ᠳᠡᠭᠡᠷ᠎ᠡ ᠬᠠᠭᠠᠰ ᠵᠢᠯ ᠳᠤ ᠬᠥᠯᠥᠨ ᠪᠤᠶᠢᠷ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 453.75 ᠳ᠋ᠦᠩᠰᠢᠭᠤᠷ ᠲᠥᠭᠦᠷᠢᠭ ᠲᠤ ᠬᠦᠷᠪᠡ
ᠨᠡᠶᠢᠲᠡᠯᠡᠭᠰᠡᠨ ᠴᠠᠭ᠄
2020/7/30
     ᠬᠥᠯᠥᠨ ᠪᠤᠶᠢᠷ ᠬᠤᠲᠠ ᠶᠢᠨ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠳᠡᠭᠡᠷ᠎ᠡ ᠬᠠᠭᠠᠰ ᠵᠢᠯ ᠳᠤ ᠪᠦᠬᠦ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 453.75 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠣᠳᠣᠪᠠᠯ᠂ ᠠᠳᠠᠯᠢ ᠬᠤᠭᠤᠴᠠᠭᠠᠨ ᠤ ᠬᠢ ᠠᠴᠠ 6.5%᠎ ᠪᠠᠷ ᠪᠠᠭᠤᠷᠠᠵᠤ᠂ ᠨᠢᠭᠡᠳᠦᠭᠡᠷ ᠤᠯᠠᠷᠢᠯ ᠤᠨ ᠬᠢ ᠠᠴᠠ ᠪᠠᠭᠠᠬᠠᠨ ᠳᠡᠭᠡᠭᠰᠢᠯᠡᠵᠡᠶ᠃      ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠠᠴᠠ ᠦᠵᠡᠪᠡᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠵᠡᠷᠭᠡ ᠲᠠᠯ᠎ᠠ ᠪᠠᠷ ᠡᠩ ᠲᠡᠷᠢᠭᠦᠨ ᠳᠤ ᠨᠡᠮᠡᠭᠳᠡᠯ ᠲᠠᠢ ᠪᠣᠯᠵᠤ᠂ ᠠᠵᠤ ᠦᠢᠯᠡᠳᠪᠦᠷᠢ᠂ ᠦᠢᠯᠡᠴᠢᠯᠡᠭᠡᠨ ᠤ ᠦᠢᠯᠡᠰ᠂ ᠪᠡᠯᠡ ᠣᠷᠣᠭᠤᠯᠤᠯᠲᠠ ᠪᠣᠯᠤᠨ ᠠᠷᠠᠯᠵᠢᠶ᠎ᠠ ᠵᠡᠷᠭᠡ ᠬᠦᠷᠢᠶᠡᠨ ᠤ ᠪᠠᠭᠤᠷᠠᠯᠲᠠ ᠦᠷᠭᠦᠯᠵᠢᠯᠡᠨ ᠪᠠᠭᠠᠰᠴᠤ᠂ ᠪᠦᠬᠦᠯᠢ ᠴᠣᠭᠴᠠ ᠶᠢᠨ ᠠᠵᠤ ᠠᠬᠤᠶ ᠶᠢᠨ ᠠᠵᠢᠯᠯᠠᠭᠠᠨ ᠰᠡᠷᠭᠦᠬᠦ ᠪᠠᠶᠢᠳᠠᠯ ᠲᠠᠢ ᠪᠣᠯᠪᠠ᠃      ᠳᠡᠭᠡᠷ᠎ᠡ ᠬᠠᠭᠠᠰ ᠵᠢᠯ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠠᠴᠠ ᠪᠣᠯᠤᠭᠰᠠᠨ ᠬᠦᠨᠳᠦ ᠬᠡᠴᠡᠭᠦᠤ ᠰᠢᠯᠭᠠᠯᠲᠠ ᠶᠢᠨ ᠡᠮᠦᠨ᠎ᠡ᠂ ᠪᠦᠬᠦ ᠬᠤᠲᠠ ᠪᠠᠷ ᠢᠶᠠᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠠᠵᠤ ᠠᠬᠤᠢ ᠨᠡᠶᠢᠭᠡᠮ ᠤᠨ ᠡᠮᠬᠢ ᠳᠢᠭᠯᠢᠮ ᠲᠦᠷᠭᠡᠨ ᠰᠡᠷᠭᠦᠵᠦ᠂ ᠪᠦᠬᠦ ᠬᠤᠲᠠ ᠶᠢᠨ ᠠᠵᠤ ᠠᠬᠤᠢ ᠶᠢᠨ ᠠᠵᠢᠯᠯᠠᠭᠠᠨ ᠦᠷᠭᠦᠯᠵᠢᠯᠡᠨ ᠰᠠᠶᠢᠵᠢᠷᠠᠵᠤ ᠠᠵᠤ ᠠᠬᠤᠶᠢᠯᠠᠯ ᠤᠨ ᠲᠣᠭᠲᠠᠭᠤᠨ ᠪᠠᠶᠢᠳᠠᠯ ᠰᠠᠶᠢᠵᠢᠷᠠᠬᠤ ᠬᠠᠨᠳᠤᠰᠢ ᠎ ᠲᠠᠢ ᠪᠣᠯᠪᠠ᠃      ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠣᠨᠢᠨ ᠮᠡᠳᠡᠭᠡᠨ ᠤ ᠥᠭᠦᠯᠡᠭᠴᠢ ᠢᠯᠡᠳᠬᠡᠬᠦ ᠳᠤ ᠪᠠᠨ᠂ ᠣᠳᠣᠬᠠᠨ ᠳᠤ᠂ ᠣᠯᠠᠨ ᠤᠯᠤᠰ ᠤᠨ ᠬᠢᠵᠢᠭ ᠤᠨ ᠪᠠᠶᠢᠳᠠᠯ ᠥᠷᠪᠢᠰᠦᠨ ᠳᠡᠯᠭᠡᠷᠡᠬᠦ ᠪᠠᠶᠢᠳᠠᠯ ᠬᠠᠷᠠᠬᠠᠨ ᠪᠦᠲᠦᠮᠵᠢᠲᠡᠶ ᠬᠤᠷᠢᠭᠯᠠᠭᠳᠠᠭᠠᠳᠤᠶ᠂ ᠭᠤᠤᠯ ᠭᠦᠢᠴᠡᠳᠬᠡᠯ ᠲᠤᠭ᠎ᠠ ᠶᠢᠨ ᠣᠯᠠᠩᠬᠢ ᠨᠢ ᠪᠠᠭᠤᠷᠠᠯᠲᠠ ᠲᠠᠢ ᠪᠠᠶᠢᠵᠤ᠂ ᠪᠦᠬᠦ ᠬᠤᠲᠠ ᠶᠢᠨ ᠠᠵᠤ ᠠᠬᠤᠢ ᠶᠢ ᠮᠦᠨ ᠬᠦ ᠰᠡᠷᠭᠦᠭᠡᠬᠦ ᠴᠢᠬᠤᠯᠠᠲᠠᠢ ᠪᠠᠶᠢᠨ᠎ᠠ᠃ ᠳᠠᠷᠠᠭ᠎ᠠ ᠠᠯᠬᠤᠮ ᠳᠤ᠂ ᠪᠦᠬᠦ ᠬᠤᠲᠠ ᠪᠠᠷ ᠢᠶᠠᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠲᠣᠭᠲᠠᠭᠤᠨ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠵᠦ᠂ ᠬᠢᠵᠢᠭ ᠠᠴᠠ ᠪᠣᠯᠣᠭᠰᠠᠨ ᠠᠰᠢᠭ ᠦᠭᠡᠢ ᠨᠥᠯᠥᠭᠡ ᠶᠢ ᠡᠷᠡᠰ ᠢᠯᠠᠨ ᠳᠠᠪᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠰᠢᠢᠳᠪᠦᠷᠢᠲᠦ ᠢᠯᠠᠯᠲᠠ ᠶᠢ ᠣᠯᠬᠤ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠪᠠᠲᠤᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠨ᠎ᠡ ᠭᠡᠵᠡᠢ᠃      ᠬᠤᠷᠠᠯ ᠳᠡᠭᠡᠷ᠎ᠡ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠣᠨᠢᠨ ᠮᠡᠳᠡᠭᠡᠨ ᠤ ᠥᠭᠦᠯᠡᠭᠴᠢ ᠪᠠᠰᠠ ᠪᠥᠬᠦ ᠬᠤᠲᠠ ᠶᠢᠨ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾ ᠠᠵᠢᠯ ᠤᠨ ᠦᠷ᠎ᠡ ᠪᠦᠲᠦᠮᠵᠢ ᠪᠠ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ ᠥᠪᠥᠷ ᠮᠣᠩᠭᠤᠯ ᠤᠨ ᠡᠳᠦᠷ ᠤᠨ ᠰᠣᠨᠢᠨ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠵᠡᠷᠭᠡ ᠵᠠᠭᠤᠴᠢᠯᠠᠭᠤᠷ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号