︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠦᠢᠯᠡᠴᠢᠯᠡᠭᠡᠨ ᠤ ᠦᠷ᠎ᠡ ᠪᠦᠲᠦᠮᠵᠢ ᠪᠠᠨ | ᠳᠡᠭᠡᠭᠰᠢᠯᠡᠭᠦᠯᠦᠨ᠂ ︽ᠮᠡᠳᠡᠭᠡ ᠵᠠᠩᠭᠢ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠲᠤᠲᠠᠭᠤ ᠭᠦᠶᠦᠯᠭᠡᠬᠦ︾ | ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠲᠦᠩᠯᠢᠶᠣᠤ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ 7 ᠳ᠋ᠤᠭᠠᠷ ᠰᠠᠷ᠎ᠠ ᠶᠢᠨ 15 ᠤ ᠡᠳᠦᠷ ︽ᠭᠠᠷ | ᠤᠲᠠᠰᠤᠨ ᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ︾ ᠶᠢᠨ APP ᠳᠡᠭᠡᠷ᠎ᠡ ︽ᠰᠠᠷ᠎ᠠ ᠪᠠᠷ ᠲᠤᠯᠭᠠᠨ | ᠬᠠᠷᠢᠴᠠᠭᠤᠯᠵᠤ ᠵᠢᠭᠡᠯᠡᠯᠭᠡ ᠪᠤᠴᠠᠭᠠᠬᠤ︾᠂ ︽ᠤᠷᠢᠳᠴᠢᠯᠠᠨ ᠦᠯᠡᠳᠡᠭᠡᠭᠰᠡᠨ ᠭᠠᠷ ᠤᠲᠠᠰᠤᠨ ᠤ ᠨᠣᠮᠧᠷ ᠢᠶᠠᠨ | ᠥᠭᠡᠷᠡᠴᠢᠯᠡᠬᠦ︾ ᠪᠠ ︽ᠤᠷᠢᠳᠴᠢᠯᠠᠨ ᠳ᠋ᠦᠩᠨᠡᠨ ᠪᠤᠳᠤᠬᠤ︾ ᠲᠤᠬᠠᠶᠢᠯᠠᠭᠰᠠᠨ ᠠᠵᠢᠯ ᠢ ᠵᠢᠩᠬᠢᠨᠢ ᠪᠠᠷ ᠨᠡᠭᠡᠭᠡᠪᠡ᠃ | ᠲᠤᠰᠢᠶᠠᠨ ᠬᠠᠳᠠᠭᠠᠯᠠᠭᠤᠯᠵᠤ ᠪᠠᠶᠢᠭ᠎ᠠ ᠠᠵᠢᠯᠲᠠᠨ ᠠᠵᠢᠯᠴᠢᠨ ᠰᠦᠯᠵᠢᠶᠡᠨ ᠳᠡᠭᠡᠷ᠎ᠡ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ︽ᠰᠠᠷ᠎ᠠ ᠪᠠᠷ ᠲᠤᠯᠭᠠᠨ ᠬᠠᠷᠢᠴᠠᠭᠤᠯᠵᠤ ᠵᠢᠭᠡᠯᠡᠯᠭᠡ ᠪᠤᠴᠠᠭᠠᠬᠤ︾᠂ | ︽ᠤᠷᠢᠳᠴᠢᠯᠠᠨ ᠦᠯᠡᠳᠡᠭᠡᠭᠰᠡᠨ ᠭᠠᠷ ᠤᠲᠠᠰᠤᠨ ᠤ ᠨᠣᠮᠧᠷ ᠢᠶᠠᠨ ᠥᠭᠡᠷᠡᠴᠢᠯᠡᠬᠦ︾ ᠪᠠ ᠪᠠᠶᠢᠭᠠᠯᠢ ᠬᠥᠮᠦᠨ | ᠳᠠᠭᠠᠭᠠᠯᠲᠠ ᠬᠢᠬᠦ ᠠᠷᠭ᠎ᠠ ᠮᠠᠶ᠋ᠢᠭ ᠤᠨ ᠵᠢᠭᠡᠯᠡᠯᠭᠡ ᠶᠢ ᠳ᠋ᠦᠩᠨᠡᠨ ᠪᠤᠳᠤᠵᠤ ᠳᠠᠭᠤᠰᠬᠠᠬᠤ ᠲᠤᠬᠠᠶᠢᠯᠠᠭᠰᠠᠨ ᠠᠵᠢᠯ ᠢ | ᠭᠦᠢᠴᠡᠳᠬᠡᠵᠦ ᠪᠣᠯᠤᠨ᠎ᠠ︔ ᠲᠤᠰᠢᠶᠠᠨ ᠬᠠᠳᠠᠭᠠᠯᠠᠭᠤᠯᠬᠤ ᠨᠢᠭᠡᠴᠢ ᠶᠢᠨ ᠲᠤᠰᠬᠠᠶ ᠬᠠᠮᠢᠶᠠᠷᠤᠭᠴᠢ ᠰᠦᠯᠵᠢᠶᠡᠨ | ᠳᠡᠭᠡᠷᠡᠬᠢ ᠲᠤᠬᠠᠶᠢᠯᠠᠭᠰᠠᠨ ᠠᠵᠢᠯ ᠤᠨ ᠶᠡᠭᠡ ᠲᠢᠩᠬᠢᠮ ᠢᠶᠠᠷ ᠳᠠᠮᠵᠢᠭᠤᠯᠤᠨ ᠲᠤᠰᠢᠶᠠᠨ ᠬᠠᠳᠠᠭᠠᠯᠠᠭᠤᠯᠬᠤ ᠰᠠᠭᠤᠷᠢ | ᠲᠤᠭ᠎ᠠ ᠶᠢ ᠬᠤᠪᠢᠷᠠᠭᠤᠯᠬᠤ᠂ ᠲᠤᠰᠢᠶᠠᠨ ᠬᠠᠳᠠᠭᠠᠯᠠᠬᠤ ᠶᠢ ᠬᠢᠨᠠᠨ ᠲᠣᠭᠲᠠᠭᠠᠬᠤ᠂ ᠬᠤᠪᠢᠶᠠᠵᠤ ᠳᠠᠩᠰᠠᠨ ᠳᠤ | ᠣᠷᠤᠭᠤᠯᠬᠤ᠂ ᠠᠵᠢᠯᠲᠠᠨ ᠠᠵᠢᠯᠴᠢᠨ ᠤ ᠳᠠᠩᠰᠠᠨ ᠡᠷᠦᠬᠡ ᠨᠡᠭᠡᠭᠡᠬᠦ᠂ ᠪᠢᠲᠡᠭᠦᠮᠵᠢᠯᠡᠬᠦ᠂ ᠪᠢᠲᠡᠭᠦᠮᠵᠢᠯᠡᠭᠰᠡᠨ ᠢᠶᠠᠨ | ᠨᠡᠭᠡᠭᠡᠬᠦ ᠵᠢᠴᠢ ᠬᠡᠰᠡᠭ ᠨᠢᠭᠡᠴᠢ ᠵᠢᠴᠢ ᠬᠤᠪᠢ ᠬᠥᠮᠦᠨ ᠤ ᠮᠡᠳᠡᠭᠡ ᠵᠠᠩᠭᠢ ᠶᠢ ᠬᠤᠪᠢᠷᠠᠭᠤᠯᠬᠤ ᠲᠤᠬᠠᠶᠢᠯᠠᠭᠰᠠᠨ | ᠠᠵᠢᠯ ᠵᠡᠷᠭᠡ ᠶᠢ ᠭᠦᠢᠴᠡᠳᠬᠡᠵᠦ ᠪᠣᠯᠣᠨ᠎ᠠ᠃ | |