ᠳᠡᠭᠡᠷ᠎ᠡ ᠬᠠᠭᠠᠰ ᠵᠢᠯ ᠳᠤ ᠠᠯᠠᠱᠠ ᠠᠶᠢᠮᠠᠭ ᠡᠯ᠎ᠡ ᠲᠥᠷᠥᠯ ᠤᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠯᠠ ᠮᠥᠩᠭᠦ ᠶᠢ ᠨᠡᠶᠢᠲᠡ 1445.78 ᠲᠦᠮᠡᠨ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2020/7/16
     ᠵᠢᠯ ᠤᠨ ᠡᠬᠢᠨ ᠠᠴᠠ ᠨᠠᠭᠠᠰᠢ᠂ ᠠᠯᠠᠱᠠ ᠠᠶᠢᠮᠠᠭ ᠤᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠠᠵᠢᠯ ᠨᠢ ︽ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠦᠷ ᠬᠡᠷᠡᠭᠵᠢᠭᠦᠯᠬᠦ ᠠᠷᠭ᠎ᠠ︾ ᠪᠣᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠳᠤᠷᠠᠳᠤᠭᠰᠠᠨ ︽ᠬᠤᠷᠢᠭ᠎ᠠ ᠱᠤᠭᠤᠮ ᠢ ᠪᠠᠲᠤᠯᠠᠬᠤ᠂ ᠨᠢᠭᠲᠠ ᠰᠦᠯᠵᠢᠶ᠎ᠡ ᠪᠠᠶᠢᠭᠤᠯᠬᠤ᠂ ᠲᠣᠭᠲᠠᠴᠠ ᠪᠠᠶᠢᠭᠤᠯᠬᠤ︾ ᠵᠢᠴᠢ ᠬᠤᠲᠠ ᠬᠥᠳᠡᠭᠡ ᠶᠢᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠪᠠ ᠪᠠᠯᠠ ᠮᠥᠩᠭᠦ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠬᠦᠴᠢᠷᠳᠡᠯᠲᠡᠶ ᠣᠯᠠᠨ ᠲᠦᠮᠡᠨ ᠤ ︽ᠲᠤᠰᠠᠯᠠᠮᠵᠢ ᠭᠤᠶᠤᠬᠤ ᠡᠭᠦᠳᠡ ᠲᠠᠢ᠂ ᠴᠠᠭ ᠲᠤᠬᠠᠶ ᠳᠤ ᠨᠢ ᠲᠤᠰᠠᠯᠠᠮᠵᠢ ᠬᠦᠷᠲᠡᠬᠦ︾᠎ ᠶᠢ ᠦᠨᠡᠨ ᠬᠦ ᠪᠠᠲᠤᠯᠠᠵᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠲᠡᠩᠬᠡᠷᠡᠭᠦᠯᠦᠨ ᠲᠤᠰᠠᠯᠠᠬᠤ ᠬᠡᠷᠡᠭᠴᠡᠭᠡ ᠶᠢ ᠦᠨᠡᠨ ᠬᠦ ᠪᠠᠲᠤᠯᠠᠨ᠂ ᠳᠡᠭᠡᠷ᠎ᠡ ᠬᠠᠭᠠᠰ ᠵᠢᠯ ᠳᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠡᠯ᠎ᠡ ᠲᠥᠷᠥᠯ ᠤᠨ ᠪᠡᠯᠡ ᠮᠥᠩᠭᠦ ᠶᠢ ᠨᠡᠶᠢᠲᠡ 1445.78 ᠲᠦᠮᠡᠨ ᠲᠥᠭᠦᠷᠢᠭ ᠲᠠᠷᠬᠠᠭᠠᠪᠠ᠃ ᠡᠭᠦᠨ ᠳᠤ᠂ ᠬᠤᠲᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠴᠢᠳ 915 ᠡᠷᠦᠬᠡ 1460 ᠬᠥᠮᠦᠨ ᠳᠤ ᠨᠡᠶᠢᠲᠡ 604.51 ᠲᠦᠮᠡᠨ ᠲᠥᠭᠦᠷᠢᠭ ᠤᠨ ᠪᠠᠯᠠ ᠮᠥᠩᠭᠦ ᠲᠠᠷᠬᠠᠭᠠᠪᠠ ︵ᠡᠭᠦᠨ ᠳᠤ ᠪᠥᠬᠦ ᠲᠣᠭᠠᠨ ᠤ ᠵᠢᠭᠡᠯᠡᠯᠭᠡ ᠶᠢᠨ ᠤᠶᠤᠲᠠᠳ ᠲᠤ ᠨᠡᠶᠢᠲᠡ 766 ᠬᠥᠮᠦᠨ ᠤᠳᠠᠭ᠎ᠠ᠂ 67.52 ᠲᠦᠮᠡᠨ ᠲᠥᠭᠦᠷᠢᠭ ᠤᠨ ᠪᠠᠯᠠ ᠮᠥᠩᠭᠦ ᠲᠠᠷᠬᠠᠭᠠᠪᠠ︶︔ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠴᠢᠳ 376 ᠡᠷᠦᠬᠡ 651 ᠬᠥᠮᠦᠨ ᠳᠤ ᠨᠡᠶᠢᠲᠡ 194.06 ᠲᠦᠮᠡᠨ ᠲᠥᠭᠦᠷᠢᠭ ᠲᠠᠷᠬᠠᠭᠠᠪᠠ ︵ᠡᠭᠦᠨ ᠳᠤ ᠪᠥᠬᠦ ᠲᠣᠭᠠᠨ ᠤ ᠵᠢᠭᠡᠯᠡᠯᠭᠡ ᠶᠢᠨ ᠤᠶᠤᠲᠠᠳ ᠲᠤ ᠨᠡᠶᠢᠲᠡ 111 ᠬᠥᠮᠦᠨ ᠤᠳᠠᠭ᠎ᠠ᠂ 6.66 ᠲᠦᠮᠡᠨ ᠲᠥᠭᠦᠷᠢᠭ ᠤᠨ ᠪᠠᠯᠠ ᠮᠥᠩᠭᠦ ᠲᠠᠷᠬᠠᠭᠠᠪᠠ︔ ᠳᠠᠩᠰᠠ ᠪᠠ ᠺᠠᠷᠲ ᠲᠠᠢ 218 ᠡᠷᠦᠬᠡ 375 ᠬᠥᠮᠦᠨ ᠪᠠᠶᠢᠵᠤ᠂ ᠨᠡᠶᠢᠲᠡ 109.61 ᠲᠦᠮᠡᠨ ᠲᠥᠭᠦᠷᠢᠭ ᠤᠨ ᠪᠠᠯᠠ ᠮᠥᠩᠭᠦ ᠲᠠᠷᠬᠠᠭᠠᠪᠠ︶︔ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ᠂ ᠨᠢᠭᠡ ᠯᠡ ᠤᠳᠠᠭ᠎ᠠ ᠶᠢᠨ ᠴᠢᠨᠠᠷᠲᠠᠶ ᠠᠮᠢᠳᠤᠷᠠᠯ ᠤᠨ ᠨᠥᠬᠦᠪᠥᠷᠢ᠂ ᠲᠦᠷ ᠴᠠᠭ ᠤᠨ ᠲᠡᠩᠬᠡᠷᠡᠭᠦᠯᠦᠨ ᠲᠤᠰᠠᠯᠠᠬᠤ᠂ ᠰᠤᠷᠭᠠᠨ ᠬᠥᠮᠦᠵᠢᠯ ᠤᠨ ᠨᠥᠬᠦᠪᠥᠷᠢ ᠶᠢ ᠨᠡᠶᠢᠲᠡ 591.13 ᠲᠦᠮᠡᠨ ᠲᠥᠭᠦᠷᠢᠭ ᠲᠠᠷᠬᠠᠭᠠᠪᠠ᠃ ᠡᠭᠦᠨ ᠠᠴᠠ ᠭᠠᠳᠠᠨ᠎ᠠ᠂ 2019 ᠣᠨ ᠤ 10 ᠳ᠋ᠤᠭᠠᠷ ᠰᠠᠷ᠎ᠠ ~ 2020 ᠣᠨ ᠤ 4 ᠳ᠋ᠦ᠋ᠭᠡᠷ ᠰᠠᠷ᠎ᠠ ᠶᠢᠨ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠪᠠᠯᠠ ᠮᠥᠩᠭᠦ ᠶᠢ 56.08 ᠲᠦᠮᠡᠨ ᠲᠥᠭᠦᠷᠢᠭ ᠲᠠᠷᠬᠠᠭᠠᠪᠠ᠃      ᠳᠠᠷᠠᠭᠠᠴᠢ ᠶᠢᠨ ᠠᠯᠬᠤᠮ ᠳᠤ᠂ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠦᠷᠭᠦᠯᠵᠢᠯᠡᠨ ᠳᠡᠭᠡᠳᠦ ᠬᠡᠮᠵᠢᠶ᠎ᠡ ᠪᠠᠷ ᠠᠩᠬᠠᠷᠴᠤ᠂ ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠨ᠂ ᠰᠠᠭᠤᠷᠢ ᠠᠴᠠ ᠨᠢ ᠪᠠᠲᠤᠯᠠᠬᠤ ᠶᠢ ᠨᠢ ᠪᠦᠬᠦᠨ ᠢ ᠪᠠᠲᠤᠯᠠᠵᠤ᠂ ᠠᠷᠠᠳ ᠤᠨ ᠶᠠᠪᠤᠳᠠᠯ ᠤᠨ ᠪᠡᠯᠡ ᠮᠥᠩᠭᠦ ᠶᠢᠨ ᠦᠷᠭᠦᠯᠵᠢᠯᠡᠨ ᠡᠷᠡᠭᠦᠯ᠂ ᠵᠢᠷᠤᠮᠵᠢᠭᠰᠠᠨ ᠬᠠᠮᠢᠶᠠᠷᠤᠯᠲᠠ᠂ ᠰᠠᠶᠢᠨ ᠣᠷᠴᠢᠯ ᠤᠨ ᠵᠠᠮ ᠢᠶᠠᠷ ᠶᠠᠪᠤᠭᠳᠠᠬᠤ ᠶᠢ ᠠᠬᠢᠭᠤᠯᠵᠤ᠂ ᠠᠷᠠᠳ ᠤᠨ ᠶᠠᠪᠤᠳᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠠᠬᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号