7 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠭᠠᠩ | ᠤᠯᠠᠭᠠᠨᠴᠠᠪ ᠬᠤᠲᠠ ᠳᠤ ᠭᠦᠨᠵᠡᠭᠡᠶᠢᠷᠡᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠪᠠᠷ | ᠬᠠᠷᠢᠭᠤ ᠲᠤᠰᠬᠠᠭᠰᠠᠨ ᠠᠰᠠᠭᠤᠳᠠᠯ ᠪᠠ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠠᠴᠠ | ᠵᠦᠷᠢᠴᠡᠵᠤ ᠳᠦᠷᠢᠮ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠵᠤ ᠬᠠᠷᠭᠤᠭᠤᠯᠤᠨ ᠪᠠᠶᠢᠴᠠᠭᠠᠬᠤ | ᠵᠡᠷᠭᠡ ᠠᠵᠢᠯ ᠢ ᠱᠠᠯᠠᠪᠳᠠᠭᠤᠯᠤᠨ ᠵᠢᠯᠤᠭᠤᠳᠴᠤ ᠪᠠᠶᠢᠴᠠᠭᠠᠨ ᠰᠤᠳᠤᠯᠵᠤ᠂ ᠤᠯᠠᠭᠠᠨᠴᠠᠪ ᠬᠤᠳᠠ ᠬᠦᠴᠦᠲᠡᠶ ᠠᠷᠭ᠎ᠠ | ᠬᠡᠮᠵᠢᠶ᠎ᠡ ᠠᠪᠴᠤ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ | ᠲᠡᠮᠡᠴᠡᠨ ᠤᠯᠬᠤ ᠬᠡᠷᠡᠭᠲᠠᠢ ᠭᠡᠵᠤ ᠴᠢᠬᠤᠯᠠᠴᠢᠯᠠᠪᠡ᠃ | ᠪᠦᠦ ᠭᠠᠩ ᠤᠯᠠᠭᠠᠨᠴᠠᠪ ᠬᠤᠲᠠ ᠳᠤ ᠬᠤᠷᠠᠯ ᠡᠷᠬᠢᠯᠡᠨ ᠬᠤᠷᠠᠯᠳᠤᠭᠤᠯᠵᠤ᠂ ᠤᠯᠠᠭᠠᠨᠴᠠᠪ ᠬᠤᠲᠠ ᠪᠠ | ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠬᠤ ᠶᠢᠨ ᠬᠠᠮᠲᠤ ᠲᠠᠷᠠᠭᠠᠴᠢ ᠶᠢᠨ ᠠᠵᠢᠯ ᠢ ᠱᠠᠯᠠᠪᠳᠠᠭᠤᠯᠤᠨ ᠵᠢᠯᠤᠭᠤᠳᠴᠤ ᠰᠤᠳᠤᠯᠤᠨ ᠪᠠᠶᠢᠷᠢᠯᠠᠭᠤᠯᠪᠠ᠃ | ᠪᠦᠦ ᠭᠠᠩ᠂ 2020 ᠣᠨ ᠪᠣᠯ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ | ᠤ ᠰᠡᠭᠦᠯ ᠬᠤᠷᠢᠶᠠᠬᠤ ᠵᠢᠯ ᠪᠣᠯᠬᠤ ᠪᠥᠭᠡᠳ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ | ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠢᠯᠭᠠᠨ ᠠᠪᠬᠤ ᠵᠢᠯ ᠪᠣᠯᠤᠨ᠎ᠠ᠃ ᠤᠯᠤᠰ ᠲᠥᠷᠥ ᠶᠢᠨ | ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠦᠨᠡᠨ ᠬᠦ ᠬᠦᠴᠦ ᠣᠷᠣᠭᠤᠯᠵᠤ᠂ ᠬᠠᠲᠠᠭᠤᠵᠢᠯᠲᠠᠢ ᠴᠢᠷᠮᠠᠶᠢᠨ᠂ | ᠴᠢᠩᠭ᠎ᠠ ᠬᠦᠴᠦᠲᠡᠶ ᠠᠷᠭ᠎ᠠ ᠬᠡᠮᠵᠢᠶ᠎ᠡ ᠠᠪᠴᠤ᠂ ᠠᠭᠠᠷ ᠮᠠᠨᠳᠠᠯ᠂ ᠤᠰᠤ᠂ ᠬᠥᠷᠥᠰᠥ ᠰᠢᠷᠣᠶ ᠵᠡᠷᠭᠡ ᠪᠣᠬᠢᠷᠲᠤᠯ ᠢ | ᠰᠡᠷᠭᠡᠶᠢᠯᠡᠨ ᠵᠠᠰᠠᠬᠤ ᠳᠣᠪᠤᠶᠢᠮ᠎ᠠ ᠠᠰᠠᠭᠤᠳᠠᠯ ᠤᠳ ᠢ ᠰᠢᠢᠳᠪᠦᠷᠢᠯᠡᠵᠦ᠂ ᠯᠠᠪᠳᠠᠭᠤᠨ ᠪᠠᠲᠤᠲᠠᠶ ᠦᠷ᠎ᠡ ᠪᠦᠲᠦᠮᠵᠢ | ᠣᠯᠬᠤ ᠶᠢ ᠦᠨᠡᠨ ᠬᠦ ᠪᠠᠲᠤᠯᠠᠬᠤ ᠬᠡᠷᠡᠭᠲᠡᠶ ᠬᠡᠵᠤ ᠵᠢᠭᠠᠵᠤ ᠭᠠᠷᠭᠠᠪᠠ᠃ | ᠪᠦᠦ ᠭᠠᠩ᠂ ᠡᠯ᠎ᠡ ᠱᠠᠲᠤᠨ ᠤ ᠨᠠᠮ ᠵᠠᠰᠠᠭ ᠤᠨ ᠭᠤᠤᠯ ᠤᠳᠤᠷᠢᠳᠤᠯᠭ᠎ᠠ ᠪᠣᠬᠢᠷᠲᠤᠯ ᠢ ᠰᠡᠷᠭᠡᠶᠢᠯᠡᠨ ᠵᠠᠰᠠᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠤᠯᠤᠰ ᠲᠥᠷᠥ ᠶᠢᠨ ᠬᠠᠷᠢᠭᠤᠴᠠᠯᠭ᠎ᠠ ᠶᠢ ᠰᠠᠶᠢᠳᠤᠷ ᠡᠭᠦᠷᠭᠡᠯᠡᠵᠦ᠂ ᠠᠵᠤ | ᠠᠬᠤᠶᠢᠯᠠᠯ ᠠᠴᠠ ᠪᠣᠬᠢᠷᠲᠤᠯ ᠢ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠢ ᠬᠤᠭᠤᠴᠠᠭ᠎ᠠ ᠲᠤᠭᠳᠠᠭᠠᠵᠤ ᠴᠡᠭᠴᠡᠯᠡᠨ ᠵᠠᠰᠠᠬᠤ | ᠬᠡᠷᠡᠭᠲᠡᠶ᠃ ᠨᠠᠷᠢᠯᠢᠭ ᠣᠨᠣᠴᠠᠲᠠᠶ ᠪᠠᠷ ᠪᠣᠬᠢᠷᠲᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ | ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠳᠣᠪᠤᠶᠢᠯᠭᠠᠵᠤ᠂ ︽ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ ᠦᠭᠡᠢ︾ | ᠪᠠᠶᠢᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠰᠡᠨ ᠪᠣᠬᠢᠷᠲᠤᠯ ᠥᠬᠡᠶ ᠬᠦᠭᠵᠢᠯᠳᠠ ᠶᠢᠨ ᠱᠠᠭᠠᠷᠳᠠᠯᠭ᠎ᠠ ᠶᠢ | ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠠᠴᠠ | ᠵᠦᠷᠢᠴᠡᠵᠤ ᠲᠦᠷᠢᠮ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠳᠤᠮᠳᠠ᠂ | ᠦᠨᠡᠨ ᠠᠴᠠ ᠵᠥᠪ ᠢ ᠡᠷᠢᠬᠦ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠠᠬᠢᠭᠤᠯᠬᠤ ᠶᠢ ᠪᠠᠷᠢᠮᠲᠠᠯᠠᠵᠤ᠂ | ᠠᠰᠠᠭᠤᠳᠠᠯ ᠢ ᠦᠨᠡᠨ ᠬᠦ ᠪᠠᠶᠢᠴᠠᠭᠠᠨ ᠲᠣᠳᠣᠯᠠᠵᠤ᠂ ᠣᠨᠣᠪᠴᠢᠲᠠᠶ ᠲᠣᠭᠲᠠᠭᠠᠵᠤ᠂ ᠪᠠᠶᠢᠴᠠᠭᠠᠬᠤ ᠶᠢᠨ ᠳᠠᠭᠠᠤ | ᠴᠡᠭᠴᠡᠯᠡᠨ ᠵᠠᠰᠠᠵᠤ᠂ ᠲᠦᠢᠯᠪᠤᠷᠢᠲᠠᠶ ᠴᠡᠭᠴᠡᠯᠡᠨ ᠵᠠᠰᠠᠵᠤ᠂ ᠲᠡᠤᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ | ᠦᠨᠡᠨ ᠬᠦ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠪᠡ᠃ |