ᠣᠶᠢᠷ᠎ᠠ ᠳᠤ ᠰᠢᠯᠢ ᠶᠢᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ | ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠬᠤ ᠪᠠᠷᠢᠮᠵᠢᠶ᠎ᠠ ᠶᠢ ᠪᠠᠷᠠᠭᠠᠨ ᠤ ᠦᠨ᠎ᠡ ᠬᠠᠩᠰᠢ ᠶᠢᠨ | ᠥᠰᠥᠯᠲᠡ ᠲᠠᠢ ᠬᠤᠯᠪᠣᠭᠳᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠦᠨᠳᠦᠰᠦᠯᠡᠵᠦ᠂ ᠡᠨᠡ ᠵᠢᠯ ᠠᠴᠠ | ᠨᠠᠭᠠᠰᠢ᠂ ᠰᠢᠯᠢ ᠶᠢᠨ ᠬᠤᠲᠠ ᠬᠦᠴᠢᠷᠳᠡᠯᠲᠡᠶ ᠣᠯᠠᠨ ᠲᠦᠮᠡᠨ ᠳᠤ 4 ᠤᠳᠠᠭ᠎ᠠ ᠦᠨ᠎ᠡ ᠬᠠᠩᠰᠢ ᠶᠢᠨ ᠨᠥᠬᠦᠪᠥᠷᠢ | ᠥᠭᠴᠦ᠂ ᠨᠡᠶᠢᠲᠡ 57.8 ᠲᠦᠮᠡᠨ ᠲᠥᠭᠦᠷᠢᠭ᠂ 3759 ᠬᠥᠮᠦᠨ ᠳᠤ ᠠᠰᠢᠭ ᠬᠦᠷᠲᠡᠭᠡᠪᠡ᠃ | 2020 ᠣᠨ ᠪᠣᠯᠬᠤ ᠳᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠪᠠᠷᠢᠮᠵᠢᠶ᠎ᠠ ᠶᠢ ᠬᠥᠮᠦᠨ ᠨᠢᠭᠡᠪᠦᠷᠢ ᠰᠠᠷ᠎ᠠ ᠪᠦᠷᠢ 720 ᠲᠥᠭᠦᠷᠢᠭ ᠪᠠᠶᠢᠭᠰᠠᠨ ᠠᠴᠠ ᠨᠢ ᠬᠥᠮᠦᠨ ᠨᠢᠭᠡᠪᠦᠷᠢ ᠰᠠᠷ᠎ᠠ | ᠪᠦᠷᠢ 749 ᠲᠥᠭᠦᠷᠢᠭ ᠪᠣᠯᠭᠠᠨ ᠳᠡᠭᠡᠭᠰᠢᠯᠡᠭᠦᠯᠵᠦ᠂ ᠲᠦᠷᠦᠭᠦᠤ ᠵᠢᠯ ᠤᠨ ᠬᠢ ᠠᠴᠠ 4.1% ᠪᠠᠷ ᠳᠡᠭᠡᠭᠰᠢᠯᠡᠵᠡᠶ᠃ | ᠰᠢᠯᠢ ᠶᠢᠨ ᠬᠤᠲᠠ ᠳᠤ ᠣᠳᠣ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ | ᠬᠦᠷᠲᠡᠭᠰᠡᠳ 1889 ᠡᠷᠦᠬᠡ᠂ 3117 ᠬᠥᠮᠦᠨ ᠪᠠᠶᠢᠨ᠎ᠠ᠃ 1 — 6 ᠳ᠋ᠤᠭᠠᠷ ᠰᠠᠷ᠎ᠠ ᠳᠤ᠂ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠲᠡᠩᠬᠡᠷᠡᠭᠦᠯᠦᠨ ᠲᠤᠰᠠᠯᠠᠬᠤ ᠮᠥᠩᠭᠦ ᠶᠢ ᠨᠡᠶᠢᠲᠡ 1013 ᠲᠦᠮᠡᠨ ᠲᠥᠭᠦᠷᠢᠭ | ᠲᠠᠷᠬᠠᠭᠠᠵᠤ᠂ 97 ᠨᠡᠷᠡᠰ ᠣᠨᠴᠠ ᠬᠦᠴᠢᠷᠳᠡᠯᠲᠡᠶ ᠠᠰᠠᠷᠠᠨ ᠲᠡᠵᠢᠭᠡᠵᠦ ᠲᠡᠩᠬᠡᠷᠡᠭᠦᠯᠦᠨ ᠲᠤᠰᠠᠯᠠᠭᠳᠠᠭᠰᠠᠳ ᠲᠤ | ᠦᠨᠳᠦᠰᠦᠨ ᠠᠮᠢᠳᠤᠷᠠᠯ ᠤᠨ ᠲᠡᠩᠬᠡᠷᠡᠭᠦᠯᠦᠨ ᠲᠤᠰᠠᠯᠠᠬᠤ ᠮᠥᠩᠭᠦ 91.68 ᠲᠦᠮᠡᠨ ᠲᠥᠭᠦᠷᠢᠭ ᠲᠠᠷᠬᠠᠭᠠᠵᠤ᠂ | 199 ᠬᠦᠴᠢᠷᠳᠡᠯᠲᠡᠶ ᠣᠯᠠᠨ ᠲᠦᠮᠡᠨ ᠳᠤ 58.2 ᠲᠦᠮᠡᠨ ᠲᠥᠭᠦᠷᠢᠭ ᠤᠨ ᠲᠦᠷ ᠴᠠᠭ ᠤᠨ ᠲᠡᠩᠬᠡᠷᠡᠭᠦᠯᠦᠨ | ᠲᠤᠰᠠᠯᠠᠬᠤ ᠮᠥᠩᠭᠦ ᠣᠯᠭᠤᠵᠤ᠂ ᠬᠦᠴᠢᠷᠳᠡᠯᠲᠡᠶ ᠣᠯᠠᠨ ᠲᠦᠮᠡᠨ ᠭᠡᠨᠡᠳᠲᠡ ᠶᠢᠨ ᠬᠡᠷᠡᠭ᠂ ᠰᠠᠨᠠᠭᠠᠨ ᠳᠤ ᠦᠭᠡᠢ | ᠰᠢᠷᠬᠠᠲᠤᠯ᠂ ᠬᠦᠨᠳᠦ ᠶᠡᠭᠡ ᠡᠪᠡᠳᠴᠢᠨ ᠡᠮᠭᠡᠭ ᠠᠴᠠ ᠪᠣᠯᠵᠤ ᠦᠨᠳᠦᠰᠦᠨ ᠠᠮᠢᠳᠤᠷᠠᠯ ᠨᠢ ᠬᠦᠴᠢᠷᠳᠡᠯ ᠳᠤ | ᠲᠤᠯᠭᠠᠷᠠᠭᠰᠠᠨ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠪᠠᠲᠤᠯᠠᠨ ᠳᠠᠭᠠᠭᠠᠬᠤ ᠦᠢᠯᠡᠳᠦᠯ ᠢ ᠭᠦᠢᠴᠡᠳ | ᠪᠠᠳᠠᠷᠠᠭᠤᠯᠪᠠ᠃ | ᠪᠥᠬᠦ ᠣᠷᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ | ᠲᠤᠷᠰᠢᠯᠲᠠ ᠶᠢᠨ ᠭᠠᠵᠠᠷ ᠣᠷᠣᠨ ᠪᠣᠯᠤᠭᠰᠠᠨ ᠤ ᠬᠤᠪᠢ ᠳᠤ᠂ ᠰᠢᠯᠢ ᠶᠢᠨ ᠬᠤᠲᠠ ᠨᠢ ᠵᠠᠰᠠᠭ ᠤᠨ ᠣᠷᠳᠣᠨ | ᠬᠤᠳᠠᠯᠳᠤᠨ ᠠᠪᠬᠤ ᠠᠷᠭ᠎ᠠ ᠬᠡᠯᠪᠡᠷᠢ ᠪᠠᠷ ᠳᠠᠮᠵᠢᠭᠤᠯᠤᠨ ᠨᠢᠭᠡ ᠪᠦᠯᠦᠭ ᠠᠮᠢᠳᠤᠷᠠᠯ ᠤᠨ ᠴᠢᠳᠠᠪᠤᠷᠢ ᠪᠠᠨ ᠪᠦᠷᠢᠨ | ᠠᠯᠳᠠᠭᠰᠠᠨ ᠪᠠ ᠬᠠᠭᠠᠰ ᠠᠯᠳᠠᠭᠰᠠᠨ ᠣᠨᠴᠠ ᠬᠦᠴᠢᠷᠳᠡᠯᠲᠡᠢ ᠠᠰᠠᠷᠠᠨ ᠲᠡᠵᠢᠭᠡᠭᠰᠡᠳ ᠲᠤ ᠡᠳᠦᠷ ᠲᠤᠲᠤᠮ ᠤᠨ | ᠰᠤᠪᠢᠯᠠᠯᠲᠠ᠂ ᠠᠮᠢᠳᠤᠷᠠᠯ ᠤᠨ ᠬᠠᠷᠠᠭᠠᠯᠵᠠᠯ᠂ ᠡᠮᠨᠡᠯᠭᠡ ᠳᠤ ᠰᠠᠭᠤᠬᠤ ᠰᠤᠪᠢᠯᠠᠯᠲᠠ᠂ ᠣᠷᠣᠰᠢᠭᠤᠯᠭ᠎ᠠ ᠵᠡᠷᠭᠡ | ᠦᠢᠯᠡᠴᠢᠯᠡᠭᠡᠨ ᠤ ᠲᠥᠷᠥᠯ ᠵᠦᠢᠯ ᠬᠠᠩᠭᠠᠵᠠᠢ᠃ ᠣᠳᠣᠬᠠᠨ ᠳᠤ᠂ ᠪᠥᠬᠦ ᠬᠤᠲᠠ ᠳᠤ ᠨᠡᠶᠢᠲᠡ 97 ᠣᠨᠴᠠ | ᠬᠦᠴᠢᠷᠳᠡᠯᠲᠡᠶ ᠠᠰᠠᠷᠠᠨ ᠲᠡᠵᠢᠭᠡᠬᠦ ᠬᠥᠮᠦᠰ ᠪᠣᠶ᠂ ᠡᠭᠦᠨ ᠳᠤ ᠬᠤᠲᠠ ᠶᠢᠨ ᠲᠥᠪ ᠤᠨ ᠨᠠᠰᠤᠲᠠᠶᠢᠴᠤᠳ ᠤᠨ | ᠠᠰᠠᠷᠠᠮᠵᠢ ᠶᠢᠨ ᠬᠦᠷᠢᠶᠡᠯᠡᠩ ᠤᠨ 33 ᠨᠡᠷᠡᠰ ᠲᠥᠪᠯᠡᠷᠡᠭᠦᠯᠦᠨ ᠠᠰᠠᠷᠠᠨ ᠲᠡᠵᠢᠭᠡᠬᠦ ᠬᠥᠮᠥᠰ ᠪᠠ 64 ᠨᠡᠷᠡᠰ | ᠲᠠᠷᠠᠬᠠᠶ ᠠᠰᠠᠷᠠᠨ ᠲᠡᠵᠢᠭᠡᠬᠦ ᠬᠥᠮᠥᠰ ᠪᠠᠭᠲᠠᠵᠤ ᠪᠠᠶᠢᠨ᠎ᠠ᠃ ᠡᠭᠦᠨ ᠳᠤ᠂ ᠠᠮᠢᠳᠤᠷᠠᠯ ᠤᠨ ᠴᠢᠳᠠᠪᠤᠷᠢ ᠪᠠᠨ ᠪᠦᠷᠢᠨ | ᠠᠯᠳᠠᠭᠰᠠᠨ ᠬᠢᠭᠡᠳ ᠬᠠᠭᠠᠰ ᠠᠯᠳᠠᠭᠰᠠᠨ 52 ᠣᠨᠴᠠ ᠬᠦᠴᠢᠷᠳᠡᠯᠲᠡᠶ ᠬᠥᠮᠦᠰ ᠲᠤ ᠨᠢᠭᠡᠨᠲᠡ ᠨᠡᠶᠢᠭᠡᠮ ᠤᠨ | ᠵᠣᠬᠢᠶᠠᠨ ᠪᠠᠶᠢᠭᠤᠯᠤᠯᠲᠠ ᠲᠠᠢ ᠭᠡᠷ᠎ᠡ ᠲᠣᠭᠲᠠᠵᠤ ᠵᠣᠬᠢᠴᠠᠩᠭᠤᠶ ᠦᠢᠯᠡᠴᠢᠯᠡᠭᠡ ᠬᠦᠷᠲᠡᠭᠡᠵᠦ ᠪᠤᠢ᠃ |