ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ ᠪᠣᠯ ᠠᠮᠤ ᠪᠤᠳᠠᠭᠠᠨ ᠤ | ᠦᠢᠯᠡᠳᠪᠦᠷᠢᠯᠡᠯ ᠤᠨ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠢ ᠪᠠᠲᠤᠯᠠᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠃ ᠣᠶᠢᠷ᠎ᠠ ᠶᠢᠨ ᠵᠢᠯ ᠤᠨ ᠲᠤᠷᠰᠢ᠂ ᠪᠤᠭᠤᠲᠤ | ᠬᠤᠲᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠴᠢᠨᠠᠷ ᠰᠠᠶᠢᠲᠠᠶ ᠪᠦᠲᠦᠭᠡᠨ ᠪᠠᠶᠢᠭᠤᠯᠤᠯᠲᠠ ᠪᠠ ᠴᠢᠨᠠᠷ | ᠰᠠᠶᠢᠲᠠᠶ ᠬᠡᠷᠡᠭᠯᠡᠯᠲᠡ ᠶᠢᠨ ᠲᠣᠭᠤᠷᠢᠨ ᠳᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠪᠠᠷ ᠭᠤᠣᠯ ᠪᠣᠯᠭᠠᠭᠰᠠᠨ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ | ︽ᠭᠠᠵᠠᠷ ᠰᠢᠷᠤᠢ ᠪᠠᠷ ᠠᠮᠤ ᠲᠠᠷᠢᠶ᠎ᠠ ᠶᠢ ᠪᠠᠲᠤᠯᠠᠵᠤ ᠤᠷ᠎ᠠ ᠮᠡᠷᠭᠡᠵᠢᠯ ᠢᠶᠠᠷ ᠪᠤᠳᠠᠭᠠᠨ ᠤ ᠤᠨᠠᠯᠲᠠ ᠶᠢ | ᠳᠡᠭᠡᠭᠰᠢᠯᠡᠭᠦᠯᠬᠦ︾ ᠶᠢ ᠪᠡᠶᠡᠯᠡᠭᠦᠯᠵᠡᠢ᠃ | ᠪᠤᠭᠤᠲᠤ ᠬᠤᠲᠠ ᠶᠢᠨ ᠲᠠᠷᠢᠶᠠᠨ ᠭᠠᠵᠠᠷ ᠤᠨ ᠲᠠᠯᠠᠪᠠᠶ ᠨᠢ 640 ᠲᠦᠮᠡᠨ ᠮᠥ ᠪᠠᠶᠢᠨ᠎ᠠ᠂ ᠡᠭᠦᠨ ᠳᠤ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ 410 ᠲᠦᠮᠡᠨ ᠮᠥ ᠪᠣᠶ᠃ ᠵᠢᠯ ᠲᠤᠵᠢ ᠲᠠᠷᠢᠶᠠᠯᠠᠬᠤ ᠲᠠᠯᠠᠪᠠᠢ ᠨᠢ | 470 ᠲᠦᠮᠡᠨ ᠮᠦ᠂ ᠠᠮᠤ ᠪᠤᠳᠠᠭᠠᠨ ᠤ ᠲᠠᠷᠢᠮᠠᠯ ᠤᠨ ᠲᠠᠯᠠᠪᠠᠢ 310 ᠲᠦᠮᠡᠨ ᠮᠦ ᠪᠣᠯᠣᠨ᠎ᠠ᠃ 2019 ᠣᠨ ᠳᠤ | ᠥᠪᠡᠷᠲᠡᠭᠡᠨ ᠵᠠᠰᠠᠬᠤ ᠣᠷᠣᠨ ᠠᠴᠠ ᠪᠤᠭᠤᠲᠤ ᠬᠤᠲᠠ ᠳᠤ 30.87 ᠲᠦᠮᠡᠨ ᠮᠥ ᠶᠢᠨ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠭᠤᠯᠭᠠᠵᠤ᠂ ᠪᠠᠷᠢᠯᠭ᠎ᠠ ᠶᠢᠨ ᠬᠤᠭᠤᠴᠠᠭ᠎ᠠ ᠨᠢ | ᠬᠤᠶᠠᠷ ᠵᠢᠯ ᠢᠶᠠᠷ ᠲᠣᠭᠲᠠᠭᠠᠵᠠᠢ᠂ ᠣᠳᠣᠬᠠᠨ ᠳᠤ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠵᠡᠷᠭᠡ ᠡᠮᠦᠨᠡᠬᠢ | ᠬᠤᠭᠤᠴᠠᠭᠠᠨ ᠤ ᠠᠵᠢᠯ ᠢ ᠪᠦᠬᠦᠨ ᠢ ᠪᠡᠶᠡᠯᠡᠭᠦᠯᠵᠦ᠂ ᠠᠵᠢᠯ ᠡᠬᠢᠯᠡᠭᠦᠯᠦᠭᠰᠡᠨ ᠲᠠᠯᠠᠪᠠᠢ ᠨᠢ 11.57 ᠲᠦᠮᠡᠨ | ᠮᠦ ᠳᠤ ᠬᠦᠷᠴᠦ᠂ ᠠᠵᠢᠯ ᠡᠬᠢᠯᠡᠭᠦᠯᠦᠭᠰᠡᠨ ᠨᠣᠷᠮ᠎ᠠ ᠨᠢ 37.5% ᠳᠤ ᠬᠦᠷᠪᠡ᠂ ᠪᠤᠰᠤᠳ ᠨᠢ ᠶᠠᠭ ᠪᠠᠷᠢᠯᠭ᠎ᠠ | ᠪᠠᠷᠢᠬᠤ ᠳᠠᠭᠠᠭᠠᠴᠢᠯᠠᠯᠲᠠ ᠵᠠᠷᠯᠠᠬᠤ ᠠᠵᠢᠯ ᠢ ᠱᠠᠯᠠᠪᠳᠠᠨ ᠥᠷᠨᠢᠭᠦᠯᠵᠦ ᠪᠠᠶᠢᠨ᠎ᠠ᠂ ᠵᠢᠱᠢᠯᠲᠡ ᠪᠠᠷ 10 ᠳ᠋ᠤᠭᠠᠷ | ᠰᠠᠷ᠎ᠠ ᠶᠢᠨ 1 ᠤ ᠡᠳᠦᠷ ᠠᠴᠠ ᠡᠮᠦᠨ᠎ᠡ ᠪᠦᠬᠦᠨ ᠢ ᠠᠵᠢᠯ ᠡᠬᠢᠯᠡᠭᠦᠯᠦᠨ᠎ᠡ᠃ 2020 ᠣᠨ ᠳᠤ ᠪᠣᠭᠤᠲᠣ ᠬᠤᠲᠠ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ 13.06 ᠲᠦᠮᠡᠨ ᠮᠤ᠋ | ᠡᠭᠦᠷᠭᠡᠯᠡᠵᠦ᠂ ᠪᠦᠲᠦᠭᠡᠨ ᠪᠠᠶᠢᠭᠤᠯᠤᠯᠲᠠ ᠶᠢᠨ ᠡᠭᠦᠷᠭᠡ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠪᠡᠯᠡ | ᠮᠥᠩᠭᠦ ᠶᠢ ᠴᠥᠮ ᠬᠤᠰᠢᠭᠤ ᠰᠢᠶᠠᠨ ᠲᠣᠭᠤᠷᠢᠭ ᠲᠤ ᠪᠠᠭᠤᠯᠭᠠᠵᠤ᠂ ᠪᠣᠳᠠᠲᠠᠶ ᠭᠠᠵᠠᠷ ᠲᠤ ᠨᠢ ᠬᠠᠶᠢᠨ ᠰᠢᠨᠵᠢᠬᠦ᠂ | ᠠᠩᠬ᠎ᠠ ᠠᠯᠬᠤᠮ ᠤᠨ ᠵᠢᠷᠤᠭ ᠲᠥᠯᠥᠪᠯᠡᠭᠡ ᠬᠢᠬᠦ ᠵᠡᠷᠭᠡ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠵᠡᠷᠭᠡᠪᠡᠷ | ᠥᠷᠨᠢᠭᠦᠯᠵᠦ᠂ ᠵᠢᠱᠢᠯᠲᠡ ᠪᠠᠷ 9 ᠳ᠋ᠦ᠋ᠭᠡᠷ ᠰᠠᠷ᠎ᠠ ᠶᠢᠨ ᠰᠡᠭᠦᠯᠴᠢ ᠪᠠᠷ ᠪᠦᠬᠦᠨ ᠢ ᠠᠵᠢᠯ ᠡᠬᠢᠯᠡᠭᠦᠯᠦᠨ ᠪᠦᠲᠦᠭᠡᠨ | ᠪᠠᠶᠢᠭᠤᠯᠵᠤ᠂ ᠢᠷᠡᠬᠦ ᠵᠢᠯ ᠤᠨ 6 ᠳ᠋ᠤᠭᠠᠷ ᠰᠠᠷ᠎ᠠ ᠶᠢᠨ ᠰᠡᠭᠦᠯᠴᠢ ᠪᠠᠷ ᠪᠠᠷᠢᠯᠭ᠎ᠠ ᠳᠠᠭᠤᠰᠬᠠᠨ᠎ᠠ᠃ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠡᠮᠬᠢ | ᠵᠢᠷᠤᠮ ᠲᠠᠢ ᠪᠠᠷ ᠠᠬᠢᠭᠤᠯᠬᠤ ᠶᠢᠨ ᠲᠥᠯᠥᠭᠡ᠂ ᠪᠤᠭᠤᠲᠤ ᠬᠤᠲᠠ ᠶᠢᠨ ᠬᠢᠨ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠠᠮᠵᠢᠯᠴᠠᠨ ᠠᠬᠢᠭᠤᠯᠬᠤ ᠠᠵᠢᠯ ᠤᠨ ᠲᠣᠭᠲᠠᠴᠠ ᠶᠢ ᠪᠦᠷᠢᠯᠳᠦᠭᠦᠯᠵᠦ᠂ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠬᠤ ᠶᠢᠨ ᠬᠠᠮᠲᠤ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠤᠨ ᠴᠢᠨᠠᠷ ᠰᠠᠶᠢᠲᠠᠶ ᠪᠦᠲᠦᠭᠡᠨ ᠪᠠᠶᠢᠭᠤᠯᠤᠯᠲᠠ ᠶᠢ ᠤᠶᠠᠯᠳᠤᠭᠤᠯᠤᠨ᠂ | ᠤᠷᠢᠳᠠᠪᠠᠷ ᠡᠷᠭᠢᠯᠲᠡ ᠳᠤ ᠣᠷᠣᠭᠤᠯᠵᠤ ᠳᠠᠷᠠᠭ᠎ᠠ ᠨᠢ ᠪᠦᠲᠦᠭᠡᠨ ᠪᠠᠶᠢᠭᠤᠯᠬᠤ ᠶᠢ ᠵᠣᠷᠢᠭᠵᠢᠭᠤᠯᠵᠤ᠂ ᠬᠠᠮᠢᠶ᠎ᠠ ᠪᠦᠬᠦᠢ | ᠢᠵᠢ ᠪᠦᠷᠢᠳᠦᠭᠦᠯᠬᠦ ᠪᠡᠯᠡᠳᠬᠡᠮᠵᠢ ᠶᠢ ᠨᠢᠭᠡ ᠯᠡ ᠳᠡᠭᠡᠷ᠎ᠡ ᠪᠣᠳᠠᠲᠠᠶᠢᠵᠢᠭᠤᠯᠵᠤ᠂ ᠨᠢᠭᠡ ᠬᠡᠰᠡᠭ ᠪᠠᠶᠢᠭᠤᠯᠪᠠᠯ ᠨᠢᠭᠡ | ᠬᠡᠰᠡᠭ ᠢ ᠬᠡᠷᠡᠭᠯᠡᠬᠦ ᠶᠢ ᠪᠠᠲᠤᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠤᠨ ᠴᠢᠨᠠᠷ ᠰᠠᠶᠢᠲᠠᠶ ᠬᠡᠷᠡᠭᠯᠡᠬᠦ ᠶᠢ | ᠤᠶᠠᠯᠳᠤᠭᠤᠯᠵᠤ᠂ ᠬᠥᠲᠥᠴᠢ ᠠᠵᠤ ᠠᠬᠤᠶᠢᠯᠠᠯ᠂ ᠲᠣᠰᠬᠤᠨ ᠤ ᠬᠠᠮᠲᠤ ᠨᠡᠶᠢᠲᠡ ᠲᠥᠪᠯᠡᠷᠡᠨ ᠵᠠᠯᠭᠠᠯᠳᠤᠭᠰᠠᠨ᠂ | ᠬᠡᠪᠴᠢᠶᠡᠵᠢᠭᠦᠯᠦᠨ ᠠᠰᠢᠭᠯᠠᠬᠤ ᠶᠢ ᠨᠢ ᠳᠠᠮᠵᠢᠵᠤ᠂ ᠦᠢᠯᠡᠳᠪᠦᠷᠢᠯᠡᠯ ᠤᠨ ᠦᠷ᠎ᠡ ᠠᠰᠢᠭ ᠢ ᠲᠠᠰᠤᠷᠠᠯᠲᠠ ᠥᠬᠡᠶ | ᠳᠡᠭᠡᠭᠰᠢᠯᠡᠭᠦᠯᠬᠦ ᠪᠣᠯᠣᠨ᠎ᠠ᠃ | |