ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠥᠪᠥᠷ ᠮᠣᠩᠭᠤᠯ ᠤᠨ ᠬᠢᠯᠢ ᠪᠠᠷ ᠣᠷᠣᠵᠤ ᠭᠠᠷᠬᠤ ᠬᠢᠯᠢ ᠶᠢᠨ | ᠬᠠᠮᠠᠭᠠᠯᠠᠯᠲᠠ ᠶᠢᠨ ᠪᠠᠶᠢᠴᠠᠭᠠᠬᠤ ᠶᠡᠷᠦᠩᠬᠡᠶ ᠦᠷᠲᠡᠭᠡ ᠶᠢᠨ ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ | ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢ 956 | ᠡᠭᠡᠯᠵᠢ ᠰᠢᠯᠭᠠᠨ ᠥᠩᠭᠡᠷᠡᠭᠦᠯᠵᠡᠢ᠂ ᠡᠭᠦᠨ ᠳᠤ 414 ᠡᠭᠡᠯᠵᠢ ᠭᠠᠷᠭᠠᠵᠤ᠂ 542 ᠡᠭᠡᠯᠵᠢ ᠣᠷᠤᠭᠤᠯᠵᠤ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 34% ᠨᠡᠮᠡᠭᠳᠡᠵᠡᠶ᠃ | | | | | 7 ᠳ᠋ᠤᠭᠠᠷ ᠰᠠᠷ᠎ᠠ ᠶᠢᠨ 1 ᠤ ᠡᠳᠦᠷ᠂ ᠳᠤᠮᠳᠠᠳᠤ ᠧᠦ᠋ᠷᠣᠫᠠ ᠶᠢᠨ ᠵᠢᠰᠢᠶᠡᠨ ᠤ ᠭᠠᠯᠲᠤ ᠲᠡᠷᠭᠡ ᠡᠷᠢᠶᠡᠨ | ᠪᠣᠭᠤᠮᠲᠠ ᠪᠠᠷ ᠬᠢᠯᠢ ᠳᠤ ᠣᠷᠣᠵᠤ ᠪᠠᠶᠢᠭ᠎ᠠ ᠨᠢ᠃ | | | | | 7 ᠳ᠋ᠤᠭᠠᠷ ᠰᠠᠷ᠎ᠠ ᠶᠢᠨ 1 ᠤ ᠡᠳᠦᠷ᠂ ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ | ᠪᠠᠶᠢᠴᠠᠭᠠᠬᠤ ᠥᠷᠲᠡᠭᠡ ᠶᠢᠨ ᠠᠷᠠᠳ ᠤᠨ ᠴᠠᠭᠳᠠᠭ᠎ᠠ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡᠨ ᠳᠤ | ᠪᠠᠶᠢᠴᠠᠭᠠᠯᠲᠠ ᠬᠢᠵᠦ ᠪᠠᠶᠢᠭ᠎ᠠ ᠨᠢ᠃ | | ᠡᠨᠡ ᠵᠢᠯ ᠠᠴᠠ ᠨᠠᠭᠠᠰᠢ᠂ ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ | ᠪᠠᠶᠢᠴᠠᠭᠠᠬᠤ ᠥᠷᠲᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ᠂ 24 | ᠴᠠᠭ ᠢᠶᠠᠷ ᠵᠢᠵᠢᠭᠦᠷᠯᠡᠨ᠂ ᠲᠡᠷᠭᠡ ᠪᠠᠶᠢᠴᠠᠭᠠᠵᠤ ᠰᠢᠯᠭᠠᠨ ᠥᠩᠭᠡᠷᠡᠭᠦᠯᠬᠦ ᠬᠤᠷᠳᠤᠴᠠ ᠪᠠᠨ ᠲᠦᠷᠭᠡᠳᠬᠡᠵᠦ᠂ | ᠪᠣᠭᠤᠮᠲᠠ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ | ᠲᠡᠷᠭᠡ ᠶᠢᠨ ᠠᠮᠤᠷ ᠲᠦᠪᠰᠢᠨ ᠢᠶᠠᠷ ᠰᠠᠭᠠᠳ ᠦᠭᠡᠢ ᠪᠣᠭᠤᠮᠲᠠ ᠥᠩᠭᠡᠷᠡᠬᠦ ᠶᠢ ᠪᠠᠲᠤᠯᠠᠵᠠᠢ᠃ | | | | | 7 ᠳ᠋ᠤᠭᠠᠷ ᠰᠠᠷ᠎ᠠ ᠶᠢᠨ 1 ᠤ ᠡᠳᠦᠷ᠂ ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ | ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠶᠢᠨ ᠠᠷᠠᠳ ᠤᠨ ᠴᠠᠭᠳᠠᠭ᠎ᠠ ᠭᠠᠯᠲᠤ ᠲᠡᠷᠭᠡᠨ ᠤ ᠵᠢᠯᠣᠭᠤᠴᠢ ᠶᠢᠨ | ᠦᠨᠡᠮᠯᠡᠯ ᠢ ᠪᠠᠶᠢᠴᠠᠭᠠᠨ ᠰᠢᠯᠭᠠᠵᠤ ᠪᠠᠶᠢᠭ᠎ᠠ ᠨᠢ᠃ | | | | | 7 ᠳ᠋ᠤᠭᠠᠷ ᠰᠠᠷ᠎ᠠ ᠶᠢᠨ 1 ᠤ ᠡᠳᠦᠷ᠂ ᠳᠤᠮᠳᠠᠳᠤ ᠧᠦ᠋ᠷᠣᠫᠠ ᠶᠢᠨ ᠵᠢᠰᠢᠶᠡᠨ ᠤ ᠭᠠᠯᠲᠤ ᠲᠡᠷᠭᠡ ᠡᠷᠢᠶᠡᠨ ᠤ | ᠤᠯᠤᠰ ᠤᠨ ᠡᠭᠦᠳᠡ ᠪᠠᠷ ᠣᠷᠣᠵᠣ ᠢᠷᠡᠵᠦ ᠪᠠᠶᠢᠭ᠎ᠠ ᠨᠢ᠃ | | ᠡᠷᠢᠶᠡᠨ ᠪᠣᠭᠤᠮᠲᠠ ᠨᠢ ᠮᠠᠨ ᠤ ᠤᠯᠤᠰ ᠤᠨ ᠠᠰ ᠬᠤᠶᠢᠨ᠎ᠠ ᠪᠠᠶᠢᠷᠢᠯᠠᠵᠤ᠂ ᠳᠤᠮᠳᠠᠳᠤ ᠧᠦ᠋ᠷᠣᠫᠠ ᠶᠢᠨ | ᠵᠢᠰᠢᠶᠠᠨ ᠤ ᠭᠠᠯᠲᠤ ᠲᠡᠷᠭᠡ ᠶᠢᠨ ᠳᠤᠮᠳᠠ ᠱᠤᠭᠤᠮ ᠢᠶᠠᠷ ᠨᠡᠪᠲᠡᠷᠡᠬᠦ ᠴᠣᠷᠢ ᠶᠢᠨ ᠭᠠᠭᠴᠠ ᠬᠢᠯᠢ ᠶᠢᠨ ᠪᠣᠭᠤᠮᠲᠠ | ᠮᠦᠨ᠂ ᠤᠯᠤᠰ ᠤᠨ ᠳᠣᠲᠣᠭᠠᠳᠤ ᠶᠢᠨ ᠡᠳ᠋ ᠪᠠᠷᠠᠭ᠎ᠠ ᠶᠢ ᠮᠣᠩᠭᠤᠯ ᠤᠯᠤᠰ᠂ ᠣᠷᠣᠰ ᠵᠢᠴᠢ ᠧᠦ᠋ᠷᠣᠫᠠ ᠲᠢᠪ ᠲᠤ | ᠭᠠᠷᠭᠠᠬᠤ ᠴᠢᠬᠤᠯᠠ ᠵᠠᠮ ᠪᠣᠯᠤᠨ᠎ᠠ᠃ |