ᠳ᠋ᠦᠩᠱᠧᠩ ᠲᠣᠭᠤᠷᠢᠭ ᠤᠨ ᠬᠤᠲᠠ ᠶᠢᠨ ᠠᠷᠠᠳ ᠤᠨ ᠲᠥᠪ ᠨᠢ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠰᠢᠯᠢᠳᠡᠭᠵᠢᠭᠦᠯᠬᠦ᠂ | ᠬᠢᠨᠠᠨ ᠵᠥᠪᠰᠢᠶᠡᠷᠡᠬᠦ ᠦᠢᠯᠡᠴᠢᠯᠡᠭᠡ ᠶᠢ ᠠᠷᠠᠳ ᠲᠤ ᠳᠥᠭᠦᠮ ᠪᠣᠯᠭᠠᠬᠤ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ | ᠣᠯᠠᠨ ᠨᠡᠶᠢᠲᠡ ᠶᠢᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠪᠠ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ | ᠶᠡᠬᠡᠪᠡᠷ ᠲᠦᠯᠬᠢᠨ ᠠᠬᠢᠭᠤᠯᠵᠤ᠂ ᠪᠠᠷᠢᠮᠵᠢᠶᠠᠵᠢᠭᠰᠠᠨ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠣᠨᠣᠯᠵᠢᠬᠤᠨ ᠪᠠ | ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠵᠦ᠂ | ᠴᠣᠩᠬᠤᠪᠴᠢ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠤᠨ᠂ ᠶᠡᠭᠡ ᠲᠢᠩᠬᠢᠮ ᠤᠨ ᠠᠵᠢᠯᠯᠠᠭᠠᠨ ᠤ | ᠬᠠᠮᠢᠶᠠᠷᠤᠯᠲᠠ ᠶᠢ ᠴᠢᠩᠭᠠᠷᠠᠭᠤᠯᠵᠤ᠂ ᠠᠵᠤ ᠠᠬᠤᠶᠢᠯᠠᠯ ᠪᠣᠯᠣᠨ ᠣᠯᠠᠨ ᠲᠦᠮᠡᠨ ᠳᠤ ᠨᠡᠩ ᠴᠢᠨᠠᠷ ᠰᠠᠶᠢᠲᠠᠶ᠂ | ᠥᠨᠳᠥᠷ ᠪᠦᠲᠦᠮᠵᠢᠲᠡᠶ᠂ ᠵᠢᠷᠤᠮᠵᠢᠯ ᠲᠠᠢ᠂ ᠳᠥᠭᠦᠮ ᠳᠥᠲᠡ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠵᠤ | ᠪᠠᠶᠢᠨ᠎ᠠ᠃ 2019 ᠣᠨ ᠤ ᠡᠴᠦᠰ ᠲᠤ ᠥᠪᠡᠷᠲᠡᠭᠡᠨ ᠵᠠᠰᠠᠬᠤ ᠣᠷᠣᠨ ᠤ ᠳᠡᠰ ᠤᠨ ᠨᠡᠶᠢᠭᠡᠮ ᠤᠨ ᠬᠠᠮᠢᠶᠠᠷᠤᠯᠲᠠ | ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠲᠥᠷᠥᠯ ᠵᠦᠢᠯ ᠨᠢ | ᠦᠨᠡᠯᠡᠬᠦ ᠪᠠ ᠬᠤᠷᠢᠶᠠᠨ ᠠᠪᠬᠤ ᠳᠤ ᠠᠮᠵᠢᠯᠲᠠ ᠲᠠᠢ ᠪᠠᠲᠤᠯᠠᠭᠳᠠᠪᠠ᠃ | ᠪᠦᠬᠦ ᠬᠤᠲᠠ ᠶᠢᠨ ᠬᠡᠪᠴᠢᠶᠡᠨ ᠳᠤ ᠭᠤᠷᠪᠠᠨ ᠵᠢᠯ ᠤᠨ ᠬᠤᠭᠤᠴᠠᠭ᠎ᠠ ᠲᠠᠢ ︵2020 ᠣᠨ — 2022 | ᠣᠨ︶ ᠪᠦᠬᠦ ᠬᠤᠲᠠ ᠶᠢᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠠᠷᠠᠳ ᠲᠤ ᠳᠥᠭᠦᠮ | ᠦᠵᠡᠭᠦᠯᠬᠦ ᠦᠢᠯᠡᠴᠢᠯᠡᠭᠡᠨ ᠤ ᠲᠥᠪ ᠵᠢᠴᠢ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠠᠷᠠᠳ ᠲᠤ ᠳᠥᠭᠦᠮ | ᠦᠵᠡᠭᠦᠯᠬᠦ ᠦᠢᠯᠡᠴᠢᠯᠡᠭᠡᠨ ᠤ ᠣᠷᠣᠯᠠᠨ ᠭᠦᠢᠴᠡᠳᠬᠡᠬᠦ ᠴᠡᠭ ᠢ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢᠨ | ᠠᠵᠢᠯᠯᠠᠭ᠎ᠠ ᠶᠢ ᠥᠷᠨᠢᠭᠦᠯᠬᠦ ᠪᠠᠷ ᠲᠣᠬᠢᠶᠠᠯ ᠪᠣᠯᠭᠠᠵᠤ᠂ ᠲᠣᠭᠤᠷᠢᠭ ᠤᠨ ᠲᠣᠰ ᠱᠠᠲᠤᠨ ᠤ ᠪᠠᠯᠭᠠᠰᠤ ︵ᠵᠡᠭᠡᠯᠢ | ᠭᠤᠳᠤᠮᠵᠢ︶ ᠶᠢᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠪᠣᠯᠤᠨ ᠲᠣᠰᠬᠤᠨ ︵ᠨᠡᠶᠢᠭᠡᠮ | ᠲᠣᠭᠤᠷᠢᠭ︶ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠣᠷᠤᠯᠠᠨ ᠭᠦᠢᠴᠡᠳᠬᠡᠬᠦ ᠴᠡᠭ ᠤᠨ | ᠴᠣᠩᠬᠤᠪᠴᠢ ᠪᠠᠶᠢᠷᠢᠯᠠᠭᠤᠯᠬᠤ᠂ ᠠᠵᠢᠯᠯᠠᠭᠠᠨ ᠤ ᠵᠢᠷᠤᠮᠵᠢᠯ ᠵᠡᠷᠭᠡ ᠶᠢ ᠪᠠᠷᠢᠮᠵᠢᠶᠠᠵᠢᠭᠤᠯᠬᠤ ᠪᠦᠲᠦᠭᠡᠨ | ᠪᠠᠶᠢᠭᠤᠯᠤᠯᠲᠠ ᠶᠢᠨ ᠠᠵᠢᠯ ᠢ ᠲᠥᠷᠭᠡᠳᠬᠡᠪᠡ᠃ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ | ᠲᠠᠪᠴᠠᠩ ᠳᠤ ᠲᠦᠰᠢᠭᠯᠡᠨ᠂ ᠪᠠᠯᠭᠠᠰᠤ ︵ᠵᠡᠭᠡᠯᠢ ᠭᠤᠳᠤᠮᠵᠢ︶ ᠶᠢᠨ ᠠᠷᠠᠳ ᠲᠤ ᠳᠥᠭᠦᠮ ᠦᠵᠡᠭᠦᠯᠬᠦ | ᠦᠢᠯᠡᠴᠢᠯᠡᠭᠡᠨ ᠤ ᠲᠥᠪ ᠬᠢᠭᠡᠳ ᠬᠤᠲᠠ ᠶᠢᠨ ᠠᠷᠠᠳ ᠤᠨ ᠲᠥᠪ ᠯᠦᠭᠡ ᠲᠣᠤᠷ ᠰᠦᠯᠵᠢᠶ᠎ᠡ ᠪᠠᠷ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠳᠠᠭᠤ ᠪᠠ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ᠂ ᠮᠡᠳᠡᠭᠡ | ᠵᠠᠩᠭᠢ ᠶᠢ ᠬᠠᠮᠲᠤ ᠪᠠᠷ ᠬᠦᠷᠲᠡᠬᠦ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠲᠦᠯᠬᠢᠨ ᠠᠬᠢᠭᠤᠯᠬᠤ ᠶᠢᠨ | ᠬᠠᠮᠲᠤ᠂ ᠲᠣᠰᠬᠤᠨ ︵ᠨᠡᠶᠢᠭᠡᠮ ᠲᠣᠭᠤᠷᠢᠭ︶ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠣᠷᠣᠯᠠᠨ | ᠭᠦᠢᠴᠡᠳᠬᠡᠬᠦ ᠴᠡᠭ ᠲᠡᠰᠢ ᠤᠷᠲᠤᠳᠬᠠᠪᠡ᠃ ᠳ᠋ᠦᠩᠱᠧᠩ ᠲᠣᠭᠤᠷᠢᠭ ᠤᠨ ᠬᠤᠲᠠ ᠶᠢᠨ ᠠᠷᠠᠳ ᠤᠨ ᠲᠥᠪ᠂ ᠵᠡᠭᠡᠯᠢ | ᠭᠤᠳᠤᠮᠵᠢ ︵ᠪᠠᠯᠭᠠᠰᠤ︶ ᠶᠢᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ᠂ ᠨᠡᠶᠢᠭᠡᠮ ᠲᠣᠭᠤᠷᠢᠭ | ︵ᠭᠠᠴᠠᠭ᠎ᠠ ᠲᠣᠰᠬᠤᠨ︶ ᠤᠨ ᠠᠷᠠᠳ ᠲᠤ ᠳᠥᠭᠦᠮ ᠦᠵᠡᠭᠦᠯᠬᠦ ᠣᠷᠣᠯᠠᠨ ᠭᠦᠢᠴᠡᠳᠬᠡᠬᠦ ᠴᠡᠭ ᠵᠡᠷᠭᠡ ᠭᠤᠷᠪᠠᠨ | ᠱᠠᠲᠤᠨ ᠤ ᠠᠵᠢᠯ ᠶᠠᠪᠤᠳᠠᠯ ᠭᠦᠢᠴᠡᠳᠬᠡᠬᠦ ᠶᠡᠭᠡ ᠲᠢᠩᠬᠢᠮ ᠤᠨ ᠪᠠᠷᠢᠮᠵᠢᠶᠠᠵᠢᠭᠤᠯᠤᠭᠰᠠᠨ ᠦᠢᠯᠡᠴᠢᠯᠡᠭᠡᠨ ᠤ | ᠰᠢᠰᠲ᠋ᠧᠮᠵᠢ ᠶᠢ ᠰᠦᠪᠡᠭᠴᠢᠯᠡᠨ ᠪᠠᠶᠢᠭᠤᠯᠬᠤ ᠶᠢᠨ ᠬᠠᠮᠲᠤ ᠭᠠᠵᠠᠷ ᠲᠠᠯᠠᠪᠤᠷ ᠤᠨ ᠪᠦᠲᠦᠭᠡᠨ ᠪᠠᠶᠢᠭᠤᠯᠤᠯᠲᠠ᠂ | ᠦᠢᠯᠡᠴᠢᠯᠡᠭᠡᠨ ᠤ ᠵᠦᠢᠯᠡᠰ ᠤᠨ ᠬᠠᠮᠢᠶᠠᠷᠤᠯᠲᠠ᠂ ᠴᠤᠪᠤᠷᠠᠯ ᠤᠨ ᠬᠠᠮᠢᠶᠠᠷᠤᠯᠲᠠ ᠵᠡᠷᠭᠡ ᠠᠭᠤᠯᠭ᠎ᠠ ᠶᠢᠨ | ᠲᠣᠭᠤᠷᠢᠨ ᠳᠤ ︽ᠳ᠋ᠦᠩᠱᠧᠩ ᠲᠣᠭᠤᠷᠢᠭ ᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ᠂ | ᠠᠷᠠᠳ ᠲᠤ ᠳᠥᠭᠦᠮ ᠦᠵᠡᠭᠦᠯᠬᠦ ᠣᠷᠣᠯᠠᠨ ᠭᠦᠢᠴᠡᠳᠬᠡᠬᠦ ᠴᠡᠭ ᠤᠨ ᠲᠤᠬᠠᠶ ᠶᠢᠨ ᠲᠠᠯᠠᠪᠠᠢ ᠶᠢᠨ ᠬᠠᠮᠢᠶᠠᠷᠤᠯᠲᠠ ᠶᠢᠨ | ᠪᠠᠷᠢᠮᠵᠢᠶᠠᠵᠢᠭᠤᠯᠤᠭᠰᠠᠨ ᠭᠠᠷ ᠳᠡᠪᠲᠡᠷ︾ ᠢ ᠲᠣᠭᠲᠠᠭᠠᠵᠤ᠂ ᠦᠢᠯᠡᠴᠢᠯᠡᠭᠡᠨ ᠤ ᠵᠦᠢᠯᠡᠰ᠂ ᠴᠣᠩᠬᠤᠪᠴᠢ ᠶᠢᠨ | ᠦᠢᠯᠡᠴᠢᠯᠡᠭᠡ᠂ ᠣᠷᠣᠨ ᠵᠠᠶ ᠶᠢᠨ ᠬᠠᠮᠢᠶᠠᠷᠤᠯᠲᠠ᠂ ᠡᠮᠬᠢ ᠳᠢᠭᠯᠢᠮ ᠤᠨ ᠬᠠᠮᠢᠶᠠᠷᠤᠯᠲᠠ᠂ ᠡᠳ᠋ ᠪᠣᠳᠠᠰ ᠤᠨ | ᠬᠠᠮᠢᠶᠠᠷᠤᠯᠲᠠ᠂ ᠪᠡᠯᠡᠳᠬᠡᠮᠵᠢ ᠲᠥᠬᠦᠭᠡᠷᠦᠮᠵᠢ ᠶᠢᠨ ᠬᠠᠮᠢᠶᠠᠷᠤᠯᠲᠠ᠂ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠵᠡᠷᠭᠡ | ᠵᠢᠷᠤᠮᠵᠢᠯ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠃ ᠦᠨᠳᠦᠰᠦᠨ ᠱᠠᠲᠤᠨ ᠤ ᠠᠷᠠᠳ ᠲᠤ | ᠳᠥᠭᠦᠮ ᠦᠵᠡᠭᠦᠯᠬᠦ ᠦᠢᠯᠡᠴᠢᠯᠡᠭᠡᠨ ᠤ ᠲᠢᠩᠬᠢᠮ ᠤᠨ ᠴᠢᠳᠠᠮᠵᠢᠲᠤ ᠣᠷᠣᠨ ᠲᠣᠭᠤᠷᠢᠭ ᠤᠨ ᠪᠠᠶᠢᠷᠢᠯᠠᠭᠤᠯᠤᠯᠲᠠ᠂ | ᠲᠤᠬᠠᠶ ᠶᠢᠨ ᠲᠠᠯᠠᠪᠠᠢ ᠶᠢᠨ ᠬᠠᠮᠢᠶᠠᠷᠤᠯᠲᠠ ᠶᠢᠨ ᠳᠦᠷᠢᠮ ᠢ ᠨᠢᠭᠡᠳᠬᠡᠵᠦ᠂ ᠡᠯ᠎ᠡ ᠲᠥᠷᠥᠯ ᠤᠨ ᠵᠦᠢᠯᠡᠰ ᠤᠨ ︽ | ᠠᠵᠢᠯ ᠶᠠᠪᠤᠳᠠᠯ ᠭᠦᠢᠴᠡᠳᠬᠡᠬᠦ ᠵᠦᠭᠯᠡᠭᠦᠷ︾ ᠢ ᠲᠥᠪᠯᠡᠷᠡᠭᠦᠯᠳ ᠨᠠᠶᠢᠷᠠᠭᠤᠯᠤᠨ ᠵᠣᠬᠢᠶᠠᠪᠠ᠃ ᠣᠳᠣ ᠪᠣᠯᠬᠤ ᠳᠤ | ᠳ᠋ᠦᠩᠱᠧᠩ ᠲᠣᠭᠤᠷᠢᠭ ᠤᠨ 3 ᠰᠢᠶᠠᠩ ᠪᠠᠯᠭᠠᠰᠤ᠂ 12 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠵᠢᠴᠢ 45 ᠨᠡᠶᠢᠭᠡᠮ ᠲᠣᠭᠤᠷᠢᠭ ᠤᠨ ᠠᠷᠠᠳ ᠲᠤ | ᠳᠥᠭᠦᠮ ᠦᠵᠡᠭᠦᠯᠬᠦ ᠦᠢᠯᠡᠴᠢᠯᠡᠭᠡᠨ ᠤ ᠣᠷᠣᠯᠠᠨ ᠭᠦᠢᠴᠡᠳᠬᠡᠬᠦ ᠴᠡᠭ ᠨᠢ ᠦᠨᠳᠦᠰᠦᠨ ᠱᠠᠲᠤᠨ ᠤ ᠠᠷᠠᠳ ᠲᠤ | ᠳᠥᠭᠦᠮ ᠦᠵᠡᠭᠦᠯᠬᠦ ᠦᠢᠯᠡᠴᠢᠯᠡᠭᠡᠨ ᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠥᠷᠨᠢᠭᠦᠯᠵᠦ᠂ ᠦᠨᠳᠦᠰᠦᠨ | ᠱᠠᠲᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠪᠠᠷᠢᠮᠵᠢᠶᠠᠵᠢᠯᠲᠠ᠂ ᠵᠢᠷᠤᠮᠵᠢᠯ ᠤᠨ ᠬᠢᠷᠢ ᠲᠥᠪᠰᠢᠨ ᠢ ᠤᠯᠠᠮ | ᠨᠢᠭᠡ ᠠᠯᠬᠤᠮ ᠳᠡᠭᠡᠭᠰᠢᠯᠡᠭᠦᠯᠵᠦ ᠪᠠᠶᠢᠨ᠎ᠠ᠃ |