7 ᠰᠠᠷ᠎ᠠ ᠶᠢᠨ 1 ᠠᠴᠠ 2 ᠤᠨ ᠡᠳᠤᠷ ᠪᠤᠯᠳᠠᠯ᠎ᠠ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ | ᠪᠤᠤ ᠭᠠᠩ ᠬᠦᠯᠥᠨ ᠨᠠᠭᠤᠷ ᠲᠤ ᠬᠦᠨᠵᠡᠬᠡᠶᠢᠷᠡᠵᠥ ᠨᠠᠭᠤᠷ ᠤᠨ ᠤᠷᠤᠨ ᠤ ᠡᠬᠢ ᠪᠠᠶᠠᠯᠢᠭ ᠤᠨ ᠬᠠᠮᠢᠶᠠᠷᠤᠯᠳᠠ | ᠬᠠᠮᠠᠭᠠᠯᠠᠯᠳᠠ ᠳᠤ ᠪᠠᠶᠢᠴᠠᠭᠠᠨ ᠰᠤᠳᠤᠯᠤᠯᠳᠡ ᠬᠢᠵᠥ᠂ ᠤᠰᠤᠨ ᠤ ᠴᠢᠨᠠᠷ᠂ ᠤᠰᠤᠨ ᠤ ᠬᠡᠮᠵᠢᠶ᠎ᠡ ᠶᠢᠨ ᠬᠢᠨᠠᠯᠳᠠ | ᠬᠡᠮᠵᠢᠯᠳᠡ ᠶᠢᠨ ᠪᠠᠶᠢᠳᠠᠯ ᠢ ᠨᠠᠷᠢᠨ ᠤᠢᠢᠯᠠᠭᠠᠭᠰᠠᠠ ᠪᠦᠬᠡᠳ ᠬᠦᠯᠥᠨ ᠨᠠᠭᠤᠷ ᠲᠤ ᠤᠷᠤᠰᠤᠨ ᠤᠷᠤᠵᠥ ᠪᠠᠶᠢᠭ᠎ᠠ | ᠬᠡᠷᠦᠯᠥᠨ ᠭᠤᠤᠯ᠂ ᠤᠷᠤᠱᠦᠨ ᠭᠤᠤᠯ ᠪᠤᠯᠤᠨ ᠪᠤᠶᠢᠷ ᠨᠠᠭᠤᠷ ᠲᠤ ᠬᠦᠷᠴᠦ ᠠᠮᠢ ᠠᠬᠤᠢ ᠶᠢᠨ ᠬᠠᠮᠠᠭᠠᠯᠠᠯᠳᠠ ᠶᠢᠨ | ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ | ᠪᠤᠤ ᠭᠠᠩ᠂ ᠶᠡᠷᠤᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ | ᠰᠠᠨᠠᠭ᠎ᠠ ᠶᠢ ᠬᠦᠨᠵᠡᠬᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠠᠮᠢ ᠠᠬᠤᠢ ᠤᠷᠴᠢᠨ ᠲᠤᠭᠤᠷᠢᠨ ᠢ | ᠬᠠᠮᠠᠭᠠᠯᠠᠬᠤ ᠵᠠᠰᠠᠬᠤ ᠡᠬᠦᠷᠬᠡ ᠶᠢ ᠡᠷᠡᠰ ᠡᠬᠦᠷᠬᠡᠯᠡᠵᠥ᠂ ︽ᠤᠰᠤᠨ ᠤ ᠬᠡᠮᠵᠢᠶ᠎ᠡ ᠶᠢ ᠲᠤᠭᠳᠠᠪᠤᠷᠢᠵᠢᠭᠤᠯᠬᠤ᠂ | ᠤᠰᠤᠨ ᠤ ᠴᠢᠨᠠᠷ ᠢ ᠰᠠᠶᠢᠵᠢᠷᠠᠭᠤᠯᠬᠤ᠂ ᠤᠷᠴᠢᠨ ᠲᠤᠭᠤᠷᠢᠨ ᠤ ᠴᠢᠨᠡᠷ ᠴᠢᠨᠰᠠᠭ᠎ᠠ ᠶᠢ ᠲᠡᠭᠡᠭᠰᠢᠯᠡᠬᠦᠯᠬᠦ︾ ᠭᠤᠤᠯ | ᠵᠠᠰᠠᠬᠤ ᠬᠠᠷᠠᠯᠳᠠ ᠶᠢᠨ ᠲᠤᠭᠤᠷᠢᠨ ᠳᠤ᠂ ᠨᠠᠭᠤᠷ ᠭᠤᠤᠯ ᠤᠨ ᠤᠷᠤᠰᠬᠠᠯ ᠲᠠᠭᠠᠤ ᠶᠢᠨ ᠠᠮᠢ ᠠᠬᠤᠢ ᠶᠢ ᠬᠠᠮᠠᠭᠠᠯᠠᠬᠤ | ᠪᠠ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯ ᠤᠨ ᠡᠷᠴᠢᠮ ᠢᠶᠠᠨ ᠤᠯᠠᠮ ᠴᠢᠨᠠᠬᠰᠢᠳᠠ ᠴᠢᠩᠭᠠᠷᠠᠭᠤᠯᠵᠥ᠂ | ᠬᠦᠯᠥᠨ ᠨᠠᠭᠤᠷ ᠤᠨ ᠤᠰᠤᠨ ᠤ ᠴᠢᠨᠠᠷ ᠢ ᠪᠠᠳᠤᠯᠠᠬᠤ ᠶᠢᠨ ᠬᠠᠮᠳᠤ ᠬᠦᠮᠥᠨ ᠲᠦᠷᠦᠯᠬᠢᠳᠡᠨ ᠤ ᠠᠵᠢᠯᠯᠠᠭ᠎ᠠ ᠶᠢᠨ | ᠬᠠᠷᠰᠢᠯᠠᠯ ᠪᠤᠯᠤᠨ ᠨᠦᠯᠥᠬᠡ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠳᠡᠢ᠃ ᠭᠤᠤᠯᠳᠠᠯᠭ᠎ᠠ ᠲᠠᠢ ᠠᠰᠠᠭᠤᠳᠠᠯ ᠳᠤ | ᠠᠩᠬᠠᠷᠤᠯ ᠢᠶᠠᠨ ᠲᠦᠪᠯᠡᠷᠡᠬᠦᠯᠵᠥ᠂ ᠠᠵᠢᠯ ᠤᠨ ᠬᠠᠷᠢᠭᠤᠴᠠᠯᠭ᠎ᠠ ᠪᠠᠨ ᠪᠤᠳᠠᠳᠠᠶᠢᠵᠢᠭᠤᠯᠵᠥ᠂ ᠲᠦᠪ ᠤᠨ ᠤᠷᠴᠢᠨ | ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠯᠳᠡ ᠪᠠᠷ ᠬᠠᠷᠢᠭᠤ ᠲᠤᠰᠬᠠᠭᠰᠠᠠ ᠠᠰᠠᠭᠤᠳᠠᠯ ᠢ | ᠴᠡᠭᠴᠡᠯᠡᠨ ᠵᠠᠰᠠᠬᠤ ᠠᠵᠢᠯ ᠢ ᠴᠢᠩᠭ᠎ᠠ ᠠᠳᠬᠤᠨ ᠪᠤᠳᠠᠳᠠᠢ ᠠᠳᠬᠤᠵᠥ᠂ ᠬᠦᠯᠥᠨ ᠨᠠᠭᠤᠷ ᠤᠨ ᠶᠡᠷᠤᠩᠬᠡᠶᠢᠯᠡᠨ | ᠵᠠᠰᠠᠬᠤ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠠᠬᠢᠴᠠ ᠶᠢ ᠢᠳᠡᠪᠬᠢᠳᠡᠢ ᠠᠬᠢᠭᠤᠯᠵᠥ᠂ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠪᠠᠷ ᠲᠡᠮᠵᠢᠨ ᠬᠦᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠤᠷᠴᠢᠨ | ᠲᠤᠭᠤᠷᠢᠨ ᠤ ᠦᠷᠬᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃ | ᠪᠠᠶᠢᠴᠠᠭᠠᠨ ᠰᠤᠳᠤᠯᠤᠯᠳᠠ ᠶᠢᠨ ᠬᠤᠭᠤᠴᠠᠭᠠᠨ ᠳᠤ᠂ ᠪᠤᠤ ᠭᠠᠩ ᠪᠠᠰᠠ ᠵᠠᠯᠠᠶᠢᠨᠠᠭᠤᠷ ᠤᠨ ᠵᠠᠳᠠᠭᠠᠢ | ᠠᠭᠤᠷᠬᠠᠢ ᠪᠤᠯᠤᠨ ᠵᠠᠯᠠᠶᠢᠨᠠᠭᠤᠷ ᠲᠤᠭᠤᠷᠢᠭ ᠤᠨ ᠠᠵᠥ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠤᠨ ᠪᠤᠬᠢᠷ | ᠤᠰᠤ ᠰᠢᠢᠳᠪᠤᠷᠢᠯᠡᠬᠦ ᠦᠢᠯᠡᠳᠪᠤᠷᠢ ᠳᠤ ᠬᠦᠨᠵᠡᠬᠡᠶᠢᠷᠡᠨ ᠪᠠᠶᠢᠴᠠᠭᠠᠨ ᠰᠤᠳᠤᠯᠤᠯᠳᠡ ᠬᠢᠭᠰᠡᠡ ᠪᠦᠬᠡᠳ ᠦᠪᠡᠷᠳᠡᠭᠡᠨ | ᠵᠠᠰᠠᠬᠤ ᠤᠷᠤᠨ ᠤ ᠨᠡᠬᠦᠷᠡᠰᠤᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠤᠭᠳᠠᠭᠠᠯ ᠠᠴᠠ ᠵᠦᠷᠢᠴᠡᠵᠥ | ᠬᠠᠤᠯᠢ ᠠᠴᠠ ᠵᠦᠷᠢᠴᠡᠭᠰᠡᠡ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠭᠤᠷᠪᠠᠳᠤᠭᠠᠷ ᠬᠠᠷᠭᠤᠭᠤᠯᠤᠨ | ᠪᠠᠶᠢᠴᠠᠭᠠᠬᠤ ᠲᠤᠭᠤᠢᠢᠯᠠᠩ ᠤᠨ ᠠᠵᠢᠯ ᠤᠨ ᠠᠬᠢᠴᠠ ᠶᠢᠨ ᠪᠠᠶᠢᠳᠠᠯ ᠢ ᠲᠤᠰᠬᠠᠢ ᠰᠤᠨᠤᠰᠪᠠ᠃ | |