ᠰᠢᠯᠢ ᠶᠢᠨ ᠭᠤᠤᠯ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ᠂ ᠲᠣᠮᠣ ᠳ᠋ᠠᠶᠢᠲ᠋ᠠ ᠶᠢᠨ ᠲᠣᠪᠴᠢᠶ᠎ᠠ ᠵᠡᠷᠭᠡ ᠭᠤᠷᠪᠠᠨ ᠰᠠᠯᠠᠭ᠎ᠠ ᠮᠥᠴᠢᠷ ᠪᠠ ᠡᠯ᠎ᠡ | ᠬᠤᠰᠢᠭᠤ ᠰᠢᠶᠠᠨ ᠬᠤᠲᠠ ︵ᠲᠣᠭᠤᠷᠢᠭ︶ ᠶᠠᠭ ᠪᠥᠬᠦ ᠣᠷᠣᠨ ᠤ ︽ᠢᠨᠲ᠋ᠧᠷ ᠰᠦᠯᠵᠢᠶ᠎ᠡ + ᠥᠯᠥ ᠬᠥᠳᠡᠯᠬᠦ | ᠬᠥᠷᠥᠩᠭᠡ ᠶᠢᠨ ᠳᠡᠩᠰᠡᠯᠡᠯᠲᠡ︾ ᠶᠢᠨ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠢᠩᠬᠢᠮ ᠳᠤ ᠨᠢᠭᠡᠳᠦᠯᠲᠡᠢ | ᠵᠣᠯᠭᠠᠭᠤᠯᠬᠤ ᠪᠠ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠬᠠᠮᠲᠤᠷᠠᠨ ᠭᠦᠢᠴᠡᠳᠬᠡᠬᠦ︾ | ᠦᠢᠯᠡᠴᠢᠯᠡᠭᠡᠨ ᠤ ᠲᠠᠪᠴᠠᠩ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠢᠳᠡᠪᠬᠢᠲᠡᠶ ᠠᠬᠢᠭᠤᠯᠵᠤ ᠪᠠᠶᠢᠨ᠎ᠠ᠃ | ᠰᠢᠯᠢ ᠶᠢᠨ ᠭᠤᠤᠯ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠲᠣᠮᠣ ᠳ᠋ᠠᠶᠢᠲ᠋ᠠ ᠶᠢᠨ ᠲᠣᠪᠴᠢᠶ᠎ᠠ ᠣᠯᠠᠨ ᠤᠳᠠᠭ᠎ᠠ ᠥᠯᠥ ᠬᠥᠳᠡᠯᠬᠦ ᠬᠥᠷᠥᠩᠭᠡ ᠶᠢᠨ | ᠳᠡᠩᠰᠡᠯᠡᠯᠲᠡ ᠶᠢᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠬᠤᠷᠠᠮᠠᠯ ᠪᠠ ︽ᠢᠨᠲ᠋ᠧᠷ ᠰᠦᠯᠵᠢᠶ᠎ᠡ + ᠥᠯᠥ | ᠬᠥᠳᠡᠯᠬᠦ ᠬᠥᠷᠥᠩᠭᠡ ᠶᠢᠨ ᠳᠡᠩᠰᠡᠯᠡᠯᠲᠡ︾ ᠶᠢᠨ ᠬᠠᠮᠲᠤᠷᠠᠭᠰᠠᠨ ᠬᠤᠷᠠᠯ ᠢ ᠬᠠᠮᠲᠤᠷᠠᠨ ᠬᠤᠷᠠᠯᠳᠤᠭᠤᠯᠤᠭᠰᠠᠨ | ᠪᠦᠭᠡᠳ ᠥᠪᠡᠷᠲᠡᠭᠡᠨ ᠵᠠᠰᠠᠬᠤ ᠣᠷᠣᠨ ᠤ ︽ᠢᠨᠲ᠋ᠧᠷ ᠰᠦᠯᠵᠢᠶ᠎ᠡ + ᠥᠯᠥ ᠬᠥᠳᠡᠯᠬᠦ ᠬᠥᠷᠥᠩᠭᠡ ᠶᠢᠨ | ᠳᠡᠩᠰᠡᠯᠡᠯᠲᠡ︾ ᠶᠢᠨ ᠲᠠᠪᠴᠠᠩ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠢ ᠶᠢᠨ ᠲᠤᠰᠬᠠᠶ ᠮᠡᠷᠭᠡᠵᠢᠯᠲᠡᠨ ᠢ | ᠤᠷᠢᠵᠤ ᠲᠣᠰ ᠠᠶᠢᠮᠠᠭ ᠤᠨ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠬᠤᠷᠠᠮᠠᠯ ᠪᠠ ︽ᠢᠨᠲ᠋ᠧᠷ ᠰᠦᠯᠵᠢᠶ᠎ᠡ + | ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ︾ ᠶᠢᠨ ᠠᠵᠢᠯ ᠢ ᠵᠣᠬᠢᠴᠠᠭᠤᠯᠤᠨ ᠵᠣᠯᠭᠠᠭᠤᠯᠵᠤ ᠪᠠᠶᠢᠨ᠎ᠠ᠃ |