|
ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2020 ᠣᠨ ᠤ 17 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ |
|
|
ᠨᠡᠶᠢᠲᠡᠯᠡᠭᠰᠡᠨ ᠴᠠᠭ᠄
2020/7/23
|
|
7 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠪᠠᠶᠢᠳᠠᠯ ᠢ ᠰᠤᠳᠤᠯᠤᠨ ᠵᠠᠳᠠᠯᠪᠠ᠃ ᠬᠤᠷᠠᠯ ᠠᠴᠠ᠂ ᠡᠨᠡ ᠵᠢᠯ ᠠᠴᠠ ᠨᠠᠭᠠᠰᠢ᠂ ᠣᠷᠣᠨ ᠳᠠᠶᠠᠭᠠᠷ ᠢᠶᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠢᠳᠡᠪᠬᠢᠲᠡᠢ ᠦᠷ᠎ᠡ ᠪᠦᠲᠦᠮᠵᠢ ᠣᠯᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠰᠠᠶᠢᠲᠤᠷ ᠬᠢᠭᠰᠡᠨ ᠤᠷᠢᠲᠠᠯ ᠳᠣᠣᠷ᠎ᠠ᠂ ︽ᠵᠢᠷᠭᠤᠭ᠎ᠠ ᠶᠢ ᠳᠤᠬᠳᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠪᠠᠷ ᠨᠢᠭᠲᠠ ᠭᠤᠤᠯᠳᠠᠭᠤᠯᠤᠨ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠠᠵᠢᠯ ᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠳᠡᠢ ᠬᠡᠵᠥ ᠵᠢᠭᠠᠵᠥ ᠭᠠᠷᠭᠠᠪᠠ᠃ ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠬᠠᠷᠠᠯᠲᠠ ᠪᠠᠷ ᠤᠳᠤᠷᠢᠳᠤᠮᠵᠢ ᠪᠤᠯᠭᠠᠬᠤ ᠶᠢ ᠤᠯᠠᠮ ᠨᠢᠭᠡ ᠠᠯᠬᠤᠮ ᠳᠣᠪᠤᠶᠢᠯᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠪᠣᠳᠠᠲᠠᠶ ᠬᠠᠷᠠᠯᠲᠠ ᠡᠭᠦᠷᠭᠡ ᠲᠠᠢ ᠬᠠᠷᠭᠤᠭᠤᠯᠤᠨ᠂ ᠡᠬᠦᠷᠬᠡ ᠶᠢ ᠪᠡᠶᠡᠯᠡᠭᠦᠯᠦᠭᠰᠡᠨ ᠪᠠᠶᠢᠳᠠᠯ ᠢᠶᠠᠨ ᠪᠦᠬᠦ ᠲᠠᠯ᠎ᠠ ᠪᠠᠷ ᠡᠮᠬᠢᠯᠡᠵᠥ᠂ ᠨᠠᠷᠢᠨ ᠳᠠᠩᠰᠠ ᠭᠠᠷᠭᠠᠨ᠂ ᠡᠬᠡ ᠳᠠᠩᠰᠠ ᠪᠠᠶᠢᠭᠤᠯᠵᠤ᠂ ᠵᠦᠢᠯ ᠳᠠᠷᠠᠭᠠᠯᠠᠨ ᠳᠠᠩᠰᠠ ᠬᠠᠷᠭᠤᠭᠤᠯᠵᠤ ᠭᠦᠢᠴᠡᠳᠭᠡᠬᠦ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠠᠬᠤᠶ ᠶᠢᠨ ᠡᠷᠬᠢᠯᠳᠡ ᠳᠠᠬᠢ ᠬᠦᠴᠢᠷᠳᠡᠯ ᠪᠠ ᠠᠰᠠᠭᠤᠳᠠᠯ ᠳᠤ ᠪᠣᠳᠠᠲᠠᠶ ᠰᠢᠢᠳᠪᠦᠷᠢᠯᠡᠬᠦ ᠠᠷᠭ᠎ᠠ ᠭᠠᠷᠭᠠᠵᠤ᠂ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠶ ᠲᠣᠭᠤᠷᠢᠨ ᠪᠠᠶᠢᠴᠠᠭᠠᠯᠲᠠ᠂ ᠲᠥᠪ ᠤᠨ ᠣᠷᠴᠢᠨ ᠳᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠠᠵᠢᠯᠯᠠᠭ᠎ᠠ ᠳᠤ ᠵᠢᠭᠠᠵᠤ ᠭᠠᠷᠭᠠᠭᠰᠠᠨ ᠠᠰᠠᠭᠤᠳᠠᠯ ᠵᠢᠴᠢ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠨ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠦᠨᠡᠨ ᠪᠣᠳᠠᠲᠠᠶ ᠰᠠᠶᠢᠲᠤᠷ ᠠᠳᠬᠤᠵᠤ᠂ ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠴᠢᠨᠠᠷ ᠰᠠᠶᠢᠲᠠᠶ ᠰᠠᠶᠢᠲᠤᠷ ᠬᠢᠵᠦ᠂ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠳᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠠᠵᠤ ᠠᠬᠤᠶᠢᠯᠠᠯᠲᠠᠳ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠪᠠᠷᠢᠮᠵᠢᠶᠠᠯᠠᠨ ᠬᠠᠷᠭᠤᠭᠤᠯᠵᠥ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠠᠮᠠᠭᠠᠯᠠᠨ ᠳᠡᠮᠵᠢᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠵᠤ ᠠᠬᠤᠢᠢᠯᠠᠯ ᠤᠨ ᠬᠦᠴᠢᠷᠳᠡᠯ ᠢ ᠰᠢᠢᠳᠪᠤᠷᠢᠯᠡᠵᠦ ᠬᠠᠷᠠᠭᠠᠯᠵᠠᠯ ᠦᠵᠡᠬᠦᠯᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠰᠠᠶᠢᠳᠦᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ ᠬᠠᠪᠰᠤᠷᠤᠨ ᠪᠣᠳᠠᠲᠠᠶ ᠬᠦᠴᠢᠷᠳᠡᠯ ᠪᠠ ᠠᠰᠠᠭᠤᠳᠠᠯ ᠢ ᠨᠢ ᠦᠨᠡᠨ ᠬᠦ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠬᠡᠷᠡᠭᠳᠡᠢ ᠬᠡᠵᠥ ᠴᠢᠬᠤᠯᠠᠴᠢᠯᠠᠪᠠ᠃ ᠬᠤᠷᠠᠯ ᠠᠴᠠ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ ᠥᠷᠭᠡᠳᠬᠡᠬᠦ ᠶᠢ ᠲᠡᠷᠢᠭᠦᠨ ᠪᠠᠶᠢᠷᠢᠨ ᠳᠤ ᠲᠠᠯᠪᠢᠵᠤ᠂ ᠶᠡᠭᠡ ᠳᠡᠭᠡᠳᠦ ᠰᠤᠷᠭᠠᠭᠤᠯᠢ ᠶᠢᠨ ᠲᠡᠭᠦᠰᠬᠦ ᠤᠶᠤᠳᠠᠳ᠂ ᠬᠥᠯᠥᠰᠥᠨ ᠳᠠᠷᠢᠶᠠᠴᠢᠨ᠂ ᠬᠤᠳᠠ ᠪᠠᠯᠭᠠᠰᠤᠨ ᠤ ᠶᠠᠳᠠᠭᠤ ᠬᠦᠴᠢᠷᠳᠡᠯᠲᠡᠢ ᠭᠡᠷ ᠪᠦᠯᠢ ᠵᠢᠴᠢ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢᠨ ᠠᠰᠠᠭᠤᠳᠠᠯ ᠢ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠨᠢᠰᠭᠡᠯ ᠢ ᠬᠤᠪᠢᠶᠠᠷᠢᠯᠠᠨ ᠪᠠᠭᠤᠯᠭᠠᠵᠥ ᠲᠦᠪᠬᠢᠨᠡᠭᠦᠯᠤᠨ ᠰᠢᠢᠳᠪᠤᠷᠢᠯᠡᠬᠦ᠂ ᠮᠠᠨᠵᠤᠤᠷ ᠵᠡᠷᠭᠡ ᠭᠤᠤᠯᠳᠠᠯᠭ᠎ᠠ ᠲᠠᠢ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠢᠯᠪᠠᠷ ᠪᠤᠰᠤ ᠪᠠᠷ ᠣᠯᠤᠭᠰᠠᠨ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠬᠦ ᠬᠡᠷᠡᠭᠳᠡᠢ᠃ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠ ᠠᠶᠤᠯᠬᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠵᠦ᠂ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ᠂ ᠬᠠᠰᠢᠯᠭ᠎ᠠ ᠴᠦᠬᠦᠷᠤᠮ ᠢ ᠵᠢᠭᠰᠠᠭᠠᠨ ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠭᠠᠮᠰᠢᠭᠳᠠᠭᠰᠠᠨ ᠣᠯᠠᠨ ᠲᠦᠮᠡᠨ ᠢ ᠲᠥᠪᠬᠢᠨᠡᠭᠦᠯᠬᠦ ᠵᠡᠷᠭᠡ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠬᠢᠵᠦ᠂ ᠭᠤᠤᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢᠨ ᠭᠡᠮ ᠰᠤᠭᠤᠬ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠥ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠳᠡᠢ ᠬᠡᠵᠥ ᠴᠢᠬᠤᠯᠠᠴᠢᠯᠠᠪᠠ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |
|
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|