ᠤᠯᠠᠭᠠᠨᠴᠠᠪ ᠬᠤᠲᠠ ᠶᠢᠨ ᠬᠤᠪᠸᠢ ᠶᠢ ᠲᠤᠰᠠᠯᠠᠭᠰᠠᠨ ᠡᠮ ᠡᠮᠨᠡᠯᠭᠡ ᠶᠢᠨ ᠠᠵᠢᠯᠲᠠᠳ ᠲᠤ ᠬᠠᠨᠳᠤᠭᠤᠯᠤᠨ 5 ᠵᠤᠷᠪᠤᠰ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠨᠡᠶᠢᠲᠡᠯᠡᠪᠡ
ᠨᠡᠶᠢᠲᠡᠯᠡᠭᠰᠡᠨ ᠴᠠᠭ᠄
2020/7/28
     ᠣᠶᠢᠷ᠎ᠠ ᠳᠤ᠂ ᠤᠯᠠᠭᠠᠨᠴᠠᠪ ᠬᠤᠲᠠ ︽ᠮᠠᠨ ᠤ ᠬᠤᠲᠠ ᠶᠢᠨ ᠬᠤᠪᠸᠢ ᠶᠢ ᠲᠤᠰᠠᠯᠠᠭᠰᠠᠨ ᠡᠮᠴᠢᠯᠡᠭᠡᠨ ᠤ ᠠᠩᠭᠢ ᠶᠢᠨ ᠭᠡᠰᠢᠭᠦᠨ ᠵᠡᠷᠭᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠤᠨ ᠡᠮ ᠡᠮᠨᠡᠯᠭᠡ ᠶᠢᠨ ᠠᠵᠢᠯᠲᠠᠳ ᠲᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠣᠬᠠᠢ ᠮᠡᠳᠡᠭᠳᠡᠯ︾᠎ ᠢ ᠨᠡᠶᠢᠲᠡᠯᠡᠵᠦ᠂ ᠮᠡᠷᠭᠡᠵᠢᠯ ᠤᠨ ᠴᠣᠯᠠ ᠳᠡᠪᠰᠢᠬᠦ ᠳᠤ ᠬᠡᠯᠪᠠᠶᠢᠯᠭᠡᠬᠦ ᠵᠡᠷᠭᠡ 5 ᠵᠤᠷᠪᠤᠰ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠨᠡᠶᠢᠲᠡᠯᠡᠪᠡ᠃      ᠡᠨᠡ 5 ᠵᠣᠷᠪᠤᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠨᠢ᠄ ᠨᠢᠭᠡ ᠳᠤ ᠮᠡᠷᠭᠡᠵᠢᠯ ᠤᠨ ᠴᠣᠯᠠ ᠳᠡᠪᠰᠢᠬᠦ ᠳᠤ ᠬᠡᠯᠪᠠᠶᠢᠯᠭᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠬᠤᠪᠸᠢ ᠶᠢ ᠲᠤᠰᠠᠯᠠᠭᠰᠠᠨ ᠡᠮ ᠡᠮᠨᠡᠯᠭᠡ ᠶᠢᠨ ᠠᠵᠢᠯᠲᠠᠳ ᠮᠡᠷᠭᠡᠵᠢᠯ ᠤᠨ ᠴᠣᠯᠠ ᠲᠣᠭᠲᠠᠭᠠᠨ ᠤᠷᠢᠬᠤ ᠳᠤ ᠲᠤᠰ ᠨᠢᠭᠡᠴᠢ ᠶᠢᠨ ᠠᠵᠢᠯ ᠤᠨ ᠪᠠᠶᠢᠷᠢ ᠶᠢᠨ ᠪᠦᠲᠦᠴᠡ ᠶᠢᠨ ᠬᠠᠷᠢᠴᠠᠯ ᠳᠤ ᠬᠢᠵᠠᠭᠠᠷᠯᠠᠭᠳᠠᠬᠤ ᠦᠭᠡᠶ᠂ ᠡᠩ ᠲᠡᠷᠢᠭᠦᠨ ᠳᠤ ᠲᠣᠭᠲᠠᠭᠠᠨ ᠤᠷᠢᠨ᠎ᠠ᠃ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠳᠤ᠂ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠰᠠᠭᠠᠳ ᠦᠭᠡᠢ ᠵᠠᠮ ᠨᠡᠭᠡᠭᠡᠨ᠂ ᠲᠤᠰᠠᠭᠠᠷ ᠨᠢ ᠳᠤᠭᠤᠶᠢᠯᠠᠩ ᠬᠤᠪᠢᠶᠠᠵᠤ᠂ ᠲᠤᠰᠠᠭᠠᠷ ᠨᠢ ᠬᠢᠨᠠᠨ ᠲᠣᠭᠲᠠᠭᠠᠨ᠎ᠠ᠃ ᠬᠤᠶᠠᠷ ᠲᠤ ᠡᠮ ᠡᠮᠨᠡᠯᠭᠡ ᠶᠢᠨ ᠠᠵᠢᠯᠲᠠᠨ ᠤ ᠦᠷ᠎ᠡ ᠬᠡᠦᠬᠡᠳ ᠨᠢ ᠰᠤᠷᠭᠠᠭᠤᠯᠢ ᠳᠤ ᠣᠷᠣᠬᠤ ᠶᠢ ᠰᠢᠢᠳᠪᠦᠷᠢᠯᠡᠨ᠎ᠡ᠃ ᠬᠤᠪᠸᠢ ᠶᠢ ᠲᠤᠰᠠᠯᠠᠭᠰᠠᠨ ᠡᠮ ᠡᠮᠨᠡᠯᠭᠡ ᠶᠢᠨ ᠠᠵᠢᠯᠲᠠᠳ ᠤᠨ ᠦᠷ᠎ᠡ ᠬᠡᠤᠬᠡᠳ ᠨᠢ ᠴᠡᠴᠡᠷᠯᠢᠭ ᠲᠤ ᠣᠷᠣᠬᠤ ᠴᠢᠬᠤᠯᠠᠲᠠᠶ ᠪᠠᠶᠢᠪᠠᠯ ᠬᠡᠷ ᠤᠨ ᠠᠬᠠᠮᠠᠳ ᠤᠨ ᠬᠦᠰᠡᠯ ᠡᠷᠡᠮᠡᠯᠵᠡᠯ ᠢᠶᠠᠷ ᠨᠢ ᠬᠠᠷᠢᠶ᠎ᠠ ᠭᠠᠵᠠᠷ ᠤᠨ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠲᠤ ᠳᠣᠭᠢᠷᠠᠭᠤᠯᠤᠨ ᠰᠠᠭᠤᠯᠭᠠᠨ᠎ᠠ︔ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠬᠢᠨ ᠤ ᠣᠨ ᠳᠤ ᠰᠤᠷᠤᠯᠴᠠᠵᠤ ᠪᠠᠶᠢᠭ᠎ᠠ ᠰᠤᠷᠤᠭᠴᠢᠳ ᠢ ᠬᠡᠷ ᠤᠨ ᠠᠬᠠᠮᠠᠳ ᠤᠨ ᠬᠦᠰᠡᠯ ᠡᠷᠡᠮᠡᠯᠵᠡᠯ ᠢᠶᠠᠷ ᠨᠢ ᠬᠠᠷᠢᠶ᠎ᠠ ᠭᠠᠵᠠᠷ ᠤᠨ ᠬᠠᠮᠢᠶ᠎ᠠ ᠪᠥᠬᠦᠶ ᠰᠤᠷᠭᠠᠭᠤᠯᠢ ᠳᠤ ᠳᠣᠭᠢᠷᠠᠭᠤᠯᠤᠨ ᠰᠠᠭᠤᠯᠭᠠᠨ᠎ᠠ᠃ ᠭᠤᠷᠪᠠ ᠳᠤ ᠠᠵᠢᠯᠲᠠᠨ ᠤ ᠣᠷᠣᠨ ᠲᠤᠭ᠎ᠠ ᠶᠢ ᠰᠢᠢᠳᠪᠦᠷᠢᠯᠡᠨ᠎ᠡ᠃ 2020 ᠣᠨ ᠤ ᠪᠦᠬᠦ ᠬᠤᠲᠠ ᠶᠢᠨ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯ ᠤᠨ ᠠᠵᠢᠯᠲᠠᠨ ᠢ ᠢᠯᠡ ᠪᠠᠷ ᠤᠷᠢᠬᠤ ᠠᠵᠢᠯ ᠤᠨ ᠳᠤᠮᠳᠠ᠂ ᠬᠤᠪᠸᠢ ᠶᠢ ᠲᠤᠰᠠᠯᠠᠭᠰᠠᠨ ᠡᠮ ᠡᠮᠨᠡᠯᠭᠡ ᠶᠢᠨ ᠠᠵᠢᠯᠲᠠᠳ ᠤᠨ ᠲᠤᠲᠤᠷᠠᠬᠢ ᠣᠷᠣᠨ ᠲᠤᠭ᠎ᠠ ᠦᠭᠡᠢ ᠬᠥᠮᠦᠰ ᠢ ᠰᠢᠭᠤᠳ ᠰᠢᠯᠭᠠᠨ ᠪᠠᠶᠢᠴᠠᠭᠠᠬᠤ ᠠᠷᠭ᠎ᠠ ᠪᠠᠷ ᠪᠣᠳᠠᠲᠠᠶ ᠠᠵᠢᠯ ᠤᠨ ᠢᠯᠡᠷᠡᠯ ᠪᠣᠯᠤᠨ ᠬᠢᠨᠠᠨ ᠰᠢᠯᠭᠠᠭᠰᠠᠨ ᠦᠷ᠎ᠡ ᠳ᠋ᠦᠩ ᠢ ᠦᠨᠳᠦᠰᠦᠯᠡᠵᠦ᠂ ᠤᠷᠢᠨ ᠬᠡᠷᠡᠭᠯᠡᠬᠦ ᠭᠡᠵᠦ ᠪᠠᠶᠢᠭ᠎ᠠ ᠬᠥᠮᠦᠰ ᠤᠨ ᠨᠡᠷᠡᠰ ᠢ ᠲᠣᠭᠲᠠᠭᠠᠬᠤ ᠶᠢᠨ ᠬᠠᠮᠲᠤ ᠢᠯᠡ ᠨᠡᠶᠢᠲᠡᠯᠡᠨ᠎ᠡ᠃ ᠢᠯᠡ ᠨᠡᠶᠢᠲᠡᠯᠡᠵᠦ ᠳᠠᠭᠤᠰᠤᠭᠰᠠᠨ ᠤ ᠳᠠᠷᠠᠭ᠎ᠠ᠂ ᠠᠵᠢᠯ ᠦᠢᠯᠡᠰ ᠤᠨ ᠣᠷᠣᠨ ᠲᠤᠭ᠎ᠠ ᠶᠢᠨ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭ᠎ᠠ ᠡᠮᠨᠡᠯᠭᠡ ᠶᠢᠨ ᠬᠤᠷᠢᠶ᠎ᠠ ᠳᠤ ᠠᠵᠢᠯ ᠦᠢᠯᠡᠰ ᠤᠨ ᠣᠷᠣᠨ ᠲᠤᠭ᠎ᠠ ᠶᠢᠨ ᠠᠵᠢᠯᠲᠠᠨ ᠢᠶᠠᠷ ᠰᠢᠭᠤᠳ ᠤᠷᠢᠨ ᠬᠡᠷᠡᠭᠯᠡᠵᠦ ᠪᠣᠯᠤᠨ᠎ᠠ︔ ᠳᠠᠩᠰᠠᠯᠠᠭᠤᠯᠬᠤ ᠳᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭ᠎ᠠ ᠡᠮᠨᠡᠯᠭᠡ ᠶᠢᠨ ᠬᠤᠷᠢᠶᠠᠨ ᠤ ᠥᠪᠡᠰᠦᠪᠡᠨ ᠤᠷᠢᠵᠤ ᠬᠡᠷᠡᠭᠯᠡᠵᠦ ᠪᠠᠶᠢᠭ᠎ᠠ ᠭᠡᠷᠡᠲᠦ ᠡᠮ ᠡᠮᠨᠡᠯᠭᠡ ᠶᠢᠨ ᠠᠵᠢᠯᠲᠠᠳ ᠢ ᠳᠠᠩᠰᠠᠯᠠᠭᠤᠯᠬᠤ ᠳᠦᠷᠢᠮ ᠤᠨ ᠬᠠᠮᠢᠶᠠᠷᠤᠯᠲᠠ ᠳᠤ ᠰᠢᠭᠤᠳ ᠵᠢᠭᠰᠠᠭᠠᠨ ᠣᠷᠣᠭᠤᠯᠬᠤ ᠶᠢᠨ ᠬᠠᠮᠲᠤ ᠡᠳ᠋ ᠤᠨ ᠵᠠᠰᠠᠭ ᠠᠴᠠ ᠨᠢᠭᠡᠳᠦᠯᠲᠡᠶ ᠴᠠᠯᠢᠩ ᠣᠯᠭᠤᠬᠤ ᠳᠤ ᠣᠷᠣᠭᠤᠯᠵᠤ ᠪᠣᠯᠤᠨ᠎ᠠ᠃ ᠳᠥᠷᠪᠡ ᠳᠤ ᠬᠤᠲᠠ ᠶᠢᠨ ᠳᠣᠲᠣᠷᠠᠬᠢ ᠦᠵᠡᠮᠵᠢ ᠶᠢᠨ ᠣᠷᠣᠨ ᠪᠣᠯᠤᠨ ᠣᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠣᠷᠳᠣᠨ ᠲᠠᠯᠠᠪᠠᠢ ᠶᠢᠨ ᠡᠭᠦᠳᠡᠨ ᠪᠢᠯᠧᠲ ᠠᠴᠠ ᠬᠡᠯᠲᠦᠷᠢᠭᠦᠯᠬᠦ ᠬᠠᠷᠠᠭᠠᠯᠵᠠᠯ ᠦᠵᠡᠭᠦᠯᠦᠨ᠎ᠡ᠃ ᠪᠦᠬᠦ ᠬᠤᠲᠠ ᠶᠢᠨ ᠡᠮᠨᠡᠯᠭᠡ ᠶᠢᠨ ᠠᠵᠢᠯᠲᠠᠨ 2020 ᠣᠨ ᠤ 12 ᠳ᠋ᠤᠭᠠᠷ ᠰᠠᠷ᠎ᠠ ᠶᠢᠨ 31᠎ ᠤ ᠡᠳᠦᠷ ᠠᠴᠠ ᠡᠮᠦᠨ᠎ᠡ᠂ ᠲᠣᠰ ᠬᠥᠮᠦᠨ ᠤ ᠬᠦᠴᠦᠨ ᠪᠦᠬᠦᠢ ᠦᠨᠡᠮᠯᠡᠯ ᠢᠶᠠᠷ ᠢᠶᠠᠨ᠂ ᠲᠣᠰ ᠬᠤᠲᠠ ᠶᠢᠨ A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠤᠳᠠᠭ᠎ᠠ ᠲᠣᠭᠠᠨ ᠤ ᠬᠢᠵᠠᠭᠠᠷᠯᠠᠯ ᠦᠭᠡᠢ᠂ ᠰᠦᠢᠳᠬᠡᠯ ᠬᠤᠷᠢᠶᠠᠬᠤ ᠦᠭᠡᠢ ᠪᠤᠶᠤ ᠬᠠᠷᠠᠭᠠᠯᠵᠠᠯ ᠲᠠᠢ ᠪᠠᠷ ᠲᠣᠭᠤᠷᠢᠨ ᠵᠤᠭᠠᠴᠠᠬᠤ ᠶᠢᠨ ᠬᠠᠮᠲᠤ ᠤᠯᠠᠭᠠᠨᠴᠠᠪ ᠬᠤᠲᠠ ᠶᠢᠨ ᠤᠮᠪᠠᠯᠲᠠ ᠶᠢᠨ ᠣᠷᠳᠣᠨ᠂ ᠲᠣᠤᠷ ᠪᠥᠮᠪᠦᠭᠡ ᠶᠢᠨ ᠣᠷᠳᠣᠨ᠂ ᠰᠢᠨ᠎ᠡ ᠲᠣᠭᠤᠷᠢᠭ ᠤᠨ ᠪᠡᠶ᠎ᠡ ᠶᠢᠨ ᠲᠠᠮᠢᠷ ᠤᠨ ᠣᠷᠳᠣᠨ ᠳᠤ ᠦᠨ᠎ᠡ ᠲᠥᠯᠥᠪᠦᠷᠢ ᠦᠭᠡᠢ ᠪᠠᠷ ᠣᠷᠣᠵᠤ ᠪᠣᠯᠣᠨ᠎ᠠ᠃ ᠲᠠᠪᠤ ᠳᠤ ᠬᠥᠬᠢᠭᠦᠯᠦᠨ ᠱᠠᠩᠨᠠᠨ᠎ᠠ᠃ ᠪᠦᠬᠦ ᠬᠤᠲᠠ ᠶᠢᠨ ᠬᠢᠵᠢᠭ ᠤᠨ ᠪᠠᠶᠢᠳᠠᠯ ᠲᠠᠢ ᠲᠡᠮᠡᠴᠡᠯ ᠬᠢᠭᠰᠡᠨ ᠲᠡᠷᠢᠭᠦᠨ ᠤ ᠬᠠᠮᠲᠤ᠂ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠬᠤᠷᠠᠯᠳᠤᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号