ᠬᠥᠬᠡᠬᠤᠲᠠ ᠶᠡᠭᠡ ᠰᠤᠷᠭᠠᠭᠤᠯᠢ ᠲᠡᠭᠦᠰᠦᠭᠰᠡᠳ ᠴᠡᠷᠢᠭ ᠲᠤ ᠣᠷᠣᠪᠠᠯ ᠱᠠᠩᠨᠠᠯ ᠤᠨ ᠮᠥᠩᠭᠦ ᠣᠯᠭᠤᠬᠤ ᠲᠥᠷᠥ ᠶᠢᠨ ᠪᠣᠳᠣᠯᠭ᠎ᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2020/7/3
     7 ᠳ᠋ᠤᠭᠠᠷ ᠰᠠᠷ᠎ᠠ ᠶᠢᠨ 1᠎ ᠤ ᠡᠳᠦᠷ᠂ ᠬᠦᠬᠡᠬᠤᠲᠠ ᠶᠢᠨ ᠴᠡᠷᠢᠭ ᠡᠯᠰᠡᠬᠦ ᠠᠯᠪᠠᠨ ᠭᠡᠷ ᠠᠴᠠ ᠣᠶᠢᠯᠠᠭᠠᠭᠰᠠᠨ ᠢᠶᠠᠷ᠂ 2020 ᠣᠨ ᠠᠴᠠ ᠡᠬᠢᠯᠡᠨ᠂ ᠬᠦᠬᠡᠬᠤᠲᠠ ᠠᠴᠠ ᠴᠡᠷᠢᠭ ᠲᠤ ᠡᠯᠰᠡᠭᠳᠡᠭᠰᠡᠨ ᠠᠯᠪᠠᠨ ᠵᠢᠷᠤᠮ ᠤᠨ ᠴᠡᠷᠢᠭ ᠤᠨ ᠠᠯᠪᠠ ᠬᠠᠭᠠᠬᠤ ᠡᠩ ᠤᠨ ᠪᠦᠬᠦᠯᠢ ᠡᠳᠦᠷ ᠤᠨ ᠳᠦᠷᠢᠮᠲᠦ ᠶᠡᠭᠡ ᠰᠤᠷᠭᠠᠭᠤᠯᠢ ᠲᠡᠭᠦᠰᠦᠭᠰᠡᠳ ᠪᠣᠯᠤᠨ ᠠᠰᠫᠢᠷᠠᠨᠲ ︵ᠠᠰᠫᠢᠷᠠᠨᠲ ᠰᠤᠷᠤᠯᠴᠠᠵᠤ ᠪᠠᠶᠢᠬᠤ ᠪᠠ ᠲᠡᠭᠦᠰᠦᠭᠰᠡᠳ ᠪᠠᠭᠲᠠᠨ᠎ᠠ︶᠎ ᠳᠤ ᠬᠠᠮᠤᠭ ᠥᠨᠳᠥᠷ ᠲᠤ ᠪᠠᠨ 10000 ᠲᠥᠭᠦᠷᠢᠭ ᠤᠨ ᠨᠢᠭᠡ ᠯᠡ ᠤᠳᠠᠭ᠎ᠠ ᠶᠢᠨ ᠴᠢᠨᠠᠷᠲᠠᠶ ᠱᠠᠩᠨᠠᠯ ᠤᠨ ᠮᠥᠩᠭᠦ ᠣᠯᠭᠤᠬᠤ ᠪᠠᠷ ᠪᠣᠯᠵᠠᠢ᠃      ᠨᠢᠭᠡ ᠯᠡ ᠤᠳᠠᠭ᠎ᠠ ᠶᠢᠨ ᠴᠢᠨᠠᠷᠲᠠᠶ ᠱᠠᠩᠨᠠᠯ ᠤᠨ ᠮᠥᠩᠭᠦ ᠣᠯᠭᠤᠬᠤ ᠪᠣᠳᠠᠲᠠᠶ ᠪᠠᠷᠢᠮᠵᠢᠶ᠎ᠠ ᠪᠣᠯ᠄ ᠴᠡᠷᠢᠭ ᠲᠤ ᠡᠯᠰᠡᠭᠳᠡᠭᠰᠡᠨ ᠶᠡᠭᠡ ᠰᠤᠷᠭᠠᠭᠤᠯᠢ ᠶᠢᠨ ᠵᠢᠩᠬᠢᠨᠢ ᠠᠩᠭᠢ ᠠᠴᠠ ᠲᠡᠭᠦᠰᠦᠭᠰᠡᠳ ᠪᠣᠯᠤᠨ ᠠᠰᠫᠢᠷᠠᠨᠲ ᠬᠥᠮᠥᠨ ᠨᠢᠭᠡᠪᠦᠷᠢ 10000 ᠲᠥᠭᠦᠷᠢᠭ᠂ ᠲᠤᠰᠬᠠᠶ ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠳ ᠬᠥᠮᠦᠨ ᠨᠢᠭᠡᠪᠦᠷᠢ 6000 ᠲᠥᠭᠦᠷᠢᠭ ᠪᠣᠯᠤᠨ᠎ᠠ᠃ ᠨᠢᠭᠡ ᠯᠡ ᠤᠳᠠᠭ᠎ᠠ ᠶᠢᠨ ᠴᠢᠨᠠᠷᠲᠠᠢ ᠱᠠᠩᠨᠠᠯ ᠤᠨ ᠮᠥᠩᠭᠦ ᠶᠢ ᠡᠯᠰᠡᠭᠳᠡᠭᠰᠡᠳ ᠤᠨ ᠬᠤᠰᠢᠭᠤ ᠰᠢᠶᠠᠨ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠠᠴᠠ ᠰᠢᠨ᠎ᠡ ᠴᠡᠷᠢᠭ ᠲᠤ ᠴᠡᠷᠢᠭ ᠲᠤ ᠣᠷᠣᠭᠰᠠᠨ ᠤ ᠳᠠᠷᠠᠭ᠎ᠠ ᠵᠢᠯ ᠤᠨ ᠬᠢᠨᠢ 8 ᠳ᠋ᠤᠭᠠᠷ ᠰᠠᠷ᠎ᠠ ᠶᠢᠨ 1᠎ ᠤ ᠡᠳᠦᠷ ᠠᠴᠠ ᠡᠮᠦᠨ᠎ᠡ ᠣᠯᠭᠤᠨ᠎ᠠ᠃      ᠣᠶᠢᠷ᠎ᠠ ᠶᠢᠨ ᠵᠢᠯ ᠤᠳ ᠲᠤ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠥᠬᠡᠬᠤᠲᠠ ᠤᠷᠢᠳ ᠬᠤᠵᠢᠳ ᠠᠯᠢ ᠣᠯᠠᠨ ᠬᠠᠷᠠᠭᠠᠯᠵᠠᠯᠲᠤ ᠲᠥᠷᠥ ᠶᠢᠨ ᠪᠣᠳᠣᠯᠭ᠎ᠠ ᠨᠡᠶᠢᠲᠡᠯᠡᠵᠦ᠂ ᠴᠡᠷᠢᠭ ᠲᠤ ᠤᠷᠤᠭᠰᠠᠨ ᠥᠷᠭᠡᠨ ᠣᠯᠠᠨ ᠶᠡᠭᠡ ᠰᠤᠷᠭᠠᠭᠤᠯᠢ ᠲᠡᠭᠦᠰᠦᠭᠰᠡᠳ ᠲᠤ ᠤᠯᠤᠰ ᠲᠥᠷᠥ ᠶᠢᠨ ᠲᠠᠯ᠎ᠠ ᠪᠠᠷ ᠬᠦᠨᠳᠦᠳᠬᠡᠯ ᠬᠦᠷᠲᠡᠭᠡᠵᠦ᠂ ᠠᠵᠤ ᠠᠬᠤᠶ ᠶᠢᠨ ᠲᠠᠯ᠎ᠠ ᠪᠠᠷ ᠬᠠᠷᠠᠭᠠᠯᠵᠠᠯ ᠦᠵᠡᠭᠦᠯᠵᠦ᠂ ᠠᠵᠢᠯ ᠤᠨ ᠲᠠᠯ᠎ᠠ ᠪᠠᠷ ᠣᠯᠠᠨ ᠭᠠᠷᠬᠤ ᠵᠠᠮ ᠨᠡᠭᠡᠭᠡᠵᠦ᠂ ᠬᠥᠭᠵᠢᠯᠲᠡ ᠶᠢᠨ ᠲᠠᠯ᠎ᠠ ᠪᠠᠷ ᠥᠷᠭᠡᠨ ᠳᠡᠯᠭᠡᠷ ᠢᠷᠡᠭᠡᠳᠦᠶ ᠲᠠᠢ ᠪᠣᠯᠭᠠᠬᠤ ᠪᠠᠷ ᠴᠢᠷᠮᠠᠶᠢᠵᠤ ᠪᠤᠢ᠃    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号