ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2020 ᠣᠨ ᠤ 16 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/7/9

     7 ᠰᠠᠷ᠎ᠠ ᠶᠢᠨ 8᠎ ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠡᠯ ᠢ ᠡᠷᠬᠢᠯᠡᠨ ᠬᠤᠷᠡᠯᠳᠤᠭᠤᠯᠵᠥ᠂ ᠪᠦᠬᠦ ᠤᠷᠤᠨ ᠤ ᠴᠡᠷᠢᠭ ᠤᠨ ᠠᠯᠪᠠ ᠠᠴᠠ ᠬᠠᠯᠠᠬᠳᠠᠭᠰᠠᠳ᠂ ᠵᠠᠮ ᠬᠠᠷᠢᠯᠴᠠᠭ᠎ᠠ ᠲᠡᠬᠡᠬᠡᠪᠤᠷᠢ ᠵᠡᠷᠬᠡ ᠠᠵᠢᠯ ᠤᠨ ᠪᠠᠶᠢᠳᠠᠯ ᠤᠨ ᠬᠠᠷᠢᠭᠤ ᠮᠡᠳᠡᠬᠦᠯᠥᠯᠳᠡ ᠶᠢ ᠰᠤᠨᠤᠰᠴᠦ᠂ ᠬᠡᠰᠡᠭ ᠤᠷᠤᠨ ᠨᠤᠳᠤᠭ ᠤᠨ ᠴᠢᠨᠠᠷᠳᠠᠢ ᠬᠠᠤᠯᠢ ᠲᠦᠷᠢᠮ ︵ᠲᠦᠰᠦᠯ︶᠎ ᠢ ᠰᠤᠳᠤᠯᠤᠨ ᠪᠠᠳᠤᠯᠠᠵᠠᠢ᠃
     ᠬᠤᠷᠡᠯ ᠠᠴᠠ᠂ ᠴᠡᠷᠢᠭ ᠤᠨ ᠠᠯᠪᠠ ᠠᠴᠠ ᠬᠠᠯᠠᠬᠳᠠᠭᠰᠠᠳ ᠤᠨ ᠶᠠᠪᠤᠳᠠᠯ ᠤᠨ ᠠᠵᠢᠯ ᠢ ᠰᠠᠶᠢᠳᠤᠷ ᠬᠢᠬᠦ ᠨᠢ ᠦᠬᠡᠷᠡᠴᠢᠯᠡᠯᠳᠡ ᠬᠦᠭᠵᠢᠯᠳᠡ ᠲᠤᠭᠳᠠᠭᠤᠨ ᠤ ᠶᠡᠭᠡ ᠲᠡᠯ᠎ᠡ ᠳᠤ ᠬᠤᠯᠪᠤᠭᠳᠠᠵᠥ᠂ ᠴᠡᠷᠢᠭ ᠤᠨ ᠠᠯᠪᠠ ᠠᠴᠠ ᠬᠠᠯᠠᠬᠳᠠᠭᠰᠠᠳ ᠪᠠ ᠲᠡᠲᠡᠨ ᠤ ᠬᠡᠷ ᠪᠦᠯᠢ ᠶᠢᠨ ᠠᠰᠢᠭ ᠲᠤᠰᠠ ᠲᠠᠢ ᠬᠤᠯᠪᠤᠭᠳᠠᠨ᠎ᠠ᠃ ᠡᠯ᠎ᠡ ᠭᠠᠵᠠᠷ ᠤᠷᠤᠨ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠶᠡᠷᠤᠩᠬᠡᠢ ᠱᠦᠵᠢ ᠰᠢ ᠶᠢᠨ ᠫᠢᠩ ᠤᠨ ᠴᠡᠷᠢᠭ ᠤᠨ ᠠᠯᠪᠠ ᠠᠴᠠ ᠬᠠᠯᠠᠬᠳᠠᠭᠰᠠᠳ ᠤᠨ ᠠᠵᠢᠯ ᠤᠨ ᠲᠤᠬᠠᠢ ᠴᠢᠬᠤᠯᠠ ᠦᠬᠦᠯᠡᠯᠳᠡ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠥ᠂ ᠨᠠᠮ ᠤᠨ ᠲᠦᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠲᠠᠯᠭ᠎ᠠ ᠪᠠᠷ᠂ ᠪᠠᠳᠤ ᠴᠢᠩᠭ᠎ᠠ ᠤᠯᠤᠰ ᠲᠦᠷᠦ ᠶᠢᠨ ᠬᠠᠷᠢᠭᠤᠴᠠᠯᠭᠠᠳᠤ ᠰᠡᠳᠬᠢᠯᠬᠡ ᠪᠤᠯᠤᠨ ᠲᠡᠤᠬᠡ ᠶᠢᠨ ᠡᠬᠦᠷᠬᠡᠳᠤ ᠪᠤᠳᠤᠯ ᠢᠶᠠᠷ ᠴᠡᠷᠢᠭ ᠤᠨ ᠠᠯᠪᠠ ᠠᠴᠠ ᠬᠠᠯᠠᠬᠳᠠᠭᠰᠠᠳ ᠤᠨ ᠶᠠᠪᠤᠳᠠᠯ ᠤᠨ ᠠᠵᠢᠯ ᠢ ᠰᠠᠶᠢᠳᠤᠷ ᠬᠢᠬᠦ ᠬᠡᠷᠡᠭᠳᠡᠢ᠃ ᠴᠡᠷᠢᠭ ᠤᠨ ᠠᠯᠪᠠ ᠠᠴᠠ ᠬᠠᠯᠠᠬᠳᠠᠭᠰᠠᠳ ᠤᠨ ᠶᠠᠪᠤᠳᠠᠯ ᠤᠨ ᠲᠢᠩᠬᠢᠮ ᠵᠡᠷᠬᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠦᠢᠯᠡᠴᠢᠯᠡᠭᠡ ᠪᠠᠳᠤᠯᠠᠭ᠎ᠠ ᠪᠠᠨ ᠴᠢᠨᠠᠬᠰᠢᠳᠠ ᠴᠢᠩᠭᠠᠳᠬᠠᠵᠥ᠂ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠠᠤᠯᠢ ᠶᠤᠰᠤᠨ ᠤ ᠡᠷᠬᠡ ᠠᠰᠢᠬ ᠢ ᠬᠠᠮᠠᠭᠠᠯᠠᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠡᠷᠡ ᠶᠤᠰᠤᠭᠠᠷ ᠨᠢ ᠨᠠᠶᠢᠳᠠᠪᠤᠷᠢᠵᠢᠭᠤᠯᠵᠥ᠂ ᠴᠡᠷᠢᠭ ᠤᠨ ᠠᠯᠪᠠ ᠠᠴᠠ ᠬᠠᠯᠠᠬᠳᠠᠭᠰᠠᠳ ᠢ ᠠᠵᠢᠯ ᠤᠯᠭᠤᠵᠤ ᠲᠦᠪᠬᠢᠨᠡᠬᠦᠯᠬᠦ᠂ ᠬᠠᠷᠠᠭᠠᠯᠵᠠᠬᠤ᠂ ᠢᠷᠡᠭᠤ ᠠᠯᠳᠠᠷ ᠢᠶᠠᠷ ᠵᠤᠷᠢᠬᠵᠢᠭᠤᠯᠬᠤ ᠵᠡᠷᠬᠡ ᠲᠡᠯ᠎ᠡ ᠶᠢᠨ ᠠᠵᠢᠯ ᠢ ᠰᠡᠳᠬᠢᠯ ᠲᠠᠯᠪᠢᠨ ᠬᠠᠶᠢᠷ᠎ᠠ ᠰᠡᠳᠬᠢᠯᠬᠡ ᠲᠠᠢ ᠪᠠᠷ ᠬᠦᠴᠦ ᠤᠷᠤᠭᠤᠯᠤᠨ ᠰᠠᠶᠢᠳᠤᠷ ᠬᠢᠵᠥ᠂ ᠴᠡᠷᠢᠭ ᠤᠨ ᠠᠯᠪᠠ ᠠᠴᠠ ᠬᠠᠯᠠᠬᠳᠠᠭᠰᠠᠳ ᠤᠨ ᠬᠠᠤᠯᠢ ᠶᠤᠰᠤᠨ ᠤ ᠡᠷᠬᠡ ᠠᠰᠢᠬ ᠢ ᠦᠨᠡᠨ ᠬᠦ ᠰᠠᠶᠢᠳᠤᠷ ᠬᠠᠮᠠᠭᠠᠯᠠᠬᠤ ᠬᠡᠷᠡᠭᠳᠡᠢ᠃ ᠤᠯᠤᠰ ᠲᠦᠷᠤ ᠦᠵᠡᠯ ᠰᠠᠨᠠᠭᠠᠨ ᠤ ᠤᠳᠤᠷᠢᠳᠤᠮᠵᠢ ᠶᠢ ᠴᠢᠨᠠᠬᠰᠢᠳᠠ ᠴᠢᠩᠭᠠᠳᠬᠠᠨ᠂ ᠤᠬᠠᠭᠤᠯᠭ᠎ᠠ ᠬᠦᠮᠤᠵᠢᠯ ᠤᠨ ᠡᠷᠴᠢᠮ ᠢᠶᠠᠨ ᠴᠢᠩᠭᠠᠷᠠᠭᠤᠯᠵᠤ᠂ ᠨᠡᠶᠢᠬᠡᠮ ᠲᠠᠶᠠᠭᠠᠷ ᠲᠤ ᠴᠡᠷᠢᠭ ᠢ ᠬᠦᠨᠳᠤᠳᠬᠡᠬᠦ᠂ ᠴᠡᠷᠢᠭ ᠤᠨ ᠠᠯᠪᠠ ᠠᠴᠠ ᠬᠠᠯᠠᠬᠳᠠᠬᠰᠠᠳ ᠢ ᠬᠠᠯᠠᠮᠵᠢᠯᠠᠬᠤ ᠬᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠤ᠂ ᠴᠡᠷᠢᠭ ᠠᠩᠬᠢ ᠵᠠᠰᠠᠬ ᠤᠨ ᠤᠷᠳᠤᠨ ᠴᠡᠷᠢᠭ ᠠᠷᠠᠳ ᠪᠦᠯᠬᠦᠮᠳᠡᠭᠰᠡᠨ ᠶᠡᠭᠡ ᠰᠠᠶᠢᠨ ᠪᠠᠶᠢᠳᠠᠯ ᠢ ᠪᠠᠬᠢᠵᠢᠬᠦᠯᠬᠦ ᠳᠤ ᠬᠤᠪᠢ ᠨᠡᠮᠡᠷᠢ ᠦᠵᠡᠬᠦᠯᠬᠦ ᠭᠡᠷᠡᠭᠳᠠᠢ ᠬᠡᠵᠤ ᠵᠢᠭᠠᠵᠤ ᠭᠠᠷᠭᠠᠪᠠ᠃
     ᠬᠤᠷᠠᠯ ᠠᠴᠠ᠂ ᠡᠨᠡ ᠵᠢᠯ ᠪᠤᠯ ᠴᠢᠨᠡᠭᠡᠯᠢᠭ ᠨᠡᠶᠢᠬᠡᠮ ᠢ ᠪᠦᠬᠦ ᠲᠡᠯ᠎ᠠ ᠪᠠᠷ ᠪᠡᠶᠡᠯᠡᠬᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠦᠯᠤᠪᠵᠢᠬᠦᠯᠬᠡ ᠶᠢᠨ ᠰᠡᠬᠦᠯ ᠬᠤᠷᠢᠶᠠᠬᠤ ᠵᠢᠯ ᠪᠤᠯᠤᠨ᠎ᠠ᠂ ᠡᠯ᠎ᠠ ᠱᠠᠳᠤᠨ ᠤ ᠡᠯ᠎ᠠ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠬᠠᠷᠠᠯᠳᠠ ᠪᠠᠷ ᠤᠳᠤᠷᠢᠳᠤᠮᠵᠢ ᠪᠤᠯᠭᠠᠬᠤ ᠪᠠ ᠦᠷ᠎ᠠ ᠳ᠋ᠦᠩ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠵᠠᠮ ᠬᠠᠷᠢᠯᠴᠠᠭ᠎ᠠ ᠲᠡᠬᠡᠬᠡᠪᠤᠷᠢ ᠶᠢᠨ ᠭᠤᠤᠯᠳᠠᠯᠭ᠎ᠠ ᠲᠠᠢ ᠲᠦᠷᠤᠯ ᠵᠦᠢᠯ ᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠵᠠᠮ ᠬᠠᠷᠢᠯᠴᠠᠭ᠎ᠠ ᠲᠡᠬᠡᠬᠡᠪᠤᠷᠢ ᠶᠢᠨ ᠬᠦᠷᠢᠶᠠᠨ ᠤ ᠬᠠᠷᠠᠯᠳᠠ ᠡᠬᠦᠷᠬᠡ ᠪᠠᠨ ᠴᠢᠨᠠᠷ ᠰᠠᠶᠢᠳᠠᠢ ᠪᠡᠶᠡᠯᠡᠬᠦᠯᠬᠦ ᠶᠢ ᠪᠠᠳᠤᠯᠠᠬᠤ ᠭᠡᠷᠡᠭᠳᠠᠢ᠃ ᠪᠠᠷᠢᠯᠭ᠎ᠠ ᠶᠢᠨ ᠰᠢᠵᠢᠷ ᠠᠯᠳᠠᠨ ᠴᠠᠬ ᠢ ᠵᠠᠪᠳᠤᠨ ᠭᠤᠤᠯᠳᠠᠯᠭ᠎ᠠ ᠲᠠᠢ ᠵᠠᠰᠠᠮᠠᠯ ᠵᠠᠮ ᠤᠨ ᠲᠦᠷᠤᠯ ᠵᠦᠢᠯ ᠤᠨ ᠪᠦᠳᠤᠬᠡᠨ ᠪᠠᠶᠢᠭᠤᠯᠤᠯᠳᠠ ᠶᠢᠨ ᠠᠬᠢᠴᠠ ᠶᠢ ᠲᠦᠷᠬᠡᠳᠬᠡᠬᠦ ᠬᠡᠷᠡᠭᠳᠠᠢ᠂ ᠢᠯᠠᠩᠭᠤᠶ᠎ᠠ ᠵᠠᠮ ᠬᠠᠷᠢᠯᠴᠠᠭ᠎ᠠ ᠲᠡᠬᠡᠬᠡᠪᠤᠷᠢ ᠶᠢᠨ ᠬᠦᠴᠦᠷᠭᠡᠭ ᠤᠯᠤᠰ ᠤᠨ ᠵᠢᠱᠢᠶ᠎ᠠ ᠦᠵᠡᠬᠦᠯᠬᠦ ᠲᠦᠷᠤᠯ ᠵᠦᠢᠯ᠂ ︽ᠲᠦᠷᠪᠡᠨ ᠰᠠᠶᠢᠨ︾ ᠬᠦᠳᠡᠭᠡ ᠲᠤᠰᠬᠤᠨ ᠤ ᠵᠠᠰᠠᠮᠠᠯ ᠵᠠᠮ ᠵᠡᠷᠬᠡ ᠲᠦᠷᠤᠯ ᠵᠦᠢᠯ ᠤᠨ ᠪᠦᠳᠤᠬᠡᠨ ᠪᠠᠶᠢᠭᠤᠯᠤᠯᠳᠠ ᠶᠢ ᠰᠠᠶᠢᠳᠤᠷ ᠠᠳᠬᠤᠵᠤ᠂ ᠬᠦᠴᠦᠨ ᠢᠶᠠᠨ ᠲᠦᠪᠯᠡᠷᠡᠬᠦᠯᠵᠤ ᠪᠠᠶᠢᠭᠠᠳ ᠮᠤᠬᠤᠷ ᠵᠠᠮ ᠵᠡᠷᠬᠡ ᠠᠰᠠᠭᠤᠳᠠᠯ ᠢ ᠰᠢᠢᠳᠪᠤᠷᠢᠯᠠᠵᠤ᠂ ᠵᠠᠮ ᠬᠠᠷᠢᠯᠴᠠᠭ᠎ᠠ ᠲᠡᠭᠡᠭᠡᠪᠤᠷᠢ ᠶᠢᠨ ᠬᠦᠷᠢᠶᠠᠨ ᠤ ᠲᠤᠳᠠᠭᠤᠳᠠᠯ ᠢ ᠲᠠᠰᠤᠷᠠᠯᠳᠠ ᠦᠬᠡᠢ ᠨᠦᠬᠦᠪᠤᠷᠢᠯᠡᠬᠦ ᠭᠡᠷᠡᠭᠳᠠᠢ᠃ ︽ᠠᠷᠪᠠᠨ ᠲᠦᠷᠪᠡᠳᠤᠭᠡᠷ ᠲᠠᠪᠤᠨ ᠵᠢᠯ︾᠎ ᠤᠨ ᠲᠦᠯᠤᠪᠵᠢᠬᠦᠯᠬᠡ ᠶᠢ ᠨᠠᠶᠢᠷᠠᠭᠤᠯᠤᠨ ᠲᠤᠭᠳᠠᠭᠠᠬᠤ ᠲᠠᠢ ᠤᠶᠠᠯᠳᠤᠭᠤᠯᠵᠤ᠂ ᠨᠢᠬᠡ ᠪᠦᠯᠦᠭ ᠵᠠᠰᠠᠮᠠᠯ ᠵᠠᠮ ᠤᠨ ᠲᠦᠷᠤᠯ ᠵᠦᠢᠯ ᠢ ᠤᠷᠢᠳᠴᠢᠯᠠᠨ ᠰᠦᠪᠡᠭᠴᠢᠯᠡᠬᠦ ᠪᠠ ᠨᠦᠬᠡᠴᠠᠯᠠᠬᠦ ᠬᠡᠷᠡᠭᠳᠠᠢ᠂ ᠡᠬᠦᠨ ᠤ ᠬᠠᠮᠳᠤ ᠲᠠᠮᠤᠷ ᠵᠠᠮ᠂ ᠨᠢᠰᠬᠡᠯ ᠤᠨ ᠲᠠᠯᠠᠪᠠᠢ ᠵᠡᠷᠬᠡ ᠲᠦᠷᠤᠯ ᠵᠦᠢᠯ ᠤᠨ ᠲᠦᠯᠤᠪᠵᠢᠬᠦᠯᠬᠡ ᠲᠠᠢ ᠰᠠᠶᠢᠳᠤᠷ ᠵᠤᠯᠭᠠᠭᠤᠯᠵᠤ᠂ ᠤᠳᠤᠬᠢᠴᠢᠯᠠᠬᠰᠠᠨ ᠶᠠᠷᠤᠩᠬᠡᠶᠢᠯᠡᠭᠰᠡᠡ ᠵᠠᠮ ᠬᠠᠷᠢᠯᠴᠠᠭ᠎ᠠ ᠲᠡᠭᠡᠭᠡᠪᠤᠷᠢ ᠶᠢᠨ ᠰᠢᠰᠲ᠋ᠧᠮ ᠢ ᠲᠦᠷᠬᠡᠳᠬᠡᠨ ᠪᠦᠳᠤᠬᠡᠨ ᠪᠠᠶᠢᠭᠤᠯᠬᠤ ᠭᠡᠷᠡᠭᠳᠠᠢ ᠵᠢᠭᠠᠵᠤ ᠭᠠᠷᠭᠠᠪᠠ᠃
     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ