ᠨᠥᠬᠦᠴᠡᠯ ᠳᠤ ᠨᠡᠶᠢᠴᠡᠬᠦ ᠬᠤᠲᠠ ᠬᠥᠳᠡᠭᠡ ᠶᠢᠨ ᠬᠦᠴᠢᠷᠳᠡᠯᠲᠡᠶ ᠭᠡᠷ ᠪᠦᠯᠢ ᠶᠢᠨ ᠪᠠᠲᠤᠯᠠᠬᠤ | ᠶᠣᠰᠣᠲᠠᠶ ᠶᠢ ᠨᠢ ᠪᠠᠲᠤᠯᠠᠵᠤ᠂ ᠬᠢᠵᠢᠭ ᠤᠨ ᠪᠠᠶᠢᠳᠠᠯ ᠳᠤ ᠨᠥᠯᠥᠭᠡᠯᠡᠭᠳᠡᠨ ᠬᠦᠴᠢᠷᠳᠡᠯ ᠳᠤ ᠲᠤᠯᠭᠠᠷᠠᠭᠰᠠᠨ ᠬᠥᠮᠦᠰ ᠢ | ᠴᠠᠭ ᠲᠤᠬᠠᠶ ᠳᠤ ᠨᠢ ᠲᠡᠩᠬᠡᠷᠡᠭᠦᠯᠦᠨ ᠲᠤᠰᠠᠯᠠᠬᠤ ᠬᠡᠪᠴᠢᠶᠡᠨ ᠳᠤ ᠣᠷᠣᠭᠤᠯᠬᠤ ᠶᠢᠨ ᠲᠥᠯᠥᠭᠡ᠂ ᠪᠤᠭᠤᠲᠤ ᠬᠤᠲᠠ | ︽ᠭᠤᠷᠪᠠ ᠶᠢ ᠥᠷᠭᠡᠳᠬᠡᠬᠦ︾ ᠪᠠᠷ ᠳᠠᠮᠵᠢᠭᠤᠯᠤᠨ᠂ ᠦᠨᠳᠦᠰᠦ ᠠᠴᠠ ᠨᠢ ᠪᠠᠲᠤᠯᠠᠬᠤ ᠲᠣᠤᠷ ᠢ ᠨᠢᠭᠲᠠ ᠨᠡᠬᠡᠵᠦ | ᠪᠤᠢ᠃ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠪᠠᠲᠤᠯᠠᠪᠠᠰᠤ | ᠵᠣᠬᠢᠬᠤ ᠪᠦᠬᠦᠨ ᠢ ᠪᠠᠲᠤᠯᠠᠨ᠎ᠠ᠃ ᠣᠷᠣᠯᠭ᠎ᠠ ᠪᠠᠭᠠᠲᠠᠶ ᠭᠡᠷ ᠪᠦᠯᠢ ᠶᠢᠨ ᠬᠦᠨᠳᠦ ᠵᠡᠮᠳᠡᠭ ᠬᠥᠮᠦᠰ᠂ ᠬᠦᠨᠳᠦ | ᠡᠪᠡᠳᠴᠢᠲᠡᠨ ᠵᠡᠷᠭᠡ ᠣᠨᠴᠠᠭᠠᠢ ᠬᠦᠴᠢᠷᠳᠡᠯ ᠲᠠᠢ ᠬᠥᠮᠦᠰ ᠢ ︽ᠭᠠᠭᠴᠠ ᠬᠥᠮᠦᠨ ᠤ ᠪᠠᠲᠤᠯᠠᠭ᠎ᠠ︾ ᠪᠠᠷ ᠯᠠᠪᠯᠠᠯᠲᠠ | ᠪᠣᠯᠭᠠᠵᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠣᠷᠣᠭᠤᠯᠤᠨ᠎ᠠ᠃ ᠬᠤᠲᠠ ᠬᠥᠳᠡᠭᠡ ᠶᠢᠨ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠬᠤᠲᠠ ᠪᠠᠯᠭᠠᠰᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠥᠮᠦᠨ ᠨᠢᠭᠡᠪᠦᠷᠢ ᠰᠠᠷ᠎ᠠ ᠳᠤ 710 | ᠲᠥᠭᠦᠷᠢᠭ᠂ ᠮᠠᠯᠵᠢᠬᠤ ᠲᠠᠷᠢᠶᠠᠯᠠᠬᠤ ᠣᠷᠣᠨ ᠤ ᠬᠥᠮᠦᠨ ᠪᠦᠷᠢ ᠵᠢᠯ ᠳᠤ 6040 ᠲᠥᠭᠦᠷᠢᠭ ᠪᠣᠯᠭᠠᠵᠠᠢ᠃ | ᠵᠢᠯ ᠤᠨ ᠡᠴᠦᠰ ᠲᠤ᠂ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠭᠰᠡᠨ ᠤ ᠳᠠᠷᠠᠭ᠎ᠠ᠂ ᠵᠢᠱᠢᠯᠲᠡ ᠪᠠᠷ | ᠪᠥᠬᠦ ᠬᠤᠲᠠ ᠳᠤ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠬᠥᠮᠥᠰ ᠰᠢᠨ᠎ᠡ ᠪᠠᠷ 3500 ᠨᠡᠮᠡᠭᠳᠡᠬᠦ ᠪᠣᠯᠤᠨ᠎ᠠ᠃ | ᠲᠦᠷ ᠴᠠᠭ ᠲᠡᠩᠬᠡᠷᠡᠭᠦᠯᠦᠨ ᠲᠤᠰᠠᠯᠠᠬᠤ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠠᠪᠤᠷᠠᠪᠠᠰᠤ | ᠵᠣᠬᠢᠬᠤ ᠶᠢ ᠨᠢ ᠪᠦᠬᠦᠨ ᠢ ᠠᠪᠤᠷᠠᠬᠤ ᠶᠢ ᠪᠡᠶᠡᠯᠡᠭᠦᠯᠦᠨ᠎ᠡ᠃ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠡᠳ ᠠᠵᠢᠯ ᠤᠨ | ᠪᠠᠶᠢᠷᠢ ᠳᠤ ᠪᠠᠨ ᠪᠤᠴᠠᠵᠤ ᠠᠵᠢᠯ ᠢᠶᠠᠨ ᠰᠡᠷᠭᠦᠭᠡᠬᠦ ᠶᠢᠨ ᠠᠷᠭ᠎ᠠ ᠦᠭᠡᠢ᠂ ᠭᠤᠷᠪᠠᠨ ᠰᠠᠷ᠎ᠠ ᠳᠠᠷᠠᠭᠠᠯᠠᠨ | ᠣᠷᠣᠯᠭ᠎ᠠ ᠶᠢᠨ ᠢᠷᠡᠯᠲᠡ ᠦᠭᠡᠢ ᠪᠣᠯᠵᠤ᠂ ᠠᠮᠢᠳᠤᠷᠠᠯ ᠨᠢ ᠬᠦᠴᠢᠷᠲᠡᠶ ᠮᠥᠷᠲᠡᠭᠡᠨ ᠠᠵᠢᠯ ᠠᠯᠳᠠᠭᠰᠠᠳ ᠤᠨ | ᠳᠠᠭᠠᠳᠬᠠᠯ ᠤᠨ ᠲᠥᠷᠥ ᠶᠢᠨ ᠪᠣᠳᠣᠯᠭ᠎ᠠ ᠳᠤ ᠬᠠᠮᠤᠷᠤᠭᠳᠠᠬᠤ ᠦᠭᠡᠢ ᠬᠦᠴᠦ ᠶᠠᠪᠤᠭᠴᠢ ᠠᠵᠢᠯᠴᠢᠨ ᠵᠡᠷᠭᠡ ᠳᠤ | 500 ᠲᠥᠭᠦᠷᠢᠭ ᠠᠴᠠ ᠳᠣᠣᠷ᠎ᠠ ᠦᠭᠡᠢ ᠲᠦᠷ ᠴᠠᠭ ᠤᠨ ᠲᠤᠰᠠᠯᠠᠮᠵᠢ ᠣᠯᠭᠤᠵᠤ᠂ ᠡᠭᠦᠨ ᠤ ᠬᠠᠮᠲᠤ ᠲᠦᠷ | ᠴᠠᠭ ᠤᠨ ᠲᠡᠩᠬᠡᠷᠡᠭᠦᠯᠦᠨ ᠲᠤᠰᠠᠯᠠᠬᠤ ᠪᠡᠯᠡᠳᠬᠡᠯ ᠮᠥᠩᠭᠦ ᠶᠢ ᠰᠢᠶᠠᠩ ᠪᠠᠯᠭᠠᠰᠤ ︵ᠵᠡᠭᠡᠯᠢ ᠭᠤᠳᠤᠮᠵᠢ︶ ᠳᠤ | ᠪᠠᠭᠤᠯᠭᠠᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠲᠡᠩᠬᠡᠷᠡᠭᠦᠯᠦᠨ ᠲᠤᠰᠠᠯᠠᠬᠤ ᠠᠷᠭ᠎ᠠ ᠶᠢ ᠢᠳᠡᠪᠬᠢᠲᠡᠶ | ᠬᠡᠷᠡᠭᠵᠢᠭᠦᠯᠦᠨ᠎ᠡ᠃ | ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠬᠡᠪᠴᠢᠶ᠎ᠡ ᠶᠢ | ᠥᠷᠭᠡᠳᠬᠡᠵᠦ᠂ ᠬᠠᠷᠠᠭᠠᠯᠵᠠᠬᠤ ᠦᠢᠯᠡᠴᠢᠯᠡᠭᠡ ᠶᠢ ᠳᠡᠭᠡᠭᠰᠢᠯᠡᠭᠦᠯᠦᠨ᠎ᠡ᠃ ᠣᠨᠴᠠ ᠬᠦᠴᠢᠷᠳᠡᠯᠲᠡᠶ ᠬᠥᠮᠦᠰ ᠤᠨ | ᠠᠰᠠᠷᠠᠨ ᠲᠡᠵᠢᠭᠡᠬᠦ ᠶᠢ ᠬᠠᠮᠤᠷᠤᠭᠰᠠᠨ ᠨᠠᠰᠤᠨ ᠳᠤ ᠦᠯᠦ ᠬᠦᠷᠦᠭᠰᠡᠳ ᠤᠨ ᠨᠠᠰᠤ ᠶᠢ ᠪᠦᠬᠦᠯᠢ 16 ᠨᠠᠰᠤ ᠠᠴᠠ ᠨᠢ | ᠪᠦᠬᠦᠯᠢ 18 ᠨᠠᠰᠤ ᠪᠣᠯᠭᠠᠨ ᠤᠷᠲᠤᠳᠬᠠᠵᠤ᠂ ᠬᠤᠲᠠ ᠪᠠᠯᠭᠠᠰᠤ ᠶᠢᠨ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ | ᠬᠥᠮᠦᠰ ᠤᠨ ᠲᠠᠷᠠᠬᠠᠶ ᠪᠤᠲᠠᠷᠬᠠᠶ ᠠᠰᠠᠷᠠᠨ ᠲᠡᠵᠢᠭᠡᠬᠦ ᠪᠠᠷᠢᠮᠵᠢᠶ᠎ᠠ ᠶᠢ 400 ᠲᠥᠭᠦᠷᠢᠭ ᠳᠡᠭᠡᠭᠰᠢᠯᠡᠭᠦᠯᠵᠦ᠂ ᠬᠥᠮᠦᠨ | ᠨᠢᠭᠡᠪᠦᠷᠢ ᠳᠤ ᠰᠠᠷ᠎ᠠ ᠪᠦᠷᠢ 1600 ᠲᠦᠬᠦᠷᠢᠭ ᠲᠤ ᠬᠦᠷᠦᠭᠦᠯᠦᠨ᠎ᠡ︔ ᠮᠠᠯᠵᠢᠬᠤ ᠲᠠᠷᠢᠶᠠᠯᠠᠬᠤ ᠣᠷᠣᠨ ᠤ ᠣᠨᠴᠠ | ᠬᠦᠴᠢᠷᠳᠡᠯᠲᠡᠶ ᠬᠥᠮᠦᠰ ᠢ ᠲᠠᠷᠠᠬᠠᠢ ᠪᠤᠲᠠᠷᠬᠠᠢ ᠠᠰᠠᠷᠠᠨ ᠲᠡᠵᠢᠭᠡᠬᠦ ᠪᠠᠷᠢᠮᠵᠢᠶ᠎ᠠ ᠶᠢ 2590 ᠲᠥᠭᠦᠷᠢᠭ | ᠳᠡᠭᠡᠭᠰᠢᠯᠡᠭᠦᠯᠵᠦ᠂ ᠬᠥᠮᠦᠨ ᠪᠦᠷᠢ ᠵᠢᠯ ᠳᠤ 10000 ᠲᠥᠭᠦᠷᠢᠭ ᠲᠤ ᠬᠦᠷᠦᠭᠦᠯᠦᠨ᠎ᠡ᠃ |