᠢᠯ ᠤᠨ ᠲᠥᠰᠦᠯ ᠪᠣᠯᠤᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ᠎ᠠ᠃ ᠪᠦᠬᠦ ᠣᠷᠣᠨ ᠤ ᠠᠵᠤ ᠠᠬᠤᠶ ᠠᠮᠢ ᠠᠬᠤᠢ ᠶᠢᠨ ᠬᠦᠷᠢᠶᠡᠨ ᠤ ᠥᠭᠡᠷᠡᠴᠢᠯᠡᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠬᠦ᠂ ᠦᠨᠡᠯᠡᠨ ᠵᠢᠱᠢᠬᠦ ᠪᠠ ᠰᠢᠮᠳᠠᠭᠤᠯᠤᠨ ᠪᠠᠶᠢᠴᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠪᠠᠶᠢᠭᠤᠯᠤᠯ ᠪᠣᠯᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠶ ᠳᠤᠭᠤᠶᠢᠯᠠᠩ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃    ︵ᠠᠷᠪᠠᠨ ᠨᠠᠢᠮᠠ︶ ᠰᠣᠨᠢᠨ ᠮᠡᠳᠡᠭᠡ ᠨᠡᠶᠢᠲᠡᠯᠡᠬᠦ ᠭᠠᠵᠠᠷ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠡᠷᠬᠢᠯᠡᠬᠦ ᠰᠣᠨᠢᠨ ᠮᠡᠳᠡᠭᠡ ᠨᠡᠶᠢᠲᠡᠯᠡᠬᠦ ᠠᠵᠢᠯᠯᠠᠭ᠎ᠠ ᠶᠢ ᠳᠠᠭᠠᠭᠠᠨ ᠭᠦᠢᠴᠡᠳᠬᠡᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠲᠠᠢ ᠬᠠᠷᠢᠯᠴᠠᠨ ᠰᠣᠨᠢᠨ ᠮᠡᠳᠡᠭᠡᠨ ᠤ ᠨᠢᠭᠡᠴᠢ ᠲᠠᠢ ᠬᠠᠮᠵᠢᠯᠴᠠᠵᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠴᠢᠬᠤᠯᠠ ᠵᠠᠰᠠᠭ ᠤᠨ ᠶᠠᠪᠤᠳᠠᠯ ᠤᠨ ᠠᠵᠢᠯᠯᠠᠭ᠎ᠠ ᠶᠢ ᠤᠬᠠᠭᠤᠯᠤᠨ ᠮᠡᠳᠡᠭᠡᠯᠡᠨ᠎ᠡ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠰᠣᠨᠢᠨ ᠮᠡᠳᠡᠭᠡ ᠨᠡᠶᠢᠲᠡᠯᠡᠬᠦ ᠠᠵᠢᠯ ᠢ ᠵᠢᠯᠣᠭᠤᠳᠴᠦ᠂ ᠬᠠᠮᠢᠶ᠎ᠠ ᠪᠦᠬᠦᠢ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ︵ᠠᠷᠪᠠ ᠶᠢᠰᠦ︶ ᠠᠵᠢᠯᠲᠠᠨ ᠤ ᠶᠠᠪᠤᠳᠠᠯ ᠤᠨ ᠭᠠᠵᠠᠷ᠃ ᠪᠠᠶᠢᠭᠤᠯᠤᠯᠭ᠎ᠠ ᠵᠢᠴᠢ ᠬᠠᠷᠢᠶ᠎ᠠ ᠨᠢᠭᠡᠴᠢ ᠶᠢᠨ ᠪᠠᠶᠢᠭᠤᠯᠤᠮᠵᠢ ᠶᠢᠨ ᠣᠷᠣᠨ ᠲᠤᠭ᠎ᠠ᠂ ᠺᠠᠳ᠋ᠷ ᠠᠵᠢᠯᠲᠠᠨ ᠤ ᠶᠠᠪᠤᠳᠠᠯ ᠪᠣᠯᠤᠨ ᠬᠥᠮᠦᠵᠢᠯ ᠪᠣᠯᠪᠠᠰᠤᠷᠠᠭᠤᠯᠤᠯ ᠵᠡᠷᠭᠡ ᠠᠵᠢᠯ ᠢ ᠬᠠᠷᠢᠭᠤᠴᠠᠨ᠎ᠠ᠃     ︵ᠬᠤᠷᠢ︶ ᠡᠳ᠋ ᠤᠨ ᠶᠠᠪᠤᠳᠠᠯ ᠤᠨ ᠭᠠᠵᠠᠷ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠯᠠᠭ᠎ᠠ ᠮᠥᠴᠢᠷ ᠤᠨ ᠲᠥᠰᠦᠪ ᠪᠠ ᠲᠥᠰᠦᠪ ᠤᠨ ᠭᠦᠢᠴᠡᠳᠬᠡᠯ ᠢ ᠨᠠᠶᠢᠷᠠᠭᠤᠯᠤᠨ ᠮᠡᠳᠡᠭᠦᠯᠬᠦ ᠪᠠ ᠲᠢᠩᠬᠢᠮ ᠤᠨ ᠪᠠᠶᠢᠭᠤᠯᠤᠯᠭ᠎ᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠠᠷᠢᠶ᠎ᠠ ᠪᠦᠬᠦᠢ ᠲᠥᠰᠦᠪ ᠤᠨ ᠨᠢᠭᠡᠴᠡ ᠶᠢᠨ ᠳᠣᠲᠣᠭᠠᠳᠤ ᠶᠢᠨ ᠬᠢᠨᠠᠨ ᠪᠣᠳᠣᠯᠲᠠ ᠪᠠ ᠠᠯᠪᠠᠨ ᠲᠢᠩᠬᠢᠮ ᠤᠨ ᠰᠢᠰᠲ᠋ᠧᠮ ᠤᠨ ᠡᠳ᠋ ᠤᠨ ᠶᠠᠪᠤᠳᠠᠯ ᠤᠨ ᠠᠵᠢᠯᠲᠠᠨ ᠤ ᠦᠷᠭᠦᠯᠵᠢᠯᠡᠭᠰᠡᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠢᠩᠬᠢᠮ ᠤᠨ ᠪᠠᠶᠢᠭᠤᠯᠤᠯᠭ᠎ᠠ ᠵᠢᠴᠢ ᠬᠠᠷᠢᠶ᠎ᠠ ᠪᠦᠬᠦᠢ ᠲᠥᠰᠦᠪ ᠤᠨ ᠨᠢᠭᠡᠴᠢ ᠶᠢᠨ ᠤᠯᠤᠰ ᠤᠨ  ᠦᠮᠴᠢᠯᠡᠯᠲᠦ ᠡᠳ᠋ ᠬᠥᠷᠥᠩᠭᠡ ᠶᠢ ᠬᠠᠮᠢᠶᠠᠷᠬᠤ ᠪᠠ ᠬᠢᠨᠠᠯᠲᠠ ᠲᠠᠯᠪᠢᠬᠤ ᠠᠵᠢᠯ ᠢ ᠦᠷᠨᠢᠭᠦᠯᠦᠨ᠎ᠡ᠃    ᠪᠠᠶᠢᠭᠤᠯᠤᠯᠭ᠎ᠠ ᠶᠢᠨ ᠨᠠᠮ ᠤᠨ ᠬᠤᠷᠢᠶ᠎ᠠ᠃ ᠪᠠᠶᠢᠭᠤᠯᠤᠯᠭ᠎ᠠ ᠪᠣᠯᠤᠨ ᠬᠠᠷᠢᠶ᠎ᠠ ᠨᠢᠭᠡᠴᠢ ᠶᠢᠨ ᠨᠠᠮ ᠪᠠ ᠤᠯᠡᠠ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃    ᠠᠵᠢᠯ ᠠᠴᠠ ᠪᠠᠨ ᠠᠮᠠᠷᠠᠭᠰᠠᠨ ᠪᠠ ᠠᠵᠢᠯ ᠠᠴᠠ ᠪᠠᠨ ᠪᠠᠭᠤᠭᠰᠠᠨ ᠬᠥᠮᠦᠰ ᠤᠨ ᠠᠵᠢᠯ ᠤᠨ ᠭᠠᠵᠠᠷ᠃ ᠪᠠᠶᠢᠭᠤᠯᠤᠯᠭ᠎ᠠ ᠪᠠ ᠬᠠᠷᠢᠶ᠎ᠠ ᠪᠦᠬᠦᠢ ᠨᠢᠭᠡᠴᠢ ᠶᠢᠨ ᠠᠵᠢᠯ ᠠᠴᠠ ᠪᠠᠨ ᠠᠮᠠᠷᠠᠭᠰᠠᠨ ᠪᠠ ᠠᠵᠢᠯ ᠠᠴᠠ ᠪᠠᠨ ᠪᠠᠭᠤᠭᠰᠠᠨ ᠬᠥᠮᠦᠰ ᠤᠨ ᠠᠵᠢᠯ ᠢ ᠬᠠᠷᠢᠭᠤᠴᠠᠨ᠎ᠠ᠃      ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 1 ᠳ᠋ᠦ᠋ᠭᠡᠷ ᠲᠣᠭᠠᠲᠤ ᠶᠢᠨ ᠨᠠᠮ ᠵᠠᠰᠠᠭ ᠤᠨ ᠠᠵᠢᠯᠯᠠᠬᠤ ᠲᠣᠭᠤᠷᠢᠭ    ᠠᠵᠢᠯ ᠤᠨ ᠤᠲᠠᠰᠤ᠄ 0471-4826031    ᠠᠵᠢᠯᠯᠠᠬᠤ ᠴᠠᠭ᠄ 9᠄ 00 — 12᠄ 00᠄ 14᠄ 30 — 18᠄ 00    ᠬᠠᠷᠢᠭᠤᠴᠠᠯᠭᠠᠲᠠᠨ᠄ ᠵᠧᠩ ᠳ᠋ᠦᠩ ᠪᠥᠸᠧ      ᠬᠠᠷᠢᠶ᠎ᠠ ᠨᠢᠭᠡᠴᠢ᠄      ︵ᠨᠢᠭᠡ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠶᠢᠨ ᠬᠠᠷᠢᠶ᠎ᠠ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠠᠶᠢᠵᠤ᠂ ᠳᠡᠳ᠋ ᠲᠢᠩᠬᠢᠮ ᠤᠨ ᠳᠡᠰ ᠤᠨ ᠪᠠᠶᠢᠭᠤᠯᠤᠮᠵᠢ ᠪᠣᠯᠣᠨ᠎ᠠ᠃      ᠭᠤᠣᠯ ᠡᠭᠦᠷᠭᠡ ᠬᠠᠷᠢᠭᠤᠴᠠᠯᠭ᠎ᠠ᠄      1. ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯ ᠤᠨ ᠲᠤᠬᠠᠶ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ ᠪᠤᠳᠤᠯᠭ᠎ᠠ ᠶᠢᠨ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠬᠦᠷᠴᠢᠯᠡᠭᠰᠡᠨ ᠲᠥᠷᠢᠮ ᠲᠣᠭᠲᠠᠭᠠᠯ ᠪᠣᠯᠤᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢ ᠡᠮᠬᠢᠯᠡᠨ ᠨᠡᠶᠢᠯᠡᠭᠦᠯᠵᠦ ᠬᠠᠮᠲᠤ ᠳᠤ ᠪᠠᠨ ᠭᠥᠷᠳᠡᠬᠦ ᠠᠵᠢᠯ ᠢ ᠵᠣᠬᠢᠴᠠᠭᠤᠯᠤᠨ ᠠᠬᠢᠭᠤᠯᠵᠤ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠬᠠᠮᠵᠢᠨ ᠡᠯ᠎ᠡ ᠲᠥᠷᠥᠯ ᠤᠨ ᠠᠷᠠᠯᠵᠢᠶᠠᠨ ᠤ ᠠᠵᠢᠯᠯᠠᠭ᠎ᠠ ᠳᠤ ᠬᠠᠤᠯᠢ ᠶᠣᠰᠣᠭᠠᠷ ᠵᠢᠷᠤᠮᠵᠢᠭᠰᠠᠨ ᠬᠠᠮᠢᠶᠠᠷᠤᠯᠲᠠ ᠶᠠᠪᠤᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠠᠷᠠᠯᠵᠢᠶᠠᠯᠠᠬᠤ ᠲᠠᠯᠠᠪᠤᠷ ᠢ ᠬᠠᠮᠢᠶᠠᠷᠤᠨ᠎ᠠ︔      2. ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠨᠢᠭᠡᠳᠦᠯᠲᠡᠶ ᠲᠠᠪᠴᠠᠩ ᠤᠨ ᠬᠠᠮᠢᠶᠠᠷᠤᠯᠲᠠ ᠪᠠ ᠠᠵᠢᠯᠯᠠᠭᠤᠯᠵᠤ ᠪᠠᠲᠤᠯᠠᠬᠤ᠂ ᠨᠢᠭᠡᠳᠦᠯᠲᠡᠶ ᠳᠠᠭᠠᠭᠠᠴᠢᠯᠠᠯᠲᠠ ᠰᠢᠯᠭᠠᠷᠠᠭᠤᠯᠵᠤ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠬᠥᠮᠥᠷᠭᠡ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠥᠮᠥᠷᠭᠡ ᠶᠢᠨ ᠬᠠᠮᠢᠶᠠᠷᠤᠯᠲᠠ ᠪᠠ ᠬᠠᠮᠠᠭᠠᠯᠠᠯᠲᠠ᠂ ᠪᠥᠬᠦ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠮᠡᠳᠡᠭᠡ ᠵᠠᠩᠭᠢ ᠶᠢ ᠢᠯᠡ ᠪᠣᠯᠭᠠᠬᠤ᠂ ᠲᠤᠭ᠎ᠠ ᠪᠠᠷᠢᠮᠲᠠ ᠶᠢ ᠴᠤᠭᠯᠠᠭᠤᠯᠬᠤ ᠪᠠ ᠪᠦᠷᠢᠳᠬᠡᠨ ᠵᠠᠳᠠᠯᠬᠤ ᠠᠵᠢᠯ ᠢ ᠡᠭᠦᠷᠭᠡᠯᠡᠨ᠎ᠡ︔      3. ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠪᠠᠶᠢᠭᠠᠯᠢ ᠶᠢᠨ ᠡᠬᠢ ᠪᠠᠶᠠᠯᠢᠭ ᠢ ᠠᠷᠠᠯᠵᠢᠶᠠᠯᠠᠬᠤ᠂ ᠤᠯᠤᠰ ᠤᠨ ᠥᠮᠴᠢᠯᠡᠯᠲᠦ ᠡᠷᠬᠡ ᠶᠢ ᠠᠷᠠᠯᠵᠢᠶᠠᠯᠠᠬᠤ ᠵᠡᠷᠭᠡ ᠠᠷᠠᠯᠵᠢᠶᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠠᠮᠢᠶᠠᠷᠴᠤ ᠦᠢᠯᠡᠴᠢᠯᠡᠬᠦ ᠠᠵᠢᠯ ᠢ ᠡᠭᠦᠷᠭᠡᠯᠡᠨ᠎ᠡ︔      4. ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠣᠷᠣᠭᠤᠯᠤᠭᠰᠠᠨ ᠡᠯ᠎ᠡ ᠲᠥᠷᠥᠯ ᠤᠨ ᠠᠷᠠᠯᠵᠢᠶᠠᠨ ᠤ ᠠᠵᠢᠯᠯᠠᠭ᠎ᠠ ᠳᠤ ᠠᠰᠠᠭᠤᠨ ᠯᠠᠪᠯᠠᠬᠤ᠂ ᠭᠡᠷᠡᠴᠢᠯᠡᠬᠦ᠂ ᠲᠠᠯᠠᠪᠤᠷ ᠭᠠᠵᠠᠷ᠂ ᠮᠡᠳᠡᠭᠡ ᠵᠠᠩᠭᠢ᠂ ᠲᠠᠩᠰᠠ ᠡᠪᠬᠡᠮᠡᠯ᠂ ᠲᠤᠰᠬᠠᠶ ᠮᠡᠷᠭᠡᠵᠢᠯᠲᠡᠨ ᠰᠤᠭᠤᠴᠢᠨ ᠠᠪᠬᠤ᠂ ᠪᠠᠶᠢᠴᠠᠭᠠᠨ ᠯᠠᠪᠯᠠᠬᠤ ᠵᠡᠷᠭᠡ ᠣᠯᠠᠨ ᠨᠡᠶᠢᠲᠡ ᠶᠢᠨ ᠦᠢᠯᠡᠴᠢᠯᠡᠭᠡ ᠪᠠ ᠬᠠᠮᠢᠶᠠᠷᠤᠯᠲᠠ ᠶᠢᠨ ᠴᠢᠨᠠᠷᠲᠠᠶ ᠠᠵᠢᠯ ᠢ ᠬᠠᠩᠭᠠᠨ᠎ᠠ︔      5. ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠲᠥᠪᠯᠡᠷᠡᠭᠦᠯᠦᠨ ᠬᠤᠳᠠᠯᠳᠤᠨ ᠠᠪᠬᠤ ᠬᠠᠮᠢᠶ᠎ᠠ ᠪᠥᠬᠦᠶ ᠠᠵᠢᠯ ᠢ      ᠡᠭᠦᠷᠭᠡᠯᠡᠨ᠎ᠡ︔ ᠡᠯ᠎ᠡ ᠲᠥᠷᠥᠯ ᠤᠨ ᠠᠷᠠᠯᠵᠢᠶᠠᠨ ᠤ ᠭᠤᠤᠯ ᠴᠣᠭᠴᠠ ᠳᠤ ᠪᠥᠬᠦ ᠴᠤᠪᠤᠷᠠᠯ ᠤᠨ ᠦᠢᠯᠡᠴᠢᠯᠡᠭᠡ ᠬᠠᠩᠭᠠᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠢᠨᠠᠯᠲᠠ ᠲᠠᠯᠪᠢᠬᠤ ᠳᠤ ᠮᠡᠷᠭᠡᠵᠢᠯ ᠤᠨ ᠳᠡᠮᠵᠢᠯᠭᠡ ᠬᠠᠩᠭᠠᠨ᠎ᠠ᠃ ᠤᠯᠤᠰ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠡᠯ᠎ᠡ ᠮᠤᠵᠢ ᠣᠷᠣᠨ ᠬᠤᠲᠠ ᠵᠢᠴᠢ ᠠᠶᠢᠮᠠᠭ ᠬᠤᠲᠠ ᠶᠢᠨ ᠨᠠᠶᠢᠳᠠᠯᠭ᠎ᠠ ᠶᠢ ᠭᠥᠯᠢᠶᠡᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠢᠶ᠎ᠠ ᠪᠥᠬᠦᠶ ᠦᠢᠯᠡᠴᠢᠯᠡᠭᠡ ᠬᠠᠩᠭᠠᠨ᠎ᠠ︔      6. ᠪᠥᠬᠦ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠠᠵᠢᠯᠯᠠᠭᠠᠨ ᠢ ᠵᠢᠯᠣᠭᠤᠳᠤᠨ᠎ᠠ᠃ ᠪᠥᠬᠦ ᠣᠷᠣᠨ ᠤ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠭᠰᠠᠨ ᠪᠠᠶᠢᠳᠠᠯ ᠳᠤ ᠦᠨᠡᠯᠡᠯᠲᠡ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠤᠨ᠎ᠠ᠃      7. ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠪᠠᠶᠢᠭᠤᠯᠤᠮᠵᠢ ᠶᠢᠨ ᠲᠣᠬᠢᠷᠠᠭᠤᠯᠤᠯᠲᠠ᠄ ᠠᠯᠪᠠᠨ ᠬᠡᠷ᠂ ᠬᠠᠮᠢᠶᠠᠷᠤᠯᠲᠠ ᠵᠣᠬᠢᠴᠠᠭᠤᠯᠭ᠎ᠠ ᠶᠢᠨ ᠭᠠᠵᠠᠷ᠂ ᠠᠵᠢᠯᠯᠠᠭᠠᠨ ᠤ ᠪᠠᠲᠤᠯᠠᠭ᠎ᠠ ᠶᠢᠨ ᠭᠠᠵᠠᠷ᠂ ᠠᠷᠠᠯᠵᠢᠶᠠᠨ ᠤ ᠬᠠᠮᠢᠶᠠᠷᠤᠯᠲᠠ ᠶᠢᠨ ᠭᠠᠵᠠᠷ᠂ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠭᠠᠵᠠᠷ᠂ ᠠᠷᠠᠯᠵᠢᠶ᠎ᠠ ᠶᠢ ᠵᠣᠬᠢᠶᠠᠨ ᠪᠠᠶᠢᠭᠤᠯᠬᠤ ᠭᠠᠵᠠᠷ᠂ ᠬᠤᠳᠠᠯᠳᠤᠨ ᠠᠪᠬᠤ ᠶᠢ ᠵᠣᠬᠢᠶᠠᠨ ᠪᠠᠶᠢᠭᠤᠯᠬᠤ ᠭᠠᠵᠠᠷ᠂ ᠠᠷᠠᠯᠵᠢᠶ᠎ᠠ ᠶᠢ ᠬᠢᠨᠠᠨ ᠲᠣᠭᠲᠠᠭᠠᠬᠤ ᠭᠠᠵᠠᠷ᠂ ᠬᠤᠳᠠᠯᠳᠤᠨ ᠠᠪᠬᠤ ᠶᠢ ᠬᠢᠨᠠᠨ ᠲᠣᠭᠲᠠᠭᠠᠬᠤ ᠭᠠᠵᠠᠷ      ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ ᠲᠣᠭᠠᠲᠤ      ᠠᠯᠪᠠᠯᠠᠬᠤ ᠴᠠᠭ᠄ ᠠᠵᠢᠯᠯᠠᠬᠤ ᠡᠳᠦᠷ ᠤᠨ 9᠄ 00 — 12᠄ 00 14᠄ 30 — 18᠄ 00      ᠬᠠᠷᠢᠯᠴᠠᠬᠤ ᠠᠷᠭ᠎ᠠ᠄ 0471-4827086      ᠬᠠᠷᠢᠭᠤᠴᠠᠯᠭᠠᠲᠠᠨ᠄ ᠾᠧ ᠸᠧᠨ ᠵᠢᠶᠦ᠋ᠨ      ︵ᠬᠤᠶᠠᠷ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠶᠢᠨ ᠬᠠᠷᠢᠶ᠎ᠠ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠠᠶᠢᠵᠤ ᠳᠡᠳ᠋ ᠲᠢᠩᠬᠢᠮ ᠤᠨ ᠳᠠᠰ ᠤᠨ ᠪᠠᠶᠢᠭᠤᠯᠤᠮᠵᠢ ᠪᠣᠯᠣᠨ᠎ᠠ᠃      ᠭᠤᠣᠯ ᠡᠭᠦᠷᠭᠡ ᠬᠠᠷᠢᠭᠤᠴᠠᠯᠭ᠎ᠠ᠄      1. ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠪᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠭᠤᠰᠢᠯᠠᠭᠤᠯᠤᠨ᠎ᠠ︔ ᠪᠥᠬᠦ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠲᠥᠯᠥᠪᠵᠢᠭᠦᠯᠭᠡ᠂ ᠲᠥᠰᠦᠯ ᠪᠠ ᠲᠤᠬᠠᠶᠢᠯᠠᠭᠰᠠᠨ ᠠᠵᠢᠯ ᠤᠨ ᠲᠦᠷᠢᠮ ᠢ ᠲᠤᠭᠤᠷᠪᠢᠨ ᠲᠣᠭᠲᠠᠭᠠᠨ᠎ᠠ︔ ᠣᠷᠣᠨ ᠨᠤᠲᠤᠭ ᠤᠨ ᠣᠶᠢᠯᠠᠯᠭ᠎ᠠ ︵ᠲᠡᠤᠬᠡ︶ ᠶᠢᠨ ᠣᠨᠣᠯ ᠤᠨ ᠰᠤᠳᠤᠯᠭᠠᠨ ᠪᠠ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ︔      2. ᠪᠥᠬᠦ ᠣᠷᠣᠨ ᠤ ᠣᠷᠣᠨ ᠨᠤᠲᠤᠭ ᠤᠨ ᠣᠶᠢᠯᠠᠯᠭ᠎ᠠ ︵ᠲᠡᠤᠬᠡ︶ ᠶᠢᠨ ᠨᠣᠮ ᠨᠠᠶᠢᠷᠠᠭᠤᠯᠬᠤ ᠠᠵᠢᠯ ᠢ ᠵᠣᠬᠢᠶᠠᠨ ᠪᠠᠶᠢᠭᠤᠯᠵᠤ᠂ ᠵᠢᠯᠣᠭᠤᠳᠴᠤ᠂ ᠰᠢᠮᠳᠠᠭᠤᠯᠤᠨ᠎ᠠ︔ ᠪᠥᠬᠦ ᠣᠷᠣᠨ ᠤ ᠮᠣᠩᠭᠤᠯ ᠬᠡᠯᠡᠨ ᠤ ᠣᠷᠣᠨ ᠨᠤᠲᠤᠭ ᠤᠨ ᠣᠶᠢᠯᠠᠯᠭ᠎ᠠ ᠶᠢ ᠨᠠᠶᠢᠷᠠᠭᠤᠯᠤᠨ ᠣᠷᠴᠢᠭᠤᠯᠬᠤ ᠠᠵᠢᠯ ᠪᠠ ᠰᠢᠶᠠᠩ ᠪᠠᠯᠭᠠᠰᠤ ᠲᠣᠰᠬᠤᠨ ᠤ ᠣᠶᠢᠯᠠᠯᠭ᠎ᠠ ᠨᠠᠶᠢᠷᠠᠭᠤᠯᠬᠤ ᠠᠵᠢᠯ ᠢ ᠵᠢᠯᠣᠭᠤᠳᠤᠨ᠎ᠠ︔ ᠣᠷᠣᠨ ᠨᠤᠲᠤᠭ ᠤᠨ ᠣᠶᠢᠯᠠᠯᠭ᠎ᠠ ᠶᠢᠨ ᠪᠢᠴᠢᠭ ᠢ ᠬᠢᠨᠠᠨ ᠲᠣᠭᠲᠠᠭᠠᠬᠤ᠂ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠤᠨ᠎ᠠ︔      3. ᠪᠥᠬᠦ ᠣᠷᠣᠨ ᠤ ᠣᠷᠣᠨ ᠨᠤᠲᠤᠭ ᠤᠨ ᠶᠡᠷᠦᠩᠬᠡᠶᠢᠯᠡᠭᠰᠡᠨ ᠣᠨ ᠤ ᠣᠶᠢᠯᠠᠪᠤᠷᠢ ᠪᠠ ᠲᠤᠰᠬᠠᠶ ᠮᠡᠷᠭᠡᠵᠢᠯ ᠤᠨ ᠣᠨ ᠤ ᠣᠶᠢᠯᠠᠪᠤᠷᠢ ᠨᠠᠶᠢᠷᠠᠭᠤᠯᠬᠤ ᠠᠵᠢᠯ ᠢ ᠵᠣᠬᠢᠶᠠᠨ ᠪᠠᠶᠢᠭᠤᠯᠵᠤ᠂ ᠵᠢᠯᠣᠭᠤᠳᠴᠤ᠂ ᠰᠢᠮᠳᠠᠭᠤᠯᠤᠨ᠎ᠠ︔ ᠣᠨ ᠤ ᠣᠶᠢᠯᠠᠪᠤᠷᠢ ᠶᠢ ᠬᠢᠨᠠᠨ ᠲᠣᠭᠲᠠᠭᠠᠬᠤ᠂ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠤᠨ᠎ᠠ︔ ︽ᠥᠪᠥᠷ ᠮᠣᠩᠭᠤᠯ ᠤᠨ ᠣᠨ ᠤ ᠣᠶᠢᠯᠠᠪᠤᠷᠢ︾ ᠶᠢ ᠨᠠᠶᠢᠷᠠᠭᠤᠯᠬᠤ᠂ ᠬᠡᠪᠯᠡᠭᠦᠯᠬᠦ᠂ ᠲᠠᠷᠬᠠᠭᠠᠬᠤ ᠠᠵᠢᠯ ᠢ ᠡᠭᠦᠷᠭᠡᠯᠡᠨ᠎ᠡ︔      4. ᠣᠷᠣᠨ ᠨᠤᠲᠤᠭ ᠤᠨ ᠣᠶᠢᠯᠠᠯᠭ᠎ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠣᠷᠣᠨ ᠤ ᠪᠠᠶᠢᠳᠠᠯ ᠤᠨ ᠮᠡᠳᠡᠭᠡ ᠵᠠᠩᠭᠢ ᠨᠡᠶᠢᠲᠡᠯᠡᠬᠦ ᠪᠠ ᠣᠷᠣᠨ ᠨᠤᠲᠤᠭ ᠤᠨ ᠣᠶᠢᠯᠠᠯᠭ᠎ᠠ ᠶᠢᠨ ᠲᠤᠭ᠎ᠠ ᠪᠠᠷᠢᠮᠲᠠ ᠶᠢ ᠴᠤᠭᠯᠠᠭᠤᠯᠬᠤ ᠵᠡᠷᠭᠡ ᠠᠵᠢᠯ ᠢ ᠡᠭᠦᠷᠭᠡᠯᠡᠵᠦ᠂ ᠣᠷᠣᠨ ᠨᠤᠲᠤᠭ          ︵ᠲᠡᠤᠬᠡ︶ ᠤᠨ ᠲᠤᠯᠭᠤᠷ ᠪᠢᠴᠢᠭ ᠪᠠ ᠮᠠᠲ᠋ᠧᠷᠢᠶᠠᠯ ᠢ ᠴᠤᠭᠯᠠᠭᠤᠯᠤᠨ ᠡᠮᠬᠢᠳᠬᠡᠵᠦ᠂ ᠬᠠᠭᠤᠴᠢᠨ ᠣᠶᠢᠯᠠᠯᠭ᠎ᠠ ᠶᠢ ᠵᠣᠬᠢᠶᠠᠨ ᠪᠠᠶᠢᠭᠤᠯᠤᠨ ᠡᠮᠬᠢᠯᠡᠵᠦ᠂ ᠨᠡᠶᠢᠭᠡᠮ ᠨᠡᠶᠢᠲᠡ ᠳᠤ ᠣᠶᠢᠯᠠᠯᠭ᠎ᠠ ︵ᠲᠡᠤᠬᠡ︶ ᠶᠢᠨ ᠰᠤᠷᠪᠤᠯᠵᠢ ᠪᠢᠴᠢᠭ᠂ ᠭᠠᠵᠠᠷ ᠣᠷᠣᠨ ᠤ ᠪᠠᠶᠢᠳᠠᠯ ᠤᠨ ᠮᠡᠳᠡᠭᠡ ᠵᠠᠩᠭᠢ ᠶᠢᠨ ᠯᠠᠪᠯᠠᠯᠭ᠎ᠠ ᠶᠢᠨ ᠦᠢᠯᠡᠴᠢᠯᠡᠭᠡ ᠬᠠᠩᠭᠠᠨ᠎ᠠ︔ ︽ᠥᠪᠥᠷ ᠮᠣᠩᠭᠤᠯ ᠤᠨ ᠲᠡᠤᠬᠡ ᠣᠶᠢᠯᠠᠯᠭ᠎ᠠ︾ ᠶᠢ ᠨᠠᠶᠢᠷᠠᠭᠤᠯᠬᠤ᠂ ᠬᠡᠪᠯᠡᠬᠦ᠂ ᠲᠠᠷᠬᠠᠭᠠᠬᠤ ᠠᠵᠢᠯ ᠢ ᠡᠭᠦᠷᠭᠡᠯᠡᠨ᠎ᠡ︔      5. ᠪᠥᠬᠦ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠣᠷᠳᠣᠨ ᠤ ᠵᠢᠷᠤᠮᠵᠢᠭᠰᠠᠨ ᠪᠥᠲᠥᠭᠡᠨ ᠪᠠᠶᠢᠭᠤᠯᠤᠯᠲᠠ ᠶᠢ ᠵᠢᠯᠣᠭᠤᠳᠴᠤ᠂ ᠥᠪᠥᠷ ᠮᠣᠩᠭᠤᠯ ᠤᠨ ᠣᠷᠣᠨ ᠨᠤᠲᠤᠭ ᠤᠨ ᠣᠶᠢᠯᠠᠯᠭ᠎ᠠ ᠶᠢᠨ ᠣᠷᠳᠣᠨ ᠤ ᠬᠠᠮᠢᠶᠠᠷᠴᠤ ᠠᠵᠢᠯᠯᠠᠭᠤᠯᠵᠤ ᠪᠠᠲᠤᠯᠠᠬᠤ ᠠᠵᠢᠯ ᠢ ᠡᠭᠦᠷᠭᠡᠯᠡᠨ᠎ᠡ︔ ᠪᠥᠬᠦ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠰᠢᠰᠲ᠋ᠧᠮ ᠤᠨ ᠠᠵᠢᠯᠲᠠᠨ ᠤ ᠪᠣᠯᠪᠠᠰᠤᠷᠠᠯ ᠪᠠ ᠡᠷᠳᠡᠮ ᠰᠢᠨᠵᠢᠯᠡᠭᠡᠨ ᠤ ᠰᠣᠯᠢᠯᠴᠠᠭ᠎ᠠ ᠶᠢᠨ ᠠᠵᠢᠯ ᠢ ᠡᠭᠦᠷᠭᠡᠯᠡᠨ᠎ᠡ︔      6. ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠪᠠᠶᠢᠭᠤᠯᠤᠮᠵᠢ ᠶᠢᠨ ᠲᠣᠬᠢᠷᠠᠭᠤᠯᠤᠯᠲᠠ᠄ ᠶᠡᠷᠦᠩᠬᠡᠶᠢᠯᠡᠭᠰᠡᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠲᠤᠬᠠᠶᠢᠯᠠᠭᠰᠠᠨ ᠠᠵᠢᠯ ᠤᠨ ᠭᠠᠵᠠᠷ᠂ ᠠᠶᠢᠮᠠᠭ ᠬᠤᠲᠠ ᠶᠢᠨ ᠲᠤᠬᠠᠶᠢᠯᠠᠭᠰᠠᠨ ᠠᠵᠢᠯ ᠤᠨ ᠭᠠᠵᠠᠷ᠂ ᠣᠨ ᠤ ᠲᠣᠯᠢ ᠶᠢᠨ ᠭᠠᠵᠠᠷ᠂ ᠡᠬᠢ ᠪᠠᠶᠠᠯᠢᠭ ᠤᠨ ᠨᠡᠭᠡᠭᠡᠯᠲᠡ ᠶᠢᠨ ᠭᠠᠵᠠᠷ      ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 1 ᠳ᠋ᠦ᠋ᠭᠡᠷ ᠲᠣᠭᠠᠲᠤ ᠶᠢᠨ ᠨᠠᠮ ᠵᠠᠰᠠᠭ ᠤᠨ ᠠᠯᠪᠠᠯᠠᠬᠤ ᠲᠣᠭᠤᠷᠢᠭ ᠤᠨ ᠶᠡᠷᠦᠩᠬᠡᠶᠢᠯᠡᠭᠰᠡᠨ ᠠᠰᠠᠷ ᠤᠨ 7 ᠳ᠋ᠤᠭᠠᠷ ᠳᠠᠪᠬᠤᠷᠭ᠎ᠠ      ᠠᠯᠪᠠᠯᠠᠬᠤ ᠴᠠᠭ᠄ ᠠᠵᠢᠯᠯᠠᠬᠤ ᠡᠳᠦᠷ ᠤᠨ 9᠄ 00 — 12᠄ 00 14᠄ 30 — 18᠄ 00      ᠬᠠᠷᠢᠯᠴᠠᠬᠤ ᠠᠷᠭ᠎ᠠ᠄ 0471-4825928᠂ 4825249      ᠬᠠᠷᠢᠭᠤᠴᠠᠯᠭᠠᠲᠠᠨ᠄ ᠾᠧ ᠪᠢᠶᠤᠤ      ︵ᠭᠤᠷᠪᠠ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠡᠭᠡᠵᠢᠩ ᠳᠤ ᠰᠠᠭᠤᠭ᠎ᠠ ᠬᠡᠷᠡᠭ ᠡᠷᠬᠢᠯᠡᠬᠦ ᠭᠠᠵᠠᠷ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠡᠭᠡᠵᠢᠩ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠶᠢᠨ ᠬᠠᠷᠢᠶ᠎ᠠ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠠᠶᠢᠵᠤ᠂ ᠵᠢᠩᠬᠢᠨᠢ ᠲᠢᠩᠬᠢᠮ ᠤᠨ ᠳᠡᠰ ᠤᠨ ᠪᠠᠶᠢᠭᠤᠯᠤᠮᠵᠢ ᠪᠣᠯᠣᠨ᠎ᠠ᠃      ᠭᠤᠣᠯ ᠡᠭᠦᠷᠭᠡ ᠬᠠᠷᠢᠭᠤᠴᠠᠯᠭ᠎ᠠ᠄      1. ᠥᠪᠡᠷᠲᠡᠭᠡᠨ ᠵᠠᠰᠠᠬᠤ ᠣᠷᠣᠨ ᠬᠢᠭᠡᠳ ᠲᠥᠪ ᠤᠨ ᠪᠠ ᠲᠥᠷᠥ ᠶᠢᠨ ᠪᠠᠶᠢᠭᠤᠯᠭ᠎ᠠ ᠵᠢᠴᠢ ᠪᠡᠭᠡᠵᠢᠩ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠠᠵᠤ ᠠᠬᠤᠶ ᠶᠢᠨ ᠬᠠᠷᠢᠯᠴᠠᠭ᠎ᠠ ᠪᠠ ᠦᠢᠯᠡᠴᠢᠯᠡᠭᠡᠨ ᠤ ᠠᠵᠢᠯ ᠢ ᠡᠭᠦᠷᠭᠡᠯᠡᠵᠦ᠂ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠲᠤᠰᠢᠶᠠᠭᠰᠠᠨ ᠬᠡᠷᠡᠭ ᠶᠠᠪᠤᠳᠠᠯ ᠢ ᠳᠠᠭᠠᠭᠠᠨ ᠭᠦᠢᠴᠡᠳᠬᠡᠨ᠎ᠡ︔      2. ᠥᠪᠡᠷᠲᠡᠭᠡᠨ ᠵᠠᠰᠠᠬᠤ ᠣᠷᠣᠨ ᠤ ᠤᠳᠤᠷᠢᠳᠬᠤ ᠨᠥᠬᠦᠳ ᠤᠨ ᠪᠡᠭᠡᠵᠢᠩ ᠳᠠᠬᠢ ᠠᠯᠪᠠᠨ ᠶᠠᠪᠤᠳᠠᠯ ᠤᠨ ᠠᠵᠢᠯᠯᠠᠭ᠎ᠠ ᠶᠢᠨ ᠬᠤᠯᠪᠣᠭᠳᠠᠯ ᠪᠥᠬᠦᠶ ᠵᠠᠰᠠᠭ ᠤᠨ ᠶᠠᠪᠤᠳᠠᠯ ᠤᠨ ᠬᠤᠯᠪᠣᠭ᠎ᠠ ᠠᠪᠬᠤ ᠪᠠ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ︔      3. ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠠᠶᠢᠮᠠᠭ ᠬᠤᠲᠠ ᠶᠢᠨ ᠪᠡᠭᠡᠵᠢᠩ ᠳᠠᠬᠢ ᠠᠵᠤ ᠠᠬᠤᠶ ᠶᠢᠨ ᠬᠠᠷᠢᠯᠴᠠᠭ᠎ᠠ ᠶᠢᠨ ᠬᠤᠯᠪᠣᠭᠳᠠᠯ ᠪᠥᠬᠦᠶ ᠦᠢᠯᠡᠴᠢᠯᠡᠭᠡᠨ ᠤ ᠠᠵᠢᠯ ᠢ ᠡᠭᠦᠷᠭᠡᠯᠡᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠬᠠᠮᠵᠢᠨ ᠥᠷᠨᠢᠭᠦᠯᠦᠨ᠎ᠡ᠃      4. ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠯᠦᠭᠡ ᠨᠢᠭᠲᠠ ᠬᠤᠯᠪᠣᠭ᠎ᠠ ᠲᠠᠢ ᠡᠯ᠎ᠡ ᠲᠥᠷᠥᠯ ᠤᠨ ᠮᠡᠳᠡᠭᠡ ᠵᠠᠩᠭᠢ ᠶᠢ ᠴᠤᠭᠯᠠᠭᠤᠯᠬᠤ ᠶᠢᠨ ᠬᠠᠮᠲᠤ ᠡᠮᠬᠢᠳᠬᠡᠨ ᠳᠡᠭᠡᠭᠰᠢ ᠮᠡᠳᠡᠭᠦᠯᠬᠦ ᠶᠢ ᠡᠭᠦᠷᠭᠡᠯᠡᠵᠦ᠂ ᠮᠡᠳᠡᠭᠡ ᠵᠠᠩᠭᠢ ᠶᠢᠨ ᠪᠠᠶᠢᠴᠠᠭᠠᠨ ᠰᠤᠳᠤᠯᠤᠯᠲᠠ ᠶᠢ ᠥᠷᠨᠢᠭᠦᠯᠦᠨ᠂ ᠠᠵᠤ ᠠᠬᠤᠶ᠂ ᠴᠢᠳᠠᠪᠤᠷᠢᠲᠠᠨ ᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢ ᠬᠠᠮᠵᠢᠨ ᠥᠷᠨᠢᠭᠦᠯᠦᠨ᠎ᠡ︔      5. ᠥᠪᠡᠷᠲᠡᠭᠡᠨ ᠵᠠᠰᠠᠬᠤ ᠣᠷᠣᠨ ᠤ ᠪᠡᠭᠡᠵᠢᠩ ᠲᠢᠶᠠᠨᠵᠢᠨ ᠾᠧᠪᠧᠢ ᠵᠡᠷᠭᠡ ᠬᠠᠮᠢᠶ᠎ᠠ ᠪᠥᠬᠦᠶ ᠭᠠᠵᠠᠷ ᠣᠷᠣᠨ ᠤ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠯᠤᠭ᠎ᠠ ᠶᠢᠨ ᠬᠠᠷᠢᠯᠴᠠᠭ᠎ᠠ ᠬᠤᠯᠪᠣᠭ᠎ᠠ ᠶᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠡᠯᠰᠡᠵᠦ ᠣᠶᠤᠨ ᠣᠷᠣᠭᠤᠯᠬᠤ ᠠᠵᠢᠯ ᠢ ᠬᠠᠮᠵᠢᠨ ᠰᠠᠶᠢᠲᠤᠷ ᠬᠢᠨ᠎ᠠ︔      6. ᠪᠡᠭᠡᠵᠢᠩ ᠲᠢᠶᠠᠨᠵᠢᠨ ᠾᠧᠪᠧᠢ ᠵᠡᠷᠭᠡ ᠬᠤᠯᠪᠣᠭᠳᠠᠯ ᠪᠥᠬᠦᠶ ᠭᠠᠵᠠᠷ ᠣᠷᠣᠨ ᠯᠤᠭ᠎ᠠ ᠬᠠᠮᠲᠤᠷᠠᠯᠴᠠᠭ᠎ᠠ ᠰᠣᠯᠢᠯᠴᠠᠭ᠎ᠠ ᠦᠢᠯᠡᠴᠢᠯᠡᠭᠡᠨ ᠤ ᠠᠵᠢᠯ ᠥᠷᠨᠢᠭᠦᠯᠬᠦ ᠶᠢ ᠬᠠᠮᠵᠢᠨ ᠰᠠᠶᠢᠲᠤᠷ ᠬᠢᠨ᠎ᠠ︔      7. ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠣᠯᠠᠨ ᠲᠦᠮᠡᠨ ᠤ ᠪᠡᠭᠡᠵᠢᠩ ᠳᠤ ᠣᠴᠢᠬᠤ ᠠᠵᠢᠯᠯᠠᠭ᠎ᠠ ᠳᠤ ᠬᠠᠮᠢᠶ᠎ᠠ ᠪᠥᠬᠦᠶ ᠦᠢᠯᠡᠴᠢᠯᠡᠭᠡ ᠬᠠᠩᠭᠠᠬᠤ ᠠᠵᠢᠯ ᠢ ᠡᠭᠦᠷᠭᠡᠯᠡᠨ᠎ᠡ︔      8. ᠪᠡᠭᠡᠵᠢᠩ ᠤᠨ ᠥᠪᠥᠷ ᠮᠣᠩᠭᠤᠯ ᠤᠨ ᠲᠣᠮᠣ ᠠᠰᠠᠷ ᠪᠠ ᠲᠢᠶᠠᠨᠵᠢᠨ ᠤ ᠶᠡᠷᠦᠩᠬᠡᠶᠢᠯᠡᠭᠰᠡᠨ ᠠᠯᠪᠠᠨ ᠠᠰᠠᠷ ᠵᠡᠷᠭᠡ ᠬᠤᠯᠪᠣᠭᠳᠠᠯ ᠪᠥᠬᠦᠶ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔      9. ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ ᠶᠢᠨ ᠪᠡᠭᠡᠵᠢᠩ ᠳᠤ ᠰᠠᠭᠤᠭ᠎ᠠ ᠪᠠᠶᠢᠭᠤᠯᠤᠮᠵᠢ ᠶᠢᠨ ᠠᠵᠢᠯ ᠢᠶᠠᠨ ᠥᠷᠨᠢᠭᠦᠯᠬᠦ ᠶᠢ ᠵᠢᠯᠣᠭᠤᠳᠤᠨ ᠵᠣᠬᠢᠴᠠᠭᠤᠯᠤᠨ᠎ᠠ︔      10᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠨ᠎ᠠ︔ ᠪᠡᠭᠡᠵᠢᠩ ᠬᠤᠳᠠ ᠲᠠᠢ ᠬᠠᠮᠵᠢᠯᠴᠠᠨ ᠨᠡᠶᠢᠰᠯᠡᠯ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠨ᠎ᠠ︔      11. ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠪᠠᠶᠢᠭᠤᠯᠤᠮᠵᠢ ᠶᠢᠨ ᠲᠣᠬᠢᠷᠠᠭᠤᠯᠤᠯᠲᠠ᠄ ᠠᠯᠪᠠᠨ ᠬᠡᠷ᠂ ᠵᠠᠰᠠᠭ ᠤᠨ ᠶᠠᠪᠤᠳᠠᠯ ᠤᠨ ᠬᠤᠯᠪᠣᠭ᠎ᠠ ᠠᠪᠬᠤ ᠭᠠᠵᠠᠷ᠂ ᠬᠠᠮᠲᠤᠷᠠᠨ ᠰᠣᠯᠢᠯᠴᠠᠬᠤ ᠭᠠᠵᠠᠷ᠂ ᠮᠡᠳᠡᠭᠡ ᠵᠠᠩᠭᠢ ᠶᠢᠨ ᠶᠡᠷᠦᠩᠬᠡᠶᠢᠯᠡᠭᠰᠡᠨ ᠭᠠᠵᠠᠷ᠂ ᠡᠳ᠋ ᠤᠨ ᠶᠠᠪᠤᠳᠠᠯ ᠡᠳ᠋ ᠬᠥᠷᠥᠩᠭᠡ ᠶᠢᠨ ᠭᠠᠵᠠᠷ      ᠬᠠᠶ᠋ᠢᠭ᠄ ᠪᠡᠭᠡᠵᠢᠩ ᠬᠤᠲᠠ ᠶᠢᠨ ᠳ᠋ᠦ᠋ᠩᠴᠸᠡᠭ ᠲᠣᠭᠤᠷᠢᠭ ᠤᠨ ᠴᠥᠩ ᠸᠧᠨ ᠮᠧᠨ ᠳᠣᠲᠣᠭᠠᠳᠤ ᠶᠡᠭᠡ ᠵᠡᠭᠡᠯᠢ ᠶᠢᠨ 2 ᠳ᠋ᠤᠭᠠᠷ ᠲᠣᠭᠠᠲᠤ      ᠠᠯᠪᠠᠯᠠᠬᠤ ᠴᠠᠭ᠄ ᠠᠵᠢᠯᠯᠠᠬᠤ ᠡᠳᠦᠷ ᠤᠨ 9᠄ 00 — 17᠄ 00      ᠬᠠᠷᠢᠯᠴᠠᠬᠤ ᠠᠷᠭ᠎ᠠ᠄ 010-64061425      ᠬᠠᠷᠢᠭᠤᠴᠠᠯᠭᠠᠲᠠᠨ᠄ ᠵᠠᠩ ᠹᠸᠢ      ︵ᠲᠥᠷᠪᠡ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠱᠠᠩᠬᠠᠶ ᠳᠤ ᠰᠠᠭᠤᠭ᠎ᠠ ᠬᠡᠷᠡᠭ ᠡᠷᠬᠢᠯᠡᠬᠦ ᠭᠠᠵᠠᠷ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠱᠠᠩᠬᠠᠶ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠶᠢᠨ ᠬᠠᠷᠢᠶ᠎ᠠ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠠᠶᠢᠵᠤ᠂ ᠳᠡᠳ᠋ ᠲᠢᠩᠬᠢᠮ ᠤᠨ ᠳᠡᠰ ᠤᠨ ᠪᠠᠶᠢᠭᠤᠯᠤᠮᠵᠢ ᠪᠣᠯᠣᠨ᠎ᠠ᠃      ᠭᠤᠣᠯ ᠡᠭᠦᠷᠭᠡ ᠬᠠᠷᠢᠭᠤᠴᠠᠯᠭ᠎ᠠ᠄      1. ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠢᠨ ᠱᠠᠩᠬᠠᠶ ᠳᠠᠬᠢ ᠠᠯᠪᠠᠨ ᠶᠠᠪᠤᠳᠠᠯ ᠤᠨ ᠠᠵᠢᠯᠯᠠᠭ᠎ᠠ ᠶᠢᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠴᠢᠬᠤᠯᠠ ᠪᠦᠯᠬᠦᠮ ᠳᠤᠭᠤᠶᠢᠯᠠᠩ ᠪᠤᠶᠤ ᠠᠵᠢᠯᠳᠠᠨ ᠤ ᠱᠠᠩᠬᠠᠶ ᠳᠠᠬᠢ ᠠᠯᠪᠠᠨ ᠶᠠᠪᠤᠳᠠᠯ ᠤᠨ ᠠᠵᠢᠯᠯᠠᠭ᠎ᠠ ᠶᠢᠨ ᠬᠤᠯᠪᠣᠭ᠎ᠠ ᠠᠪᠴᠤ ᠦᠢᠯᠡᠴᠢᠯᠡᠬᠦ ᠠᠵᠢᠯ ᠢ ᠬᠠᠮᠵᠢᠨ ᠰᠠᠶᠢᠲᠤᠷ ᠬᠢᠨ᠎ᠠ︔ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ ᠨᠠᠮ ᠤᠨ ᠪᠠᠶᠢᠭᠤᠯᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠶᠢᠨ ᠵᠠᠰᠠᠭ ᠤᠨ ᠶᠠᠪᠤᠳᠠᠯ ᠤᠨ ᠬᠠᠷᠢᠯᠴᠠᠭ᠎ᠠ ᠪᠠ ᠲᠥᠪ᠂ ᠡᠯ᠎ᠡ ᠮᠤᠵᠢ ᠣᠷᠣᠨ ᠬᠤᠳᠠ ᠶᠢᠨ ᠱᠠᠩᠬᠠᠢ ᠳᠤ ᠰᠠᠭᠤᠭ᠎ᠠ ᠪᠠᠶᠢᠭᠤᠯᠤᠮᠵᠢ ᠯᠤᠭ᠎ᠠ ᠶᠢᠨ ᠰᠣᠯᠢᠯᠴᠠᠭ᠎ᠠ ᠬᠠᠷᠢᠯᠴᠠᠭ᠎ᠠ ᠶᠢ ᠴᠢᠩᠭᠠᠳᠬᠠᠨ᠎ᠠ︔      2. ᠣᠷᠣᠨ ᠪᠦᠰᠡ ᠶᠢᠨ ᠬᠠᠮᠲᠤᠷᠠᠯᠴᠠᠭ᠎ᠠ ᠶᠢᠨ ᠬᠠᠷᠢᠯᠴᠠᠭ᠎ᠠ ᠵᠣᠬᠢᠴᠠᠭᠤᠯᠭ᠎ᠠ᠂ ᠮᠡᠳᠡᠭᠡ ᠵᠠᠩᠭᠢ ᠶᠢᠨ ᠨᠡᠪᠲᠡᠷᠡᠯᠴᠡᠭᠡ᠂ ᠡᠬᠢ ᠪᠠᠶᠠᠯᠢᠭ ᠤᠨ ᠬᠠᠮᠲᠤ ᠶᠢᠨ ᠠᠵᠢᠯᠯᠠᠭ᠎ᠠ ᠶᠢ ᠰᠠᠶᠢᠲᠤᠷ ᠬᠢᠨ᠎ᠠ︔ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠯᠤᠭ᠎ᠠ ᠬᠠᠮᠵᠢᠯᠴᠠᠨ ᠬᠥᠭᠵᠢᠬᠦ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠣᠷᠣᠨ ᠪᠦᠰᠡ ᠶᠢᠨ ᠪᠠᠯᠠ ᠣᠷᠣᠭᠤᠯᠬᠤ ᠪᠠᠯᠠ ᠲᠣᠬᠢᠷᠠᠭᠤᠯᠭ᠎ᠠ ᠶᠢᠨ ᠲᠥᠷᠥᠯ ᠵᠦᠢᠯ ᠢ ᠵᠣᠯᠭᠠᠭᠤᠯᠬᠤ ᠦᠢᠯᠡᠴᠢᠯᠡᠭᠡᠨ ᠤ ᠠᠵᠢᠯ ᠢ ᠥᠷᠨᠢᠭᠦᠯᠦᠨ᠎ᠡ︔      3. ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠯᠦᠭᠡ ᠨᠢᠭᠲᠠ ᠬᠤᠯᠪᠣᠭ᠎ᠠ ᠲᠠᠢ ᠡᠯ᠎ᠡ ᠲᠥᠷᠥᠯ ᠤᠨ ᠮᠡᠳᠡᠭᠡ ᠵᠠᠩᠭᠢ ᠶᠢ ᠴᠤᠭᠯᠠᠭᠤᠯᠬᠤ ᠶᠢᠨ ᠬᠠᠮᠲᠤ ᠡᠮᠬᠢᠳᠬᠡᠨ ᠳᠡᠭᠡᠭᠰᠢ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠯᠠᠪᠯᠠᠯᠲᠠ ᠬᠠᠩᠭᠠᠨ᠎ᠠ︔ ᠥᠪᠥᠷ ᠮᠣᠩᠭᠤᠯ ᠢ ᠦᠵᠡᠭᠦᠯᠬᠦ᠂ ᠤᠬᠠᠭᠤᠯᠬᠤ᠂ ᠲᠠᠨᠢᠯᠴᠠᠭᠤᠯᠬᠤ ᠬᠤᠯᠪᠣᠭᠳᠠᠯ ᠪᠥᠬᠦᠶ ᠠᠵᠢᠯ ᠢ ᠬᠠᠮᠵᠢᠨ ᠰᠠᠶᠢᠲᠤᠷ ᠬᠢᠨ᠎ᠠ︔      4. ᠬᠡᠷᠡᠭ ᠡᠷᠬᠢᠯᠡᠬᠦ ᠭᠠᠵᠠᠷ ᠤᠨ ᠬᠤᠯᠪᠣᠭᠳᠠᠯ ᠪᠦᠬᠦᠢ ᠤᠯᠤᠰ ᠤᠨ ᠥᠮᠴᠢᠯᠡᠯᠲᠦ ᠡᠳ᠋ ᠬᠦᠷᠦᠩᠭᠡ ᠶᠢᠨ ᠪᠣᠳᠠᠲᠠᠶ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔      5. ᠥᠪᠡᠷᠲᠡᠭᠡᠨ ᠵᠠᠰᠠᠬᠤ ᠣᠷᠣᠨ ᠤ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠳᠠᠬᠢ ᠴᠢᠳᠠᠪᠤᠷᠢᠲᠠᠨ ᠡᠯᠰᠡᠵᠦ ᠣᠶᠤᠨ ᠣᠷᠣᠭᠤᠯᠬᠤ ᠠᠵᠢᠯ ᠢ ᠬᠠᠪᠰᠤᠷᠤᠨ ᠰᠠᠶᠢᠲᠤᠷ ᠬᠢᠵᠦ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ᠶᠢ ᠬᠠᠪᠰᠤᠷᠤᠨ ᠪᠠᠶᠢᠭᠤᠯᠵᠤ᠂ ᠺᠠᠳ᠋ᠷᠴᠤᠳ ᠢ ᠣᠨᠳᠣᠤ ᠭᠠᠵᠠᠷ ᠲᠤ ᠬᠥᠮᠦᠵᠢᠭᠦᠯᠦᠨ ᠪᠣᠯᠪᠠᠰᠤᠷᠠᠭᠤᠯᠬᠤ᠂ ᠬᠠᠮᠲᠤᠷᠠᠨ ᠰᠣᠯᠢᠯᠴᠠᠬᠤ ᠵᠡᠷᠭᠡ ᠠᠵᠢᠯ ᠢ ᠬᠠᠪᠰᠤᠷᠤᠨ ᠰᠠᠶᠢᠲᠤᠷ ᠬᠢᠨ᠎ᠠ︔      6. ᠰᠠᠭᠤᠭ᠎ᠠ ᠭᠠᠵᠠᠷ ᠢ ᠬᠠᠮᠵᠢᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠠ︔ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠨᠢᠭᠡᠴᠢ ᠲᠠᠢ ᠬᠠᠮᠵᠢᠯᠴᠠᠨ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ ᠴᠢᠬᠤᠯᠠ ᠶᠡᠭᠡ ᠠᠵᠢᠯᠯᠠᠭ᠎ᠠ ᠶᠢᠨ ᠬᠤᠭᠤᠴᠠᠭᠠᠨ ᠳᠠᠬᠢ ᠲᠣᠭᠲᠠᠭᠤᠨ ᠢ ᠬᠠᠮᠠᠭᠠᠯᠠᠬᠤ ᠠᠵᠢᠯ ᠢ ᠬᠠᠮᠵᠢᠨ᠎ᠠ︔      7. ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠲᠤᠰᠢᠶᠠᠭᠰᠠᠨ᠂ ᠪᠤᠰᠤᠳ ᠬᠤᠯᠪᠣᠭᠳᠠᠯ ᠪᠥᠬᠦᠶ ᠠᠵᠢᠯ ᠢ ᠡᠭᠦᠷᠭᠡᠯᠡᠨ᠎ᠡ᠃      ᠪᠠᠶᠢᠭᠤᠯᠤᠮᠵᠢ ᠶᠢᠨ ᠲᠣᠬᠢᠷᠠᠭᠤᠯᠤᠯᠲᠠ᠄ ᠠᠯᠪᠠᠨ ᠬᠡᠷ᠂ ᠵᠠᠰᠠᠭ ᠤᠨ ᠶᠠᠪᠤᠳᠠᠯ ᠤᠨ ᠬᠤᠯᠪᠣᠭ᠎ᠠ ᠠᠪᠬᠤ ᠭᠠᠵᠠᠷ᠂ ᠬᠠᠮᠲᠤᠷᠠᠨ ᠰᠣᠯᠢᠯᠴᠠᠬᠤ ᠭᠠᠵᠠᠷ᠂ ᠴᠢᠳᠠᠪᠤᠷᠢᠲᠠᠨ ᠤ ᠦᠢᠯᠡᠴᠢᠯᠡᠭᠡᠨ ᠤ ᠭᠠᠵᠠᠷ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠬᠤᠯᠪᠣᠭ᠎ᠠ ᠠᠪᠬᠤ ᠥᠷᠲᠡᠭᠡ ᠶᠢᠨ ᠱᠠᠩᠬᠠᠶ ᠶᠢᠨ ᠠᠵᠢᠯ ᠤᠨ ᠥᠷᠲᠡᠭᠡ︶      ᠬᠠᠶ᠋ᠢᠭ᠄ ᠱᠠᠩᠬᠠᠶ ᠬᠤᠲᠠ ᠶᠢᠨ ᠫᠦ᠋ ᠲᠦᠸᠧ ᠲᠣᠭᠤᠷᠢᠭ ᠤᠨ ᠵᠥᠩ ᠱᠠᠨ ᠬᠤᠶᠢᠲᠤ ᠵᠠᠮ ᠤᠨ 2668 ᠳ᠋ᠤᠭᠠᠷ ᠬᠤᠯᠪᠣᠭᠠᠲᠤ ᠲᠣᠮᠣ ᠠᠰᠠᠷ ᠤᠨ 16 ᠳ᠋ᠤᠭᠠᠷ ᠳᠠᠪᠬᠤᠷᠭ᠎ᠠ      ᠠᠯᠪᠠᠯᠠᠬᠤ ᠴᠠᠭ᠄ ᠠᠵᠢᠯᠯᠠᠬᠤ ᠡᠳᠦᠷ ᠤᠨ 9᠄ 00 — 12᠄ 00 13᠄ 30 — 18᠄ 00      ᠬᠠᠷᠢᠯᠴᠠᠬᠤ ᠠᠷᠭ᠎ᠠ᠄ 021-62577341      ᠬᠠᠷᠢᠭᠤᠴᠠᠯᠭᠠᠲᠠᠨ᠄ ᠮᠧᠩ ᠪᠠᠲᠤ      ︵ᠲᠠᠪᠤ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠢᠭᠤᠴᠠ ᠴᠢᠬᠤᠯᠠ ᠶᠠᠪᠤᠳᠠᠯ ᠤᠨ ᠠᠵᠢᠯᠯᠠᠭᠠᠨ ᠤ ᠦᠢᠯᠡᠴᠢᠯᠡᠭᠡᠨ ᠤ ᠲᠥᠪ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠲᠠᠰᠤᠭ ᠤᠨ ᠫᠠᠶᠢᠰᠠ ᠶᠢ ᠡᠯᠭᠦᠪᠡ︶      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠢᠭᠤᠴᠠ ᠴᠢᠬᠤᠯᠠ ᠠᠵᠢᠯᠯᠠᠭᠠᠨ ᠤ ᠦᠢᠯᠡᠴᠢᠯᠡᠭᠡᠨ ᠤ ᠲᠥᠪ       ︵ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡᠨ ᠤ ᠲᠠᠰᠤᠭ ᠤᠨ ᠫᠠᠶᠢᠰᠠ ᠶᠢ ᠡᠯᠭᠦᠪᠡ︶ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠠᠷᠢᠶ᠎ᠠ ᠵᠢᠩᠬᠢᠨᠢ ᠭᠠᠵᠠᠷ ᠤᠨ ᠳᠡᠰ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠣᠨ᠎ᠠ᠃      ᠭᠤᠣᠯ ᠡᠭᠦᠷᠭᠡ ᠬᠠᠷᠢᠭᠤᠴᠠᠯᠭ᠎ᠠ᠄      1. ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠬᠤᠯᠪᠣᠭᠳᠠᠯ ᠪᠥᠬᠦᠶ ᠠᠵᠢᠯ ᠢ ᠡᠭᠦᠷᠭᠡᠯᠡᠨ᠎ᠡ︔      2. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ︾ ᠶᠢ ᠨᠠᠶᠢᠷᠠᠭᠤᠯᠬᠤ᠂ ᠲᠠᠷᠬᠠᠭᠠᠬᠤ᠂ ᠮᠡᠳᠡᠭᠡ ᠵᠠᠩᠭᠢᠵᠢᠭᠤᠯᠬᠤ ᠵᠡᠷᠭᠡ ᠠᠵᠢᠯ ᠢ ᠡᠭᠦᠷᠭᠡᠯᠡᠨ᠎ᠡ︔      3. ᠡᠯ᠎ᠡ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠠᠯᠪᠠᠨ ᠮᠡᠳᠡᠭᠡ ᠶᠢ ᠨᠠᠶᠢᠷᠠᠭᠤᠯᠤᠨ ᠨᠡᠶᠢᠲᠡᠯᠡᠬᠦ᠂ ᠮᠡᠳᠡᠭᠡ ᠵᠠᠩᠭᠢᠵᠢᠭᠤᠯᠬᠤ ᠵᠡᠷᠭᠡ ᠠᠵᠢᠯ ᠳᠤ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠬᠢᠨ᠎ᠠ︔      4. ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠷᠢᠯᠴᠠᠭᠠᠨ ᠤ ᠪᠢᠴᠢᠭ ᠮᠠᠲ᠋ᠧᠷᠢᠶᠠᠯ ᠤᠨ ᠨᠢᠭᠤᠴᠠ ᠴᠢᠬᠤᠯᠠ ᠮᠠᠲ᠋ᠧᠷᠢᠶᠠᠯ ᠢ ᠰᠣᠯᠢᠯᠴᠠᠬᠤ ᠲᠤᠰᠠᠯᠠᠬᠤ ᠠᠵᠢᠯ ᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠢᠭᠤᠴᠠ ᠶᠢ ᠬᠠᠮᠠᠭᠠᠯᠠᠬᠤ᠂ ᠲᠠᠩᠰᠠ ᠡᠪᠬᠡᠮᠡᠯ ᠵᠡᠷᠭᠡ ᠠᠵᠢᠯ ᠢ ᠬᠠᠮᠵᠢᠨ ᠰᠠᠶᠢᠲᠤᠷ ᠬᠢᠨ᠎ᠠ︔      5. ᠡᠳᠦᠷ ᠲᠤᠲᠤᠮ ᠤᠨ ᠵᠢᠵᠢᠭᠦᠷᠯᠡᠨ ᠰᠠᠬᠢᠬᠤ᠂ ᠵᠢᠵᠢᠭᠦᠷ ᠤᠨ ᠮᠡᠳᠡᠭᠡ ᠵᠠᠩᠭᠢ ᠶᠢ ᠨᠡᠭᠦᠯᠭᠡᠨ ᠬᠦᠷᠭᠡᠬᠦ ᠪᠠ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠣᠯᠪᠠᠰᠤᠷᠠᠯ ᠵᠡᠷᠭᠡ ᠠᠵᠢᠯ ᠢ ᠬᠠᠮᠵᠢᠨ ᠥᠷᠨᠢᠭᠦᠯᠦᠨ᠎ᠡ︔      6. ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠴᠢᠬᠤᠯᠠ ᠬᠤᠷᠠᠯ᠂ ᠠᠵᠢᠯᠯᠠᠭ᠎ᠠ ᠪᠠ ᠬᠦᠨᠳᠦ ᠴᠢᠬᠤᠯᠠ ᠪᠠᠴᠢᠮ ᠭᠡᠨᠡᠳᠲᠡ ᠶᠢᠨ ᠬᠡᠷᠡᠭ ᠢ ᠨᠢᠭᠡᠳᠦᠯᠲᠡᠶ ᠲᠥᠯᠥᠪᠯᠡᠨ ᠳᠣᠭᠢᠷᠠᠭᠤᠯᠬᠤ ᠵᠡᠷᠭᠡ ᠮᠡᠷᠭᠡᠵᠢᠯ ᠤᠨ ᠴᠢᠨᠠᠷᠲᠠᠶ᠂ ᠲᠤᠰᠠᠯᠠᠬᠤ ᠴᠢᠨᠠᠷᠲᠠᠶ ᠠᠵᠢᠯ ᠢ ᠡᠭᠦᠷᠭᠡᠯᠡᠨ᠎ᠡ︔      7. ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠶ ᠵᠢᠵᠢᠭᠦᠷ ᠤᠨ ᠲᠠᠰᠤᠭ᠂ ᠠᠶᠢᠮᠠᠭ ᠬᠤᠲᠠ᠂ ᠬᠤᠰᠢᠭᠤ ᠰᠢᠶᠠᠨ ᠪᠠ ᠥᠪᠡᠷᠲᠡᠭᠡᠨ ᠵᠠᠰᠠᠬᠤ ᠣᠷᠣᠨ ᠤ ᠰᠠᠯᠠᠭ᠎ᠠ ᠮᠥᠴᠢᠷ᠂ ᠨᠢᠭᠡᠴᠢ ᠯᠦᠭᠡ ᠶᠢᠨ ᠡᠳᠦᠷ ᠲᠤᠲᠤᠮ ᠤᠨ ᠸᠢᠳᠢᠣ᠋ ᠪᠠᠷ ᠨᠡᠷ᠎ᠡ ᠳᠤᠷᠠᠳᠬᠤ᠂ ᠬᠤᠯᠪᠣᠭᠠᠰᠤ ᠲᠣᠬᠢᠷᠠᠭᠤᠯᠤᠯᠲᠠ ᠵᠡᠷᠭᠡ ᠮᠡᠷᠭᠡᠵᠢᠯ ᠤᠨ ᠴᠢᠨᠠᠷᠲᠠᠶ᠂ ᠲᠤᠰᠠᠯᠠᠬᠤ ᠴᠢᠨᠠᠷᠲᠠᠶ ᠠᠵᠢᠯ ᠢ ᠡᠭᠦᠷᠭᠡᠯᠡᠨ᠎ᠡ︔      8. ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠲᠤᠰᠢᠶᠠᠭᠰᠠᠨ ᠪᠤᠰᠤᠳ ᠬᠤᠯᠪᠣᠭᠳᠠᠯ ᠪᠥᠬᠦᠶ ᠠᠵᠢᠯ ᠢ ᠡᠭᠦᠷᠭᠡᠯᠡᠨ᠎ᠡ᠃      ᠪᠠᠶᠢᠭᠤᠯᠤᠮᠵᠢ ᠶᠢᠨ ᠲᠣᠬᠢᠷᠠᠭᠤᠯᠤᠯᠲᠠ᠄ ᠶᠡᠷᠦᠩᠬᠡᠶᠢᠯᠡᠭᠰᠡᠨ ᠰᠠᠯᠠᠭ᠎ᠠ᠂ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠰᠠᠯᠠᠭ᠎ᠠ᠂ ᠨᠢᠭᠤᠴᠠ ᠴᠢᠬᠤᠯᠠ ᠵᠦᠢᠯ ᠤᠨ ᠪᠠᠲᠤᠯᠠᠭ᠎ᠠ ᠶᠢᠨ ᠰᠠᠯᠠᠭ᠎ᠠ᠂ ᠠᠵᠢᠯᠯᠠᠭᠤᠯᠤᠨ ᠵᠢᠵᠢᠭᠦᠷᠯᠡᠬᠦ ᠰᠠᠯᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠲᠣᠬᠢᠷᠠᠭᠤᠯᠤᠯᠲᠠ ᠶᠢᠨ ᠰᠠᠯᠠᠭ᠎ᠠ᠃      ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 1 ᠳ᠋ᠦᠭᠡᠷ ᠲᠣᠭᠠᠲᠤ ᠶᠢᠨ ᠨᠠᠮ ᠵᠠᠰᠠᠭ ᠤᠨ ᠠᠵᠢᠯᠯᠠᠬᠤ ᠲᠣᠭᠤᠷᠢᠭ      ᠠᠯᠪᠠᠯᠠᠬᠤ ᠴᠠᠭ᠄ ᠠᠵᠢᠯᠯᠠᠬᠤ ᠡᠳᠦᠷ ᠤᠨ 9᠄ 00 — 12᠄ 00 14᠄ 30 — 18᠄ 00      ᠬᠠᠷᠢᠯᠴᠠᠬᠤ ᠠᠷᠭ᠎ᠠ᠄ 0471-4825157      ᠬᠠᠷᠢᠭᠤᠴᠠᠯᠭᠠᠲᠠᠨ᠄ ᠵᠢᠶᠠ ᠬᠠᠢ ᠲᠤᠤ      ︵ᠵᠢᠷᠭᠤᠭ᠎ᠠ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠶᠢᠨ ᠬᠠᠷᠢᠶ᠎ᠠ ᠵᠢᠩᠬᠢᠨᠢ ᠭᠠᠵᠠᠷ ᠤᠨ ᠳᠡᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠣᠨ᠎ᠠ᠃      ᠭᠤᠣᠯ ᠡᠭᠦᠷᠭᠡ ᠬᠠᠷᠢᠭᠤᠴᠠᠯᠭ᠎ᠠ᠄      1. ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠠᠶᠢᠭᠤᠯᠭ᠎ᠠ ᠶᠢᠨ ᠡᠳᠦᠷ ᠲᠤᠲᠤᠮ ᠤᠨ ᠵᠠᠰᠠᠭ ᠤᠨ ᠶᠠᠪᠤᠳᠠᠯ ᠤᠨ ᠠᠵᠢᠯᠯᠠᠭᠠᠨ ᠤ ᠮᠡᠷᠭᠡᠵᠢᠯ ᠤᠨ ᠪᠠᠲᠤᠯᠠᠭ᠎ᠠ᠂ ᠲᠤᠰᠠᠯᠠᠬᠤ ᠬᠠᠮᠢᠶᠠᠷᠤᠯᠲᠠ ᠪᠠ ᠬᠡᠷᠡᠭ ᠶᠠᠪᠤᠳᠠᠯ ᠤᠨ ᠦᠢᠯᠡᠴᠢᠯᠡᠭᠡ ᠵᠡᠷᠭᠡ ᠠᠵᠢᠯ ᠢ ᠡᠭᠦᠷᠭᠡᠯᠡᠨ᠎ᠡ︔      2. ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠬᠤᠯᠪᠣᠭᠳᠠᠯ ᠪᠥᠬᠦᠶ ᠠᠵᠢᠯ ᠤᠨ ᠠᠵᠢᠯᠯᠠᠭᠠᠨ ᠪᠠ ᠠᠬᠢᠭᠤᠯᠤᠨ ᠨᠠᠶᠢᠳᠠᠪᠤᠷᠢᠵᠢᠭᠤᠯᠬᠤ ᠶᠢ ᠳᠠᠭᠠᠭᠠᠴᠢᠯᠠᠨ ᠵᠣᠯᠭᠠᠭᠤᠯᠵᠤ᠂ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠳᠣᠲᠣᠭᠠᠳᠤ ᠰᠦᠯᠵᠢᠶ᠎ᠡ᠂ ᠠᠯᠪᠠᠯᠠᠬᠤ ᠰᠢᠰᠲ᠋ᠧᠮ ᠤᠨ ᠠᠵᠢᠯ ᠳᠤ ᠮᠡᠷᠭᠡᠵᠢᠯ ᠤᠨ ᠵᠢᠯᠣᠭᠤᠳᠣᠯᠭ᠎ᠠ ᠬᠢᠨ᠎ᠠ︔      3. ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠠᠶᠢᠭᠤᠯᠭ᠎ᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ︔      4. ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠠᠯᠪᠠᠯᠠᠬᠤ ᠲᠤᠬᠠᠶᠢᠯᠠᠭᠰᠠᠨ ᠠᠵᠢᠯ ᠤᠨ ᠲᠠᠪᠴᠠᠩ ᠤᠨ ᠲᠥᠯᠥᠪᠵᠢᠭᠦᠯᠭᠡ ᠶᠢᠨ ᠬᠡᠷᠡᠭᠵᠢᠭᠦᠯᠦᠯᠲᠡ᠂ ᠠᠵᠢᠯᠯᠠᠭᠠᠨ ᠤ ᠪᠠᠲᠤᠯᠠᠭ᠎ᠠ ᠵᠢᠴᠢ ᠬᠤᠯᠪᠣᠭᠳᠠᠯ ᠪᠥᠬᠦᠶ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠵᠢᠯ ᠢ ᠡᠭᠦᠷᠭᠡᠯᠡᠨ᠎ᠡ︔      5. ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠠᠶᠢᠭᠤᠯᠭ᠎ᠠ ᠶᠢᠨ ᠮᠡᠳᠡᠭᠡ ᠵᠠᠩᠭᠢ ᠶᠢᠨ ᠰᠦᠯᠵᠢᠶ᠎ᠡ ᠶᠢᠨ ᠨᠢᠭᠤᠴᠠ ᠶᠢ ᠬᠠᠮᠠᠭᠠᠯᠠᠬᠤ᠂ ᠵᠥᠭᠡᠯᠡᠨ ᠲᠣᠨᠤᠭ ᠢ ᠵᠢᠩᠬᠢᠨᠢᠴᠢᠯᠡᠬᠦ ᠠᠵᠢᠯ ᠢ ᠡᠭᠦᠷᠭᠡᠯᠡᠨ᠎ᠡ︔ ᠪᠠᠶᠢᠭᠤᠯᠭ᠎ᠠ ᠶᠢᠨ ᠬᠤᠷᠠᠯ ᠤᠨ ᠠᠵᠢᠯᠯᠠᠭ᠎ᠠ ᠶᠢᠨ ᠵᠢᠷᠤᠭ ᠳᠦᠷᠰᠦ ᠴᠤᠭᠯᠠᠭᠤᠯᠬᠤ᠂ ᠬᠠᠳᠠᠭᠠᠯᠠᠬᠤ ᠵᠢᠴᠢ ᠮᠡᠳᠡᠭᠡ ᠵᠠᠩᠭᠢᠴᠢᠯᠠᠯᠲᠠ ᠶᠢᠨ ᠲᠣᠭᠲᠠᠮᠠᠯ ᠬᠥᠷᠥᠩᠭᠡ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠬᠤᠯᠪᠣᠭᠳᠠᠯ ᠪᠥᠬᠦᠶ ᠠᠵᠢᠯ ᠢ ᠡᠭᠦᠷᠭᠡᠯᠡᠨ᠎ᠡ︔      6. ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠡᠯᠧᠺᠲᠷᠣᠨ ᠠᠯᠪᠠᠨ ᠪᠢᠴᠢᠭ ᠤᠨ ᠠᠵᠢᠯᠯᠠᠭᠠᠨ᠂ ᠨᠢᠭᠤᠴᠠ ᠳ᠋ᠤᠭᠠᠷ᠂ ᠡᠯᠧᠺᠲᠷᠣᠨ ᠲᠠᠮᠠᠭ᠎ᠠ ᠶᠢᠨ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ︔      7. ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠡᠯᠧᠺᠲᠷᠣᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ︔      8. ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠲᠤᠰᠢᠶᠠᠭᠰᠠᠨ ᠪᠤᠰᠤᠳ ᠬᠤᠯᠪᠣᠭᠳᠠᠯ ᠪᠥᠬᠦᠶ ᠠᠵᠢᠯ ᠢ ᠡᠭᠦᠷᠭᠡᠯᠡᠨ᠎ᠡ᠃      ᠪᠠᠶᠢᠭᠤᠯᠤᠮᠵᠢ ᠶᠢᠨ ᠲᠣᠬᠢᠷᠠᠭᠤᠯᠤᠯᠲᠠ᠄ ᠶᠡᠷᠦᠩᠬᠡᠶᠢᠯᠡᠭᠰᠡᠨ ᠰᠠᠯᠠᠭ᠎ᠠ᠂ ᠨᠢᠭᠤᠴᠠ ᠳ᠋ᠤᠭᠠᠷ ᠤᠨ ᠬᠡᠷᠡᠭᠯᠡᠭᠡᠨ ᠤ ᠰᠠᠯᠠᠭ᠎ᠠ᠂ ᠮᠡᠷᠭᠡᠵᠢᠯ ᠤᠨ ᠦᠢᠯᠡᠴᠢᠯᠡᠭᠡᠨ ᠤ ᠰᠠᠯᠠᠭ᠎ᠠ᠂ ᠠᠵᠢᠯᠯᠠᠭᠤᠯᠤᠨ ᠬᠠᠮᠠᠭᠠᠯᠠᠬᠤ ᠰᠠᠯᠠᠭ᠎ᠠ᠂ ᠠᠮᠤᠷ ᠲᠦᠪᠰᠢᠨ ᠢ ᠪᠠᠲᠤᠯᠠᠬᠤ ᠰᠠᠯᠠᠭ᠎ᠠ᠂ ᠡᠯᠧᠺᠲᠷᠣᠨ ᠲᠠᠮᠠᠭ᠎ᠠ ᠶᠢᠨ ᠰᠠᠯᠠᠭ᠎ᠠ᠃      ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 1 ᠳ᠋ᠦ᠋ᠭᠡᠷ ᠲᠣᠭᠠᠲᠤ ᠶᠢᠨ ᠨᠠᠮ ᠵᠠᠰᠠᠭ ᠤᠨ ᠠᠵᠢᠯᠯᠠᠬᠤ ᠲᠣᠭᠤᠷᠢᠭ      ᠠᠯᠪᠠᠯᠠᠬᠤ ᠴᠠᠭ᠄ ᠠᠵᠢᠯᠯᠠᠬᠤ ᠡᠳᠦᠷ ᠤᠨ 9᠄ 00 — 12᠄ 00᠂ 14.30 — 18᠄ 00      ᠬᠠᠷᠢᠯᠴᠠᠬᠤ ᠠᠷᠭ᠎ᠠ᠄ 0471-4824105      ᠬᠠᠷᠢᠭᠤᠴᠠᠯᠭᠠᠲᠠᠨ᠄ ᠸᠠᠩ ᠴᠧᠨ ᠭᠤᠸᠠᠩ      ︵ᠲᠤᠯᠤᠭ᠎ᠠ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠴᠢᠭᠤᠯᠭ᠎ᠠ ᠶᠢᠨ ᠲᠥᠪ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠴᠢᠭᠤᠯᠭ᠎ᠠ ᠶᠢᠨ ᠲᠥᠪ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠶᠢᠨ ᠬᠠᠷᠢᠶ᠎ᠠ ᠵᠢᠩᠬᠢᠨᠢ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠠᠵᠢᠯ ᠦᠢᠯᠡᠰ ᠤᠨ ᠨᠢᠭᠡᠴᠢ ᠪᠣᠯᠣᠨ᠎ᠠ᠃      ᠭᠤᠣᠯ ᠡᠭᠦᠷᠭᠡ ᠬᠠᠷᠢᠭᠤᠴᠠᠯᠭ᠎ᠠ᠄      1. ᠨᠠᠮ ᠪᠠ ᠤᠯᠤᠰ ᠤᠨ ᠦᠨᠳᠦᠰᠦᠨ ᠪᠣᠳᠣᠯᠭ᠎ᠠ ᠴᠢᠭᠯᠡᠯᠲᠡ ᠲᠥᠷᠥ ᠶᠢᠨ ᠪᠣᠳᠣᠯᠭ᠎ᠠ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠮᠣᠩᠭᠤᠯ ᠬᠡᠯᠡᠨ ᠤ ᠣᠷᠴᠢᠭᠤᠯᠭ᠎ᠠ ᠪᠠ ᠲᠠᠶᠢᠯᠤᠮᠵᠢ ᠬᠢᠨ᠎ᠠ︔      2. ᠲᠤᠮᠤ ᠬᠡᠯᠪᠡᠷᠢ ᠶᠢᠨ ᠰᠤᠷᠪᠤᠯᠵᠢ ᠪᠢᠴᠢᠭ ᠮᠠᠲ᠋ᠧᠷᠢᠶᠠᠯ ᠤᠨ ᠮᠣᠩᠭᠤᠯ ᠬᠡᠯᠡᠨ ᠤ ᠣᠷᠴᠢᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ︔      3. ᠮᠣᠩᠭᠤᠯ ᠬᠡᠯᠡ ᠬᠢᠭᠡᠳ ᠪᠤᠰᠤᠳ ᠦᠭᠡ ᠬᠡᠯᠡ ᠥᠰᠥᠭ ᠪᠢᠴᠢᠭ ᠤᠨ ᠬᠠᠷᠢᠯᠴᠠᠨ ᠣᠷᠴᠢᠭᠤᠯᠬᠤ ᠠᠵᠢᠯ ᠢ ᠬᠠᠮᠵᠢᠯᠴᠠᠨ ᠥᠷᠨᠢᠭᠦᠯᠦᠨ᠎ᠡ︔      4. ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠣᠯᠢᠯᠴᠠᠭᠠᠨ ᠤ ᠠᠵᠢᠯᠯᠠᠭ᠎ᠠ ᠳᠤ ᠬᠠᠮᠵᠢᠨ ᠣᠷᠴᠢᠭᠤᠯᠬᠤ ᠪᠠ ᠵᠡᠷᠭᠡ ᠪᠠᠷ ᠣᠷᠴᠢᠭᠤᠯᠬᠤ ᠦᠢᠯᠡᠴᠢᠯᠡᠭᠡ ᠬᠠᠩᠭᠠᠨ᠎ᠠ︔      5. ᠮᠣᠩᠭᠤᠯ ᠦᠭᠡ ᠬᠡᠯᠡ ᠥᠰᠥᠭ ᠪᠢᠴᠢᠭ ᠤᠨ ᠬᠠᠮᠵᠢᠯᠴᠠᠨ ᠰᠣᠯᠢᠯᠴᠠᠬᠤ᠂ ᠤᠬᠠᠭᠤᠯᠤᠨ ᠳᠡᠯᠭᠡᠷᠡᠭᠦᠯᠬᠦ ᠪᠠ ᠰᠢᠨ᠎ᠡ ᠦᠭᠡ ᠨᠡᠷ᠎ᠡ ᠲᠣᠮᠢᠶ᠎ᠠ ᠶᠢ ᠳᠦᠷᠢᠮᠵᠢᠭᠦᠯᠬᠦ᠂ ᠪᠠᠷᠢᠮᠵᠢᠶᠠᠵᠢᠭᠤᠯᠬᠤ ᠰᠤᠳᠤᠯᠭᠠᠨ ᠳᠤ ᠣᠷᠣᠯᠴᠠᠨ᠎ᠠ︔      6. ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠥᠷᠥᠯ ᠤᠨ ᠮᠣᠩᠭᠤᠯ ᠬᠡᠯᠡᠨ ᠤ ᠬᠡᠪᠯᠡᠭᠳᠡᠬᠦᠨ ᠤ ᠲᠥᠯᠥᠪᠵᠢᠭᠦᠯᠭᠡ ᠶᠢᠨ ᠵᠢᠯᠣᠭᠤᠳᠴᠤ ᠬᠢᠨᠠᠨ ᠪᠠᠶᠢᠴᠠᠭᠠᠬᠤ ᠶᠢᠨ ᠲᠤᠰᠠᠯᠠᠬᠤ ᠴᠢᠨᠠᠷᠲᠠᠶ᠂ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ︔      7. ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠲᠥᠯᠥᠪᠵᠢᠭᠦᠯᠦᠨ ᠵᠢᠷᠤᠵᠤ ᠲᠥᠯᠥᠪᠯᠡᠬᠦ᠂ ᠵᠣᠬᠢᠶᠠᠨ ᠪᠠᠶᠢᠭᠤᠯᠵᠤ ᠬᠡᠷᠡᠭᠵᠢᠭᠦᠯᠬᠦ᠂ ᠬᠠᠮᠠᠭᠠᠯᠠᠵᠤ ᠪᠠᠲᠤᠯᠠᠬᠤ ᠵᠡᠷᠭᠡ ᠠᠵᠢᠯ ᠢ ᠡᠭᠦᠷᠭᠡᠯᠡᠨ᠎ᠡ︔      8. ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠲᠤᠰᠢᠶᠠᠭᠰᠠᠨ ᠪᠤᠰᠤᠳ ᠬᠤᠯᠪᠣᠭᠳᠠᠯ ᠪᠥᠬᠦᠶ ᠠᠵᠢᠯ ᠢ ᠡᠭᠦᠷᠭᠡᠯᠡᠨ᠎ᠡ᠃      ᠪᠠᠶᠢᠭᠤᠯᠤᠮᠵᠢ ᠶᠢᠨ ᠲᠣᠬᠢᠷᠠᠭᠤᠯᠤᠯᠲᠠ᠄ ᠶᠡᠷᠦᠩᠬᠡᠶᠢᠯᠡᠭᠰᠡᠨ ᠰᠠᠯᠠᠭ᠎ᠠ᠂ ᠣᠷᠴᠢᠭᠤᠯᠭ᠎ᠠ ᠨᠠᠶᠢᠷᠠᠭᠤᠯᠭ᠎ᠠ ᠶᠢᠨ ᠰᠠᠯᠠᠭ᠎ᠠ᠂ ᠣᠷᠴᠢᠭᠤᠯᠭ᠎ᠠ ᠶᠢᠨ ᠦᠢᠯᠡᠴᠢᠯᠡᠭᠡᠨ ᠤ ᠰᠠᠯᠠᠭ᠎ᠠ᠂ ᠣᠷᠴᠢᠭᠤᠯᠭ᠎ᠠ ᠶᠢᠨ ᠴᠢᠳᠠᠪᠤᠷᠢᠲᠠᠨ ᠤ ᠰᠠᠯᠠᠭ᠎ᠠ᠂ ᠰᠦᠯᠵᠢᠶᠡᠨ ᠥᠷᠲᠡᠭᠡ ᠶᠢ ᠠᠵᠢᠯᠯᠠᠭᠤᠯᠤᠨ ᠬᠠᠮᠠᠭᠠᠯᠠᠬᠤ ᠰᠠᠯᠠᠭ᠎ᠠ᠃      ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠲᠧᠩ ᠹᠸᠢ ᠵᠠᠮ ᠤᠨ 37 ᠳ᠋ᠤᠭᠠᠷ ᠲᠣᠭᠠᠲᠤ      ᠠᠯᠪᠠᠯᠠᠬᠤ ᠴᠠᠭ᠄ ᠠᠵᠢᠯᠯᠠᠬᠤ ᠡᠳᠦᠷ ᠤᠨ 9᠄ 00 — 12᠄ 00 14᠄ 30 — 18᠄ 00      ᠬᠠᠷᠢᠯᠴᠠᠬᠤ ᠠᠷᠭ᠎ᠠ᠄ 0471-4824427      ᠬᠠᠷᠢᠭᠤᠴᠠᠯᠭᠠᠲᠠᠨ᠄ ᠵᠠᠩ ᠰᠢᠶᠣᠣ ᠴᠦᠨ
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ