ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠣᠬᠢᠷᠠᠭᠤᠯᠤᠨ ᠬᠦᠮᠦᠰ ᠤᠨ ᠡᠮᠬᠢ ᠵᠢᠷᠤᠮ ᠲᠠᠢ ᠪᠠᠷ ᠶᠠᠪᠤᠵᠤ ᠰᠠᠭᠤᠬᠤ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠮᠡᠳᠡᠭᠳᠡᠯ
ᠨᠡᠶᠢᠲᠡᠯᠡᠭᠰᠡᠨ ᠴᠠᠭ᠄
2020/7/7

            ᠳᠣᠲᠣᠭᠠᠳᠤ ᠰᠡᠷᠭᠡᠶᠢᠯᠡᠯᠲᠡ ᠵᠢᠯᠣᠭᠤᠳᠬᠤ ᠲᠠᠷᠬᠠᠭᠠᠭᠰᠠᠨ ﹇2020﹈ 98 ᠳ᠋ᠤᠭᠠᠷ ᠲᠣᠭᠠᠲᠤ


ᠡᠯ᠎ᠡ ᠠᠶᠢᠮᠠᠭ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠡᠯ᠎ᠡ ᠠᠵᠢᠯᠯᠠᠬᠤ ᠳᠤᠭᠤᠶᠢᠯᠠᠩ᠂ ᠪᠦᠷᠢᠯᠳᠦᠭᠦᠨ ᠨᠢᠭᠡᠴᠢ᠄
     ︽ᠭᠠᠳᠠᠨ᠎ᠠ ᠠᠴᠠ ᠣᠷᠣᠵᠤ ᠢᠷᠡᠬᠦ ᠶᠢ ᠰᠡᠷᠭᠡᠶᠢᠯᠡᠨ᠂ ᠳᠣᠲᠣᠭᠠᠳᠤ ᠳᠤ ᠪᠠᠨ ᠳᠠᠬᠢᠨ ᠡᠭᠦᠰᠬᠦ ᠶᠢ ᠰᠡᠷᠭᠡᠶᠢᠯᠡᠬᠦ︾ ᠠᠷᠭ᠎ᠠ ᠪᠣᠳᠣᠯᠭ᠎ᠠ ᠶᠢ ᠦᠷᠭᠦᠯᠵᠢᠯᠡᠨ ᠴᠢᠩᠭᠠᠳᠬᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠲᠣᠭᠲᠠᠴᠠ ᠶᠢ ᠪᠦᠷᠢᠨᠰᠢᠭᠦᠯᠥᠨ ᠲᠡᠭᠦᠯᠳᠡᠷᠵᠢᠭᠦᠯᠵᠦ᠂ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ ᠲᠦᠢᠯ ᠤᠨ ᠣᠨᠣᠪᠴᠢᠲᠠᠢ ᠪᠠᠷ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢᠶᠠᠨ ᠰᠡᠷᠭᠦᠭᠡᠬᠦ ᠶᠢ ᠨᠢᠭᠡᠳᠦᠯᠲᠡᠢ ᠲᠥᠯᠥᠪᠵᠢᠭᠦᠯᠬᠦ ᠶᠢᠨ ᠲᠤᠰᠠᠳᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠢ ᠳᠤᠭᠤᠶᠢᠯᠠᠩ ᠤᠨ ︽ᠲᠦᠢᠯ ᠤᠨ ᠣᠨᠤᠪᠴᠢᠲᠠᠢ ᠡᠷᠡᠭᠦᠯ ᠮᠡᠨᠳᠦ ᠶᠢᠨ ᠬᠠᠮᠢᠶᠠᠷᠤᠯᠲᠠ ᠶᠢ ᠰᠠᠶᠢᠲᠤᠷ ᠬᠢᠵᠦ ᠬᠦᠮᠦᠰ ᠤᠨ ᠡᠮᠬᠢ ᠵᠢᠷᠤᠮ ᠲᠠᠢ ᠪᠠᠷ ᠶᠠᠪᠤᠵᠤ ᠰᠠᠭᠤᠬᠤ ᠶᠢ ᠠᠬᠢᠭᠤᠯᠬᠤ ᠲᠤᠬᠠᠶ ᠮᠡᠳᠡᠭᠳᠡᠯ︾ ︵ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠡᠷᠦᠩᠬᠡᠢ ᠲᠠᠷᠬᠠᠭᠠᠭᠰᠠᠨ ﹇2020﹈ 203 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠦ᠂ ᠡᠳᠦᠭᠡ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠣᠬᠢᠷᠠᠭᠤᠯᠤᠨ ᠬᠦᠮᠦᠰ ᠤᠨ ᠡᠮᠬᠢ ᠵᠢᠷᠤᠮ ᠲᠠᠢ ᠪᠠᠷ ᠶᠠᠪᠤᠵᠤ ᠰᠠᠭᠤᠬᠤ ᠶᠢ ᠠᠬᠢᠭᠤᠯᠬᠤ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ

ᠮᠡᠳᠡᠭᠳᠡᠪᠡ᠃
     ᠨᠢᠭᠡ᠂ ᠳᠤᠮᠳᠠ᠂ ᠦᠨᠳᠦᠷ ᠳᠡᠰ ᠤᠨ ᠲᠦᠭᠰᠢᠭᠦᠷᠢ ᠪᠦᠬᠦᠢ ᠭᠠᠵᠠᠷ ᠣᠷᠣᠨ ᠠᠴᠠ ᠮᠠᠨ ᠤ ᠣᠷᠣᠨ ᠳᠤ ᠣᠷᠣᠵᠤ ᠢᠷᠡᠭᠰᠡᠨ ᠬᠥᠮᠦᠰ᠂ ᠡᠮᠦᠨᠡᠬᠢ 7 ᠡᠳᠦᠷ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠭᠡᠷᠡᠴᠢ ᠲᠠᠢ ᠪᠤᠶᠤ 7 ᠡᠳᠦᠷ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷᠲᠠᠶ ᠮᠡᠳᠡᠭᠡ ᠵᠠᠩᠭᠢ ᠶᠢᠨ ᠡᠷᠡᠭᠦᠯ ᠮᠡᠨᠳᠦ ᠶᠢᠨ ᠨᠡᠪᠲᠡᠷᠡᠯ ᠤᠨ ᠺᠣᠳ᠋ ᠲᠠᠢ ᠪᠣᠯ᠂ ᠪᠡᠶ᠎ᠡ ᠶᠢᠨ ᠬᠠᠯᠠᠭᠤᠨ ᠢ ᠨᠢ ᠬᠡᠮᠵᠢᠭᠡᠳ ᠬᠡᠪ ᠤᠨ ᠪᠠᠶᠢᠬᠤ ᠮᠥᠷᠲᠡᠭᠡᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠴᠢᠯᠥᠭᠡᠲᠡᠶ ᠡᠮᠬᠢ ᠵᠢᠷᠤᠮ ᠲᠠᠢ ᠪᠠᠷ ᠶᠠᠪᠤᠵᠤ ᠰᠠᠭᠤᠵᠤ ᠪᠣᠯᠤᠨ᠎ᠠ᠃ ᠬᠡᠷᠪᠡ ᠳᠡᠭᠡᠷ᠎ᠡ ᠳᠤᠷᠠᠳᠤᠭᠰᠠᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠮᠡᠳᠡᠭᠡ ᠵᠠᠩᠭᠢ ᠶᠢ ᠬᠠᠩᠭᠠᠵᠤ ᠳᠡᠶᠢᠯᠬᠦ ᠦᠭᠡᠢ ᠪᠣᠯ ᠠᠩᠬ᠎ᠠ ᠣᠷᠣᠵᠤ ᠢᠷᠡᠭᠰᠡᠨ ᠴᠡᠭ ᠲᠤ ᠲᠥᠪᠯᠡᠷᠡᠭᠦᠯᠦᠨ ᠲᠤᠰᠠᠭᠠᠷᠯᠠᠵᠤ᠂ 24 ᠴᠠᠭ ᠤᠨ ᠳᠣᠲᠣᠷ᠎ᠠ ᠪᠦᠭᠡᠮ ᠬᠦᠴᠢᠯ ᠤᠨ ᠪᠠᠶᠢᠴᠠᠭᠠᠯᠲᠠ ᠬᠢᠵᠦ᠂ ᠪᠠᠶᠢᠴᠠᠭᠠᠨ ᠬᠡᠮᠵᠢᠭᠰᠡᠨ ᠦᠷ᠎ᠡ ᠳ᠋ᠦᠩ ᠨᠢ ᠪᠢᠯᠢᠭ ᠴᠢᠨᠠᠷ ᠲᠠᠢ ᠪᠣᠯ ᠲᠤᠰᠠᠭᠠᠷᠯᠠᠯ ᠠᠴᠠ ᠴᠢᠯᠦᠭᠡᠯᠡᠵᠦ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠴᠢᠯᠥᠭᠡᠲᠡᠶ ᠡᠮᠬᠢ ᠵᠢᠷᠤᠮ ᠲᠠᠢ ᠪᠠᠷ ᠶᠠᠪᠤᠵᠤ ᠰᠠᠭᠤᠵᠤ ᠪᠣᠯᠤᠨ᠎ᠠ᠃
     ᠬᠤᠶᠠᠷ᠂ ᠳᠣᠣᠷ᠎ᠠ ᠳᠡᠰ ᠤᠨ ᠲᠦᠭᠰᠢᠭᠦᠷᠢ ᠪᠦᠬᠦᠢ ᠭᠠᠵᠠᠷ ᠣᠷᠣᠨ ᠠᠴᠠ ᠮᠠᠨ ᠤ ᠣᠷᠣᠨ ᠳᠤ ᠣᠷᠣᠵᠤ ᠢᠷᠡᠭᠰᠡᠨ ᠬᠥᠮᠦᠰ᠂ ᠡᠷᠡᠭᠦᠯ ᠮᠡᠨᠳᠦ ᠶᠢᠨ ᠨᠡᠪᠲᠡᠷᠡᠯ ᠤᠨ ᠺᠣᠳ᠋ ᠤᠨ ︽ᠨᠣᠭᠤᠭᠠᠨ ᠺᠣᠳ᠋︾᠎ ᠲᠠᠢ᠂ ᠪᠡᠶ᠎ᠡ ᠶᠢᠨ ᠬᠠᠯᠠᠭᠤᠨ ᠢ ᠨᠢ ᠬᠡᠮᠵᠢᠭᠡᠳ ᠬᠡᠪ ᠤᠨ ᠪᠠᠶᠢᠬᠤ ᠮᠥᠷᠲᠡᠭᠡᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠴᠢᠯᠥᠭᠡᠲᠡᠶ ᠡᠮᠬᠢ ᠵᠢᠷᠤᠮ ᠲᠠᠢ ᠪᠠᠷ ᠶᠠᠪᠤᠵᠤ ᠰᠠᠭᠤᠵᠤ ᠪᠣᠯᠤᠨ᠎ᠠ᠃
     ᠭᠤᠷᠪᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠣᠯᠤᠨ ᠨᠢᠭᠡᠴᠢ ᠵᠢᠴᠢ ᠨᠡᠶᠢᠭᠡᠮ ᠲᠣᠭᠤᠷᠢᠭ ᠤᠨ ᠳᠤᠮᠳᠠ᠂ ᠦᠨᠳᠦᠷ ᠳᠡᠰ ᠤᠨ ᠲᠦᠭᠰᠢᠭᠦᠷᠢ ᠪᠦᠬᠦᠢ ᠭᠠᠵᠠᠷ ᠣᠷᠣᠨ ᠳᠤ ᠵᠢᠭᠤᠯᠴᠢᠯᠠᠨ ᠰᠠᠭᠤᠭᠰᠠᠨ ᠲᠡᠤᠬᠡ ᠲᠠᠢ ᠬᠥᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠵᠦ᠂ ᠲᠡᠭᠦᠨ ᠢ ᠰᠢᠮᠳᠠᠭᠤᠯᠵᠤ ᠪᠠᠶᠢᠭᠠᠳ 14 ᠡᠳᠦᠷ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠯᠭᠡᠨ ᠂ ᠬᠤᠪᠢ ᠬᠥᠮᠦᠨ ᠥᠪᠡᠷ ᠤᠨ ᠬᠠᠮᠠᠭᠠᠯᠠᠯᠲᠠ ᠪᠠᠨ ᠰᠠᠶᠢᠲᠤᠷ ᠬᠢᠵᠦ᠂ ᠨᠡᠶᠢᠭᠡᠮ ᠲᠣᠭᠤᠷᠢᠭ ᠪᠠ ᠨᠢᠭᠡᠴᠢ ᠳᠤ ᠡᠷᠡᠭᠦᠯ ᠮᠡᠨᠳᠦ ᠶᠢᠨ ᠪᠠᠶᠢᠳᠠᠯ ᠢᠶᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠪᠠ ᠬᠡᠷᠪᠡ ᠬᠠᠯᠠᠭᠤᠷᠠᠬᠤ᠂ ᠠᠮᠢᠰᠬᠤᠯ ᠤᠨ ᠵᠠᠮ ᠵᠢᠴᠢ ᠪᠤᠰᠤᠳ ᠰᠡᠵᠢᠭᠯᠡᠯᠲᠡᠶ ᠡᠪᠡᠳᠴᠢᠨ ᠤ ᠪᠠᠶᠢᠳᠠᠯ ᠢᠯᠡᠷᠡᠪᠡᠯ ᠴᠠᠭ ᠲᠤᠬᠠᠶ ᠳᠤ ᠨᠢ ᠡᠮᠨᠡᠭᠦᠯᠬᠦ ᠬᠡᠷᠡᠭᠲᠡᠶ᠃
     ᠳᠥᠷᠪᠡ᠂ ᠪᠣᠶ ᠪᠥᠬᠦᠶ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠬᠥᠮᠦᠰ ᠲᠤ ︽14 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 14 ᠡᠳᠦᠷ ᠬᠡᠷ ᠲᠤ ᠨᠢ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 2 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ + 1 ᠤᠳᠠᠭ᠎ᠠ ᠴᠢᠰᠤᠨ ᠴᠠᠶᠢᠪᠠᠩ ᠤᠨ ᠡᠰᠡᠷᠭᠦ ᠴᠣᠭᠴᠠ ᠶᠢ ᠪᠠᠶᠢᠴᠠᠭᠠᠨ ᠰᠢᠨᠵᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠵᠦ᠂ ᠬᠢᠯᠢ ᠶᠢᠨ ᠭᠠᠳᠠᠨ᠎ᠠ ᠠᠴᠠ ᠣᠷᠣᠵᠤ ᠢᠷᠡᠬᠦ ᠬᠢᠵᠢᠭ ᠤᠨ ᠪᠠᠶᠢᠳᠠᠯ ᠮᠠᠨ ᠤ ᠣᠷᠣᠨ ᠳᠤ ᠲᠠᠷᠬᠠᠬᠤ᠂ ᠥᠷᠪᠢᠰᠦᠨ ᠳᠡᠯᠭᠡᠷᠡᠬᠦ ᠶᠢ ᠡᠷᠡᠰ ᠰᠡᠷᠭᠡᠶᠢᠯᠡᠬᠦ ᠬᠡᠷᠡᠭᠲᠡᠶ᠃
     ᠲᠠᠪᠤ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠳ ᠲᠣᠮᠣ ᠳ᠋ᠠᠶᠢᠲ᠋ᠠ ᠶᠢᠨ ᠲᠠᠪᠴᠠᠩ ᠢ ᠭᠦᠢᠴᠡᠳ ᠠᠰᠢᠭᠯᠠᠵᠤ᠂ ᠳᠤᠮᠳᠠ᠂ ᠦᠨᠳᠦᠷ ᠳᠡᠰ ᠤᠨ ᠲᠦᠭᠰᠢᠭᠦᠷᠢ ᠪᠦᠬᠦᠢ ᠭᠠᠵᠠᠷ ᠣᠷᠣᠨ ᠤ ᠬᠥᠮᠦᠰ ᠤᠨ ᠮᠡᠳᠡᠭᠡ ᠵᠠᠩᠭᠢ ᠶᠢ ᠰᠢᠭᠰᠢᠨ ᠪᠠᠶᠢᠴᠠᠭᠠᠬᠤ ᠪᠠ ᠳᠠᠮᠵᠢᠭᠤᠯᠤᠨ ᠬᠦᠷᠭᠡᠬᠦ ᠶᠢ ᠴᠢᠩᠭᠠᠳᠬᠠᠬᠤ ᠶᠢᠨ ᠬᠠᠮᠲᠤ ᠲᠡᠮᠦᠷ ᠵᠠᠮ᠂ ᠠᠷᠠᠳ ᠤᠨ ᠠᠭᠠᠷ ᠠᠶᠠᠯᠠᠯ᠂ ᠵᠠᠰᠠᠮᠠᠯ ᠵᠠᠮ ᠵᠡᠷᠭᠡ ᠰᠠᠯᠠᠭ᠎ᠠ ᠮᠥᠴᠢᠷ ᠯᠦᠭᠡ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠶᠢ ᠴᠢᠩᠭᠠᠳᠬᠠᠵᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠦᠢᠯ ᠤᠨ ᠣᠨᠤᠪᠴᠢᠲᠠᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠵᠠᠮ ᠬᠠᠷᠢᠯᠴᠠᠭᠠᠨ ᠤ ᠪᠠᠶᠢᠴᠠᠭᠠᠬᠤ ᠥᠷᠲᠡᠭᠡ ᠪᠣᠯᠤᠨ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠤ ᠥᠷᠲᠡᠭᠡ ᠪᠠᠷ ᠮᠠᠨ ᠤ ᠣᠷᠣᠨ ᠳᠤ ᠣᠷᠣᠵᠤ ᠢᠷᠡᠬᠦ ᠬᠥᠮᠦᠰ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠭᠡᠷᠡᠴᠢ ᠪᠤᠶᠤ  ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠦᠷ᠎ᠡ ᠳ᠋ᠦᠩ ᠢ ᠪᠠᠭᠲᠠᠭᠠᠭᠰᠠᠨ ᠡᠷᠡᠭᠦᠯ ᠮᠡᠨᠳᠦ ᠶᠢᠨ ᠨᠡᠪᠲᠡᠷᠡᠯ ᠤᠨ ᠺᠣᠳ᠋ ᠢ ᠨᠢ ᠪᠠᠶᠢᠴᠠᠭᠠᠨ ᠰᠢᠯᠭᠠᠬᠤ ᠠᠵᠢᠯ ᠢ ᠰᠠᠶᠢᠲᠤᠷ ᠬᠢᠵᠦ᠂ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠶ᠃
     ᠵᠢᠷᠭᠤᠭ᠎ᠠ᠂ ᠡᠷᠡᠭᠦᠯ ᠮᠡᠨᠳᠦ ᠶᠢᠨ ᠺᠣᠳ᠋ ᠭᠤᠶᠤᠴᠢᠯᠠᠨ ᠮᠡᠳᠡᠭᠦᠯᠬᠦ ᠪᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠭᠡᠷᠡᠴᠢ ᠶᠢ ᠦᠨᠡᠨ ᠪᠣᠳᠠᠲᠠᠶ ᠢᠲᠡᠭᠡᠭᠦᠰᠢᠲᠡᠶ ᠪᠠᠶᠢᠯᠭᠠᠵᠤ᠂ ᠨᠢᠭᠤᠵᠤ ᠳᠠᠯᠳᠠᠯᠠᠭᠰᠠᠨ ᠪᠠ ᠬᠤᠳᠠᠯ ᠢᠶᠠᠷ ᠮᠡᠳᠡᠭᠦᠯᠦᠭᠴᠢᠳ ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃
     ᠡᠭᠦᠨ ᠠᠴᠠ ᠡᠮᠦᠨᠡᠬᠢ ᠬᠤᠯᠪᠣᠭᠳᠠᠯ ᠪᠦᠬᠦᠢ ᠲᠣᠭᠲᠠᠭᠠᠯ ᠨᠢ ᠲᠣᠰ ᠮᠡᠳᠡᠭᠳᠡᠯ ᠲᠠᠢ ᠨᠢᠭᠡᠳᠦᠯ ᠦᠭᠡᠢ ᠪᠣᠯ ᠲᠣᠰ ᠮᠡᠳᠡᠭᠳᠡᠯ ᠢᠶᠠᠷ ᠪᠠᠷᠢᠮᠵᠢᠶ᠎ᠠ ᠪᠣᠯᠭᠠᠨ᠎ᠠ᠃

                                           2020 ᠣᠨ ᠤ 7 ᠳ᠋ᠤᠭᠠᠷ ᠰᠠᠷ᠎ᠠ ᠶᠢᠨ 6᠎ ᠤ ᠡᠳᠦᠷ

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ