7 ᠰᠠᠷ᠎ᠠ ᠶᠢᠨ 20 ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠤᠷᠢᠨ ᠨᠢᠭᠡᠳᠦᠭᠡᠷ ᠬᠤᠷᠠᠯ | ᠬᠦᠬᠡᠬᠤᠳᠠ ᠳᠤ ᠡᠬᠢᠯᠡᠬᠦ ᠶᠢᠨ ᠬᠠᠮᠳᠣ ᠠᠩᠬᠠᠳᠣᠭᠠᠷ ᠤᠳᠠᠭ᠎ᠠ ᠶᠢᠨ ᠪᠦᠭᠦᠳᠡ ᠬᠤᠷᠠᠯ ᠬᠢᠪᠠ᠃ | ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠪᠦᠷᠢᠯᠳᠦᠭᠦᠨ ᠤᠳᠤ 63 ᠬᠦᠮᠦᠨ ᠪᠣᠢ᠂ | 58 ᠬᠦᠮᠦᠨ ᠨᠢ ᠲᠤᠰ ᠤᠳᠠᠭ᠎ᠠ ᠶᠢᠨ ᠬᠤᠷᠠᠯ ᠳᠤ ᠤᠷᠤᠯᠴᠠᠵᠦ᠂ ᠬᠠᠤᠯᠢ ᠳᠤ ᠲᠤᠬᠳᠠᠭᠠᠬᠰᠠᠨ ᠬᠦᠮᠦᠨ ᠤ | ᠲᠤᠭ᠎ᠠ ᠳᠤ ᠨᠡᠶᠢᠴᠡᠪᠡ᠃ | | | | | | | | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠸᠡᠭ ᠬᠤᠷᠠᠯ ᠢ ᠡᠷᠬᠢᠯᠡᠵᠠᠢ᠃ ᠦᠪᠡᠷᠳᠡᠭᠡᠨ ᠵᠠᠰᠠᠬᠤ | ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠪᠠᠶᠢᠡᠭᠭᠤ ᠶᠢᠨ ᠲᠡᠳ᠋ | ᠡᠷᠬᠢᠯᠡᠭᠴᠢ ᠨᠠᠰᠤᠨᠮᠦ᠋ᠡᠭᠭᠡ᠂ ᠲᠡᠳ᠋ ᠡᠷᠬᠢᠯᠡᠭᠴᠢ ᠸᠠᠩ ᠪᠦᠸᠧ᠂ ᠡᠤ ᠲᠤᠸᠠᠨ ᠶᠢᠩ᠂ ᠯᠢ ᠷᠦᠡᠭ ᠰᠢ᠂ ᠯᠢᠶᠠᠨ ᠰᠤ᠋᠂ | ᠵᠠᠩ ᠶᠤᠸᠠᠨ ᠵᠦᠡᠭ᠂ ᠾᠧ ᠶᠠᠨ ᠯᠢᠩ᠂ ᠨᠠᠷᠢᠨ ᠪᠢᠴᠢᠭ ᠤᠨ ᠲᠠᠷᠤᠭ᠎ᠠ ᠱᠢ ᠸᠧᠨ ᠰᠢᠤᠸᠠᠢ ᠵᠢᠴᠢ ᠪᠠᠶᠢᠡᠭᠭᠤ ᠶᠢᠨ | ᠬᠤᠷᠢᠶ᠎ᠠ ᠶᠢᠨ ᠭᠡᠰᠢᠭᠦᠳ ᠬᠤᠷᠠᠯ ᠳᠤ ᠤᠷᠤᠯᠴᠠᠵᠠᠢ᠃ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠵᠸᠡᠭ | ᠬᠤᠨᠭ᠌ ᠹᠠᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠭᠡ ᠶᠢᠨ ᠰᠢᠭᠦᠭᠦ ᠬᠤᠷᠢᠶᠠᠨ ᠤ ᠲᠠᠷᠤᠭ᠎ᠠ | ᠶᠠᠩ ᠽᠦᠡᠭ ᠷᠧᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠴᠢ | ᠲᠠᠷᠤᠭ᠎ᠠ ᠯᠢ ᠴᠢ ᠯᠢᠨ ᠬᠤᠷᠠᠯ ᠳᠤ ᠰᠤᠯᠠ ᠤᠷᠤᠯᠴᠠᠵᠠᠢ᠃ | ᠬᠤᠷᠠᠯ ᠤᠨ ᠵᠦᠪᠯᠡᠭᠦ ᠵᠦᠢᠯᠡᠰ ᠢ ᠪᠠᠳᠤᠯᠠᠬᠰᠠᠨ ᠤ ᠲᠠᠷᠠᠭ᠎ᠠ᠂ ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ | ᠲᠡᠳ᠋ ᠲᠡᠷᠢᠭᠦᠯᠡᠭᠴᠢ ᠵᠸᠡᠭ ᠬᠤᠨᠭ᠌ ᠹᠠᠨ ᠤ ᠬᠢᠭᠰᠡᠨ ᠲᠤᠰᠢᠶᠠᠯ ᠳᠤ ᠲᠤᠮᠢᠯᠠᠵᠦ ᠲᠤᠰᠢᠶᠠᠯ ᠠᠴᠠ ᠨᠢ ᠪᠠᠭᠤᠯᠭᠠᠬᠤ ᠪᠠᠷ | ᠲᠡᠪᠰᠢᠭᠦᠯᠦᠭᠰᠡᠨ ᠬᠦᠮᠦᠰ ᠤᠨ ᠪᠠᠶᠢᠳᠠᠯ ᠤᠨ ᠲᠤᠬᠠᠢ ᠲᠤᠳᠤᠷᠬᠠᠢᠢᠯᠠᠯᠳᠠ ᠶᠢ ᠰᠤᠨᠤᠰᠪᠠ︔ ᠦᠪᠡᠷᠳᠡᠭᠡᠨ ᠵᠠᠰᠠᠬᠤ | ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠡᠳ᠋ ᠡᠷᠬᠢᠯᠡᠭᠴᠢ | ᠯᠢᠶᠠᠨ ᠰᠤ᠋ ᠶᠢᠨ ᠬᠢᠭᠰᠡᠨ ᠲᠤᠰᠢᠶᠠᠯ ᠳᠤ ᠲᠤᠮᠢᠯᠠᠵᠦ ᠲᠤᠰᠢᠶᠠᠯ ᠠᠴᠠ ᠨᠢ ᠪᠠᠭᠤᠯᠭᠠᠬᠤ ᠪᠠᠷ ᠲᠡᠪᠰᠢᠭᠦᠯᠦᠭᠰᠡᠨ | ᠬᠦᠮᠦᠰ ᠤᠨ ᠪᠠᠶᠢᠳᠠᠯ ᠤᠨ ᠲᠤᠬᠠᠢ ᠲᠤᠳᠤᠷᠬᠠᠢᠢᠯᠠᠯᠳᠠ ᠶᠢ ᠰᠤᠨᠤᠰᠪᠠ᠃ | ᠬᠤᠷᠠᠯ ᠠᠴᠠ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠦᠯᠦᠭᠡᠯᠡᠭᠴᠢ ᠶᠢᠨ ᠬᠢᠷᠢ ᠭᠡᠮ ᠢ ᠬᠢᠨᠠᠨ | ᠪᠠᠶᠢᠴᠠᠭᠠᠬᠤ ᠵᠦᠪᠯᠡᠯ ᠤᠨ ᠲᠡᠳ᠋ ᠡᠷᠬᠢᠯᠡᠭᠴᠢ ᠭᠡᠰᠢᠭᠦᠨ ᠰᠦᠨ ᠸᠧᠢ ᠳ᠋ᠦᠡᠭ ᠤᠨ ᠬᠢᠭᠰᠡᠨ ᠤᠨᠴᠠ ᠵᠠᠷᠢᠮ | ᠲᠦᠯᠦᠭᠡᠯᠡᠭᠴᠢ ᠶᠢᠨ ᠲᠦᠯᠦᠭᠡᠯᠡᠭᠴᠢ ᠶᠢᠨ ᠬᠢᠷᠢ ᠭᠡᠮ ᠤᠨ ᠲᠤᠬᠠᠢ ᠮᠡᠳᠡᠭᠦᠯᠦᠯᠳᠡ ᠶᠢ ᠰᠤᠨᠤᠰᠪᠠ︔ ᠦᠪᠡᠷᠳᠡᠭᠡᠨ | ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠦᠪᠯᠡᠯ ᠤᠨ ᠲᠡᠳ᠋ | ᠡᠷᠬᠢᠯᠡᠭᠴᠢ ᠭᠡᠰᠢᠭᠦᠨ ᠡᠤ ᠭᠦᠸᠧ ᠷᠦᠢ᠂ ᠪᠢᠯᠢᠭᠭᠦᠦ ᠶᠢᠨ ᠲᠤᠰ ᠲᠤᠰ ᠬᠢᠭᠰᠡᠨ ︽ᠦᠪᠤᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠰᠢᠨᠵᠢᠯᠡᠭᠦ ᠤᠬᠠᠭᠠᠨ ᠢ ᠲᠦᠭᠡᠮᠡᠯᠵᠢᠭᠦᠯᠭᠦ ᠲᠦᠷᠢᠮ ︵ᠲᠦᠰᠦᠯ︶︾ | ᠪᠠ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠤᠰᠤᠨ ᠱᠠᠳᠤᠨ ᠤ ᠶᠡᠷᠦᠩᠭᠡᠶᠢᠯᠡᠭᠰᠡᠨ ᠵᠠᠰᠠᠬ | ᠵᠠᠬᠢᠷᠭᠠᠨ ᠤ ᠬᠠᠤᠯᠢ ᠬᠡᠷᠡᠭᠵᠢᠭᠦᠯᠭᠦ ᠲᠦᠷᠢᠮ ︵ᠲᠦᠰᠦᠯ︶︾ ᠢ ᠬᠢᠨᠡᠨ ᠵᠦᠪᠯᠡᠭᠰᠡᠨ ᠦᠷ᠎ᠠ ᠳ᠋ᠦᠡᠭ ᠤᠨ | ᠮᠡᠳᠡᠭᠦᠯᠦᠯᠳᠡ ᠶᠢ ᠰᠤᠨᠤᠰᠪᠠ︔ ᠦᠪᠡᠷᠳᠡᠭᠡᠨ ᠵᠠᠰᠠᠬᠤ ᠤᠷᠤᠨ ᠤ ᠤᠷᠤᠨ ᠨᠤᠳᠤᠬ ᠤᠨ ᠮᠦᠡᠭᠭᠦᠨ ᠭᠦᠢᠯᠭᠡᠭᠡ ᠶᠢ | ᠬᠢᠨᠠᠨ ᠬᠠᠮᠢᠶᠠᠷᠬᠤ ᠲᠤᠪᠴᠢᠶ᠎ᠠ ᠶᠢᠨ ᠲᠠᠷᠤᠭ᠎ᠠ ᠵᠢᠶᠠᠩ ᠬᠤᠸᠠ ᠶᠢᠨ ᠬᠢᠭᠰᠡᠨ ︽ᠦᠪᠤᠷ ᠮᠤᠩᠭᠤᠯ ᠤᠨ ᠦᠪᠡᠷᠳᠡᠭᠡᠨ | ᠵᠠᠰᠠᠬᠤ ᠤᠷᠤᠨ ᠤ ᠤᠷᠤᠨ ᠨᠤᠳᠤᠬ ᠤᠨ ᠮᠦᠡᠭᠭᠦᠨ ᠭᠦᠢᠯᠭᠡᠭᠡ ᠶᠢ ᠬᠢᠨᠠᠨ ᠬᠠᠮᠢᠶᠠᠷᠬᠤ ᠲᠦᠷᠢᠮ ︵ᠲᠦᠰᠦᠯ︶︾ | ᠤᠨ ᠲᠤᠬᠠᠢ ᠲᠤᠳᠤᠷᠬᠠᠢᠢᠯᠠᠯᠳᠠ ᠶᠢ ᠰᠤᠨᠤᠰᠪᠠ︔ ᠦᠪᠡᠷᠳᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ | ᠵᠦᠭᠡᠭᠡᠪᠤᠷᠢ ᠶᠢᠨ ᠲᠢᠩᠭᠢᠮ ᠤᠨ ᠲᠠᠷᠤᠭ᠎ᠠ ᠪᠠᠢ ᡁᠢ ᠶᠢᠨ ᠬᠢᠭᠰᠡᠨ ︽ᠦᠪᠤᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠠᠮ ᠤᠨ ᠲᠦᠷᠢᠮ ︵ᠲᠦᠰᠦᠯ︶︾ ᠤᠨ ᠲᠤᠬᠠᠢ | ᠲᠤᠳᠤᠷᠬᠠᠢᠢᠯᠠᠯᠳᠠ ᠶᠢ ᠰᠤᠨᠤᠰᠪᠠ︔ ᠦᠪᠡᠷᠳᠡᠭᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠭᠢᠮ ᠤᠨ | ᠲᠠᠷᠤᠭ᠎ᠠ ᠬᠤᠤ ᠽᠧ ᠵᠢᠶᠦ᠋ᠨ ᠤ ᠬᠢᠭᠰᠡᠨ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠠᠨ | ᠨᠡᠶᠢᠳᠡ ᠶᠢᠨ ᠠᠮᠤᠷ ᠲᠦᠪᠰᠢᠨ ᠢ ᠮᠡᠷᠭᠡᠵᠢᠯ ᠢᠶᠠᠷ ᠰᠡᠷᠭᠡᠶᠢᠯᠡᠨ ᠬᠠᠮᠠᠭᠠᠯᠠᠬᠤ ᠬᠠᠮᠢᠶᠠᠷᠣᠯᠳᠠ ᠶᠢᠨ ᠲᠦᠷᠢᠮ︾ ᠵᠡᠷᠭᠡ | 4 ᠤᠷᠤᠨ ᠨᠤᠳᠤᠬ ᠤᠨ ᠴᠢᠨᠠᠷᠳᠠᠢ ᠬᠠᠤᠯᠢ ᠳᠣᠭᠳᠠᠭᠠᠯ ᠳᠤ ᠵᠠᠰᠠᠪᠤᠷᠢ ᠤᠷᠤᠭᠤᠯᠬᠤ ᠨᠤᠤᠷᠠᠬ ︵ᠲᠦᠰᠦᠯ︶ ᠤᠨ | ᠲᠤᠬᠠᠢ ᠲᠤᠳᠤᠷᠬᠠᠢᠢᠯᠠᠯᠳᠠ ᠪᠠ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠡᠷᠭᠡᠵᠢᠯ ᠤᠨ ᠵᠠᠬ᠎ᠠ | ᠲᠡᠯᠭᠡᠭᠦᠷ ᠤᠨ ᠬᠠᠮᠢᠶᠠᠷᠤᠯᠳᠠ ᠶᠢᠨ ᠲᠦᠷᠢᠮ︾ ᠵᠡᠷᠭᠡ 4 ᠤᠷᠤᠨ ᠨᠤᠳᠤᠬ ᠤᠨ ᠴᠢᠨᠠᠷᠳᠠᠢ ᠬᠠᠤᠯᠢ ᠳᠣᠭᠳᠠᠭᠠᠯ ᠢ | ᠬᠦᠴᠦᠨ ᠦᠭᠡᠢ ᠪᠤᠯᠭᠠᠬᠤ ᠲᠤᠬᠠᠢ ᠲᠤᠳᠤᠷᠬᠠᠢᠢᠯᠠᠯᠳᠠ ᠶᠢ ᠰᠤᠨᠤᠰᠪᠠ᠃ | ᠬᠤᠷᠠᠯ ᠠᠴᠠ᠂ ᠬᠦᠭᠡᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶᠠᠨ ᠤ ᠡᠷᠬᠢᠯᠡᠭᠴᠢ ᠶᠦᠨ ᠵᠢᠶᠠᠨ ᠳ᠋ᠦᠡᠭ ᠤᠨ ᠬᠢᠭᠰᠡᠨ ︽ᠬᠦᠬᠡᠬᠤᠳᠠ ᠶᠢᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠴᠢᠬᠤᠯᠠ ᠵᠦᠢᠯᠡᠰ ᠢ ᠵᠦᠪᠳᠡᠨ ᠲᠤᠬᠳᠠᠭᠠᠬᠤ | ᠲᠤᠬᠳᠠᠭᠠᠯ︾ ᠳᠤ ᠵᠠᠰᠠᠪᠤᠷᠢ ᠤᠷᠤᠭᠤᠯᠬᠤ ᠲᠤᠬᠠᠢ ᠬᠦᠭᠡᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠤᠬᠳᠠᠭᠠᠯ ᠤᠨ ᠲᠤᠬᠠᠢ ᠲᠤᠳᠤᠷᠬᠠᠢᠢᠯᠠᠯᠳᠠ ᠪᠠ ︽ᠬᠦᠭᠡᠬᠤᠳᠠ ᠶᠢᠨ | ᠨᠤᠬᠠᠢ ᠲᠡᠵᠢᠭᠡᠭᠦ ᠬᠠᠮᠢᠶᠠᠷᠤᠯᠳᠠ ᠶᠢᠨ ᠲᠦᠷᠢᠮ︾ ᠳᠤ ᠵᠠᠰᠠᠪᠤᠷᠢ ᠤᠷᠤᠭᠤᠯᠬᠤ ᠲᠤᠬᠠᠢ ᠬᠦᠭᠡᠬᠤᠳᠠ ᠶᠢᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠤᠬᠳᠠᠭᠠᠯ ᠤᠨ ᠲᠤᠬᠠᠢ | ᠲᠤᠳᠤᠷᠬᠠᠢᠢᠯᠠᠯᠳᠠ ᠶᠢ ᠰᠤᠨᠤᠰᠪᠠ︔ ᠤᠷᠳᠤᠰ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠡᠭᠭᠤ ᠶᠢᠨ ᠬᠤᠷᠢᠶᠠᠨ ᠤ ᠡᠷᠭᠢᠯᠡᠭᠴᠢ ᠴᠢ᠊·ᠪᠢᠰᠢᠷᠡᠯᠳᠤ ᠶᠢᠨ ᠬᠢᠭᠰᠡᠨ ︽ᠤᠷᠳᠤᠰ ᠬᠤᠳᠠ ᠶᠢᠨ ᠪᠤᠬᠢᠷᠳᠤᠯ | ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠬᠠᠮᠢᠶᠠᠷᠣᠯᠳᠠ ᠶᠢᠨ ᠲᠦᠷᠢᠮ︾ ᠤᠨ ᠲᠤᠬᠠᠢ ᠲᠤᠳᠤᠷᠬᠠᠢᠢᠯᠠᠯᠳᠠ ᠶᠢ | ᠰᠤᠨᠤᠰᠪᠠ︔ ᠦᠬᠠᠢ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶᠠᠨ ᠤ ᠡᠷᠬᠢᠯᠡᠭᠴᠢ ᠬᠠᠨ ᠭᠦᠸᠧ ᠡᠤ ᠶᠢᠨ ᠬᠢᠭᠰᠡᠨ ︽ᠦᠬᠠᠢ ᠬᠤᠳᠠ ᠶᠢᠨ ᠭᠠᠵᠠᠷ ᠲᠤᠤᠷᠠᠬᠢ ᠤᠰᠤ ᠶᠢ | ᠬᠠᠮᠠᠭᠠᠯᠠᠬᠤ ᠲᠦᠷᠢᠮ︾ ᠤᠨ ᠲᠤᠬᠠᠢ ᠲᠤᠳᠤᠷᠬᠠᠢᠢᠯᠠᠯᠳᠠ ᠶᠢ ᠰᠤᠨᠤᠰᠪᠠ︔ ᠮᠤᠷᠢᠨᠳᠠᠪᠠᠭ᠎ᠠ ᠶᠢᠨ ᠲᠠᠭᠤᠷ | ᠦᠨᠳᠤᠰᠦᠳᠡᠨ ᠤ ᠦᠪᠡᠷᠳᠡᠭᠡᠨ ᠵᠠᠰᠠᠬᠤ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠵᠠᠩ ᠮᠢᠩ ᠮᠢᠩ ᠤᠨ ᠬᠢᠭᠰᠡᠨ ︽ᠮᠤᠷᠢᠨᠳᠠᠪᠠᠭ᠎ᠠ ᠶᠢᠨ ᠲᠠᠭᠤᠷ | ᠦᠨᠳᠤᠰᠦᠳᠡᠨ ᠤ ᠦᠪᠡᠷᠳᠡᠭᠡᠨ ᠵᠠᠰᠠᠬᠤ ᠬᠤᠰᠢᠭᠤᠨ ᠤ ᠬᠤᠳᠠ ᠶᠢᠨ ᠲᠦᠷᠢ ᠲᠦᠷᠭᠦ ᠪᠠ ᠤᠷᠴᠢᠨ ᠲᠤᠭᠤᠷᠢᠨ ᠤ | ᠡᠷᠡᠭᠦᠯ ᠬᠠᠮᠠᠭᠠᠯᠠᠯ ᠤᠨ ᠬᠠᠮᠢᠶᠠᠷᠤᠯᠳᠠ ᠶᠢᠨ ᠲᠦᠷᠢᠮ︾ ᠳᠤ ᠵᠠᠰᠠᠪᠣᠷᠢ ᠣᠷᠣᠭᠤᠯᠬᠤ ᠲᠤᠬᠠᠢ ᠲᠤᠳᠤᠷᠬᠠᠢᠢᠯᠠᠯᠳᠠ ᠶᠢ | ᠰᠤᠨᠤᠰᠪᠠ︔ ᠡᠸᠡᠩᠭᠢ ᠦᠨᠳᠦᠰᠦᠳᠡᠨ ᠤ ᠦᠪᠡᠷᠳᠡᠭᠡᠨ ᠵᠠᠰᠠᠬᠤ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠮᠢᠨ ᠵᠢᠶᠧ ᠶᠢᠨ ᠬᠢᠭᠰᠡᠨ ︽ᠡᠸᠡᠩᠭᠢ ᠦᠨᠳᠦᠰᠦᠳᠡᠨ ᠤ | ᠦᠪᠡᠷᠳᠡᠭᠡᠨ ᠵᠠᠰᠠᠬᠤ ᠬᠤᠰᠢᠭᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠦᠷᠢᠮ︾ ᠪᠠ ︽ᠡᠸᠡᠩᠭᠢ | ᠦᠨᠳᠦᠰᠦᠳᠡᠨ ᠤ ᠦᠪᠡᠷᠳᠡᠭᠡᠨ ᠵᠠᠰᠠᠬᠤ ᠬᠤᠰᠢᠭᠤᠨ ᠤ ᠬᠤᠳᠠ ᠶᠢᠨ ᠲᠦᠷᠢ ᠲᠦᠷᠭᠦ ᠪᠠ ᠤᠷᠴᠢᠨ ᠲᠤᠭᠤᠷᠢᠨ ᠤ | ᠡᠷᠡᠭᠦᠯ ᠬᠠᠮᠠᠭᠠᠯᠠᠯ ᠤᠨ ᠬᠠᠮᠢᠶᠠᠷᠤᠯᠳᠠ ᠶᠢᠨ ᠲᠦᠷᠢᠮ︾ ᠢ ᠬᠦᠴᠦᠨ ᠦᠭᠡᠢ ᠪᠤᠯᠭᠠᠬᠤ ᠲᠤᠬᠠᠢ ᠡᠸᠡᠩᠭᠢ | ᠦᠨᠳᠦᠰᠦᠳᠡᠨ ᠤ ᠦᠪᠡᠷᠳᠡᠭᠡᠨ ᠵᠠᠰᠠᠬᠤ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠤᠬᠳᠠᠭᠠᠯ ᠤᠨ ᠲᠤᠬᠠᠢ ᠲᠤᠳᠤᠷᠬᠠᠢᠢᠯᠠᠯᠳᠠ ᠶᠢ ᠰᠤᠨᠤᠰᠪᠠ᠃ | ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠡᠭᠭᠤ ᠶᠢᠨ ᠬᠤᠷᠢᠶᠠᠨ ᠤ ᠲᠡᠳ᠋ ᠡᠷᠬᠢᠯᠡᠭᠴᠢ ᠸᠠᠩ ᠪᠦᠸᠧ ᠶᠢᠨ ᠬᠢᠭᠰᠡᠨ ᠦᠪᠡᠷᠳᠡᠭᠡᠨ ᠵᠠᠰᠠᠬᠤ ᠤᠷᠤᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠠᠤᠯᠢ ᠬᠡᠷᠡᠭᠵᠢᠭᠦᠯᠦᠭᠰᠡᠨ | ᠪᠠᠶᠢᠳᠠᠯ ᠢ ᠪᠠᠶᠢᠴᠠᠭᠠᠬᠤ ᠲᠤᠭᠤᠢᠢᠯᠠᠩ ᠤᠨ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠭᠡᠭᠡᠷ᠎ᠠ ᠶᠢᠨ | ᠠᠮᠢᠳᠠᠨ ᠢ ᠬᠠᠮᠠᠭᠠᠯᠠᠬᠤ ᠬᠠᠤᠯᠢ︾ ︽ᠭᠡᠭᠡᠷ᠎ᠠ ᠶᠢᠨ ᠠᠮᠢᠳᠠᠨ ᠢ ᠲᠤᠷ᠎ᠠ ᠪᠠᠷ ᠠᠷᠠᠯᠵᠢᠶᠠᠯᠠᠬᠤ ᠶᠢ ᠪᠦᠭᠦ ᠲᠠᠯ᠎ᠠ ᠪᠠᠷ | ᠴᠠᠭᠠᠵᠠᠯᠠᠬᠤ᠂ ᠭᠡᠭᠡᠷ᠎ᠠ ᠶᠢᠨ ᠠᠮᠢᠳᠠᠨ ᠢ ᠲᠤᠷ᠎ᠠ ᠪᠠᠷ ᠢᠳᠡᠭᠦ ᠪᠤᠯᠬᠢ ᠲᠠᠳᠬᠠᠯ ᠢ ᠠᠷᠢᠯᠭᠠᠬᠤ᠂ ᠠᠷᠠᠳ ᠤᠯᠠᠨ ᠤ | ᠠᠮᠢ ᠨᠠᠰᠤᠨ ᠤ ᠡᠷᠡᠭᠦᠯ ᠮᠠᠨᠳᠤ ᠠᠮᠤᠷ ᠲᠦᠪᠰᠢᠨ ᠢ ᠦᠨᠡᠨ ᠬᠦ ᠪᠠᠳᠤᠯᠠᠬᠤ ᠲᠤᠬᠠᠢ ᠪᠦᠭᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠤᠬᠳᠠᠭᠠᠯ︾ ᠪᠠ ︽ᠦᠪᠤᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ︿ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠭᠡᠭᠡᠷ᠎ᠠ ᠶᠢᠨ ᠠᠮᠢᠳᠠᠨ ᠢ | ᠬᠠᠮᠠᠭᠠᠯᠠᠬᠤ ᠬᠠᠤᠯᠢ﹀ ᠶᠢ ᠬᠡᠷᠡᠭᠵᠢᠭᠦᠯᠭᠦ ᠠᠷᠭ᠎ᠠ︾ ᠶᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠭᠰᠡᠨ ᠲᠤᠬᠠᠢ | ᠮᠡᠳᠡᠭᠦᠯᠦᠯᠳᠡ ᠶᠢ ᠰᠤᠨᠤᠰᠪᠠ︔ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠵᠸᠡᠭ ᠬᠤᠨᠭ᠌ ᠹᠠᠨ ᠤ | ᠬᠢᠭᠰᠡᠨ ᠬᠠᠳᠤᠨ ᠭᠤᠤᠯ ᠤᠨ ᠰᠠᠪᠠ ᠭᠠᠵᠠᠷ ᠤᠨ ᠦᠪᠤᠷ ᠮᠤᠩᠭᠤᠯ ᠤᠨ ᠬᠡᠰᠡᠭ ᠤᠨ ᠠᠮᠢ ᠠᠬᠤᠢ ᠶᠢᠨ ᠬᠠᠮᠠᠭᠠᠯᠠᠯᠳᠠ | ᠪᠠ ᠴᠢᠨᠠᠷ ᠰᠠᠶᠢᠳᠠᠢ ᠬᠦᠭᠵᠢᠯᠳᠠ ᠶᠢᠨ ᠪᠠᠶᠢᠳᠠᠯ ᠤᠨ ᠲᠤᠬᠠᠢ ᠮᠡᠳᠡᠭᠦᠯᠦᠯᠳᠡ ᠶᠢ ᠰᠤᠨᠤᠰᠪᠠ᠃ | ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠯ᠎ᠠ ᠲᠤᠰᠬᠠᠢ | ᠵᠦᠪᠯᠡᠯ ᠤᠨ ᠭᠡᠰᠢᠭᠦᠨ᠂ ᠬᠡᠰᠡᠭ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢ᠂ ᠦᠪᠡᠷᠳᠡᠭᠡᠨ | ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠵᠢᠯ ᠤᠨ | ᠪᠠᠶᠢᠭᠤᠯᠤᠮᠵᠢ ᠪᠠ ᠠᠶᠢᠮᠠᠬ ᠤᠨ ᠠᠵᠢᠯ ᠤᠨ ᠵᠦᠪᠯᠡᠯ ᠤᠨ ᠬᠠᠷᠢᠭᠤᠴᠠᠯᠭᠠᠳᠠᠨ ᠨᠦᠭᠦᠳ᠂ ᠡᠯ᠎ᠠ ᠲᠤᠭᠤᠷᠢᠭ ᠲᠠᠢ | ᠬᠤᠳᠠ᠂ ᠲᠤᠰᠠᠭᠠᠷ ᠲᠦᠯᠦᠪᠯᠡᠭᠡᠳᠤ ᠬᠤᠳᠠ ᠪᠠ ᠦᠪᠡᠷᠳᠡᠭᠡᠨ ᠵᠠᠰᠠᠬᠤ ᠬᠤᠰᠢᠭᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠠᠷᠢᠭᠤᠴᠠᠯᠭᠠᠳᠠᠨ ᠨᠦᠭᠦᠳ᠂ ᠦᠪᠡᠷᠳᠡᠭᠡᠨ | ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠬᠠᠮᠢᠶ᠎ᠠ ᠪᠦᠭᠦᠢ ᠰᠠᠯᠠᠭ᠎ᠠ ᠮᠦᠴᠢᠷ᠂ ᠦᠪᠡᠷᠳᠡᠭᠡᠨ ᠵᠠᠰᠠᠬᠤ | ᠤᠷᠤᠨ ᠤ ᠬᠢᠨᠠᠨ ᠪᠠᠶᠢᠴᠠᠭᠠᠬᠤ ᠵᠦᠪᠯᠡᠯ ᠤᠨ ᠬᠠᠷᠢᠭᠤᠴᠠᠯᠭᠠᠳᠠᠨ ᠨᠦᠭᠦᠳ ᠬᠤᠷᠠᠯ ᠳᠤ ᠰᠤᠯᠠ ᠤᠷᠤᠯᠴᠠᠵᠠᠢ᠃ |