ᠬᠥᠬᠡᠬᠤᠲᠠ ᠬᠢᠭᠡᠳ ᠲᠠᠶᠢᠶᠤᠸᠠᠨ ᠤ ᠬᠤᠭᠤᠷᠣᠨᠳᠣ ᠠᠩᠬ᠎ᠠ ᠤᠳᠠᠭ᠎ᠠ ᠬᠥᠳᠡᠯᠭᠡᠭᠦᠷᠲᠦ ᠴᠤᠪᠤᠭ᠎ᠠ ᠲᠡᠷᠭᠡ ᠨᠡᠪᠲᠡᠷᠡᠯ᠎ᠡ
ᠨᠡᠶᠢᠲᠡᠯᠡᠭᠰᠡᠨ ᠴᠠᠭ᠄
2020/7/3
     7 ᠳ᠋ᠤᠭᠠᠷ ᠰᠠᠷ᠎ᠠ ᠶᠢᠨ 1᠎ ᠤ ᠡᠳᠦᠷ᠂ ᠬᠥᠬᠡᠬᠤᠲᠠ ᠶᠢᠨ ᠵᠡᠭᠦᠨ ᠭᠠᠯᠲᠤ ᠲᠡᠷᠭᠡᠨ ᠥᠷᠲᠡᠭᠡᠨ ᠳᠤ᠂ ᠲᠡᠮᠦᠷ ᠵᠠᠮ ᠤᠨ  ᠠᠵᠢᠯᠲᠠᠳ D2798 ᠤᠳᠠᠭ᠎ᠠ ᠶᠢᠨ ︽ᠡᠶ᠎ᠡ ᠵᠣᠬᠢᠴᠠᠯ︾ ᠨᠡᠷᠡᠮᠵᠢᠲᠦ ᠬᠥᠳᠡᠯᠭᠡᠭᠦᠷᠲᠦ ᠴᠤᠪᠤᠭ᠎ᠠ ᠲᠡᠷᠭᠡᠨ ᠤ ᠬᠠᠵᠠᠭᠤ ᠳᠤ ᠬᠠᠮᠲᠤ ᠶᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠵᠦ ᠪᠠᠶᠢᠭ᠎ᠠ ᠨᠢ᠃      7 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠥᠪᠥᠷ ᠮᠣᠩᠭᠤᠯ ᠤᠨ ᠬᠥᠬᠡᠬᠤᠲᠠ ᠬᠢᠭᠡᠳ ᠱᠠᠨ ᠰᠢ ᠶᠢᠨ ᠲᠠᠶᠢᠶᠤᠸᠠᠨ ᠤ ᠬᠤᠭᠤᠷᠣᠨᠳᠣ ᠠᠩᠬ᠎ᠠ ᠤᠳᠠᠭ᠎ᠠ ᠬᠦᠳᠡᠯᠭᠡᠭᠦᠷᠲᠦ ᠴᠤᠪᠤᠭ᠎ᠠ ᠲᠡᠷᠭᠡ ᠨᠡᠪᠲᠡᠷᠡᠵᠡᠢ᠂ ᠬᠥᠳᠡᠯᠭᠡᠭᠦᠷᠲᠦ ᠴᠤᠪᠤᠭ᠎ᠠ ᠲᠡᠷᠭᠡ ᠡᠳᠦᠷ ᠪᠦᠷᠢ 2 ᠬᠤᠤᠰ ᠴᠤᠪᠤᠭ᠎ᠠ ᠲᠡᠷᠭᠡ ᠠᠶᠠᠯᠠᠵᠤ᠂ ᠬᠤᠶᠠᠷ ᠭᠠᠵᠠᠷ ᠤᠨ ᠬᠤᠭᠤᠷᠣᠨᠳᠣᠬᠢ ᠠᠶᠠᠯᠠᠯ ᠤᠨ ᠴᠠᠭ ᠨᠢ 10 ᠴᠠᠭ ᠪᠠᠶᠢᠭᠰᠠᠨ ᠠᠴᠠ ᠪᠠᠨ ᠬᠠᠮᠤᠭ ᠬᠤᠷᠳᠤᠨ ᠳᠤ ᠪᠠᠨ 5 ᠴᠠᠭ ᠤᠨ ᠳᠣᠲᠣᠷ᠎ᠠ ᠪᠣᠯᠵᠤ ᠪᠣᠭᠤᠨᠢᠰᠪᠠ᠃
     7 ᠳ᠋ᠤᠭᠠᠷ ᠰᠠᠷ᠎ᠠ ᠶᠢᠨ 1᠎ ᠤ ᠡᠳᠦᠷ᠂ ᠬᠦᠬᠡᠬᠤᠲᠠ ᠠᠴᠠ ᠲᠠᠶᠢᠶᠤᠸᠠᠨ ᠤ ᠡᠮᠦᠨ᠎ᠡ ᠥᠷᠲᠡᠭᠡ ᠮᠣᠷᠳᠠᠭᠰᠠᠨ D2798 ᠤᠳᠠᠭ᠎ᠠ ᠶᠢᠨ ︽ᠡᠶ᠎ᠡ ᠵᠣᠬᠢᠴᠠᠯ︾ ᠨᠡᠷᠡᠮᠵᠢᠲᠦ ᠬᠥᠳᠡᠯᠭᠡᠭᠦᠷᠲᠦ ᠴᠤᠪᠤᠭ᠎ᠠ ᠲᠡᠷᠭᠡ ᠬᠥᠬᠡᠬᠤᠲᠠ ᠶᠢᠨ ᠵᠡᠭᠦᠨ ᠭᠠᠯᠲᠤ ᠲᠡᠷᠭᠡᠨ ᠥᠷᠲᠡᠭᠡᠨ ᠳᠤ ᠵᠣᠭᠰᠣᠵᠣ ᠪᠠᠶᠢᠭ᠎ᠠ ᠨᠢ᠃
     7 ᠳ᠋ᠤᠭᠠᠷ ᠰᠠᠷ᠎ᠠ ᠶᠢᠨ 1᠎ ᠤ ᠡᠳᠦᠷ᠂ ᠬᠥᠬᠡᠬᠤᠲᠠ ᠶᠢᠨ ᠵᠡᠭᠦᠨ ᠭᠠᠯᠲᠤ ᠲᠡᠷᠭᠡᠨ ᠥᠷᠲᠡᠭᠡᠨ ᠳᠤ᠂ ᠠᠶᠠᠨᠴᠢᠳ ᠲᠠᠶᠢᠶᠤᠸᠠᠨ ᠤ ᠡᠮᠦᠨ᠎ᠡ ᠥᠷᠲᠡᠭᠡᠨ ᠳᠤ ᠬᠦᠷᠬᠦ D2798 ᠤᠳᠠᠭ᠎ᠠ ᠶᠢᠨ ︽ᠡᠶ᠎ᠡ ᠵᠣᠬᠢᠴᠠᠯ︾ ᠨᠡᠷᠡᠮᠵᠢᠲᠦ ᠬᠥᠳᠡᠯᠭᠡᠭᠦᠷᠲᠦ ᠴᠤᠪᠤᠭ᠎ᠠ ᠲᠡᠷᠭᠡᠨ ᠳᠤ ᠭᠠᠷᠴᠤ ᠪᠠᠶᠢᠭ᠎ᠠ ᠨᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号