7 ᠳ᠋ᠤᠭᠠᠷ ᠰᠠᠷ᠎ᠠ ᠶᠢᠨ 1 ᠤ ᠡᠳᠦᠷ᠂ ᠲᠦᠩᠯᠢᠶᠣᠤ ᠬᠤᠲᠠ ᠶᠢᠨ ︽ᠲᠦᠮᠡᠨ ᠠᠵᠤ ᠠᠬᠤᠶᠢᠯᠠᠯ ᠲᠦᠮᠡᠨ | ᠲᠣᠰᠬᠤᠨ ᠢ ᠬᠠᠪᠰᠤᠷᠬᠤ︾ ᠲᠦᠢᠯ ᠤᠨ ᠣᠨᠤᠪᠴᠢᠲᠠᠢ ᠪᠠᠷ ᠶᠠᠳᠠᠭᠤ ᠶᠢ ᠲᠡᠳᠬᠦᠬᠦ ᠠᠵᠢᠯᠯᠠᠭ᠎ᠠ ᠶᠢᠨ | ᠦᠵᠡᠭᠦᠯᠭᠡ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠪᠠ᠃ ᠡᠬᠢᠯᠡᠯᠲᠡ ᠶᠢᠨ ᠶᠣᠰᠣᠯᠠᠯ ᠳᠡᠭᠡᠷ᠎ᠡ ᠵᠢᠭᠠᠵᠤ | ᠭᠠᠷᠭᠠᠭᠰᠠᠨ ᠨᠢ᠂ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠠᠪᠰᠤᠷᠬᠤ︾ ᠠᠵᠢᠯᠯᠠᠭ᠎ᠠ ᠪᠣᠯ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ | ᠴᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢᠨ ᠣᠷᠣᠨ ᠵᠠᠢ ᠶᠢ ᠨᠡᠭᠡᠭᠡᠬᠦ ᠴᠢᠬᠤᠯᠠ ᠠᠷᠭ᠎ᠠ | ᠵᠠᠮ ᠮᠥᠨ᠃ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠲᠥᠷᠥ ᠶᠢᠨ ᠪᠣᠳᠣᠯᠭ᠎ᠠ ᠪᠣᠯᠤᠨ ᠪᠡᠯᠡ ᠮᠦᠩᠭᠦᠨ ᠤ ᠳᠡᠮᠵᠢᠯᠭᠡ ᠶᠢᠨ ᠡᠷᠴᠢᠮ ᠢᠶᠠᠨ | ᠴᠢᠩᠬᠠᠷᠠᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠰᠠᠨᠠᠭᠠᠴᠢᠯᠠᠭ᠎ᠠ ᠠᠴᠠ ᠪᠠᠨ ᠰᠠᠶᠢᠲᠤᠷ | ᠦᠢᠯᠡᠴᠢᠯᠡᠨ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠡᠷᠡᠭᠦᠯ ᠮᠡᠨᠳᠦ ᠪᠠᠷ ᠶᠠᠳᠠᠭᠤ ᠶᠢ | ᠲᠡᠳᠬᠦᠬᠦ᠂ ᠠᠵᠢᠯ ᠣᠯᠭᠤᠵᠤ ᠲᠥᠪᠬᠢᠨᠡᠭᠦᠯᠬᠦ᠂ ᠬᠠᠶᠢᠷ᠎ᠠ ᠬᠠᠯᠠᠮᠵᠢ ᠪᠠᠷ ᠠᠪᠤᠷᠠᠨ ᠲᠤᠰᠠᠯᠠᠬᠤ᠂ ᠪᠠᠲᠤᠯᠠᠨ | ᠳᠠᠭᠠᠭᠠᠯᠭᠠᠬᠤ ᠵᠡᠷᠭᠡ ᠲᠠᠯ᠎ᠠ ᠪᠠᠷ ᠲᠦᠢᠯ ᠤᠨ ᠣᠨᠣᠪᠴᠢᠲᠠᠶ ᠪᠠᠷ ᠬᠠᠪᠰᠤᠷᠤᠨ ᠲᠡᠳᠬᠦᠬᠦ ᠶᠢ ᠥᠷᠨᠢᠭᠦᠯᠵᠦ᠂ | ︽ᠦᠨᠡᠨᠴᠢ ᠴᠢᠬᠡᠴᠢ ᠲᠦᠩᠯᠢᠶᠣᠤ︾ ᠭᠡᠬᠦ ᠰᠠᠶᠢᠨ ᠰᠠᠶᠢᠬᠠᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠪᠥᠬᠦ ᠬᠦᠴᠦ ᠪᠠᠷ ᠢᠶᠠᠨ ᠪᠤᠢ ᠪᠣᠯᠭᠠᠬᠤ ᠬᠡᠷᠡᠭᠲᠡᠢ᠃ ᠬᠤᠲᠠ ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ | ᠭᠤᠣᠯ ᠠᠵᠢᠯ ᠲᠠᠢ ᠤᠶᠠᠯᠳᠤᠭᠤᠯᠤᠨ᠂ ᠶᠡᠭᠡ ᠲᠠᠯ᠎ᠠ ᠳᠤ ᠦᠢᠯᠡᠴᠢᠯᠡᠵᠦ᠂ ᠠᠷᠠᠳ ᠤᠨ ᠡᠵᠡᠩᠨᠡᠯᠲᠡ ᠶᠢᠨ ᠠᠵᠤ | ᠠᠬᠤᠶ ᠳᠤ ᠦᠢᠯᠡᠴᠢᠯᠡᠬᠦ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠤᠨ ᠨᠥᠯᠥᠭᠡ ᠶᠢ | ᠡᠷᠡᠰ ᠲᠡᠪᠴᠢᠨ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ | ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠡᠳᠬᠢᠯ ᠢᠶᠠᠨ ᠨᠢᠭᠡᠳᠬᠡᠨ | ᠬᠦᠴᠦ ᠪᠠᠨ ᠬᠠᠮᠲᠤᠳᠬᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠠᠪᠰᠤᠷᠤᠨ ᠲᠡᠳᠬᠦᠬᠦ ᠶᠠᠰᠤ | ᠴᠢᠨᠠᠷ ᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠱᠠᠲᠤᠨ ᠤ ᠤᠬᠠᠭᠤᠯᠬᠤ ᠰᠠᠯᠠᠭ᠎ᠠ | ᠮᠥᠴᠢᠷ ᠤᠳ ᠡᠯ᠎ᠡ ᠵᠦᠢᠯ ᠤᠨ ᠵᠠᠭᠤᠴᠢᠯᠠᠭᠤᠷ ᠢ ᠪᠦᠲᠦᠮᠵᠢᠲᠡᠶ ᠠᠰᠢᠭᠯᠠᠵᠤ᠂ ᠲᠤᠷᠰᠢᠯᠭ᠎ᠠ ᠠᠷᠭ᠎ᠠ ᠪᠠᠷᠢᠯ ᠢ ᠴᠠᠭ | ᠲᠤᠬᠠᠶ ᠳᠤ ᠨᠢ ᠰᠠᠶᠢᠲᠤᠷ ᠳ᠋ᠦᠩᠨᠡᠵᠦ᠂ ᠬᠤᠤᠰᠯᠠᠯ ᠪᠣᠯᠵᠤ ᠬᠠᠪᠰᠤᠷᠤᠨ ᠲᠡᠳᠬᠦᠬᠦ ᠰᠢᠨ᠎ᠡ ᠡᠭᠦᠳᠦᠯᠲᠡ ᠶᠢᠨ ᠠᠷᠭ᠎ᠠ | ᠪᠠᠷᠢᠯ ᠢ ᠰᠠᠶᠢᠲᠤᠷ ᠤᠬᠠᠭᠤᠯᠵᠤ᠂ ᠶᠠᠳᠠᠭᠤ ᠶᠢ ᠲᠡᠳᠬᠦᠵᠦ ᠬᠦᠴᠢᠷᠳᠡᠯ ᠢ ᠲᠤᠰᠠᠯᠠᠬᠤ ᠰᠠᠶᠢᠨ ᠦᠢᠯᠡ | ᠠᠵᠢᠯᠯᠠᠭ᠎ᠠ ᠶᠢ ᠰᠠᠶᠢᠲᠤᠷ ᠤᠬᠠᠭᠤᠯᠤᠨ᠂ ᠴᠢᠨᠡᠭᠡᠯᠢᠭ ᠨᠡᠶᠢᠭᠡᠮ ᠳᠤ ᠬᠠᠮᠲᠤᠪᠠᠷ ᠳᠠᠪᠰᠢᠬᠤ ᠶᠠᠳᠠᠭᠤ ᠶᠢ ᠲᠡᠳᠬᠦᠬᠦ | ᠦᠯᠢᠭᠡᠷ ᠢ ᠰᠠᠶᠢᠲᠤᠷ ᠶᠠᠷᠢᠵᠤ᠂ ᠳᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠢ ᠣᠯᠠᠨ ᠵᠦᠢᠯ ᠤᠨ ᠬᠡᠯᠪᠡᠷᠢ ᠪᠠᠷ ᠨᠤᠲᠠᠯᠠᠨ ᠵᠣᠷᠢᠭᠵᠢᠭᠤᠯᠵᠤ᠂ ᠶᠠᠳᠠᠭᠤ ᠶᠢ ᠰᠠᠶᠢᠨ ᠰᠠᠶᠢᠬᠠᠨ ᠲᠡᠳᠬᠦᠬᠦ | ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃ ᠥᠷᠭᠡᠨ ᠣᠯᠠᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯᠲᠠᠨ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠦᠢᠯᠡᠰ ᠴᠣᠭᠴᠠᠯᠠᠬᠤ ᠣᠷᠭᠢᠯᠤᠮ᠎ᠠ | ᠰᠡᠳᠬᠢᠯᠭᠡ ᠪᠠᠨ ᠡᠭᠦᠷᠢᠳᠡ ᠬᠠᠳᠠᠭᠠᠯᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠢᠳᠡᠪᠬᠢᠲᠡᠢ ᠣᠷᠣᠯᠴᠠᠵᠤ᠂ ᠠᠵᠤ ᠠᠬᠤᠶᠢᠯᠠᠯ ᠤᠨ ᠰᠢᠨ᠎ᠡ ᠶᠢ | ᠡᠭᠦᠳᠬᠦ ᠬᠦᠴᠦᠨ᠂ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠩ ᠥᠷᠭᠡᠨ ᠠᠭᠤᠳᠠᠮ | ᠲᠠᠪᠴᠠᠩ ᠳᠡᠭᠡᠷ᠎ᠡ ᠡᠷᠳᠡᠮ ᠴᠢᠳᠠᠪᠤᠷᠢ ᠪᠠᠨ ᠭᠠᠶᠢᠬᠠᠭᠤᠯᠵᠤ᠂ ᠲᠦᠩᠯᠢᠶᠣᠤ ᠶᠢᠨ ᠴᠢᠨᠠᠷ ᠰᠠᠶᠢᠲᠠᠢ ᠬᠥᠭᠵᠢᠯᠲᠡ ᠳᠤ | ᠲᠠᠬᠢᠨ ᠰᠢᠨ᠎ᠡ ᠭᠠᠪᠢᠶ᠎ᠠ ᠪᠠᠶᠢᠭᠤᠯᠲᠤᠭᠠᠢ ᠭᠡᠪᠡ᠃ |