7 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ | ᠮᠡᠳᠡᠭᠡᠨ ᠤ ᠠᠯᠪᠠᠨ ᠬᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ | 2020 — 2021 ᠣᠨ ᠳᠤ ᠵᠡᠮᠳᠡᠭᠴᠦᠳ ᠲᠤ ᠭᠡᠨᠡᠳᠲᠡ ᠶᠢᠨ ᠰᠢᠷᠬᠠᠳᠤᠯ ᠤᠨ ᠳᠠᠭᠠᠳᠬᠠᠯ ᠤᠨ ᠲᠥᠷᠥ ᠶᠢᠨ | ᠪᠣᠳᠣᠯᠭ᠎ᠠ ᠬᠡᠷᠡᠭᠵᠢᠭᠦᠯᠬᠦ ᠬᠠᠮᠢᠶ᠎ᠠ ᠪᠥᠬᠦᠶ ᠪᠠᠶᠢᠳᠠᠯ ᠢ ᠲᠠᠨᠢᠯᠴᠠᠭᠤᠯᠬᠤ ᠶᠢᠨ ᠬᠠᠮᠲᠤ ᠲᠠᠶᠢᠯᠤᠮᠵᠢ ᠬᠢᠪᠠ᠃ | ᠲᠠᠨᠢᠯᠴᠠᠭᠤᠯᠤᠭᠰᠠᠨ ᠢᠶᠠᠷ᠂ ᠮᠠᠨ ᠤ ᠣᠷᠣᠨ 2018 ᠣᠨ ᠠᠴᠠ ᠡᠬᠢᠯᠡᠨ᠂ ᠬᠦᠨᠳᠦ ᠵᠡᠮᠳᠡᠭᠴᠦᠳ ᠲᠤ | ᠭᠡᠨᠡᠳᠲᠡ ᠶᠢᠨ ᠰᠢᠷᠬᠠᠳᠤᠯ ᠤᠨ ᠳᠠᠭᠠᠳᠬᠠᠯ ᠤᠨ ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠵᠦ᠂ ᠬᠦᠨᠳᠦ | ᠵᠡᠮᠳᠡᠭᠴᠦᠳ ᠤᠨ ᠣᠨᠴᠠᠭᠠᠢ ᠬᠦᠴᠢᠷᠳᠡᠯ ᠢ ᠪᠦᠲᠦᠮᠵᠢᠲᠡᠶ ᠰᠢᠢᠳᠪᠦᠷᠢᠯᠡᠵᠦ᠂ ᠵᠡᠮᠳᠡᠭᠴᠦᠳ ᠤᠨ ᠭᠡᠷ ᠪᠦᠯᠢ ᠶᠢᠨ | ᠰᠠᠨᠠᠭᠠᠨ ᠳᠤ ᠦᠭᠡᠢ ᠠᠳᠡᠯ ᠠᠴᠠ ᠪᠣᠯᠤᠭᠰᠠᠨ ᠠᠵᠤ ᠠᠬᠤᠢ ᠶᠢᠨ ᠳᠠᠷᠤᠭᠠᠰᠤ ᠶᠢ ᠬᠥᠩᠭᠡᠷᠡᠭᠦᠯᠪᠡ᠃ | ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ | ᠲᠥᠯᠥᠭᠡ᠂ ᠡᠨᠡ ᠵᠢᠯ᠂ ᠮᠠᠨ ᠤ ᠣᠷᠣᠨ ᠤᠷᠢᠳ ᠬᠡᠷᠡᠭᠵᠢᠭᠦᠯᠵᠦ ᠪᠠᠶᠢᠭᠰᠠᠨ ᠬᠦᠨᠳᠦ ᠵᠡᠮᠳᠡᠭᠴᠦᠳ ᠤᠨ | ᠬᠡᠨᠡᠳᠲᠡ ᠶᠢᠨ ᠰᠢᠷᠬᠠᠲᠤᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠰᠠᠭᠤᠷᠢᠨ ᠳᠡᠭᠡᠷ᠎ᠡ᠂ ᠡᠬᠢ | ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ | ᠡᠮᠬᠢᠯᠡᠨ ᠨᠡᠶᠢᠯᠡᠭᠦᠯᠵᠦ ᠂ ᠵᠡᠮᠳᠡᠭᠴᠦᠳ ᠤᠨ ᠭᠡᠨᠡᠳᠲᠡ ᠶᠢᠨ ᠰᠢᠷᠬᠠᠳᠤᠯ ᠤᠨ ᠳᠠᠭᠠᠳᠬᠠᠯ ᠤᠨ ᠪᠠᠲᠤᠯᠠᠭ᠎ᠠ | ᠬᠦᠷᠲᠡᠭᠰᠡᠳ ᠤᠨ ᠬᠦᠷᠢᠶ᠎ᠡ ᠬᠡᠪᠴᠢᠶ᠎ᠡ ᠶᠢ ᠥᠩᠭᠡᠷᠡᠭᠰᠡᠨ ᠵᠢᠯ ᠤᠨ ᠨᠢᠭᠡᠳᠦᠭᠡᠷ ᠬᠤᠶᠠᠳᠤᠭᠠᠷ ᠲᠡᠰ ᠤᠨ ᠬᠦᠨᠳᠦ | ᠵᠡᠮᠳᠡᠭᠴᠦᠳ ᠪᠠᠶᠢᠭᠰᠠᠨ ᠠᠴᠠ 0 — 59 ᠪᠦᠬᠦᠯᠢ ᠨᠠᠰᠤᠨ ᠤ ᠦᠨᠡᠮᠯᠡᠯ ᠲᠠᠢ ᠪᠦᠬᠦ ᠵᠡᠮᠳᠡᠭᠴᠦᠳ ᠲᠤ | ᠬᠦᠷᠲᠡᠯ᠎ᠡ ᠥᠷᠭᠡᠳᠬᠡᠨ᠎ᠡ᠃ ᠥᠪᠡᠷᠲᠡᠭᠡᠨ ᠵᠠᠰᠠᠬᠤ ᠣᠷᠣᠨ 700 ᠲᠦᠮᠡᠨ ᠲᠥᠭᠦᠷᠢᠭ ᠣᠷᠣᠭᠤᠯᠵᠤ᠂ ᠪᠦᠬᠦ | ᠣᠷᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠦᠬᠡ ᠠᠮᠠ ᠲᠠᠢ 0 — 59 ᠪᠦᠬᠦᠯᠢ | ᠨᠠᠰᠤᠨ ᠤ ᠦᠨᠡᠮᠯᠡᠯ ᠲᠠᠢ 43.7 ᠲᠦᠮᠡᠨ ᠵᠡᠮᠳᠡᠭᠴᠦᠳ ᠲᠤ ᠭᠡᠨᠡᠳᠲᠡ ᠶᠢᠨ ᠰᠢᠷᠬᠠᠳᠤᠯ ᠤᠨ ᠳᠠᠭᠠᠳᠬᠠᠯ | ᠬᠤᠳᠠᠯᠳᠤᠨ ᠠᠪᠴᠤ ᠥᠭᠭᠦᠨ᠎ᠡ᠂ ᠡᠨᠡ ᠨᠢ ᠣᠳᠣ ᠪᠠᠶᠢᠭ᠎ᠠ ᠪᠦᠬᠦᠯᠢ 60 ᠨᠠᠰᠤ ᠠᠴᠠ ᠳᠡᠭᠡᠭᠰᠢᠬᠢ ᠵᠡᠮᠳᠡᠭᠴᠦᠳ | ᠲᠠᠢ ᠬᠠᠮᠲᠤ ᠥᠪᠡᠷᠲᠡᠭᠡᠨ ᠵᠠᠰᠠᠬᠤ ᠣᠷᠣᠨ ᠤ ᠨᠠᠰᠤᠲᠠᠶᠢᠴᠤᠳ ᠤᠨ ᠭᠡᠨᠡᠳᠲᠡ ᠶᠢᠨ ᠰᠢᠷᠬᠠᠳᠤᠯ ᠤᠨ | ᠳᠠᠭᠠᠳᠬᠠᠯ ᠤᠨ ᠲᠥᠷᠥᠯ ᠵᠦᠢᠯ ᠳᠤ ᠣᠷᠣᠭᠤᠯᠤᠨ ᠬᠠᠷᠢᠯᠴᠠᠨ ᠨᠥᠬᠦᠪᠦᠷᠢᠯᠡᠬᠦ ᠶᠢ ᠪᠠᠲᠤᠯᠠᠭᠠᠳ᠂ ᠵᠡᠮᠳᠡᠭᠴᠦᠳ ᠤᠨ | ᠭᠡᠨᠡᠳᠲᠡ ᠶᠢᠨ ᠰᠢᠷᠬᠠᠳᠤᠯ ᠤᠨ ᠳᠠᠭᠠᠳᠬᠠᠯ ᠢ ᠪᠦᠷᠢᠨ ᠪᠦᠷᠬᠦᠭᠦᠯᠬᠦ ᠶᠢ ᠪᠡᠶᠡᠯᠡᠭᠦᠯᠦᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠮᠠᠨ ᠤ ᠣᠷᠣᠨ ᠤ ᠵᠡᠮᠳᠡᠭᠴᠦᠳ ᠲᠤ ᠬᠤᠳᠠᠯᠳᠤᠨ ᠠᠪᠴᠤ | ᠥᠭᠭᠦᠭᠰᠡᠨ ᠭᠡᠨᠡᠳᠲᠡ ᠶᠢᠨ ᠰᠢᠷᠬᠠᠳᠤᠯ ᠤᠨ ᠳᠠᠭᠠᠳᠬᠠᠯ ᠤᠨ ᠬᠤᠭᠤᠴᠠᠭ᠎ᠠ ᠪᠣᠯ 2020 ᠣᠨ ᠤ 6 ᠳ᠋ᠤᠭᠠᠷ | ᠰᠠᠷ᠎ᠠ ᠶᠢᠨ 30 ᠤ ᠡᠳᠦᠷ ᠠᠴᠠ 2021 ᠣᠨ ᠤ 6 ᠳ᠋ᠤᠭᠠᠷ ᠰᠠᠷ᠎ᠠ ᠶᠢᠨ 29 ᠤ ᠡᠳᠦᠷ ᠬᠦᠷᠲᠡᠯ᠎ᠡ ᠶᠠᠪᠤᠭᠳᠠᠨ᠎ᠠ᠃ | ᠳᠠᠭᠠᠳᠬᠠᠯ ᠳᠠᠭᠠᠭᠠᠬᠤ ᠪᠠᠶᠢᠭᠤᠯᠤᠮᠵᠢ ᠪᠣᠯᠬᠤ ᠳᠤᠮᠳᠠᠳᠤ ᠤᠯᠤᠰ ᠤᠨ ᠠᠷᠠᠳ ᠤᠨ ᠡᠳ᠋ ᠬᠦᠷᠦᠩᠭᠡ ᠶᠢᠨ | ᠳᠠᠭᠠᠳᠬᠠᠯ ᠤᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠨᠢ ᠵᠡᠮᠳᠡᠭᠴᠦᠳ ᠲᠤ ᠲᠤᠰᠬᠠᠶ ᠰᠢᠯᠤᠭᠤᠨ | ᠦᠢᠯᠡᠴᠢᠯᠡᠭᠡᠨ ᠤ ᠵᠠᠮ ᠨᠡᠭᠡᠭᠡᠵᠦ᠂ ᠨᠢᠭᠡ ᠯᠡ ᠥᠷᠲᠡᠭᠡ ᠮᠠᠶ᠋ᠢᠭ ᠤᠨ ᠲᠥᠯᠥᠪᠦᠷᠢ ᠥᠭᠬᠦ ᠦᠢᠯᠡᠴᠢᠯᠡᠭᠡ ᠬᠠᠩᠭᠠᠨ᠎ᠠ᠃ | ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠬᠦᠨᠳᠦ ᠵᠡᠮᠳᠡᠭᠴᠦᠳ ᠤᠨ ᠪᠣᠳᠠᠲᠠᠶ ᠬᠦᠴᠢᠷᠳᠡᠯ ᠢ ᠪᠣᠳᠣᠯᠬᠢᠯᠠᠵᠤ᠂ | ᠲᠤᠰ ᠺᠣᠮᠫᠠᠨᠢ ᠲᠥᠯᠥᠪᠦᠷᠢ ᠥᠭᠬᠦ ᠬᠤᠭᠤᠴᠠᠭ᠎ᠠ ᠶᠢ ᠵᠣᠬᠢᠰᠲᠠᠶ ᠪᠠᠷ ᠤᠷᠲᠤᠳᠬᠠᠵᠤ᠂ ᠲᠥᠯᠥᠪᠦᠷᠢ ᠥᠭᠬᠦ | ᠨᠥᠬᠦᠴᠡᠯ ᠪᠣᠯᠤᠨ ᠡᠪᠡᠳᠴᠢᠨ ᠦᠵᠡᠭᠦᠯᠬᠦ ᠡᠮᠨᠡᠯᠭᠡ ᠶᠢᠨ ᠬᠤᠷᠢᠶᠠᠨ ᠤ ᠬᠢᠵᠠᠭᠠᠷᠯᠠᠯ ᠢ ᠵᠣᠬᠢᠰᠲᠠᠶ ᠠᠭᠤᠵᠢᠭᠤ | ᠲᠠᠯᠪᠢᠵᠤ᠂ ᠲᠤᠰᠬᠠᠶ ᠦᠢᠯᠡᠴᠢᠯᠡᠭᠡ ᠪᠠᠷ ᠵᠡᠮᠳᠡᠭᠴᠦᠳ ᠤᠨ ᠡᠷᠬᠡ ᠠᠰᠢᠭ ᠤᠨ ᠪᠠᠲᠤᠯᠠᠭ᠎ᠠ ᠶᠢ ᠳᠡᠭᠡᠭᠰᠢᠯᠡᠭᠦᠯᠬᠦ | ᠪᠣᠯᠣᠨ᠎ᠠ᠃ | |