ᠵᠢᠯ ᠳᠤ 100 ᠲᠦᠮᠡᠨ ᠲᠣᠨ ᠨᠡᠭᠦᠷᠡᠰᠦ ᠪᠠᠷ ᠦᠢᠯᠡᠳᠬᠦ ᠡᠲ᠋ᠠᠨᠳᠢᠤᠯ ᠤᠨ ᠲᠥᠷᠥᠯ ᠵᠦᠢᠯ ᠢ 2020 ᠣᠨ ᠤ ᠡᠴᠦᠰ ᠲᠤ ᠪᠠᠶᠢᠭᠤᠯᠤᠨ ᠳᠠᠭᠤᠰᠬᠠᠵᠤ ᠲᠤᠷᠰᠢᠨ ᠠᠵᠢᠯᠯᠠᠭᠤᠯᠬᠤ ᠪᠠᠷ ᠪᠣᠢ
ᠨᠡᠶᠢᠲᠡᠯᠡᠭᠰᠡᠨ ᠴᠠᠭ᠄
2020/7/22
     ᠵᠤᠨ ᠤ ᠳᠣᠯᠣᠭᠠᠨ ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠲᠠᠬᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠬᠦᠷᠬᠦ ᠳᠤ᠂ ᠰᠤᠪᠤᠷᠭᠠᠨ ᠳᠡᠭᠦᠵᠢᠩ ᠰᠡᠬᠦ᠋ᠢᠨ ᠰᠦᠨᠳᠡᠷᠯᠡᠵᠦ᠂ ᠮᠠᠰᠢᠨ ᠤ ᠳᠠᠭᠤᠨ ᠨᠢᠵᠢᠭᠢᠨᠡᠵᠦ᠂ ᠥᠪᠥᠷ ᠮᠣᠩᠭᠤᠯ ᠤᠨ ᠵᠢᠤ ᠲᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠵᠢᠯ ᠳᠤ 100 ᠲᠦᠮᠡᠨ ᠲᠣᠨ ᠨᠡᠭᠦᠷᠡᠰᠦ ᠪᠠᠷ ᠦᠢᠯᠡᠳᠬᠦ ᠡᠲ᠋ᠠᠨᠳᠢᠤᠯ ᠤᠨ ᠲᠥᠷᠥᠯ ᠵᠦᠢᠯ ᠢ ᠶᠠᠭ ᠱᠠᠯᠠᠪᠳᠠᠨ ᠪᠦᠲᠦᠭᠡᠨ ᠪᠠᠶᠢᠭᠤᠯᠵᠤ᠂ ᠬᠥᠷ ᠬᠥᠭᠵᠢᠶᠡᠨ ᠲᠠᠢ ᠶᠠᠭᠠᠷᠠᠯᠳᠤᠵᠤ ᠪᠠᠶᠢᠨ᠎ᠠ᠃
     7 ᠳ᠋ᠤᠭᠠᠷ ᠰᠠᠷ᠎ᠠ ᠶᠢᠨ 14᠎ ᠤ ᠡᠳᠦᠷ᠂ ᠥᠪᠥᠷ ᠮᠣᠩᠭᠤᠯ ᠤᠨ ᠵᠢᠤ ᠲᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠵᠢᠯ ᠳᠤ 100 ᠲᠦᠮᠡᠨ ᠲᠣᠨ ᠨᠡᠭᠦᠷᠡᠰᠦ ᠪᠠᠷ ᠦᠢᠯᠡᠳᠬᠦ ᠡᠲ᠋ᠠᠨᠳᠢᠤᠯ ᠤᠨ ᠲᠥᠷᠥᠯ ᠵᠦᠢᠯ ᠢ ᠶᠠᠭ ᠱᠠᠯᠠᠪᠳᠠᠨ ᠪᠦᠲᠦᠭᠡᠨ ᠪᠠᠶᠢᠭᠤᠯᠵᠤ ᠪᠠᠶᠢᠭ᠎ᠠ ᠨᠢ᠃      ᠲᠤᠰ ᠲᠦᠷᠦᠯ ᠵᠦᠢᠯ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠵᠢᠴᠢ ᠬᠥᠬᠡᠬᠤᠲᠠ ᠶᠢᠨ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠣᠯᠤᠨ᠎ᠠ᠃ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ 117 ᠳ᠋ᠦᠩᠰᠢᠭᠤᠷ ᠲᠥᠭᠦᠷᠢᠭ ᠲᠤ ᠬᠦᠷᠴᠦ᠂ 2565 ᠮᠦ ᠭᠠᠵᠠᠷ ᠡᠵᠡᠯᠡᠨ᠂ ᠣᠳᠣᠬᠠᠨ ᠳᠤ ᠤᠯᠤᠰ ᠤᠨ ᠳᠣᠲᠣᠭᠠᠳᠤ ᠶᠢᠨ ᠬᠠᠮᠤᠭ ᠲᠣᠮᠣ ᠳᠠᠩ ᠢᠵᠢᠲᠦ ᠡᠲ᠋ᠠᠨᠳᠢᠤᠯ ᠦᠢᠯᠡᠳᠪᠦᠷᠢᠯᠡᠬᠦ ᠲᠦᠬᠦᠭᠡᠷᠦᠮᠵᠢ ᠪᠣᠯᠤᠨ᠎ᠠ᠂ ᠳᠡᠯᠡᠬᠡᠶ ᠶᠢᠨ ᠲᠡᠷᠢᠭᠦᠨ ᠤ Davy ᠺᠣᠮᠫᠠᠨᠢ ᠶᠢᠨ ᠪᠡᠶ᠎ᠡ ᠪᠠᠨ ᠳᠠᠭᠠᠭᠠᠭᠰᠠᠨ ᠤᠷ᠎ᠠ ᠮᠡᠷᠭᠡᠵᠢᠯ ᠢ ᠬᠡᠷᠡᠭᠯᠡᠨ ᠡᠲ᠋ᠠᠨᠳᠢᠤᠯ ᠦᠢᠯᠡᠳᠪᠦᠷᠢᠯᠡᠵᠦ᠂ ᠳᠠᠩ ᠰᠢᠷᠢᠰ ᠦᠢᠯᠡᠳᠪᠦᠷᠢᠯᠡᠯ ᠤᠨ ᠴᠢᠳᠠᠪᠤᠷᠢ ᠨᠢ ᠵᠢᠯ ᠪᠦᠷᠢ 50 ᠲᠦᠮᠡᠨ ᠲᠣᠨ ᠳᠤ ᠬᠦᠷᠴᠦ᠂ ᠳᠡᠯᠡᠬᠡᠶ ᠳᠤ ᠠᠩᠬ᠎ᠠ ᠡᠭᠦᠳᠦᠭᠰᠡᠨ ᠪᠠ ᠠᠩᠬᠠᠳᠠᠭᠴᠢ ᠠᠵᠤ ᠦᠢᠯᠡᠳᠪᠦᠷᠢᠵᠢᠯᠲᠡ ᠶᠢᠨ ᠲᠣᠮᠣ ᠬᠡᠯᠪᠡᠷᠢ ᠶᠢᠨ ᠲᠦᠬᠦᠭᠡᠷᠦᠮᠵᠢ ᠳᠤ ᠬᠠᠷᠢᠶᠠᠯᠠᠭᠳᠠᠵᠤ᠂ ᠭᠠᠷᠤᠯᠲᠠ ᠨᠢ ᠥᠨᠳᠥᠷ᠂ ᠶᠠᠪᠤᠴᠠ ᠨᠢ ᠣᠬᠤᠷ᠂ ᠡᠨᠧᠷᠭᠢ ᠶᠢᠨ ᠬᠤᠷᠣᠭᠳᠠᠭᠤᠯᠤᠯ ᠨᠢ ᠳᠣᠤᠷ᠎ᠠ᠂ ᠤᠯᠠᠷᠢᠯᠠᠭᠤᠯᠤᠯᠲᠠ ᠨᠢ ᠥᠨᠳᠥᠷ᠂ ᠭᠡᠷᠡᠯ ᠨᠡᠪᠲᠡᠷᠡᠬᠦ ᠨᠣᠷᠮ᠎ᠠ ᠨᠢ ᠥᠨᠳᠥᠷ ᠵᠡᠷᠭᠡ ᠣᠨᠴᠠᠯᠢᠭ ᠲᠠᠢ᠃      ᠲᠥᠷᠥᠯ ᠵᠦᠢᠯ ᠢ 2017 ᠣᠨ 9 ᠳ᠋ᠦ᠋ᠭᠡᠷ ᠰᠠᠷ᠎ᠠ ᠶᠢᠨ 29᠎ ᠤ ᠡᠳᠦᠷ ᠡᠬᠢᠯᠡᠭᠦᠯᠵᠦ᠂ 3 ᠵᠢᠯ ᠤᠨ ᠬᠤᠭᠤᠴᠠᠭ᠎ᠠ ᠲᠠᠢ ᠪᠦᠭᠡᠳ 2020 ᠣᠨ ᠤ ᠡᠴᠦᠰ ᠲᠤ ᠪᠠᠶᠢᠭᠤᠯᠤᠨ ᠳᠠᠭᠤᠰᠬᠠᠵᠤ ᠲᠤᠷᠰᠢᠨ ᠠᠵᠢᠯᠯᠠᠭᠤᠯᠵᠦ᠂ 2021 ᠣᠨ ᠳᠤ ᠵᠢᠩᠬᠢᠨᠢ ᠪᠠᠷ ᠠᠰᠢᠭᠯᠠᠯᠲᠠ ᠳᠤ ᠣᠷᠤᠭᠤᠯᠬᠤ ᠪᠠᠷ ᠲᠥᠯᠥᠪᠯᠡᠵᠡᠢ᠃ ᠠᠰᠢᠭᠯᠠᠯᠲᠠ ᠳᠤ ᠣᠷᠣᠭᠤᠯᠤᠭᠰᠠᠨ ᠤ ᠲᠠᠷᠠᠭ᠎ᠠ ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ ᠶᠢ 106 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠰᠢᠭ ᠭᠠᠶᠢᠯᠢ ᠨᠢ 36.6 ᠳ᠋ᠦᠩᠰᠢᠭᠤᠷ ᠲᠥᠭᠦᠷᠢᠭ ᠲᠤ ᠬᠦᠷᠬᠦ ᠪᠣᠯᠤᠨ᠎ᠠ᠃
     7 ᠳ᠋ᠤᠭᠠᠷ ᠰᠠᠷ᠎ᠠ ᠶᠢᠨ 14᠎ ᠤ ᠡᠳᠦᠷ᠂ ᠥᠪᠥᠷ ᠮᠣᠩᠭᠤᠯ ᠤᠨ ᠵᠢᠤ ᠲᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠵᠢᠯ ᠳᠤ 100 ᠲᠦᠮᠡᠨ ᠲᠣᠨ ᠨᠡᠭᠦᠷᠡᠰᠦ ᠪᠠᠷ ᠦᠢᠯᠡᠳᠬᠦ ᠡᠲ᠋ᠠᠨᠳᠢᠤᠯ ᠤᠨ ᠲᠥᠷᠥᠯ ᠵᠦᠢᠯ ᠢ ᠶᠠᠭ ᠱᠠᠯᠠᠪᠳᠠᠨ ᠪᠦᠲᠦᠭᠡᠨ ᠪᠠᠶᠢᠭᠤᠯᠵᠤ ᠪᠠᠶᠢᠭ᠎ᠠ ᠨᠢ᠃     ︽ᠬᠢᠵᠢᠭ ᠤᠨ ᠨᠥᠯᠥᠭᠡ ᠠᠴᠠ ᠪᠣᠯᠵᠣ ᠵᠠᠷᠢᠮ ᠠᠵᠢᠯ ᠤᠨ ᠬᠤᠭᠤᠴᠠᠭ᠎ᠠ ᠶᠢ ᠰᠠᠭᠠᠲᠠᠭᠠᠭᠰᠠᠨ ᠪᠣᠯᠪᠠᠴᠤ ᠣᠳᠣᠬᠠᠨ ᠳᠤ ᠪᠢᠳᠡ ᠴᠠᠭ ᠨᠡᠮᠡᠵᠦ ᠠᠵᠢᠯᠯᠠᠨ ᠠᠵᠢᠯ ᠤᠨ ᠠᠬᠢᠴᠠ ᠶᠢ ᠲᠥᠷᠭᠡᠳᠬᠡᠵᠦ ᠪᠠᠶᠢᠨ᠎ᠠ︾ ᠬᠡᠮᠡᠨ ᠥᠪᠥᠷ ᠮᠣᠩᠭᠤᠯ ᠤᠨ ᠵᠢᠤ ᠲᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ ᠽᠥᠩ ᠵᠧᠨ ᠬᠡᠯᠡᠪᠡ᠂ ᠲᠡᠭᠦᠨ ᠤ ᠲᠠᠨᠢᠯᠴᠠᠭᠤᠯᠤᠭᠰᠠᠨ ᠢᠶᠠᠷ᠂ ᠣᠳᠣᠬᠠᠨ ᠳᠤ᠂ ᠲᠥᠬᠦᠭᠡᠷᠦᠮᠵᠢ ᠶᠢᠨ ᠭᠤᠣᠯ ᠴᠣᠭᠴᠠ ᠶᠢᠨ ᠪᠠᠷᠢᠯᠭ᠎ᠠ ᠶᠢᠨ 90%᠎ ᠶᠢ ᠨᠢᠭᠡᠨᠲᠡ ᠪᠠᠷᠢᠵᠤ ᠳᠠᠭᠤᠰᠬᠠᠵᠤ᠂ ᠦᠢᠯᠡᠳᠪᠦᠷᠢᠯᠡᠯ ᠤᠨ ᠲᠣᠬᠢᠷᠠᠭᠤᠯᠤᠯᠲᠠ ᠶᠢᠨ ᠲᠥᠪ᠂ ᠲᠤᠰᠠᠯᠠᠬᠤ ᠠᠰᠠᠷ ᠨᠢ ᠤᠳᠠᠯ ᠦᠭᠡᠶ ᠬᠡᠷᠡᠭᠯᠡᠯᠲᠡ ᠳᠤ ᠣᠷᠣᠵᠣ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠪ ᠢ ᠤᠳᠠᠯ ᠦᠭᠡᠢ ᠪᠠᠷᠢᠵᠤ ᠳᠠᠭᠤᠰᠬᠠᠨ᠂ ᠲᠣᠮᠣ ᠬᠡᠯᠪᠡᠷᠢ ᠶᠢᠨ ᠮᠠᠰᠢᠨ ᠵᠠᠰᠠᠬᠤ ᠲᠠᠰᠤᠭ ᠢ ᠨᠢᠭᠡᠨᠲᠡ ᠠᠳᠠᠭᠠᠷᠯᠠᠵᠤ᠂ ᠨᠡᠭᠦᠷᠡᠰᠦ ᠬᠠᠳᠠᠭᠠᠯᠠᠬᠤ ᠬᠥᠮᠥᠷᠭᠡ ᠶᠢᠨ ᠲᠣᠭᠤᠷᠢᠭ ᠰᠠᠭᠤᠷᠢ ᠶᠢ ᠪᠧᠲ᠋ᠤᠨ ᠢᠶᠠᠷ ᠳᠡᠪᠢᠰᠴᠦ᠂ ᠨᠡᠭᠦᠷᠡᠰᠦᠨ ᠬᠠᠰᠢᠯᠭ᠎ᠠ ᠶᠢ ᠪᠧᠲ᠋ᠤᠨ ᠢᠶᠠᠷ ᠴᠢᠳᠬᠤᠵᠤ᠂ ᠲᠥᠬᠦᠭᠡᠷᠦᠮᠵᠢ ᠶᠢ ᠳᠡᠭᠦᠵᠢᠯᠡᠨ ᠤᠭᠰᠠᠷᠠᠵᠤ᠂ ᠢᠵᠢ ᠪᠥᠷᠢᠳᠦᠭᠦᠯᠦᠭᠰᠡᠨ ᠨᠡᠶᠢᠯᠡᠮᠡᠯ ᠬᠡᠶᠢᠲᠦ ᠠᠷᠠᠯ ᠢ ᠪᠥᠬᠦ ᠲᠠᠯ᠎ᠠ ᠪᠠᠷ ᠠᠵᠢᠯ ᠡᠬᠢᠯᠡᠭᠦᠯᠦᠨ᠂ ᠭᠦᠸᠧᠯᠦ ᠶᠢᠨ ᠠᠷᠠᠯ ᠢ ᠪᠦᠲᠦᠴᠡ ᠳᠤ ᠰᠢᠯᠵᠢᠭᠦᠯᠦᠨ ᠤᠭᠰᠠᠷᠠᠵᠤ ᠪᠣᠢ᠃ 7 ᠳ᠋ᠤᠭᠠᠷ ᠰᠠᠷ᠎ᠠ ᠶᠢᠨ ᠰᠡᠭᠦᠯᠴᠢ ᠪᠠᠷ᠂ ᠲᠥᠬᠦᠭᠡᠷᠦᠮᠵᠢ ᠪᠠᠨ ᠲᠤᠬᠢᠷᠠᠭᠤᠯᠤᠨ ᠲᠤᠷᠰᠢᠵᠤ᠂ ᠵᠢᠯ ᠤᠨ ᠡᠴᠦᠰ ᠲᠤ ᠪᠦᠬᠦ ᠲᠠᠯ᠎ᠠ ᠪᠠᠷ ᠲᠤᠷᠰᠢᠨ ᠠᠵᠢᠯᠯᠠᠬᠤ ᠳᠤ ᠰᠠᠭᠤᠷᠢ ᠲᠠᠯᠪᠢᠵᠤ ᠪᠠᠶᠢᠨ᠎ᠠ᠃      ᠲᠠᠨᠢᠯᠴᠠᠭᠤᠯᠭ᠎ᠠ ᠶᠢ ᠦᠨᠳᠦᠰᠦᠯᠡᠪᠡᠯ᠂ ᠵᠢᠯ ᠳᠤ 100 ᠲᠦᠮᠡᠨ ᠲᠣᠨ ᠨᠡᠭᠦᠷᠡᠰᠦ ᠪᠠᠷ ᠦᠢᠯᠡᠳᠬᠦ ᠡᠲ᠋ᠠᠨᠳᠢᠤᠯ ᠤᠨ ᠲᠥᠷᠥᠯ ᠵᠦᠢᠯ ᠨᠢ ᠲᠣᠭᠲᠠᠬᠤ ᠰᠢᠶᠠᠨ ᠤᠰᠤ ᠨᠡᠭᠦᠷᠡᠰᠦᠨ ᠤ ᠨᠡᠶᠢᠯᠡᠮᠡᠯ᠂ ᠣᠷᠣᠨ ᠪᠠᠶᠢᠷᠢ ᠶᠢᠨ ᠵᠠᠮ ᠬᠠᠷᠢᠯᠴᠠᠭ᠎ᠠ᠂ ᠴᠠᠬᠢᠯᠭᠠᠨ ᠤ ᠦᠨ᠎ᠡ ᠶᠢᠨ ᠬᠠᠷᠢᠴᠠᠭᠤᠯᠤᠯ ᠵᠡᠷᠭᠡ ᠭᠤᠷᠪᠠᠨ ᠶᠡᠭᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠶᠡᠭᠡ ᠬᠦᠴᠦ ᠪᠠᠷ ᠣᠷᠣᠭᠤᠯᠵᠤ ᠢᠷᠡᠭᠰᠡᠨ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠲᠥᠷᠥᠯ ᠵᠦᠢᠯ ᠪᠣᠯᠣᠨ᠎ᠠ᠂ ᠲᠡᠷᠡ ᠨᠢ ᠣᠯᠠᠨ ᠡᠰᠢᠲᠦ ᠬᠥᠭᠵᠢᠯᠲᠡ᠂ ᠣᠯᠠᠨ ᠲᠦᠢᠯᠰᠢᠷᠠᠯ ᠢᠶᠠᠷ ᠲᠤᠯᠭᠠᠭᠤᠷᠢᠯᠠᠭᠰᠠᠨ ᠣᠳᠣ ᠦᠶ᠎ᠡ ᠶᠢᠨ ᠠᠵᠤ ᠦᠢᠯᠡᠰ ᠢ ᠪᠦᠲᠦᠭᠡᠬᠦ ᠪᠠ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号