ᠴᠢ᠊ ᠪᠠᠳᠣ
ᠨᠡᠶᠢᠲᠡᠯᠡᠭᠰᠡᠨ ᠴᠠᠭ᠄
2020/7/24
                        ᠳᠡᠳ᠋ ᠲᠡᠷᠢᠭᠦᠯᠡᠭᠴᠢ    ᠴᠢ᠊ ᠪᠠᠲᠤ      ᠲᠡᠷᠢᠭᠦᠯᠡᠭᠴᠢ ᠶᠢ ᠬᠠᠪᠰᠤᠷᠴᠤ ᠠᠷᠠᠳ ᠤᠨ ᠶᠠᠪᠤᠳᠠᠯ᠂ ᠬᠥᠮᠥᠨ ᠤ ᠬᠦᠴᠦ ᠪᠠ ᠨᠡᠶᠢᠭᠡᠮ ᠤᠨ ᠪᠠᠲᠤᠯᠠᠭ᠎ᠠ᠂ ᠴᠡᠷᠢᠭ ᠤᠨ ᠠᠯᠪᠠ ᠠᠴᠠ ᠪᠠᠭᠤᠭᠰᠠᠳ ᠤᠨ ᠶᠠᠪᠤᠳᠠᠯ᠂ ᠵᠠᠬ᠎ᠠ ᠳᠡᠯᠭᠡᠭᠦᠷ ᠤᠨ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠢᠨ᠎ᠡ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠬᠥᠮᠥᠨ ᠤ ᠬᠦᠴᠦ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠴᠡᠷᠢᠭ ᠤᠨ ᠠᠯᠪᠠ ᠠᠴᠠ ᠪᠠᠭᠤᠭᠰᠠᠳ ᠤᠨ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠢᠩᠬᠢᠮ ︵ᠮᠡᠳᠡᠯᠭᠡ ᠶᠢᠨ ᠥᠮᠴᠢ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ ᠶᠢ ᠬᠤᠪᠢᠳᠠᠨ ᠬᠠᠮᠢᠶᠠᠷᠤᠨ᠎ᠠ᠃      ᠥᠪᠡᠷᠲᠡᠭᠡᠨ ᠵᠠᠰᠠᠬᠤ  ᠣᠷᠣᠨ ᠤ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭᠠᠨ ᠤ ᠥᠪᠥᠷ ᠮᠣᠩᠭᠤᠯ ᠳᠠᠬᠢ ᠶᠡᠷᠦᠩᠬᠡᠢ ᠠᠩᠭᠢ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭ᠎ᠠ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠠᠢ ᠬᠠᠷᠢᠯᠴᠠᠨ᠎ᠠ᠃      ᠲᠡᠷᠢᠭᠦᠯᠡᠭᠴᠢ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ᠳᠣᠪᠴᠢ ᠨᠠᠮᠳᠠᠷ      ᠴᠢ᠊ ᠪᠠᠳᠣ᠂ ᠡᠷᠡᠭᠳᠡᠢ᠂ ᠮᠣᠩᠭᠤᠯ ᠦᠨᠳᠦᠰᠦᠳᠡᠨ᠂ 1971 ᠣᠨ ᠤ 9 ᠰᠠᠷ᠎ᠠ ᠳᠤ ᠲᠦᠷᠦᠪᠡ᠂ ᠦᠪᠦᠷ ᠮᠣᠩᠭᠤᠯ ᠤᠨ ᠵᠡᠭᠦᠨᠭᠠᠷ ᠬᠤᠰᠢᠭᠤᠨ ᠤ ᠬᠦᠮᠦᠨ᠂ 1995 ᠣᠨ ᠤ 1 ᠰᠠᠷ᠎ᠠ ᠳᠤ ᠳᠣᠮᠳᠠᠳᠣ ᠣᠯᠣᠰ ᠤᠨ ᠡᠪ ᠬᠠᠮᠳᠣ ᠨᠠᠮ ᠳᠤ ᠣᠷᠣᠵᠣ᠂ 1991 ᠣᠨ ᠤ 9 ᠰᠠᠷ᠎ᠠ ᠳᠤ ᠠᠵᠢᠯ ᠳᠤ ᠣᠷᠣᠯᠴᠠᠪᠠ᠂ ᠲᠦᠪ ᠤᠨ ᠨᠠᠮ ᠤᠨ ᠰᠣᠷᠭᠠᠭᠤᠯᠢ ᠶᠢᠨ ᠶᠡᠭᠡ ᠰᠣᠷᠭᠠᠭᠤᠯᠢ ᠶᠢᠨ ᠰᠣᠷᠣᠯᠭ᠎ᠠ ᠶᠢᠨ ᠨᠠᠮᠳᠠᠷ ᠲᠠᠢ᠂ ᠣᠯᠠᠨ ᠨᠡᠶᠢᠳᠡ ᠶᠢᠨ ᠬᠠᠮᠢᠶᠠᠷᠣᠯᠳᠠ ᠶᠢᠨ ᠮᠠᠰᠲ᠋ᠧᠷ ᠴᠣᠯᠠ ᠲᠠᠢ᠃      ᠣᠳᠣ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠵᠠᠰᠠᠭ ᠤᠨ ᠣᠷᠳᠣᠨ ᠤ ᠨᠠᠮ ᠤᠨ ᠣᠳᠣᠷᠢᠳᠬᠤ ᠳᠣᠭᠤᠢᠢᠯᠠᠩ ᠤᠨ ᠪᠦᠷᠢᠯᠳᠦᠭᠦᠨ ᠤ ᠲᠤᠰᠢᠶᠠᠯ ᠢ ᠡᠭᠦᠷᠭᠡᠯᠡᠵᠦ ᠪᠤᠢ᠃      1989.09 — 1991.07 ᠦᠪᠦᠷ ᠮᠣᠩᠭᠤᠯ ᠤᠨ ᠶᠡᠭᠡ ᠰᠣᠷᠭᠠᠭᠤᠯᠢ ᠶᠢᠨ ᠳᠡᠦᠬᠡ ᠶᠢᠨ ᠰᠠᠯᠪᠣᠷᠢ ᠶᠢᠨ ᠳᠡᠦᠬᠡ ᠶᠢᠨ ᠳᠣᠰᠬᠠᠢ ᠮᠡᠷᠭᠡᠵᠢᠯ ᠳᠤ ᠰᠣᠷᠣᠯᠴᠠᠪᠠ      1991.07 — 1991.09 ᠠᠵᠢᠯ ᠬᠤᠪᠢᠶᠠᠷᠢᠯᠠᠬᠤ ᠶᠢ ᠬᠦᠯᠢᠶᠡᠪᠡ      1991.09 — 1996.09 ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠵᠡᠭᠦᠨᠭᠠᠷ ᠬᠤᠰᠢᠭᠤᠨ ᠤ ᠨᠠᠮ ᠤᠨ ᠰᠣᠷᠭᠠᠭᠤᠯᠢ ᠶᠢᠨ ᠪᠠᠭᠰᠢ ︵ᠡᠨᠡ ᠬᠤᠭᠤᠴᠠᠭᠠᠨ ᠳᠤ᠄ 1993.08 — 1995.12 ᠲᠦᠪ ᠤᠨ ᠨᠠᠮ ᠤᠨ ᠰᠣᠷᠭᠠᠭᠤᠯᠢ ᠶᠢᠨ ᠵᠠᠬᠢᠳᠠᠯ ᠢᠶᠠᠷ ᠰᠣᠷᠣᠯᠴᠠᠬᠤ ᠳᠡᠭᠡᠳᠦ ᠰᠣᠷᠭᠠᠭᠤᠯᠢ ᠶᠢᠨ ᠶᠡᠭᠡ ᠰᠣᠷᠭᠠᠭᠤᠯᠢ ᠶᠢᠨ ᠵᠢᠩᠬᠢᠨᠢ ᠠᠩᠬᠢ ᠶᠢᠨ ᠠᠵᠣ ᠠᠬᠤᠢ ᠶᠢᠨ ᠳᠣᠰᠬᠠᠢ ᠮᠡᠷᠭᠡᠵᠢᠯ ᠳᠤ ᠰᠣᠷᠣᠯᠴᠠᠪᠠ︶ ᠪᠠᠶᠢᠪᠠ      1996.09 — 1997.11 ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠵᠡᠭᠦᠨᠭᠠᠷ ᠬᠤᠰᠢᠭᠤᠨ ᠤ ᠨᠠᠮ ᠤᠨ ᠬᠤᠷᠢᠶ᠎ᠠ ᠶᠢᠨ ᠣᠬᠠᠭᠤᠯᠬᠤ ᠬᠡᠯᠳᠡᠰ ᠤᠨ ᠺᠠᠳ᠋ᠷ ᠪᠠᠶᠢᠪᠠ      1997.11 — 1999.03 ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠵᠡᠭᠦᠨᠭᠠᠷ ᠬᠤᠰᠢᠭᠤᠨ ᠤ ᠲᠦᠯᠦᠪᠯᠡᠭᠡᠨ ᠤ ᠵᠦᠪᠯᠡᠯ ᠤᠨ ᠳᠡᠳ᠋ ᠡᠷᠬᠢᠯᠡᠭᠴᠢ ᠪᠠᠶᠢᠪᠠ      1999.03 — 1999.10 ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠵᠡᠭᠦᠨᠭᠠᠷ ᠬᠤᠰᠢᠭᠤᠨ ᠤ ᠨᠠᠮ ᠤᠨ ᠬᠤᠷᠢᠶ᠎ᠠ ᠶᠢᠨ ᠣᠬᠠᠭᠤᠯᠬᠤ ᠬᠡᠯᠳᠡᠰ ᠤᠨ ᠳᠡᠳ᠋ ᠳᠠᠷᠤᠭ᠎ᠠ ᠪᠠᠶᠢᠪᠠ      1999.10 — 2000.07 ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠵᠡᠭᠦᠨᠭᠠᠷ ᠬᠤᠰᠢᠭᠤᠨ ᠤ ᠶᠣᠣ ᠭᠸᠦ ᠰᠢᠶᠠᠩ ᠤᠨ ᠳᠠᠷᠤᠭ᠎ᠠ ᠪᠠᠶᠢᠪᠠ      2000.07 — 2003.10 ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠵᠡᠭᠦᠨᠭᠠᠷ ᠬᠤᠰᠢᠭᠤᠨ ᠤ ᠶᠣᠣ ᠭᠸᠦ ᠰᠢᠶᠠᠩ ᠤᠨ ᠨᠠᠮ ᠤᠨ ᠬᠤᠷᠢᠶ᠎ᠠ ᠶᠢᠨ ᠱᠦᠵᠢ ︵ᠡᠨᠡ ᠬᠤᠭᠤᠴᠠᠭᠠᠨ ᠳᠤ᠄ 2000.09 — 2002.07 ᠪᠡᠭᠡᠵᠢᠩ ᠤᠨ ᠭᠠᠳᠠᠭᠠᠳᠣ ᠬᠡᠯᠡᠨ ᠤ ᠶᠡᠭᠡ ᠰᠣᠷᠭᠠᠭᠤᠯᠢ ᠶᠢᠨ ᠣᠯᠠᠨ ᠣᠯᠣᠰ  ᠤᠨ ᠬᠤᠳᠠᠯᠳᠣᠭᠠᠨ ᠤ ᠳᠡᠭᠡᠳᠦ ᠰᠣᠷᠭᠠᠭᠤᠯᠢ ᠶᠢᠨ ᠠᠵᠣ ᠠᠬᠤᠢ ᠶᠢᠨ ᠬᠠᠮᠢᠶᠠᠷᠣᠯᠳᠠ ᠶᠢᠨ ᠳᠣᠰᠬᠠᠢ ᠮᠡᠷᠭᠡᠵᠢᠯ ᠤᠨ ᠠᠰᠫᠢᠷᠠᠨᠲ ᠤᠨ ᠠᠩᠬᠢ ᠳᠤ ᠰᠣᠷᠣᠯᠴᠠᠪᠠ︶ ᠪᠠᠶᠢᠪᠠ      2003.10 — 2008.04 ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠷᠳᠣᠰ ᠬᠤᠳᠠ ᠶᠢᠨ ᠡᠪᠯᠡᠯ ᠤᠨ ᠬᠤᠷᠢᠶ᠎ᠠ ᠶᠢᠨ ᠱᠦᠵᠢ ︵ᠡᠨᠡ ᠬᠤᠭᠤᠴᠠᠭᠠᠨ ᠳᠤ᠄ 2005.03 — 2008.01 ᠪᠡᠭᠡᠵᠢᠩ ᠶᠡᠭᠡ ᠰᠣᠷᠭᠠᠭᠤᠯᠢ ᠶᠢᠨ ᠵᠠᠰᠠᠭ ᠤᠨ ᠣᠷᠳᠣᠨ ᠤ ᠬᠠᠮᠢᠶᠠᠷᠣᠯᠳᠠ ᠶᠢᠨ ᠳᠡᠭᠡᠳᠦ ᠰᠣᠷᠭᠠᠭᠤᠯᠢ ᠶᠢᠨ ᠣᠯᠠᠨ ᠨᠡᠶᠢᠳᠡ ᠶᠢᠨ ᠬᠠᠮᠢᠶᠠᠷᠣᠯᠳᠠ ᠶᠢᠨ ᠳᠣᠰᠬᠠᠢ ᠮᠡᠷᠭᠡᠵᠢᠯ ᠳᠤ ᠰᠣᠷᠣᠯᠴᠠᠵᠣ᠂ ᠣᠯᠠᠨ ᠨᠡᠶᠢᠳᠡ ᠶᠢᠨ ᠬᠠᠮᠢᠶᠠᠷᠣᠯᠳᠠ ᠶᠢᠨ ᠮᠠᠰᠲ᠋ᠧᠷ ᠴᠣᠯᠠ ᠬᠠᠮᠠᠭᠠᠯᠠᠪᠠ︔ 2005.07 — 2005.12 ᠲᠢᠶᠠᠨᠵᠢᠨ ᠬᠤᠳᠠ ᠶᠢᠨ ᠡᠦ ᠴᠢᠩ ᠳᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠶᠢᠨ ᠳᠣᠰᠠᠯᠠᠭᠴᠢ ᠶᠢᠨ ᠳᠣᠰᠢᠶᠠᠯ ᠢ ᠡᠭᠦᠷᠭᠡᠯᠡᠨ ᠠᠵᠢᠯᠯᠠᠪᠠ︶ ᠪᠠᠶᠢᠪᠠ      2008.04 — 2009.02 ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠦᠣᠰᠢᠨ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠤ ᠳᠠᠷᠤᠭ᠎ᠠ ᠪᠠᠶᠢᠪᠠ      2009.02 — 2012.12 ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠷᠳᠣᠰ ᠬᠤᠳᠠ ᠶᠢᠨ ᠵᠠᠰᠠᠭ ᠤᠨ ᠣᠷᠳᠣᠨ ᠤ ᠨᠠᠮ ᠤᠨ ᠣᠳᠣᠷᠢᠳᠬᠤ ᠳᠣᠭᠤᠢᠢᠯᠠᠩ ᠤᠨ ᠪᠦᠷᠢᠯᠳᠦᠭᠦᠨ᠂ ᠨᠠᠷᠢᠨ ᠪᠢᠴᠢᠭ ᠤᠨ ᠳᠠᠷᠤᠭ᠎ᠠ᠂ ᠠᠯᠪᠠᠨ ᠲᠢᠩᠬᠢᠮ ᠤᠨ ᠨᠠᠮ ᠤᠨ ᠣᠳᠣᠷᠢᠳᠬᠤ ᠳᠣᠭᠤᠢᠢᠯᠠᠩ ᠤᠨ ᠱᠦᠵᠢ ᠪᠠᠶᠢᠪᠠ      2012.12 — 2014.12 ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠬᠦᠬᠡᠬᠤᠳᠠ  ᠶᠢᠨ ᠳᠡᠳ᠋ ᠳᠠᠷᠤᠭ᠎ᠠ ︵ᠡᠨᠡ ᠬᠤᠭᠤᠴᠠᠭᠠᠨ ᠳᠤ᠄ 2014.07 — 2014.09 ᠪᠡᠭᠡᠵᠢᠩ ᠬᠤᠳᠠ ᠶᠢᠨ ᠮᠧᠨ ᠲᠸᠦ ᠭᠸᠦ ᠳᠣᠭᠤᠷᠢᠭ ᠤᠨ ᠳᠠᠷᠤᠭ᠎ᠠ ᠶᠢᠨ ᠳᠣᠰᠠᠯᠠᠭᠴᠢ ᠶᠢᠨ ᠳᠣᠰᠢᠶᠠᠯ ᠢ ᠡᠭᠦᠷᠭᠡᠯᠡᠨ ᠠᠵᠢᠯᠯᠠᠪᠠ︶ ᠪᠠᠶᠢᠪᠠ      2014.12 — 2016.07 ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠬᠦᠬᠡᠬᠤᠳᠠ  ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠮᠡᠳ ᠵᠡᠭᠦᠨ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠪᠠᠶᠢᠪᠠ      2016.07 — 2016.10 ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠪᠠᠶᠢᠪᠠ      2016.10 — 2018.06 ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶᠢᠪᠠ      2018.06 — 2020.06 ᠡᠪ ᠬᠠᠮᠳᠣ ᠵᠠᠯᠠᠭᠤᠴᠣᠳ ᠤᠨ ᠡᠪᠯᠡᠯ ᠤᠨ ᠲᠦᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ ᠱᠦᠵᠢ ︵ᠳᠣᠰᠢᠶᠠᠯ ᠡᠭᠦᠷᠭᠡᠯᠡᠭᠰᠡᠨ︶᠂ ᠪᠦᠬᠦ ᠣᠯᠣᠰ ᠤᠨ ᠵᠠᠯᠠᠭᠤᠴᠣᠳ ᠤᠨ ᠬᠤᠯᠪᠣᠭ᠎ᠠ ᠶᠢᠨ ᠳᠡᠳ᠋ ᠲᠡᠷᠢᠭᠦᠯᠡᠭᠴᠢ᠂ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶᠢᠪᠠ      2020.06 — 2020.07 ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠣᠳᠣᠷᠢᠳᠬᠤ ᠳᠣᠭᠤᠢᠢᠯᠠᠩ  ᠤᠨ ᠪᠦᠷᠢᠯᠳᠦᠭᠦᠨ᠂ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶᠢᠪᠠ      2020.07 — 2021.04 ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠵᠠᠰᠠᠭ ᠤᠨ ᠣᠷᠳᠣᠨ ᠤ ᠨᠠᠮ ᠤᠨ ᠣᠳᠣᠷᠢᠳᠬᠤ ᠳᠣᠭᠤᠢᠢᠯᠠᠩ ᠤᠨ ᠪᠦᠷᠢᠯᠳᠦᠭᠦᠨ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶᠢᠪᠠ      2021.04 — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠭᠡᠰᠢᠭᠦᠨ      ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠡᠰᠢᠭᠦᠨ
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ