ᠥᠪᠥᠷ ᠵᠠᠰᠠᠭ ᠠᠯᠪᠠᠨ ᠲᠠᠷᠬᠠᠭᠠᠨᠨᠰᠠᠨ ﹇2020﹈ 9 ᠳ᠋ᠦ᠋ᠭᠡᠷ ᠲᠣᠭᠠᠲᠤ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ ᠳᠤ᠄ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︿ | ᠬᠢᠨᠠᠨ ᠵᠥᠪᠰᠢᠶᠡᠷᠡᠬᠦ ᠦᠢᠯᠡᠴᠢᠯᠡᠭᠡ ᠶᠢ ᠠᠷᠠᠳ ᠲᠤ ᠲᠥᠬᠦᠮ ᠦᠵᠡᠭᠦᠯᠬᠦ ᠪᠠᠷ ᠭᠦᠨᠵᠡᠭᠡᠢ ᠠᠬᠢᠭᠤᠯᠬᠤ ᠲᠤᠬᠠᠶ ᠵᠢᠯᠣᠭᠤᠳᠬᠤ ᠰᠠᠨᠠᠯ﹀ ᠢ ᠳᠠᠷᠤᠮᠠᠯᠯᠠᠨ ᠶᠠᠪᠤᠭᠤᠯᠬᠤ | ᠮᠡᠳᠡᠭᠳᠡᠯ︾ | ︵ᠲᠢᠩᠬᠢᠮ ᠥᠰᠥᠭ ︹ 2018 ︺22 ᠳ᠋ᠤᠭᠠᠷ ᠲᠣᠭᠠᠲᠤ︶᠂ ︽ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ︵ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 722 ᠳ᠋ᠤᠭᠠᠷ ᠲᠣᠭᠠᠲᠤ︶ ᠵᠡᠷᠭᠡ ᠶᠢᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠨ ᠬᠦ ᠰᠢᠯᠢᠳᠡᠭᠵᠢᠭᠦᠯᠬᠦ ᠶᠢᠨ | ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠠᠷᠢᠴᠠᠩᠭᠤᠶ ᠲᠥᠪᠯᠡᠷᠡᠭᠰᠡᠨ ᠵᠠᠰᠠᠭ | ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢᠨ ᠠᠵᠢᠯ ᠢ ᠭᠦᠨᠵᠡᠭᠡᠶᠢᠷᠡᠭᠦᠯᠬᠦ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠪᠡ᠃ | ᠨᠢᠭᠡ᠂ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠬᠡᠷᠡᠭᠲᠡᠢ | ︵ᠨᠢᠭᠡ︶ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠢᠯᠭᠠᠨ ᠲᠣᠳᠣᠷᠬᠠᠶᠢᠯᠠᠬᠤ ᠬᠡᠷᠡᠭᠲᠡᠶ᠃ ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ | ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠭᠠᠵᠠᠷ ᠣᠷᠣᠨ ︵ᠳᠣᠷᠣᠭᠰᠢ ᠲᠤᠷᠰᠢᠯᠲᠠ ᠶᠢᠨ ᠴᠡᠭ ᠤᠨ ᠭᠠᠵᠠᠷ ᠣᠷᠣᠨ ᠭᠡᠵᠦ | ᠲᠣᠪᠴᠢᠯᠠᠨ᠎ᠠ︶ ᠨᠢ ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ ᠡᠭᠦᠷᠭᠡᠯᠡᠬᠦ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ︵ | ᠳᠣᠷᠣᠭᠰᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠭᠡᠵᠦ ᠲᠣᠪᠴᠢᠯᠠᠨ᠎ᠠ︶ ᠬᠢᠭᠡᠳ ᠤᠤᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ︵ | ᠳᠣᠷᠣᠭᠰᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠭᠡᠵᠦ ᠲᠣᠪᠴᠢᠯᠠᠨ᠎ᠠ︶ ᠤᠨ ᠡᠭᠦᠷᠭᠡ ᠬᠠᠷᠢᠭᠤᠴᠠᠯᠭ᠎ᠠ ᠶᠢᠨ ᠵᠠᠭᠠᠭ ᠱᠤᠭᠤᠮ ᠢ ᠢᠯᠭᠠᠨ ᠲᠣᠳᠣᠷᠬᠠᠶᠢᠯᠠᠬᠤ | ᠬᠡᠷᠡᠭᠲᠡᠶ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠬᠤᠪᠢᠶᠠᠷᠢᠯᠠᠨ ᠰᠢᠯᠵᠢᠭᠦᠯᠦᠭᠡᠳ ᠪᠠᠶᠢᠭ᠎ᠠ ᠵᠠᠰᠠᠭ ᠵᠠᠬᠢᠷᠭᠠᠨ ᠤ ᠵᠥᠪᠰᠢᠶᠡᠷᠡᠯ ᠵᠡᠷᠭᠡ | ᠬᠢᠨᠠᠨ ᠵᠥᠪᠰᠢᠶᠡᠷᠡᠬᠦ ᠦᠢᠯᠡᠴᠢᠯᠡᠭᠡᠨ ᠤ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠬᠦ ᠶᠢᠨ ᠬᠠᠮᠲᠤ᠂ ᠬᠡᠷᠡᠭᠵᠢᠭᠦᠯᠵᠦ ᠪᠠᠶᠢᠭ᠎ᠠ ᠵᠠᠰᠠᠭ ᠵᠠᠬᠢᠷᠭᠠᠨ ᠤ ᠡᠷᠬᠡ ᠳᠤ | ᠬᠠᠤᠯᠢ ᠴᠠᠭᠠᠵᠠ ᠶᠢᠨ ᠵᠣᠬᠢᠬᠤ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ︔ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ | ᠲᠣᠭᠲᠠᠭᠠᠬᠤ᠂ ᠠᠵᠢᠯ ᠲᠥᠷᠥᠯ ᠤᠨ ᠬᠠᠮᠢᠶᠠᠷᠤᠯᠲᠠ ᠬᠢᠬᠦ᠂ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠨ ᠬᠠᠮᠢᠶᠠᠷᠬᠤ ᠵᠡᠷᠭᠡ ᠡᠭᠦᠷᠭᠡ | ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠵᠦ᠂ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠶᠢ ᠰᠠᠯᠭᠠᠨ ᠬᠡᠷᠡᠭᠵᠢᠭᠦᠯᠬᠦ ᠬᠡᠷᠡᠭᠲᠡᠢ᠃ | ︵ᠬᠤᠶᠠᠷ︶ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ ᠰᠢᠯᠵᠢᠭᠦᠯᠬᠦ ᠬᠡᠷᠡᠭᠲᠡᠢ᠃ ᠲᠤᠷᠰᠢᠯᠲᠠ ᠶᠢᠨ | ᠴᠡᠭ ᠤᠨ ᠭᠠᠵᠠᠷ ᠣᠷᠣᠨ ᠨᠢ ᠠᠵᠤ ᠠᠬᠤᠶᠢᠯᠠᠯ ᠪᠠ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠯᠤᠭ᠎ᠠ ᠨᠢᠭᠲᠠ ᠬᠤᠯᠪᠣᠭᠳᠠᠬᠤ ᠪᠥᠭᠡᠳ ᠦᠷᠭᠦᠯᠵᠢ ᠡᠭᠦᠰᠭᠦ᠂ | ᠭᠤᠶᠤᠴᠢᠯᠠᠬᠤ ᠬᠡᠮᠵᠢᠶ᠎ᠡ ᠶᠡᠭᠡ᠂ ᠵᠥᠪᠰᠢᠶᠡᠷᠡᠯ ᠤᠨ ᠪᠠᠷᠢᠮᠵᠢᠶ᠎ᠠ ᠪᠠ ᠳᠡᠰ ᠳᠠᠷᠠᠭᠠᠯᠠᠯ ᠨᠢ ᠲᠣᠳᠣᠷᠬᠠᠶ᠂ ᠲᠥᠪᠯᠡᠷᠡᠭᠦᠯᠦᠨ ᠭᠦᠢᠴᠡᠳᠭᠡᠬᠦ ᠳᠤ ᠠᠷᠠᠳ ᠲᠤ ᠨᠠᠩ ᠶᠡᠭᠡ | ᠳᠦᠬᠦᠮ ᠦᠵᠡᠭᠦᠯᠣᠨ ᠥᠨᠳᠥᠷ ᠪᠦᠲᠦᠮᠵᠢᠲᠡᠶ ᠪᠣᠯᠬᠤ ᠵᠦᠢᠯᠡᠰ ᠢ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠨᠢᠭᠡᠲᠦᠯᠲᠡᠢ ᠬᠤᠪᠢᠶᠠᠷᠢᠯᠠᠨ | ᠰᠢᠯᠵᠢᠭᠦᠯᠵᠦ ᠭᠦᠢᠴᠡᠳᠬᠡᠯᠭᠡᠬᠦ ᠬᠡᠷᠡᠭᠲᠡᠶ᠃ ︽ᠨᠢᠭᠡ ᠠᠵᠢᠯ ᠶᠠᠪᠤᠳᠠᠯ ᠢ ᠭᠦᠢᠴᠡᠳᠭᠡᠵᠦ ᠳᠠᠭᠤᠰᠬᠠᠬᠤ︾ ᠪᠠᠷ ᠬᠠᠷᠠᠯᠲᠠ ᠪᠣᠯᠭᠠᠵᠤ᠂ ᠪᠣᠳᠠᠲᠠᠶ ᠪᠠᠨ ᠦᠨᠳᠦᠰᠦᠯᠡᠨ | ᠵᠠᠰᠠᠭ ᠵᠠᠬᠢᠷᠭᠠᠨ ᠤ ᠵᠥᠪᠰᠢᠶᠡᠷᠡᠯ ᠯᠦᠭᠡ ᠬᠤᠯᠪᠣᠭᠳᠠᠬᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠢ ᠪᠥᠬᠦ ᠬᠡᠯᠬᠢᠶᠡᠰᠦ ᠪᠠᠷ ᠨᠢ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠰᠠᠯᠠᠭ᠎ᠠ ᠮᠥᠴᠢᠷ ᠲᠤ ᠰᠢᠯᠵᠢᠭᠦᠯᠵᠦ ᠲᠥᠪᠯᠡᠷᠡᠭᠦᠯᠦᠨ ᠭᠦᠢᠴᠡᠳᠭᠡᠯᠭᠡᠬᠦ ᠶᠢᠨ ᠬᠠᠮᠲᠤ ᠪᠥᠬᠦ ᠴᠤᠪᠤᠷᠠᠯ ᠢ ᠨᠢ ᠳᠠᠬᠢᠵᠤ ᠵᠣᠬᠢᠶᠠᠬᠤ ᠬᠡᠷᠡᠭᠲᠡᠢ᠃ ︽ᠨᠢᠭᠡ | ᠪᠦᠯᠦᠭ ᠨᠢ ᠪᠣᠯᠪᠠᠰᠤᠷᠠᠩᠭᠤᠶ ᠪᠣᠯᠪᠠᠯ᠂ ᠲᠡᠷᠡ ᠨᠢᠭᠡ ᠪᠦᠯᠦᠭ ᠢ ᠨᠢ ᠬᠤᠪᠢᠶᠠᠷᠢᠯᠠᠨ ᠰᠢᠯᠵᠢᠭᠦᠯᠬᠦ︾ ᠵᠠᠷᠴᠢᠮ ᠶᠣᠰᠣᠭᠠᠷ᠂ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠨᠢ | ᠪᠤᠳᠤᠯᠢᠶᠠᠨᠲᠠᠶ᠂ ᠲᠤᠰᠬᠠᠶ ᠮᠡᠷᠭᠡᠵᠢᠯ ᠤᠨ ᠱᠠᠭᠠᠷᠳᠠᠯᠭ᠎ᠠ ᠪᠠᠷ ᠦᠨᠳᠦᠷ᠂ ᠬᠦᠯᠢᠶᠡᠰᠦᠯᠡᠬᠦ ᠴᠢᠨᠠᠷ ᠪᠠ ᠬᠢᠵᠠᠭᠠᠷᠯᠠᠬᠤ ᠴᠢᠨᠠᠷ ᠲᠠᠢ᠂ ᠣᠯᠠᠨ ᠨᠡᠶᠢᠲᠡ ᠶᠢᠨ ᠠᠰᠢᠭ ᠲᠤᠰᠠ | ᠪᠠ ᠣᠯᠠᠨ ᠨᠡᠶᠢᠲᠡ ᠶᠢᠨ ᠴᠢᠬᠤᠯᠠ ᠶᠡᠭᠡ ᠠᠮᠤᠷ ᠲᠦᠪᠰᠢᠨ ᠳᠤ ᠬᠤᠯᠪᠣᠭᠳᠠᠭᠰᠠᠨ ᠵᠦᠢᠯᠡᠰ ᠢ ᠬᠤᠪᠢᠶᠠᠷᠢᠯᠠᠨ ᠰᠢᠯᠵᠢᠭᠦᠯᠬᠦ ᠪᠠᠨ ᠲᠦᠷ ᠴᠠᠭ ᠬᠤᠶᠢᠰᠢᠯᠠᠭᠤᠯᠵᠤ | ᠪᠣᠯᠤᠨ᠎ᠠ᠂ ᠨᠥᠬᠦᠴᠡᠯ ᠪᠦᠷᠢᠯᠳᠦᠭᠰᠡᠨ ᠤ ᠳᠠᠷᠠᠭ᠎ᠠ ᠴᠠᠭ ᠲᠤᠬᠠᠶ ᠳᠤ ᠨᠢ ᠬᠤᠪᠢᠶᠠᠷᠢᠯᠠᠨ ᠰᠢᠯᠵᠢᠭᠦᠯᠬᠦ ᠬᠡᠷᠡᠭᠲᠡᠢ᠃ | ︵ᠭᠤᠷᠪᠠ︶ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠲᠦᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠰᠠᠯᠠᠭ᠎ᠠ ᠮᠥᠴᠢᠷ ᠨᠢ ᠬᠤᠪᠢᠶᠠᠷᠢᠯᠠᠨ ᠰᠢᠯᠵᠢᠭᠦᠯᠦᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠵᠡᠷᠭᠡ ᠵᠦᠢᠯᠡᠰ ᠲᠤ ᠡᠷᠬᠡ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠶᠢ ᠴᠠᠭ ᠲᠤᠬᠠᠶ ᠳᠤ ᠨᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠵᠦ᠂ ᠵᠦᠢᠯᠡᠰ ᠤᠨ ᠨᠡᠷᠡᠶᠢᠳᠦᠯ᠂ ᠬᠡᠷᠡᠭᠵᠢᠭᠦᠯᠬᠦ ᠰᠠᠯᠠᠭ᠎ᠠ ᠮᠥᠴᠢᠷ | ᠂ ᠲᠣᠭᠲᠠᠭᠠᠭᠰᠠᠨ ᠦᠨᠳᠦᠰᠦᠯᠡᠯ ᠵᠢᠴᠢ ᠬᠠᠷᠢᠭᠤᠴᠠᠯᠭ᠎ᠠ ᠶᠢᠨ ᠵᠦᠢᠯᠡᠰ ᠵᠡᠷᠭᠡ ᠶᠢ ᠢᠯᠡ ᠪᠣᠯᠭᠠᠬᠤ ᠪᠥᠭᠡᠳ ᠬᠥᠳᠡᠯᠦᠩᠭᠦᠶ ᠪᠠᠷ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠶ | ᠃ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠵᠣᠬᠢᠬᠤ ᠬᠢᠨᠠᠨ ᠬᠠᠮᠢᠶᠠᠷᠬᠤ ᠵᠦᠢᠯᠡᠰ ᠤᠨ ᠨᠠᠷᠢᠨ ᠬᠠᠭᠤᠳᠠᠰᠤ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠬᠢᠨᠠᠨ ᠬᠠᠮᠢᠶᠠᠷᠬᠤ ᠵᠦᠢᠯᠡᠰ᠂ ᠬᠡᠷᠡᠭᠵᠢᠭᠦᠯᠬᠦ ᠭᠤᠤᠯ ᠴᠣᠭᠴᠠ᠂ ᠲᠣᠭᠲᠠᠭᠠᠭᠰᠠᠨ ᠦᠨᠳᠦᠰᠦᠯᠡᠯ᠂ ᠬᠠᠷᠢᠭᠤᠴᠠᠯᠭ᠎ᠠ ᠶᠢᠨ ᠵᠦᠢᠯᠡᠰ ᠵᠡᠷᠭᠡ ᠶᠢ ᠲᠣᠳᠣᠷᠬᠠᠶᠢᠯᠠᠨ᠂ ᠬᠢᠨᠠᠨ | ᠵᠥᠪᠰᠢᠶᠡᠷᠡᠬᠦ ᠪᠠ ᠬᠢᠨᠠᠨ ᠬᠠᠮᠢᠶᠠᠷᠬᠤ ᠶᠢ ᠪᠦᠲᠦᠮᠵᠢᠲᠡᠢ ᠵᠣᠯᠭᠠᠭᠤᠯᠬᠤ ᠬᠡᠷᠡᠭᠲᠡᠶ᠃ | ᠬᠤᠶᠠᠷ᠂ ᠬᠢᠨᠠᠬᠤ ᠬᠠᠮᠢᠶᠠᠷᠬᠤ ᠶᠢ ᠵᠣᠯᠭᠠᠭᠤᠯᠬᠤ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ | ︵ᠨᠢᠭᠡ︶ ᠬᠤᠪᠢᠶᠠᠷᠢᠯᠠᠵᠣ ᠰᠢᠯᠵᠢᠭᠦᠯᠣᠭ᠍ᠰᠡᠨ ᠵᠦᠢᠯᠡᠰ ᠢ ᠲᠤᠰᠢᠶᠠᠵᠤ ᠥᠭᠬᠦ ᠪᠠ ᠭᠠᠷᠳᠠᠵᠤ ᠠᠪᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠵᠥᠪᠰᠢᠶᠡᠷᠡᠯ ᠵᠡᠷᠭᠡ ᠵᠦᠢᠯᠡᠰ ᠢ ᠬᠤᠪᠢᠶᠠᠷᠢᠯᠠᠨ ᠰᠢᠯᠵᠢᠭᠦᠯᠬᠦ ᠳᠤ ᠪᠠᠨ᠂ ᠬᠤᠯᠪᠣᠭᠳᠠᠬᠤ ᠲᠥᠷᠥ ᠶᠢᠨ | ᠪᠣᠳᠣᠯᠭ᠎ᠠ ᠶᠢᠨ ᠪᠢᠴᠢᠭ ᠮᠠᠲ᠋ᠧᠷᠢᠶᠠᠯ᠂ ᠭᠡᠷᠡᠴᠢ ᠦᠨᠡᠮᠯᠡᠯ ᠤᠨ ᠪᠢᠴᠢᠭ ᠬᠠᠷ᠎ᠠ᠂ ᠳᠠᠩᠰᠠ ᠡᠪᠬᠡᠮᠡᠯ ᠤᠨ ᠮᠠᠲ᠋ᠧᠷᠢᠶᠠᠯ ᠵᠡᠷᠭᠡ ᠶᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠰᠠᠯᠠᠭ᠎ᠠ ᠮᠥᠴᠢᠷ ᠲᠤ ᠵᠡᠷᠭᠡ ᠳᠤ ᠨᠢ ᠰᠢᠯᠵᠢᠭᠦᠯᠦᠨ ᠲᠤᠰᠢᠶᠠᠵᠤ ᠥᠭᠬᠦ ᠶᠢᠨ ᠬᠠᠮᠲᠤ᠂ ᠡᠳᠡᠭᠡᠷ ᠵᠦᠢᠯᠡᠰ ᠢ ᠬᠤᠪᠢᠶᠠᠷᠢᠯᠠᠵᠣ ᠰᠢᠯᠵᠢᠭᠦᠯᠣᠭ᠍ᠰᠡᠨ ᠤ ᠳᠠᠷᠠᠭᠠᠬᠢ ᠬᠠᠮᠢᠶ᠎ᠠ | ᠪᠦᠬᠦᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠵᠢᠴᠢ ᠵᠣᠬᠢᠴᠠᠭᠤᠯᠤᠨ ᠬᠠᠮᠵᠢᠯᠴᠠᠬᠤ ᠲᠣᠭᠲᠠᠴᠠ ᠶᠢ ᠨᠢ ᠲᠣᠳᠣᠷᠬᠠᠶᠢᠯᠠᠬᠤ ᠬᠡᠷᠡᠭᠲᠡᠶ᠃ ᠬᠤᠪᠢᠶᠠᠷᠢᠯᠠᠨ | ᠰᠢᠯᠵᠢᠭᠦᠯᠦᠭᠡᠳᠦᠶ ᠵᠦᠢᠯᠡᠰ ᠲᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ | ᠦᠷᠭᠦᠯᠵᠢᠯᠡᠨ ᠬᠠᠤᠯᠢ ᠶᠣᠰᠣᠭᠠᠷ ᠭᠦᠢᠴᠡᠳᠭᠡᠬᠦ ᠬᠡᠷᠡᠭᠲᠡᠶ᠃ | ︵ᠬᠤᠶᠠᠷ︶ ᠬᠢᠨᠠᠬᠤ ᠬᠠᠮᠢᠶᠠᠷᠬᠤ ᠮᠡᠳᠡᠭᠡ ᠵᠠᠩᠭᠢ ᠶᠢᠨ ᠬᠠᠮᠲᠤᠷᠠᠯᠴᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ | ᠲᠤᠷᠰᠢᠯᠲᠠ ᠶᠢᠨ ᠴᠡᠭ ᠤᠨ ᠭᠠᠵᠠᠷ ᠣᠷᠣᠨ ᠨᠢ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠮᠡᠳᠡᠭᠡ ᠵᠠᠩᠭᠢ ᠶᠢᠨ ᠬᠤᠤᠰ ᠴᠢᠭᠯᠡᠯ ᠢᠶᠠᠷ ᠮᠡᠳᠡᠭᠳᠡᠬᠦ ᠠᠵᠢᠯ ᠤᠨ | ᠲᠣᠭᠲᠠᠴᠠ ᠶᠢ ᠪᠠᠶᠢᠭᠤᠯᠵᠤ᠂ ᠬᠢᠨᠠᠬᠤ ᠬᠠᠮᠢᠶᠠᠷᠬᠤ ᠮᠡᠳᠡᠭᠡ ᠵᠠᠩᠭᠢ ᠶᠢᠨ ᠬᠠᠮᠲᠤᠷᠠᠯᠴᠠᠨ ᠬᠥᠳᠡᠯᠦᠯᠴᠡᠬᠦ ᠰᠦᠯᠵᠢᠶᠡᠨ ᠤ ᠲᠠᠪᠴᠠᠩ ᠪᠠᠶᠢᠭᠤᠯᠬᠤ ᠪᠠ ᠬᠤᠯᠪᠣᠭᠠᠴᠢᠨ ᠤ | ᠳᠦᠷᠢᠮ ᠢ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ᠂ ᠠᠯᠪᠠᠨ ᠵᠠᠬᠢᠳᠠᠯ᠂ ᠣᠬᠤᠷ ᠴᠢᠮᠡᠭᠡ᠂ ᠰᠦᠯᠵᠢᠶ᠎ᠡ ᠵᠡᠷᠭᠡ ᠠᠷᠭ᠎ᠠ ᠮᠠᠶ᠋ᠢᠭ ᠢᠶᠠᠷ ᠬᠢᠨᠠᠨ ᠵᠥᠪᠰᠢᠶᠡᠷᠡᠬᠦ ᠪᠠ ᠬᠢᠨᠠᠨ | ᠬᠠᠮᠢᠶᠠᠷᠬᠤ ᠮᠡᠳᠡᠭᠡ ᠵᠠᠩᠭᠢ ᠶᠢ ᠴᠠᠭ ᠲᠤᠬᠠᠶ ᠳᠤ ᠨᠢ ᠳᠠᠮᠵᠢᠭᠤᠯᠤᠨ ᠬᠦᠷᠭᠡᠬᠦ ᠬᠡᠷᠡᠭᠲᠡᠶ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠬᠢᠨᠠᠨ | ᠬᠠᠮᠢᠶᠠᠷᠬᠤ ᠰᠠᠯᠠᠭ᠎ᠠ ᠮᠥᠴᠢᠷ ᠲᠤ ᠬᠢᠨᠠᠨ ᠵᠥᠪᠰᠢᠶᠡᠷᠡᠬᠦ ᠮᠡᠳᠡᠭᠡ ᠵᠠᠩᠭᠢ ᠶᠢ ᠴᠠᠭ ᠲᠤ ᠨᠢ ᠮᠡᠳᠡᠭᠦᠯᠦᠨ ᠬᠦᠷᠭᠡᠵᠦ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ ᠴᠠᠭ | ᠲᠤᠬᠠᠶ ᠳᠤ ᠨᠢ ᠬᠦᠯᠢᠶᠡᠨ ᠠᠪᠬᠤ ᠶᠢᠨ ᠬᠠᠮᠲᠤ ᠬᠢᠨᠠᠯᠲᠠ ᠬᠠᠮᠢᠶᠠᠷᠤᠯᠲᠠ ᠳᠤ ᠪᠠᠨ ᠣᠷᠣᠭᠤᠯᠬᠤ ᠬᠡᠷᠡᠭᠲᠡᠶ᠃ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ ᠬᠢᠨᠠᠨ | ᠬᠠᠮᠢᠶᠠᠷᠤᠭᠰᠠᠨ ᠮᠡᠳᠡᠭᠡ ᠵᠠᠩᠭᠢ ᠶᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠴᠠᠭ ᠲᠤ ᠨᠢ ᠬᠠᠷᠢᠭᠤ ᠲᠤᠰᠬᠠᠵᠤ᠂ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠰᠠᠯᠠᠭ᠎ᠠ ᠮᠥᠴᠢᠷ ᠨᠢ ᠬᠢᠨᠠᠨ ᠬᠠᠮᠢᠶᠠᠷᠬᠤ ᠰᠠᠨᠠᠭᠤᠯᠭ᠎ᠠ ᠶᠢ ᠦᠨᠳᠦᠰᠦᠯᠡᠨ ᠵᠣᠬᠢᠬᠤ ᠬᠡᠮᠵᠢᠶ᠎ᠡ ᠪᠠᠷ ᠰᠢᠢᠳᠪᠦᠷᠢᠯᠡᠬᠦ ᠬᠡᠷᠡᠭᠲᠡᠶ᠃ | ︵ᠭᠤᠷᠪᠠ︶ ᠬᠢᠨᠠᠨ ᠵᠥᠪᠰᠢᠶᠡᠷᠡᠬᠦ ᠳᠤ ᠬᠤᠯᠪᠣᠭᠳᠠᠬᠤ ᠲᠤᠬᠠᠶᠢᠯᠠᠭᠰᠠᠨ ᠠᠵᠢᠯ ᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ᠃ ᠠᠬᠤᠢ ᠲᠠᠯᠠᠪᠠᠢ ᠳᠤ | ᠨᠢ ᠬᠠᠶᠢᠨ ᠰᠢᠯᠭᠠᠬᠤ᠂ ᠮᠡᠷᠭᠡᠵᠢᠯ ᠤᠨ ᠬᠢᠨᠠᠨ ᠪᠠᠶᠢᠴᠠᠭᠠᠯᠲᠠ᠂ ᠲᠤᠰᠬᠠᠶ ᠮᠡᠷᠭᠡᠵᠢᠯᠲᠡᠨ ᠤ ᠨᠤᠲᠠᠯᠠᠯᠲᠠ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠵᠡᠷᠭᠡ ᠬᠢᠨᠠᠨ | ᠵᠥᠪᠰᠢᠶᠡᠷᠡᠬᠦ ᠳᠤ ᠬᠤᠯᠪᠣᠭᠳᠠᠬᠤ ᠲᠤᠬᠠᠶᠢᠯᠠᠭᠰᠠᠨ ᠠᠵᠢᠯ ᠥᠷᠨᠢᠭᠦᠯᠬᠦ ᠨᠥᠬᠦᠴᠡᠯ ᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠲᠦᠷ | ᠪᠦᠷᠢᠯᠳᠦᠭᠦᠯᠦᠭᠡᠳᠦᠢ ᠪᠣᠯ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠦᠷᠭᠦᠯᠵᠢᠯᠡᠨ ᠬᠠᠷᠢᠭᠤᠴᠠᠬᠤ ᠬᠡᠷᠡᠭᠲᠡᠢ︔ ᠲᠤᠰ ᠠᠵᠢᠯ ᠢ ᠥᠷᠨᠢᠭᠦᠯᠬᠦ ᠨᠥᠬᠦᠴᠡᠯ ᠢ | ᠪᠦᠷᠢᠯᠳᠦᠭᠦᠯᠦᠭᠰᠡᠨ ᠪᠣᠯ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠥᠪᠡᠰᠦᠪᠡᠨ ᠵᠣᠬᠢᠶᠠᠨ ᠪᠠᠶᠢᠭᠤᠯᠵᠦ ᠬᠡᠷᠡᠭᠵᠢᠭᠦᠯᠬᠦ ᠬᠡᠷᠡᠭᠲᠡᠢ᠂ | ᠴᠢᠬᠤᠯᠠ ᠲᠠᠢ ᠦᠶ᠎ᠡ ᠳᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤ ᠪᠠᠷ ᠪᠡᠶᠡᠯᠡᠭᠦᠯᠬᠦ ᠬᠡᠷᠡᠭᠲᠡᠢ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ | ᠮᠥᠴᠢᠷ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠬᠤ ᠬᠡᠷᠡᠭᠲᠡᠢ᠃ | ︵ᠳᠥᠷᠪᠡ︶ ᠲᠤᠬᠠᠶᠢᠯᠠᠭᠰᠠᠨ ᠠᠵᠢᠯ᠂ ᠬᠤᠷᠠᠯ᠂ ᠪᠣᠯᠪᠠᠰᠤᠷᠠᠭᠤᠯᠤᠯ ᠵᠡᠷᠭᠡ ᠲᠠᠯ᠎ᠠ ᠶᠢᠨ ᠣᠶᠢᠯᠠᠭᠠᠨ ᠨᠡᠪᠲᠡᠷᠡᠯᠴᠡᠬᠦ ᠠᠵᠢᠯ ᠢ ᠴᠢᠩᠭᠠᠳᠬᠠᠬᠤ ᠬᠡᠷᠡᠭᠲᠡᠶ᠃ | ᠵᠠᠰᠠᠭ ᠵᠠᠬᠢᠷᠭᠠᠨ ᠤ ᠵᠥᠪᠰᠢᠶᠡᠷᠡᠯ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠪᠠ ᠲᠥᠷᠥ ᠶᠢᠨ ᠪᠣᠳᠣᠯᠭ᠎ᠠ ᠶᠢᠨ | ᠪᠠᠷᠢᠮᠵᠢᠶ᠎ᠠ ᠵᠡᠷᠭᠡ ᠳᠤ ᠲᠣᠬᠢᠷᠠᠭᠤᠯᠤᠯᠲᠠ ᠬᠢᠵᠦ ᠬᠤᠪᠢᠷᠠᠯᠲᠠ ᠭᠠᠷᠤᠭᠰᠠᠨ ᠪᠠᠶᠢᠪᠡᠯ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠮᠡᠳᠡᠭᠡ | ᠵᠠᠩᠭᠢ ᠶᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠴᠠᠭ ᠲᠤᠬᠠᠶ ᠳᠤ ᠨᠢ ᠮᠡᠳᠡᠭᠳᠡᠬᠦ ᠬᠡᠷᠡᠭᠲᠡᠶ᠃ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠳᠡᠭᠡᠳᠦ ᠱᠠᠲᠤᠨ ᠤ ᠠᠵᠢᠯ ᠲᠥᠷᠥᠯ ᠤᠨ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠵᠥᠪᠰᠢᠶᠡᠷᠡᠯ ᠤᠨ ᠲᠤᠬᠠᠶᠢᠯᠠᠭᠰᠠᠨ ᠠᠵᠢᠯ ᠲᠠᠢ ᠬᠤᠯᠪᠣᠭᠳᠠᠬᠤ | ᠬᠤᠷᠠᠯ᠂ ᠪᠣᠯᠪᠠᠰᠤᠷᠠᠭᠤᠯᠤᠯ ᠵᠡᠷᠭᠡ ᠶᠢ ᠡᠷᠬᠢᠯᠡᠬᠦ ᠳᠤ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠢ | ᠣᠷᠣᠯᠴᠠᠭᠤᠯᠬᠤ ᠪᠠᠷ ᠮᠡᠳᠡᠭᠳᠡᠬᠦ ᠬᠡᠷᠡᠭᠲᠡᠶ᠃ | ︵ᠲᠠᠪᠤ︶ ᠭᠡᠷᠡᠴᠢ ᠦᠨᠡᠮᠯᠡᠯ ᠪᠢᠴᠢᠭ ᠬᠠᠷ᠎ᠠ ᠢ ᠭᠤᠶᠤᠴᠢᠯᠠᠨ ᠠᠪᠬᠤ ᠠᠵᠢᠯ ᠢ ᠵᠣᠬᠢᠴᠠᠭᠤᠯᠤᠨ ᠰᠠᠶᠢᠲᠤᠷ ᠬᠢᠬᠦ ᠬᠡᠷᠡᠭᠲᠡᠶ᠃ ᠵᠠᠰᠠᠭ ᠵᠠᠬᠢᠷᠭᠠᠨ ᠤ | ᠵᠥᠪᠰᠢᠶᠡᠷᠡᠯ ᠤᠨ ᠵᠦᠢᠯᠡᠰ ᠤᠨ ᠬᠡᠪ ᠳᠦᠷᠢᠮᠲᠦ ᠦᠨᠡᠮᠯᠡᠯ ᠪᠠ ᠵᠠᠭᠪᠤᠷ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠳᠡᠭᠡᠳᠦ ᠱᠠᠲᠤᠨ ᠤ ᠠᠵᠢᠯ ᠲᠥᠷᠥᠯ ᠤᠨ | ᠰᠠᠯᠠᠭ᠎ᠠ ᠮᠥᠴᠢᠷ ᠠᠴᠠ ᠬᠠᠩᠭᠠᠵᠤ ᠦᠩᠭᠦᠭᠰᠡᠨ ᠪᠣᠯ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠤᠶᠤᠴᠢᠯᠠᠨ ᠠᠪᠬᠤ ᠳᠤ ᠬᠠᠪᠰᠣᠷᠬᠤ ᠬᠡᠷᠡᠭᠲᠡᠶ᠃ | ᠨᠢᠭᠡᠳᠦᠯᠲᠡᠶ ᠲᠣᠭᠲᠠᠭᠠᠭᠰᠠᠨ ᠬᠡᠪ ᠵᠠᠭᠪᠤᠷ ᠢᠶᠠᠷ ᠥᠪᠡᠰᠦᠪᠡᠨ ᠳᠠᠷᠤᠮᠠᠯᠯᠠᠵᠤ ᠪᠣᠯᠬᠤ ᠳᠤ ᠭᠦᠷᠪᠡᠯ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠠᠴᠠ | ᠳᠠᠷᠤᠮᠠᠯᠯᠠᠨ ᠵᠣᠬᠢᠶᠠᠬᠤ ᠬᠡᠷᠡᠭᠲᠡᠢ᠃ | ︵ᠵᠢᠷᠭᠤᠭ᠎ᠠ︶ ᠵᠠᠰᠠᠭ ᠵᠠᠬᠢᠷᠭᠠᠨ ᠤ ᠵᠥᠪᠰᠢᠶᠡᠷᠡᠯ ᠤᠨ ᠲᠤᠬᠠᠶᠢᠯᠠᠭᠰᠠᠨ ᠠᠵᠢᠯ ᠤᠨ ᠳ᠋ᠠᠶᠢᠲ᠋ᠠ ᠶᠢᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ | ᠠᠬᠢᠭᠤᠯᠬᠤ ᠬᠡᠷᠡᠭᠲᠡᠢ᠃ ᠲᠤᠷᠰᠢᠯᠲᠠ ᠶᠢᠨ ᠴᠡᠭ ᠤᠨ ᠭᠠᠵᠠᠷ ᠣᠷᠣᠨ ᠨᠢ ᠨᠢᠭᠡ ᠴᠣᠭᠴᠠᠵᠢᠭᠤᠯᠤᠭᠰᠠᠨ ᠰᠦᠯᠵᠢᠶᠡᠨ ᠳᠠᠬᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠡᠯ᠎ᠡ ᠰᠠᠯᠠᠭ᠎ᠠ ᠮᠥᠴᠢᠷ ᠤᠨ ᠲᠠᠷᠠᠬᠠᠶ ᠲᠤᠰᠠᠭᠠᠷ ᠪᠠᠶᠢᠭ᠎ᠠ ᠬᠢᠨᠠᠨ ᠵᠥᠪᠰᠢᠶᠡᠷᠡᠬᠦ ᠮᠡᠳᠡᠭᠡ ᠵᠠᠩᠭᠢ ᠶᠢᠨ ᠰᠢᠰᠲ᠋ᠧᠮ ᠢ | ᠡᠮᠬᠢᠯᠡᠨ ᠨᠡᠶᠢᠯᠡᠭᠦᠯᠵᠦ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰᠬᠠᠶ ᠰᠦᠯᠵᠢᠶ᠎ᠡ ᠪᠠ ᠠᠵᠢᠯ ᠲᠥᠷᠥᠯ ᠤᠨ ᠬᠢᠨᠠᠨ ᠵᠥᠪᠰᠢᠶᠡᠷᠡᠬᠦ ᠮᠡᠳᠡᠭᠡ ᠵᠠᠩᠭᠢ ᠶᠢᠨ | ᠰᠢᠰᠲ᠋ᠧᠮ ᠬᠢᠭᠡᠣᠨ ᠨᠢᠭᠡ ᠴᠣᠭᠴᠠᠵᠢᠭᠤᠯᠤᠭᠰᠠᠨ ᠰᠦᠯᠵᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠵᠣᠯᠭᠠᠭᠤᠯᠵᠣ᠂ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠦᠢᠯᠡᠴᠢᠯᠡᠭᠡᠨ ᠤ ᠰᠠᠯᠠᠭ᠎ᠠ ᠮᠥᠴᠢᠷ ᠠᠯᠤᠰᠯᠠᠨ ᠱᠠᠲᠤ ᠳᠡᠰ ᠠᠯᠤᠰᠯᠠᠨ ᠮᠡᠳᠡᠭᠡ ᠵᠠᠩᠭᠢ ᠪᠠᠨ ᠬᠠᠷᠢᠯᠴᠠᠨ ᠮᠡᠳᠡᠷᠡᠬᠦ᠂ ᠳ᠋ᠠᠶᠢᠲ᠋ᠠ ᠪᠠᠨ ᠬᠠᠮᠲᠤ ᠪᠠᠷ | ᠭᠦᠷᠳᠡᠬᠦ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠠᠬᠢᠭᠤᠯᠵᠤ᠂ ︽ᠨᠢᠭᠡ ᠯᠠ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠶᠢ ᠪᠠᠶᠠᠯᠡᠭᠦᠯᠬᠦ ᠬᠡᠷᠡᠭᠲᠡᠢ᠃ | ︵ᠳᠣᠯᠤᠭ᠎ᠠ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠲᠠᠮᠠᠭ᠎ᠠ ᠶᠢᠨ ᠬᠠᠤᠯᠢ ᠶᠢᠨ ᠬᠦᠴᠦᠨ ᠢ ᠲᠣᠳᠣᠷᠬᠠᠶᠢᠯᠠᠬᠤ ᠬᠡᠷᠡᠭᠲᠡᠶ᠃ | ᠲᠢᠩᠬᠢᠮ ᠦᠰᠦᠭ ﹇2018﹈ 22 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠵᠥᠪᠰᠢᠶᠡᠷᠡᠯ ᠵᠡᠷᠭᠡ ᠵᠦᠢᠯᠡᠰ ᠢ ᠭᠦᠢᠴᠡᠳᠭᠡᠬᠦ ᠳᠤ ᠬᠠᠤᠯᠢ ᠶᠢᠨ ᠬᠦᠴᠦᠨ ᠲᠠᠢ ᠪᠣᠯᠬᠤᠷ᠂ ᠤᠤᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠰᠠᠯᠠᠭ᠎ᠠ ᠮᠥᠴᠢᠷ ᠤᠨ ᠲᠠᠮᠠᠭ᠎ᠠ ᠶᠢ ᠳᠠᠪᠬᠤᠷᠳᠠᠭᠤᠯᠤᠨ ᠳᠠᠷᠤᠭᠤᠯᠬᠤ ᠪᠠᠷ ᠱᠠᠭᠠᠷᠳᠠᠵᠤ ᠪᠣᠯᠬᠤ ᠦᠭᠡᠢ᠂ | ᠳᠠᠪᠬᠤᠷᠳᠠᠭᠤᠯᠤᠨ ᠲᠠᠮᠠᠭ᠎ᠠ ᠳᠠᠷᠤᠬᠤ ᠶᠢ ᠲᠠᠰᠤ ᠵᠣᠭᠰᠣᠭᠠᠬᠤ ᠬᠡᠷᠡᠭᠲᠡᠶ᠃ ᠤᠯᠤᠰ ᠤᠨ ᠬᠤᠯᠪᠣᠭᠳᠠᠯ ᠪᠦᠬᠦᠢ ᠶᠠᠮᠤᠨ ᠵᠥᠪᠯᠡᠯ ᠤᠨ ᠡᠴᠦᠰ ᠤᠨ ᠰᠢᠭᠦᠯᠲᠡ ᠳᠤ | ᠬᠤᠯᠪᠣᠭᠳᠠᠭᠰᠠᠨ ᠡᠰᠡᠭᠦᠯ᠎ᠠ ᠥᠪᠡᠷᠲᠡᠭᠡᠨ ᠵᠠᠰᠠᠬᠤ ᠣᠷᠣᠨ ᠤ ᠭᠠᠳᠠᠨ᠎ᠠ ᠮᠡᠳᠡᠷᠡᠭᠦᠯᠬᠦ ᠴᠢᠬᠤᠯᠠᠲᠠᠶ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠲᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠢᠶᠠᠷ ᠦᠨᠡᠮᠰᠢᠨ ᠭᠡᠷᠡᠴᠢᠯᠡᠭᠦᠯᠬᠦ ᠪᠤᠶᠤ ᠲᠠᠶᠢᠯᠪᠤᠷᠢᠯᠠᠨ ᠲᠣᠳᠣᠷᠬᠠᠶᠢᠯᠠᠭᠤᠯᠬᠤ ᠴᠢᠬᠤᠯᠠᠲᠠᠢ ᠪᠣᠯ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠰᠠᠨᠠᠯ ᠢᠶᠠᠨ ᠪᠢᠴᠢᠭ ᠤᠨ ᠬᠡᠯᠪᠡᠷᠢ ᠪᠠᠷ ᠭᠠᠷᠭᠠᠵᠤ ᠥᠭᠬᠦ ᠬᠡᠷᠡᠭᠲᠡᠶ᠃ | ︵ᠨᠠᠢᠮᠠ︶ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠢ᠃ ︽ᠬᠡᠨ | ᠭᠤᠣᠯᠴᠢᠯᠠᠨ ᠬᠠᠮᠢᠶᠠᠷᠪᠠᠯ ᠲᠡᠷᠡ ᠬᠢᠨᠠᠨ ᠬᠠᠮᠢᠶᠠᠷᠬᠤ︾ ᠵᠠᠷᠴᠢᠮ ᠢ ᠪᠠᠷᠢᠮᠲᠠᠯᠠᠵᠤ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠤᠯᠢ ᠴᠠᠭᠠᠵᠠ᠂ ᠬᠠᠤᠯᠢ | ᠲᠣᠭᠲᠠᠭᠠᠯ ᠪᠠ | ︽ᠭᠤᠷᠪᠠ ᠶᠢ ᠲᠣᠭᠲᠠᠭᠠᠬᠤ︾ ᠲᠣᠭᠲᠠᠭᠠᠯ ᠳᠤ ᠲᠣᠳᠣᠷᠬᠠᠶᠢᠯᠠᠭᠰᠠᠨ ᠬᠢᠨᠠᠨ ᠬᠠᠮᠢᠶᠠᠷᠬᠤ ᠵᠦᠢᠯᠡᠰ ᠪᠠ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠴᠢᠩᠭ᠎ᠠ | ᠵᠢᠷᠤᠮᠯᠠᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠠᠤᠯᠢ ᠶᠣᠰᠣᠭᠠᠷ ᠬᠢᠨᠠᠨ ᠬᠠᠮᠢᠶᠠᠷᠴᠤ᠂ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ | ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ | ᠭᠤᠷᠪᠠ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ | ︵ᠨᠢᠭᠡ︶ ᠪᠠᠷᠢᠮᠵᠢᠶᠠᠵᠢᠭᠤᠯᠤᠭᠰᠠᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠠᠵᠢᠯᠯᠠᠬᠤ ᠲᠠᠯᠠᠪᠤᠷ ᠭᠠᠵᠠᠷ ᠤᠨ ᠬᠠᠮᠢᠶᠠᠷᠤᠯᠲᠠ᠂ ᠬᠢᠨᠠᠨ ᠵᠥᠪᠰᠢᠶᠡᠷᠡᠬᠦ | ᠴᠤᠪᠤᠷᠠᠯ᠂ ᠦᠢᠯᠡᠴᠢᠯᠡᠬᠦ ᠠᠷᠭ᠎ᠠ ᠮᠠᠶ᠋ᠢᠭ ᠵᠡᠷᠭᠡ ᠶᠢᠨ ᠪᠠᠷᠢᠮᠵᠢᠶᠠᠵᠢᠭᠤᠯᠤᠭᠰᠠᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠪᠣᠳᠠᠲᠤ ᠴᠣᠭᠴᠠ ᠶᠢᠨ ᠲᠢᠩᠬᠢᠮ ᠤᠨ ᠴᠢᠳᠠᠮᠵᠢ ᠶᠢᠨ ᠲᠠᠰ ᠳᠡᠪᠰᠢᠬᠦ ᠶᠢ ᠠᠬᠢᠭᠤᠯᠬᠤ ᠬᠡᠷᠡᠭᠲᠡᠢ᠃ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠪᠠ ᠥᠪᠡᠷᠲᠡᠭᠡᠨ | ᠵᠠᠰᠠᠬᠤ ᠣᠷᠣᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠰᠠᠭᠤᠷᠢ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ | ᠵᠢᠷᠤᠮᠵᠢᠯ ᠵᠡᠷᠭᠡ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠡᠯ᠎ᠡ ᠵᠦᠢᠯ ᠤᠨ ᠬᠢᠨᠠᠨ | ᠵᠥᠪᠰᠢᠶᠡᠷᠡᠬᠦ ᠬᠦᠴᠦᠨ ᠵᠦᠢᠯ ᠢ ᠵᠤᠷᠪᠤᠰ ᠳᠠᠷᠠᠭᠠᠯᠠᠨ ᠲᠣᠳᠣᠷᠬᠠᠶᠢᠯᠠᠵᠤ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠦᠨ᠂ ᠬᠢᠨᠠᠨ | ᠵᠥᠪᠰᠢᠶᠡᠷᠡᠬᠦ ᠪᠠᠷᠢᠮᠵᠢᠶ᠎ᠠ ᠶᠢ ᠨᠠᠷᠢᠯᠢᠭᠵᠢᠭᠤᠯᠤᠨ ᠬᠡᠮᠵᠢᠶᠡᠵᠢᠭᠦᠯᠵᠦ᠂ ᠪᠠᠷᠢᠮᠵᠢᠶᠠᠵᠢᠭᠰᠠᠨ ᠠᠵᠢᠯ ᠤᠨ ᠴᠣᠪᠣᠷᠠᠯ ᠪᠠ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠢ | ᠨᠠᠶᠢᠷᠠᠭᠤᠯᠤᠨ ᠵᠣᠬᠢᠶᠠᠬᠤ ᠶᠢᠨ ᠬᠠᠮᠲᠤ ᠨᠡᠶᠢᠭᠡᠮ ᠳᠤ ᠢᠯᠡ ᠪᠣᠯᠭᠠᠨ᠂ ᠠᠳᠠᠯᠢ ᠨᠢᠭᠡᠨ ᠠᠵᠢᠯ ᠶᠠᠪᠤᠳᠠᠯ ᠢ ᠢᠯᠭᠠᠭ᠎ᠠ ᠥᠬᠡᠶ ᠭᠥᠯᠢᠶᠡᠨ ᠠᠪᠴᠤ ᠰᠢᠢᠳᠪᠦᠷᠢᠯᠡᠬᠦ ᠪᠠ | ᠠᠳᠠᠯᠢ ᠪᠠᠷᠢᠮᠵᠢᠶ᠎ᠠ ᠪᠠᠷ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ | ︵ᠬᠤᠶᠠᠷ︶ ︽ᠭᠤᠷᠪᠠ ᠶᠢ ᠲᠥᠪᠯᠡᠷᠡᠭᠦᠯᠵᠦ᠂ ᠭᠤᠷᠪᠠ ᠶᠢ ᠪᠣᠳᠠᠲᠠᠶᠢᠵᠢᠭᠤᠯᠬᠤ︾ ᠠᠵᠢᠯ ᠢ ᠦᠷᠭᠦᠯᠵᠢᠯᠡᠨ ᠠᠬᠢᠭᠤᠯᠬᠤ ᠬᠡᠷᠡᠭᠲᠡᠢ᠃ ᠲᠤᠷᠰᠢᠯᠲᠠ ᠶᠢᠨ | ᠴᠡᠭ ᠤᠨ ᠭᠠᠵᠠᠷ ᠣᠷᠣᠨ ᠨᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠬᠤᠪᠢᠶᠠᠷᠢᠯᠠᠨ ᠰᠢᠯᠵᠢᠭᠦᠯᠦᠭᠡᠳᠦᠢ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠢ ︽ᠭᠤᠷᠪᠠ ᠶᠢ ᠲᠥᠪᠯᠡᠷᠡᠭᠦᠯᠵᠦ᠂ ᠭᠤᠷᠪᠠ ᠶᠢ ᠪᠣᠳᠠᠲᠠᠶᠢᠵᠢᠭᠤᠯᠬᠤ︾ ︵ᠰᠠᠯᠠᠭ᠎ᠠ ᠮᠥᠴᠢᠷ ᠤᠨ ᠵᠥᠪᠰᠢᠶᠡᠷᠡᠬᠦ ᠡᠭᠦᠷᠭᠡ | ᠴᠢᠳᠠᠪᠤᠷᠢ ᠶᠢ ᠨᠢᠭᠡ ᠰᠠᠯᠠᠭ᠎ᠠ ᠲᠠᠰᠤᠭ ᠲᠤ ᠲᠥᠪᠯᠡᠷᠡᠭᠦᠯᠬᠦ᠂ ᠬᠢᠨᠠᠨ ᠵᠥᠪᠰᠢᠶᠡᠷᠡᠬᠦ ᠰᠠᠯᠠᠭ᠎ᠠ ᠲᠠᠰᠤᠭ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ | ᠲᠥᠪᠯᠡᠷᠡᠭᠦᠯᠬᠦ᠂ ᠬᠢᠨᠠᠨ ᠵᠥᠪᠰᠢᠶᠡᠷᠡᠬᠦ ᠵᠦᠢᠯᠡᠰ ᠢ ᠰᠦᠯᠵᠢᠶ᠎ᠡ ᠪᠠᠷ ᠭᠦᠢᠴᠡᠳᠭᠡᠬᠦ ᠲᠡᠶᠢᠰᠢ ᠲᠥᠪᠯᠡᠷᠡᠭᠦᠯᠵᠦ᠂ ᠦᠢᠯᠡᠴᠢᠯᠡᠬᠦ ᠵᠦᠢᠯᠡᠰ ᠢ ᠦᠢᠯᠡᠴᠢᠯᠡᠬᠦ ᠲᠢᠩᠬᠢᠮ ᠳᠤ | ᠣᠷᠣᠭᠤᠯᠬᠤ ᠶᠢ ᠪᠣᠳᠠᠲᠠᠶᠢᠵᠢᠭᠤᠯᠬᠤ᠂ ᠬᠢᠨᠠᠨ ᠵᠥᠪᠰᠢᠶᠡᠷᠡᠬᠦ ᠡᠷᠬᠡ ᠶᠢ ᠦᠢᠯᠡᠴᠢᠯᠡᠬᠦ ᠴᠣᠩᠬᠤᠪᠴᠢ ᠳᠤ ᠣᠯᠭᠤᠵᠤ ᠪᠣᠳᠠᠲᠠᠶᠢᠵᠢᠭᠤᠯᠬᠤ᠂ ᠡᠯᠧᠺᠲᠷᠣᠨ ᠢᠶᠠᠷ ᠬᠢᠨᠠᠨ | ᠪᠠᠶᠢᠴᠠᠭᠠᠯᠲᠠ ᠬᠢᠬᠦ ᠶᠢ ᠪᠣᠳᠠᠲᠠᠶᠢᠵᠢᠭᠤᠯᠦᠨᠡ︶ ᠱᠠᠭᠠᠷᠳᠠᠯᠭ᠎ᠠ ᠶᠣᠰᠣᠭᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠣᠭᠤᠯᠵᠣ ᠲᠥᠪᠯᠡᠷᠡᠭᠦᠯᠦᠨ | ᠭᠦᠢᠴᠡᠳᠭᠡᠬᠦ ᠬᠡᠷᠡᠭᠲᠡᠢ᠃ ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ | ᠠᠵᠢᠯ ᠢ ᠥᠷᠨᠢᠭᠦᠯᠦᠭᠡᠳᠦᠶ ᠭᠠᠵᠠᠷ ᠣᠷᠣᠨ ᠨᠢ ︽ᠭᠤᠷᠪᠠ ᠶᠢ ᠲᠥᠪᠯᠡᠷᠡᠭᠦᠯᠵᠦ᠂ ᠭᠤᠷᠪᠠ ᠶᠢ ᠪᠣᠳᠠᠲᠠᠶᠢᠵᠢᠭᠤᠯᠬᠤ︾ ᠱᠠᠭᠠᠷᠳᠠᠯᠭ᠎ᠠ ᠶᠣᠰᠣᠭᠠᠷ᠂ ᠲᠤᠰ ᠵᠠᠰᠠᠭ | ᠵᠠᠬᠢᠷᠭᠠᠨ ᠤ ᠣᠷᠣᠨ ᠳᠠᠬᠢ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ | ᠣᠷᠣᠭᠤᠯᠵᠣ ᠨᠢᠭᠡᠳᠦᠯᠲᠡᠢ ᠭᠦᠢᠴᠡᠳᠬᠡᠵᠦ ᠲᠥᠪᠯᠡᠷᠡᠭᠦᠯᠦᠨ ᠦᠢᠯᠡᠴᠢᠯᠡᠵᠦ᠂ ︽ᠨᠢᠭᠡ ᠯᠡ ᠡᠭᠦᠳᠡ ᠪᠠᠷ ᠣᠷᠣᠵᠤ᠂ ᠣᠯᠠᠨ ᠠᠵᠢᠯ ᠶᠠᠪᠤᠳᠠᠯ ᠢ ᠭᠦᠢᠴᠡᠳᠬᠡᠵᠦ | ᠳᠠᠭᠤᠰᠬᠠᠬᠤ︾ ᠶᠢ ᠪᠡᠶᠡᠯᠡᠭᠦᠯᠬᠦ ᠬᠡᠷᠡᠭᠲᠡᠢ᠃ | ︵ᠭᠤᠷᠪᠠ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠶ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ | ᠰᠠᠶᠢᠨ ᠪᠠ ᠠᠨᠠᠢ ᠶᠢ ᠦᠨᠡᠯᠡᠬᠦ︾ ᠳᠦᠷᠢᠮ ᠢ ᠪᠦᠬᠦ ᠲᠠᠯ᠎ᠠ ᠪᠠᠷ ᠪᠠᠶᠢᠭᠤᠯᠬᠤ ᠬᠡᠷᠡᠭᠲᠡᠢ᠃ ᠡᠯᠧᠺᠲᠷᠣᠨ ᠢᠶᠠᠷ ᠬᠢᠨᠠᠨ ᠪᠠᠶᠢᠴᠠᠭᠠᠬᠤ᠂ ᠠᠬᠤᠢ ᠲᠠᠯᠠᠪᠤᠷ ᠲᠤ ᠬᠦᠷᠴᠦ | ᠦᠨᠡᠯᠡᠯᠲᠡ ᠬᠢᠬᠦ ᠵᠡᠷᠭᠡ ᠠᠷᠭ᠎ᠠ ᠮᠠᠶ᠋ᠢᠭ ᠢ ᠠᠪᠴᠤ᠂ ᠴᠣᠩᠬᠤᠪᠴᠢ ᠪᠠᠷ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠦᠢᠯᠡ ᠠᠵᠢᠯᠯᠠᠭ᠎ᠠ ᠳᠤ ᠦᠨᠡᠯᠡᠯᠲᠡ ᠬᠢᠵᠦ ᠬᠢᠨᠠᠯᠲᠠ | ᠲᠠᠯᠪᠢᠬᠤ ᠶᠢ ᠴᠢᠩᠭᠠᠷᠠᠭᠤᠯᠬᠤ ᠬᠡᠷᠡᠭᠲᠡᠢ᠃ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠨ᠂ ᠤᠷᠮᠠᠰᠢᠭᠤᠯᠬᠤ ᠪᠠ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠰᠠᠬᠢᠯᠭ᠎ᠠ ᠪᠠᠲᠤ | ᠪᠠᠶᠢᠴᠠᠭᠠᠬᠤ ᠪᠠ ᠬᠢᠨᠠᠨ ᠪᠠᠶᠢᠴᠠᠭᠠᠬᠤ ᠲᠠᠯ᠎ᠠ ᠶᠢᠨ ᠬᠢᠨᠠᠯᠲᠠ ᠲᠠᠯᠪᠢᠬᠤ ᠶᠢ ᠴᠢᠩᠭᠠᠷᠠᠭᠤᠯᠤᠨ᠂ ᠬᠢᠨᠠᠯᠲᠠ ᠲᠠᠯᠪᠢᠵᠤ ᠬᠢᠵᠠᠭᠠᠷᠯᠠᠬᠤ ᠶᠢ ᠦᠨᠡᠨ ᠬᠦ ᠴᠢᠩᠭᠠᠳᠬᠠᠬᠤ | ᠬᠡᠷᠡᠭᠲᠡᠢ᠃ | ᠳᠥᠷᠪᠡ᠂ ᠳᠡᠭᠡᠳᠦ ᠳᠣᠤᠷᠠᠳᠤ ᠱᠠᠲᠤᠨ ᠤ ᠬᠤᠭᠤᠷᠣᠨᠳᠣᠬᠢ ᠵᠣᠬᠢᠴᠠᠭᠤᠯᠤᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ | ︵ᠨᠢᠭᠡ︶ ᠲᠥᠷᠥ ᠶᠢᠨ ᠪᠣᠳᠣᠯᠭ᠎ᠠ ᠪᠠᠷ ᠳᠡᠮᠵᠢᠬᠦ ᠪᠠ ᠲᠤᠬᠠᠶᠢᠯᠠᠭᠰᠠᠨ ᠠᠵᠢᠯ ᠤᠨ ᠵᠢᠭᠠᠨ ᠵᠢᠯᠣᠭᠤᠳᠬᠤ ᠶᠢ ᠴᠢᠩᠭᠠᠳᠬᠠᠬᠤ ᠬᠡᠷᠡᠭᠲᠡᠶ᠃ ᠳᠡᠭᠡᠳᠦ ᠱᠠᠲᠤᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠢᠯᠠᠩᠭᠤᠶ᠎ᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠵᠠᠰᠠᠭ | ᠵᠠᠬᠢᠷᠭᠠᠨ ᠤ ᠵᠥᠪᠰᠢᠶᠡᠷᠡᠯ ᠳᠤ ᠬᠤᠯᠪᠣᠭᠳᠠᠬᠤ ᠲᠤᠬᠠᠶᠢᠯᠠᠭᠰᠠᠨ ᠠᠵᠢᠯ ᠤᠨ ᠪᠢᠴᠢᠭ ᠮᠠᠲ᠋ᠧᠷᠢᠶᠠᠯ ᠢ ᠲᠣᠭᠳᠠᠭᠠᠨ ᠶᠠᠪᠤᠭᠤᠯᠬᠤ ᠪᠠ ᠤᠯᠠᠮᠵᠢᠯᠠᠨ ᠶᠠᠪᠤᠭᠤᠯᠬᠤ ᠳᠤ᠂ | ᠲᠤᠷᠰᠢᠯᠲᠠ ᠶᠢᠨ ᠴᠡᠭ ᠤᠨ ᠭᠠᠵᠠᠷ ᠣᠷᠣᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠢ ᠭᠤᠣᠯᠯᠠᠨ ᠢᠯᠡᠭᠡᠬᠦ ᠪᠤᠶᠤ ᠬᠠᠭᠤᠯᠤᠨ ᠢᠯᠡᠭᠡᠬᠦ | ᠬᠡᠪᠴᠢᠶᠡᠨ ᠳᠤ ᠣᠷᠣᠭᠤᠯᠬᠤ ᠬᠡᠷᠡᠭᠲᠡᠶ︔ ᠵᠠᠰᠠᠭ ᠵᠠᠬᠢᠷᠭᠠᠨ ᠤ ᠵᠥᠪᠰᠢᠶᠡᠷᠡᠯ ᠲᠠᠢ ᠬᠤᠯᠪᠣᠭᠳᠠᠬᠤ ᠲᠤᠬᠠᠶᠢᠯᠠᠭᠰᠠᠨ ᠠᠵᠢᠯ ᠤᠨ ᠬᠤᠯᠪᠣᠭᠳᠠᠯ ᠪᠦᠬᠦᠢ ᠬᠤᠷᠠᠯ᠂ | ᠪᠣᠯᠪᠠᠰᠤᠷᠠᠭᠤᠯᠤᠯ ᠵᠡᠷᠭᠡ ᠶᠢ ᠡᠷᠬᠢᠯᠡᠭᠦ ᠳᠤ ᠳᠣᠣᠷᠠᠳᠤ ᠱᠠᠲᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠮᠡᠳᠡᠭᠳᠡᠵᠦ ᠣᠷᠣᠯᠴᠠᠭᠤᠯᠬᠤ | ᠬᠡᠷᠡᠭᠲᠡᠶ᠃ | ︵ᠬᠤᠶᠠᠷ︶ ᠬᠢᠨᠠᠨ ᠪᠠᠶᠢᠴᠠᠭᠠᠬᠤ ᠪᠤᠶᠤ ᠡᠴᠦᠰ ᠤᠨ ᠬᠢᠨᠠᠯᠲᠠ ᠶᠢᠨ ᠮᠠᠲ᠋ᠧᠷᠢᠶᠠᠯ ᠢ ᠮᠡᠳᠡᠭᠦᠯᠦᠨ ᠬᠦᠷᠭᠡᠬᠦ ᠴᠤᠪᠤᠷᠠᠯ ᠢᠶᠠᠨ ᠳᠥᠭᠦᠮᠴᠢᠯᠡᠬᠦ ᠬᠡᠷᠡᠭᠲᠡᠶ᠃ ᠳᠡᠭᠡᠳᠦ | ᠨᠢᠭᠡ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠢᠨᠠᠨ ᠪᠠᠶᠢᠴᠠᠭᠠᠬᠤ ᠪᠤᠶᠤ ᠡᠴᠦᠰ ᠤᠨ ᠬᠢᠨᠠᠯᠳᠠ ᠬᠢᠭᠦ ᠴᠢᠬᠤᠯᠳᠠᠢ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠵᠦᠢᠯᠡᠰ ᠢ ᠪᠣᠯ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠳᠡᠭᠡᠳᠦ ᠨᠢᠭᠡ ᠱᠠᠲᠤᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠤ ᠮᠠᠲ᠋ᠧᠷᠢᠶᠠᠯ ᠢᠶᠠᠨ ᠰᠢᠭᠤᠳ ᠮᠡᠳᠡᠭᠦᠯᠦᠨ ᠬᠦᠷᠭᠡᠬᠦ ᠬᠡᠷᠡᠭᠲᠡᠢ᠂ ᠠᠳᠠᠯᠢ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠳᠠᠮᠵᠢᠭᠤᠯᠤᠨ | ᠮᠡᠳᠡᠭᠦᠯᠬᠦ ᠴᠢᠬᠤᠯᠠ ᠦᠭᠡᠢ᠃ ᠳᠡᠭᠡᠳᠦ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠬᠢᠨᠠᠨ ᠵᠥᠪᠰᠢᠶᠡᠷᠡᠬᠦ ᠰᠢᠰᠲ᠋ᠧᠮ ᠪᠠ ᠡᠷᠬᠡ ᠮᠡᠳᠡᠯ | ᠵᠡᠷᠭᠡ ᠡᠬᠢ ᠪᠠᠶᠠᠯᠢᠭ ᠢ ᠳᠣᠣᠷᠠᠳᠤ ᠱᠠᠲᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠴᠢᠯᠦᠭᠡᠲᠡᠢ ᠨᠡᠭᠡᠭᠡᠨ ᠥᠭᠴᠦ᠂ ᠳ᠋ᠠᠶᠢᠲ᠋ᠠ ᠶᠢ | ᠬᠠᠮᠲᠤ ᠪᠠᠷ ᠬᠦᠷᠲᠡᠬᠦ ᠶᠢ ᠪᠡᠶᠡᠯᠡᠭᠦᠯᠬᠦ ᠬᠡᠷᠡᠭᠲᠡᠢ᠃ | ︵ᠭᠤᠷᠪᠠ︶ ᠳᠡᠭᠡᠳᠦ ᠳᠣᠣᠷᠠᠳᠤ ᠱᠠᠲᠤᠨ ᠤ ᠲᠤᠬᠠᠶᠢᠯᠠᠭᠰᠠᠨ ᠠᠵᠢᠯ ᠤᠨ ᠵᠣᠯᠭᠠᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠰᠠᠯᠠᠭ᠎ᠠ ᠮᠥᠴᠢᠷ ᠨᠢ ᠳᠡᠭᠡᠳᠦ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠠᠵᠢᠯ ᠢᠶᠠᠨ ᠢᠳᠡᠪᠬᠢᠲᠡᠢ ᠵᠣᠯᠭᠠᠭᠤᠯᠬᠤ ᠶᠢ ᠴᠢᠩᠭᠠᠳᠬᠠᠨ᠂ | ᠲᠤᠬᠠᠶᠢᠯᠠᠭᠰᠠᠨ ᠠᠵᠢᠯ ᠤᠨ ᠵᠢᠭᠠᠨ ᠵᠢᠯᠣᠭᠤᠳᠤᠯᠭ᠎ᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠬᠠᠮᠢᠶ᠎ᠠ ᠪᠦᠬᠦᠢ ᠬᠠᠤᠯᠢ | ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠪᠠ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠵᠡᠷᠭᠡ ᠶᠢ ᠴᠢᠩᠭ᠎ᠠ ᠬᠡᠷᠡᠭᠵᠢᠭᠦᠯᠦᠨ᠂ ᠮᠡᠳᠡᠭᠡ ᠵᠠᠩᠭᠢ | ᠰᠣᠯᠢᠯᠴᠠᠬᠤ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠰᠠᠨᠠᠯ ᠰᠠᠨᠠᠭᠤᠯᠭ᠎ᠠ ᠶᠢ ᠬᠠᠷᠢᠭᠤ ᠲᠤᠰᠬᠠᠨ᠂ ᠠᠵᠢᠯ ᠢᠶᠠᠨ ᠳᠡᠮᠵᠢᠭᠦᠯᠬᠦ ᠪᠠᠷ ᠴᠢᠷᠮᠠᠶᠢᠬᠤ ᠬᠡᠷᠡᠭᠲᠡᠢ᠃ | ᠲᠤᠷᠰᠢᠯᠲᠠ ᠶᠢᠨ ᠴᠡᠭ ᠤᠨ ᠠᠶᠢᠮᠠᠭ ᠬᠤᠲᠠ ᠨᠢ ᠦᠨᠳᠦᠰᠦᠨ ᠱᠠᠲᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠳᠤ ᠵᠢᠭᠠᠨ ᠵᠢᠯᠤᠭᠤᠳᠤᠯᠭ᠎ᠠ ᠬᠢᠬᠦ ᠪᠠᠨ | ᠴᠢᠩᠭᠠᠳᠬᠠᠬᠤ ᠬᠡᠷᠡᠭᠲᠡᠶ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠥᠭᠡᠷᠡᠴᠢᠯᠡᠯᠲᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠨᠢ ᠤᠯᠤᠰ | ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠪᠦᠬᠦ ᠬᠦᠴᠦᠨ ᠢᠶᠠᠷ ᠢᠶᠠᠨ ᠳᠡᠮᠵᠢᠵᠦ᠂ ᠠᠵᠢᠯ ᠤᠨ ᠲᠠᠯ᠎ᠠ ᠪᠠᠷ ᠵᠢᠭᠠᠨ ᠵᠢᠯᠣᠭᠤᠳᠬᠤ ᠪᠠᠨ | ᠴᠢᠩᠭᠠᠷᠠᠭᠤᠯᠤᠨ᠂ ᠡᠯ᠎ᠡ ᠲᠤᠷᠰᠢᠯᠲᠠ ᠶᠢᠨ ᠴᠡᠭ ᠤᠨ ᠭᠠᠵᠠᠷ ᠣᠷᠣᠨ ᠢ ᠵᠣᠷᠢᠭᠵᠢᠭᠤᠯᠤᠨ ᠬᠠᠪᠰᠤᠷᠴᠤ ᠪᠠᠶᠢᠭᠠᠳ ᠬᠠᠤᠯᠢ ᠪᠠᠷ ᠵᠠᠰᠠᠬᠤ ᠪᠦᠳᠦᠭᠦᠪᠴᠢ ᠲᠥᠰᠥᠪ ᠤᠨ | ᠳᠣᠲᠣᠷ᠎ᠠ ᠤᠤᠭᠠᠯ ᠪᠦᠲᠦᠭᠡᠯᠴᠢ ᠴᠢᠨᠠᠷᠲᠠᠶ᠂ ᠢᠯᠭᠠᠵᠢᠭᠤᠯᠤᠭᠰᠠᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠦᠪᠡᠭᠴᠢᠯᠡᠬᠦ ᠬᠡᠷᠡᠭᠲᠡᠢ᠃ ᠡᠯ᠎ᠡ ᠭᠠᠵᠠᠷ ᠣᠷᠣᠨ ᠨᠢ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠢᠭᠡᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠠᠷᠢᠶᠠᠯᠠᠭᠳᠠᠬᠤ ᠬᠠᠷᠢᠴᠠᠭ᠎ᠠ ᠶᠢ ᠤᠯᠠᠮ | ᠨᠢᠭᠡ ᠠᠯᠬᠤᠮ ᠰᠢᠯᠤᠭᠤᠳᠬᠠᠬᠤ ᠬᠡᠷᠡᠭᠲᠡᠢ᠃ | ︵ᠬᠤᠶᠠᠷ︶ ᠥᠭᠡᠷᠡᠴᠢᠯᠡᠯᠲᠡ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ ᠪᠣᠳᠠᠲᠠᠶᠢᠵᠢᠭᠤᠯᠬᠤ ᠬᠡᠷᠡᠭᠲᠡᠢ᠃ ᠡᠯ᠎ᠡ ᠲᠤᠷᠰᠢᠯᠲᠠ ᠶᠢᠨ ᠴᠡᠭ ᠤᠨ ᠭᠠᠵᠠᠷ ᠣᠷᠣᠨ | ᠨᠢ ᠥᠭᠡᠷᠡᠴᠢᠯᠡᠯᠲᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠢ ᠲᠣᠳᠣᠷᠬᠠᠶᠢᠯᠠᠨ᠂ ᠨᠢᠭᠡᠳᠦᠯᠲᠡᠶ ᠲᠥᠯᠥᠪᠯᠡᠨ ᠠᠬᠢᠭᠤᠯᠬᠤ ᠪᠠ ᠰᠢᠮᠳᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠠᠵᠢᠯ ᠤᠨ ᠲᠣᠮᠳᠠ ᠲᠤᠯᠭᠠᠷᠠᠭᠰᠠᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃ ᠭᠦᠮᠣᠨ ᠤ ᠬᠦᠴᠦᠨ᠂ ᠠᠵᠢᠯ ᠤᠨ | ᠵᠠᠷᠤᠳᠠᠯ ᠵᠡᠷᠭᠡ ᠲᠠᠯ᠎ᠠ ᠶᠢᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠲᠤᠰᠬᠠᠶ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠬᠤ ᠪᠠ ᠭᠡᠷᠡᠴᠢ ᠦᠨᠡᠮᠯᠡᠯ ᠬᠡᠪᠯᠡᠨ | ᠳᠠᠷᠤᠮᠠᠯᠯᠠᠬᠤ ᠵᠡᠷᠭᠡ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠠᠴᠠ ᠪᠠᠲᠤᠯᠠᠬᠤ | ᠬᠡᠷᠡᠭᠲᠡᠢ᠃ | ︵ᠭᠤᠷᠪᠠ︶ ᠲᠦᠬᠦᠷᠵᠢᠭᠦᠯᠦᠭᠰᠡᠨ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠡᠯ᠎ᠡ ᠲᠤᠷᠰᠢᠯᠲᠠ ᠶᠢᠨ ᠴᠡᠭ ᠤᠨ ᠭᠠᠵᠠᠷ ᠣᠷᠣᠨ ᠨᠢ | ᠥᠭᠡᠷᠡᠴᠢᠯᠡᠯᠲᠡ ᠶᠢᠨ ᠲᠦᠭᠦᠷ ᠲᠥᠷᠥ ᠶᠢᠨ ᠪᠣᠳᠣᠯᠭ᠎ᠠ ᠪᠠᠨ ᠲᠠᠰᠤᠷᠠᠯᠲᠠ ᠤᠢᠭᠡᠢ ᠲᠡᠭᠦᠯᠳᠡᠷᠵᠢᠭᠦᠯᠵᠦ᠂ ᠥᠭᠡᠷᠡᠴᠢᠯᠡᠯᠲᠡ ᠶᠢᠨ ᠱᠠᠭᠠᠷᠳᠠᠯᠭ᠎ᠠ ᠳᠤ ᠨᠡᠶᠢᠴᠡᠬᠦ ᠦᠭᠡᠶ | ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠢᠯᠭᠠᠷᠠᠭᠤᠯᠬᠤ ᠶᠢᠨ ᠬᠠᠮᠲᠤ ᠵᠣᠬᠢᠬᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠬᠡᠷᠡᠭᠲᠡᠶ᠃ | ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠬᠤ ᠵᠡᠷᠭᠡ ᠠᠷᠭ᠎ᠠ ᠮᠠᠶ᠋ᠢᠭ ᠢᠶᠠᠷ ᠥᠭᠡᠷᠡᠴᠢᠯᠡᠯᠲᠡ ᠪᠠᠨ ᠭᠦᠨᠵᠡᠭᠡᠶᠢᠷᠡᠭᠦᠯᠬᠦ ᠶᠢ ᠬᠠᠶᠢᠨ ᠰᠦᠪᠡᠭᠴᠢᠯᠡᠵᠦ᠂ | ᠥᠭᠡᠷᠡᠴᠢᠯᠡᠯᠲᠡ ᠶᠢ ᠤᠷᠤᠭᠰᠢᠲᠠᠶ ᠠᠬᠢᠭᠤᠯᠬᠤ ᠳᠤ ᠬᠠᠤᠯᠢ ᠲᠦᠷᠢᠮ ᠤᠨ ᠪᠠᠲᠤᠯᠠᠭ᠎ᠠ ᠬᠠᠩᠭᠠᠵᠤ ᠪᠣᠯᠤᠨ᠎ᠠ᠃ | ︵ᠳᠥᠷᠪᠡ︶ ᠥᠭᠡᠷᠡᠴᠢᠯᠡᠯᠲᠡ ᠶᠢ ᠤᠬᠠᠭᠤᠯᠬᠤ ᠪᠠᠨ ᠴᠢᠩᠭᠠᠳᠬᠠᠬᠤ ᠬᠡᠷᠡᠭᠲᠡᠢ᠃ ᠡᠯ᠎ᠡ ᠲᠤᠷᠰᠢᠯᠲᠠ ᠶᠢᠨ ᠴᠡᠭ ᠤᠨ ᠭᠠᠵᠠᠷ ᠣᠷᠣᠨ᠂ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠨᠢ ᠥᠭᠡᠷᠡᠴᠢᠯᠡᠯᠲᠡ ᠶᠢᠨ ᠲᠤᠰᠬᠠᠶ ᠪᠤᠯᠤᠩ᠂ ᠰᠦᠯᠵᠢᠶᠡᠨ ᠤ ᠲᠠᠪᠴᠠᠩ᠂ ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠬᠡᠯᠪᠡᠷᠢ ᠪᠠᠷ | ᠳᠠᠮᠵᠢᠭᠤᠯᠤᠨ᠂ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠭᠦᠨᠵᠡᠭᠡᠶ ᠳᠠᠶᠢᠯᠵᠣ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠰᠡᠨ ᠠᠷᠭ᠎ᠠ ᠬᠢᠳᠡᠯ ᠢ ᠥᠷᠭᠡᠨ | ᠳᠡᠯᠭᠡᠷ ᠤᠬᠠᠭᠤᠯᠤᠨ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠢᠳᠡᠪᠬᠢᠲᠡᠢ ᠳᠡᠯᠭᠡᠨ ᠦᠵᠡᠭᠦᠯᠵᠦ᠂ ᠥᠭᠡᠷᠡᠴᠢᠯᠡᠯᠲᠡ ᠶᠢ ᠬᠠᠮᠳᠤ ᠪᠠᠷ ᠠᠬᠢᠭᠤᠯᠬᠤ ᠰᠠᠶᠢᠨ | ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃ | | | 2020 ᠣᠨ ᠤ 4 ᠳ᠋ᠤᠬᠡᠷ ᠰᠠᠷ᠎ᠠ ᠶᠢᠨ 30 ᠤ ᠡᠳᠦᠷ | | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | |