ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠦ ︽ᠰᠢ ᠶᠢᠨ  ᠫᠢᠩ ᠲᠦᠷᠦ ᠶᠢ ᠵᠠᠰᠠᠵᠦ ᠵᠠᠰᠠᠬ ᠢ ᠡᠷᠬᠢᠯᠡᠬᠦ ᠲᠤᠬᠠᠢ ᠶᠠᠷᠢᠬᠰᠠᠨ ᠨᠢ︾ ᠭᠡᠬᠦ ᠨᠤᠮ ᠤᠨ ᠭᠤᠷᠪᠠᠳᠤᠭᠠᠷ ᠪᠤᠳᠢ ᠶᠢ ᠰᠤᠷᠤᠯᠴᠠᠨ ᠲᠤᠭᠤᠰᠢᠯᠠᠭᠤᠯᠬᠤ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ    ᠱᠢ ᠲᠠᠢ ᠹᠧᠩ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2020/8/10
     8 ᠰᠠᠷ᠎ᠠ ᠶᠢᠨ 7᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠦ᠂ ︽ᠰᠢ ᠶᠢᠨ ᠫᠢᠩ ᠲᠦᠷᠦ ᠶᠢ ᠵᠠᠰᠠᠵᠦ ᠵᠠᠰᠠᠬ ᠢ ᠡᠷᠬᠢᠯᠡᠬᠦ ᠲᠤᠬᠠᠢ ᠶᠠᠷᠢᠬᠰᠠᠨ ᠨᠢ︾ ᠭᠡᠬᠦ ᠨᠤᠮ ᠤᠨ ᠭᠤᠷᠪᠠᠳᠤᠭᠠᠷ ᠪᠤᠳᠢ ᠭᠡᠪᠯᠡᠭᠳᠡᠭᠰᠡᠨ ᠲᠤᠬᠠᠢ ᠶᠠᠷᠢᠯᠴᠠᠬᠤ ᠬᠤᠷᠠᠯ ᠤᠨ ᠵᠤᠷᠢᠭ ᠰᠠᠨᠠᠭ᠎ᠠ ᠪᠤᠯᠤᠨ ᠨᠠᠮ ᠤᠨ ᠲᠦᠪ ᠬᠤᠷᠢᠶᠠᠨ ᠤ ᠠᠯᠪᠡᠨ ᠲᠢᠩᠬᠢᠮ ᠠᠴᠠ ᠳᠠᠮᠵᠢᠭᠤᠯᠤᠨ ᠳᠠᠷᠬᠠᠭᠠᠭᠰᠠᠨ ︽ᠲᠦᠪ ᠤᠨ ᠤᠬᠠᠭᠤᠯᠬᠤ ᠭᠡᠯᠳᠡᠰ᠂ ᠲᠦᠪ ᠤᠨ ᠵᠤᠬᠢᠶᠠᠨ ᠪᠠᠶᠢᠭᠤᠯᠬᠤ ᠭᠡᠯᠳᠡᠰ ᠤᠨ ︿ᠰᠢ ᠶᠢᠨ ᠫᠢᠩ ᠲᠦᠷᠦ ᠶᠢ ᠵᠠᠰᠠᠵᠦ ᠵᠠᠰᠠᠬ ᠢ ᠡᠷᠬᠢᠯᠡᠬᠦ ᠲᠤᠬᠠᠢ ᠶᠠᠷᠢᠬᠰᠠᠨ ᠨᠢ﹀ ᠬᠡᠬᠦ ᠨᠤᠮ ᠤᠨ ᠭᠤᠷᠪᠠᠳᠤᠭᠠᠷ ᠪᠤᠳᠢ ᠶᠢ ᠨᠠᠷᠢᠨ ᠬᠢᠨᠠᠮᠠᠭᠠᠢ ᠰᠤᠷᠤᠯᠴᠠᠬᠤ ᠲᠤᠬᠠᠢ ᠮᠡᠳᠡᠭᠳᠡᠯ︾᠎ ᠢ ᠤᠯᠠᠮᠵᠢᠯᠠᠨ ᠰᠤᠷᠤᠯᠴᠠᠵᠦ᠂ ᠪᠦᠬᠦ ᠤᠷᠤᠨ ᠤ ᠢᠳᠡᠭᠡᠨ ᠤ ᠠᠮᠤᠷ ᠲᠦᠪᠰᠢᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠬᠦᠯᠦᠯᠳᠠ ᠶᠢ ᠰᠤᠨᠤᠰᠤᠨ᠂ ᠬᠤᠯᠪᠤᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠵᠡᠢ᠃      ᠬᠤᠷᠠᠯ ᠠᠴᠠ᠂ ︽ᠰᠢ ᠶᠢᠨ ᠫᠢᠩ ᠲᠦᠷᠦ ᠶᠢ ᠵᠠᠰᠠᠵᠦ ᠵᠠᠰᠠᠬ ᠢ ᠡᠷᠬᠢᠯᠡᠬᠦ ᠲᠤᠬᠠᠢ ᠶᠠᠷᠢᠬᠰᠠᠨ ᠨᠢ︾ ᠭᠡᠬᠦ ᠨᠤᠮ ᠤᠨ ᠭᠤᠷᠪᠠᠳᠤᠭᠠᠷ ᠪᠤᠳᠢ ᠪᠤᠯ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠲᠤᠰᠬᠠᠭᠰᠠᠨ ᠡᠷᠭᠡ ᠰᠦᠷᠳᠦ ᠪᠦᠳᠦᠭᠡᠯ ᠮᠦᠨ᠂ ᠨᠠᠮ ᠤᠨ ᠤᠨᠤᠯ ᠤᠨ ᠵᠡᠪᠰᠡᠭᠯᠡᠯ ᠢ ᠬᠦᠨᠵᠡᠭᠡᠶᠢᠷᠡᠬᠦᠯᠬᠦ ᠬᠠᠮᠤᠭ ᠤᠨ ᠰᠢᠨ᠎ᠠ ᠵᠢᠭᠠᠬᠤ ᠮᠠᠲ᠋ᠧᠷᠢᠶᠠᠯ ᠮᠦᠨ᠃ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠤᠯᠤᠨ ᠦᠷᠬᠡᠨ ᠤᠯᠠᠨ ᠨᠠᠮ ᠤᠨ ᠬᠡᠰᠢᠬᠦᠨ ᠺᠠᠳ᠋ᠷ ᠤᠯᠤᠰ ᠲᠦᠷᠦ ᠶᠢᠨ ᠵᠤᠭᠰᠤᠴᠠ ᠪᠤᠯᠤᠨ ᠦᠵᠡᠯ ᠰᠠᠨᠠᠭᠠᠨ ᠤ ᠲᠠᠨᠢᠯᠳᠡ ᠪᠠᠨ ᠦᠨᠡᠨ ᠬᠦ ᠲᠡᠭᠡᠭᠰᠢᠯᠡᠬᠦᠯᠵᠥ᠂ ︽ᠰᠢ ᠶᠢᠨ ᠫᠢᠩ ᠲᠦᠷᠦ ᠶᠢ ᠵᠠᠰᠠᠵᠥ ᠵᠠᠰᠠᠭ ᠢ ᠡᠷᠬᠢᠯᠡᠬᠦ ᠲᠤᠬᠠᠢ ᠶᠠᠷᠢᠬᠰᠠᠠ ᠨᠢ︾ ᠭᠡᠬᠦ ᠨᠤᠮ ᠤᠨ ᠭᠤᠷᠪᠠᠳᠤᠭᠠᠷ ᠪᠤᠳᠢ ᠶᠢ ᠨᠠᠷᠢᠨ ᠬᠢᠨᠠᠮᠠᠭᠠᠢ ᠰᠤᠷᠤᠯᠴᠠᠬᠤ ᠶᠢ ᠤᠳᠤᠬᠠᠨ ᠤ ᠤᠨᠤᠯ ᠢᠶᠠᠷ ᠵᠡᠪᠰᠡᠭᠯᠡᠬᠦ ᠠᠵᠢᠯ ᠤᠨ ᠴᠢᠬᠤᠯᠠ ᠶᠡᠭᠡ ᠡᠬᠦᠷᠬᠡ ᠪᠠᠨ ᠪᠤᠯᠭᠠᠵᠥ᠂ ︽ᠤᠭ ᠰᠠᠨᠠᠭ᠎ᠠ ᠪᠠᠨ ᠦᠯᠥ ᠮᠠᠷᠳᠠᠵᠥ ᠡᠬᠦᠷᠬᠡ ᠬᠠᠷᠢᠭᠤᠴᠠᠯᠭ᠎ᠠ ᠪᠠᠨ ᠪᠡᠳᠤ ᠴᠡᠬᠡᠵᠢᠯᠡᠬᠦ︾ ᠭᠤᠤᠯ ᠰᠡᠳᠤᠪᠳᠤ ᠬᠦᠮᠥᠵᠢᠯ ᠢ ᠪᠠᠶᠢᠩᠭᠤᠵᠢᠭᠤᠯᠵᠤ ᠲᠦᠷᠢᠮᠵᠢᠬᠦᠯᠬᠦ ᠴᠢᠬᠤᠯᠠ ᠠᠭᠤᠯᠭ᠎ᠠ ᠪᠤᠯᠭᠠᠨ᠂ ᠨᠠᠷᠢᠨ ᠬᠢᠨᠠᠮᠠᠭᠠᠢ ᠵᠤᠬᠢᠶᠠᠨ ᠪᠠᠶᠢᠭᠤᠯᠵᠥ ᠨᠢᠮᠪᠠᠢ ᠲᠤᠬᠢᠷᠠᠭᠤᠯᠤᠨ᠂ ᠰᠤᠷᠤᠯᠴᠠᠨ ᠲᠤᠭᠤᠰᠢᠯᠠᠭᠤᠯᠬᠤ ᠠᠵᠢᠯ ᠢ ᠲᠠᠰᠤᠷᠠᠯᠳᠡ ᠦᠭᠡᠢ ᠬᠦᠨᠵᠡᠬᠡᠶᠢᠷᠡᠬᠦᠯᠬᠦ᠂ ᠬᠦᠮᠦᠰ ᠤᠨ ᠰᠡᠳᠬᠢᠯ ᠳᠤ ᠬᠠᠳᠠᠩᠰᠢᠭᠤᠯᠬᠤ ᠪᠠ ᠪᠤᠳᠠᠳᠠᠶᠢᠵᠢᠭᠤᠯᠬᠤ ᠶᠢ ᠠᠬᠢᠭᠤᠯᠬᠤ ᠬᠡᠷᠡᠭᠳᠡᠢ ᠬᠡᠵᠥ ᠵᠢᠭᠠᠵᠥ ᠭᠠᠷᠭᠠᠪᠠ᠃      ᠬᠤᠷᠡᠯ ᠠᠴᠠ᠂ ᠦᠪᠡᠷᠳᠡᠬᠡᠨ ᠵᠠᠰᠠᠬᠤ ᠤᠷᠤᠨ ᠤ ᠮᠤᠵᠢ ᠶᠢᠨ ᠲᠡᠰ ᠤᠨ ᠤᠳᠤᠷᠢᠳᠬᠤ ᠺᠠᠳ᠋ᠷᠴᠤᠳ᠂ ᠢᠯᠠᠩᠭᠤᠶ᠎ᠠ ᠨᠠᠮ ᠤᠨ ᠬᠤᠷᠢᠶᠡᠨ ᠤ ᠪᠠᠶᠢᠩᠭᠤ ᠶᠢᠨ ᠬᠡᠰᠢᠬᠦᠳ ᠲᠦᠷᠦᠬᠦᠯᠡᠨ ᠤᠭ ᠪᠦᠳᠦᠬᠡᠯ ᠢ ᠤᠩᠰᠢᠵᠥ ᠤᠭ ᠵᠤᠬᠢᠶᠠᠯ ᠢ ᠰᠤᠷᠤᠯᠴᠠᠨ ᠤᠭ ᠶᠤᠰᠤ ᠶᠢ ᠨᠢ ᠤᠢᠢᠯᠠᠭᠠᠵᠥ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭᠠᠨ ᠤ ᠲᠡᠤᠬᠡ ᠶᠢᠨ ᠯᠤᠬᠢᠭ᠂ ᠤᠨᠤᠯ ᠤᠨ ᠯᠤᠬᠢᠭ᠂ ᠦᠢᠯᠡᠳᠦᠯᠬᠡ ᠶᠢᠨ ᠯᠤᠬᠢᠭ ᠢ ᠬᠦᠨᠵᠡᠬᠡᠢ ᠤᠢᠢᠯᠠᠭᠠᠨ ᠡᠵᠡᠮᠰᠢᠵᠥ᠂ ᠡᠨᠡ ᠬᠦ ᠦᠵᠡᠯ ᠰᠠᠨᠠᠭᠠᠨ ᠤ ᠭᠤᠤᠯ ᠠᠴᠢ ᠬᠤᠯᠪᠤᠭᠳᠠᠯ᠂ ᠵᠤᠷᠢᠭ ᠰᠠᠨᠠᠭᠠᠨ ᠤ ᠮᠥᠨ ᠴᠢᠨᠠᠷ᠂ ᠪᠠᠶᠠᠯᠢᠭ ᠠᠭᠤᠯᠬᠤᠨ ᠪᠤᠯᠤᠨ ᠦᠢᠯᠡᠳᠦᠯᠬᠡ ᠶᠢᠨ ᠱᠠᠭᠠᠷᠳᠠᠯᠭ᠎ᠠ ᠶᠢ ᠬᠦᠨᠵᠡᠬᠡᠢ ᠤᠢᠢᠯᠠᠭᠠᠨ ᠡᠵᠡᠮᠰᠢᠵᠥ᠂ ᠪᠦᠬᠦ ᠤᠷᠤᠨ ᠤ ᠦᠷᠬᠡᠨ ᠤᠯᠠᠨ ᠨᠠᠮ ᠤᠨ ᠬᠡᠰᠢᠬᠦᠨ ᠺᠠᠳ᠋ᠷ ᠢ ᠵᠢᠱᠢᠶ᠎ᠡ ᠦᠵᠡᠬᠦᠯᠥᠨ ᠲᠠᠭᠠᠭᠤᠯᠵᠥ ᠪᠠᠶᠢᠭᠠᠳ ᠰᠠᠶᠢᠳᠤᠷ ᠤᠢᠢᠯᠠᠭᠠᠨ ᠲᠤᠭᠤᠷᠠᠳᠠᠯ᠎ᠠ ᠮᠡᠳᠡᠵᠥ ᠪᠤᠳᠠᠳᠠᠢ ᠬᠢᠬᠦ ᠲᠡᠯ᠎ᠡ ᠪᠠᠷ ᠨᠡᠩ ᠶᠡᠭᠡ ᠬᠦᠴᠦ ᠤᠷᠤᠭᠤᠯᠬᠤ ᠬᠡᠷᠡᠭᠳᠡᠢ᠃ ︽ᠰᠢ ᠶᠢᠨ ᠫᠢᠩ ᠲᠦᠷᠦ ᠶᠢ ᠵᠠᠰᠠᠵᠥ ᠵᠠᠰᠠᠭ ᠢ ᠡᠷᠬᠢᠯᠡᠬᠦ ᠲᠤᠬᠠᠢ ᠶᠠᠷᠢᠬᠰᠠᠠ ᠨᠢ︾ ᠭᠡᠬᠦ ᠨᠤᠮ ᠤᠨ ᠭᠤᠷᠪᠠᠳᠤᠭᠠᠷ ᠪᠤᠳᠢ ᠶᠢ ᠨᠢᠬᠡᠳᠤᠭᠡᠷ ᠪᠤᠳᠢ᠂ ᠬᠤᠶᠠᠳᠤᠭᠠᠷ ᠪᠤᠳᠢ ᠲᠠᠢ ᠨᠢ ᠤᠷᠭᠠᠨᠢᠭ ᠴᠤᠭᠴᠠ ᠪᠤᠯᠭᠠᠨ ᠨᠠᠷᠢᠨ ᠬᠢᠨᠠᠮᠠᠭᠠᠢ ᠰᠤᠷᠤᠯᠴᠠᠵᠥ᠂ ᠬᠦᠨᠵᠡᠬᠡᠢ ᠤᠢᠢᠯᠠᠭᠠᠵᠥ᠂ ᠪᠦᠬᠦ ᠲᠡᠯ᠎ᠡ ᠪᠠᠷ ᠡᠵᠡᠮᠰᠢᠬᠦ᠂ ᠰᠢᠰᠲ᠋ᠧᠮ ᠲᠠᠢ ᠪᠠᠷ ᠤᠢᠢᠯᠠᠭᠠᠬᠤ᠂ ᠬᠦᠨᠵᠡᠬᠡᠢ ᠰᠤᠷᠤᠯᠴᠠᠨ ᠨᠡᠪᠳᠡᠷᠭᠡᠢ ᠡᠵᠡᠮᠰᠢᠬᠦ᠂ ᠨᠡᠶᠢᠯᠡᠬᠦᠯᠥᠨ ᠰᠢᠩᠬᠡᠬᠡᠵᠥ ᠨᠡᠪᠳᠡᠷᠡᠳᠡᠯ᠎ᠡ ᠤᠢᠢᠯᠠᠭᠠᠬᠤ ᠶᠢ ᠦᠨᠡᠨ ᠬᠦ ᠪᠡᠶᠡᠯᠡᠬᠦᠯᠬᠦ ᠬᠡᠷᠡᠭᠳᠡᠢ᠃ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠬᠰᠡᠨ ᠨᠢ︾ ᠭᠡᠬᠦ ᠨᠤᠮ ᠤᠨ ᠭᠤᠷᠪᠠᠳᠤᠭᠠᠷ ᠪᠤᠳᠢ ᠶᠢ ᠰᠤᠷᠤᠯᠴᠠᠨ ᠲᠤᠭᠤᠰᠢᠯᠠᠭᠤᠯᠬᠤ ᠶᠢ ᠲᠤᠰ ᠪᠡᠶ᠎ᠡ ᠶᠢᠨ ᠪᠠᠶᠢᠭᠤᠯᠤᠯᠳᠠ ᠪᠠᠨ ᠴᠢᠩᠭᠠᠳᠬᠠᠬᠤ᠂ ᠤᠳᠤᠬᠠᠨ ᠤ ᠠᠵᠢᠯ ᠢᠶᠠᠨ ᠰᠠᠶᠢᠳᠤᠷ ᠬᠢᠬᠦ ᠯᠦᠭᠡ ᠨᠢᠬᠳᠠ ᠤᠶᠠᠯᠳᠤᠭᠤᠯᠵᠤ᠂ ᠰᠤᠷᠤᠯᠴᠠᠯᠭ᠎ᠠ ᠶᠢᠨ ᠦᠷ᠎ᠡ ᠪᠦᠳᠦᠭᠡᠯ ᠢᠶᠠᠨ ᠤᠯᠤᠰ ᠲᠦᠷᠦ ᠶᠢᠨ ᠤᠬᠠᠮᠰᠠᠷ᠂ ᠢᠳᠡᠭᠡᠯ ᠪᠢᠰᠢᠷᠡᠯ ᠢᠳᠡᠭᠡᠯ ᠵᠤᠷᠢᠭ ᠪᠠ ᠨᠠᠮᠴᠢ ᠴᠢᠨᠠᠷ ᠤᠨ ᠪᠤᠯᠪᠠᠰᠤᠷᠠᠯ ᠤᠨ ᠪᠦᠬᠦ ᠲᠠᠯ᠎ᠡ ᠶᠢᠨ ᠲᠡᠭᠡᠭᠰᠢᠯᠡᠯᠳᠠ ᠪᠤᠯᠭᠠᠨ ᠬᠤᠪᠢᠷᠠᠭᠤᠯᠵᠤ᠂ ᠬᠦᠭᠵᠢᠯᠳᠠ ᠶᠢ ᠤᠳᠤᠷᠢᠳᠬᠤ ᠴᠢᠳᠠᠪᠤᠷᠢ᠂ ᠦᠭᠡᠷᠡᠴᠢᠯᠡᠯᠳᠠ ᠬᠢᠵᠤ ᠰᠢᠨ᠎ᠡ ᠶᠢ ᠡᠬᠦᠳᠬᠦ ᠴᠢᠳᠠᠪᠤᠷᠢ᠂ ᠬᠦᠴᠢᠷ ᠢ ᠲᠤᠭᠤᠯᠤᠨ ᠪᠡᠷᠭᠡ ᠶᠢ ᠲᠠᠪᠠᠭ᠋ᠤ ᠴᠢᠳᠠᠪᠤᠷᠢ ᠶᠢᠨ ᠪᠦᠬᠦ ᠲᠠᠯ᠎ᠡ ᠶᠢᠨ ᠲᠡᠭᠡᠭᠰᠢᠯᠡᠯᠳᠠ ᠪᠤᠯᠭᠠᠨ ᠬᠤᠪᠢᠷᠠᠭᠤᠯᠬᠤ ᠭᠡᠷᠡᠭᠳᠠᠢ᠃ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠨᠠᠮ ᠤᠨ ᠭᠡᠰᠢᠬᠦᠨ ᠺᠠᠳ᠋ᠷᠴᠤᠳ ᠤᠨ ᠰᠤᠷᠤᠯᠴᠠᠯᠭ᠎ᠠ ᠪᠤᠯᠪᠠᠰᠤᠷᠠᠯ ᠢ ᠨᠠᠷᠢᠨ ᠬᠢᠨᠠᠮᠠᠭᠠᠢ ᠰᠠᠶᠢᠳᠤᠷ ᠠᠳᠬᠤᠨ᠂ ᠨᠡᠶᠢᠭᠡᠮ ᠤᠨ ᠤᠯᠠᠨ ᠲᠦᠮᠡᠨ ᠳᠤ ᠬᠠᠨᠳᠤᠭᠤᠯᠤᠬᠰᠡᠨ ᠤᠬᠠᠭᠤᠯᠭ᠎ᠠ ᠬᠦᠮᠦᠵᠢᠯ ᠢ ᠰᠠᠶᠢᠳᠤᠷ ᠠᠳᠬᠤᠵᠤ᠂ ᠨᠠᠮ ᠤᠨ ᠬᠠᠮᠤᠭ ᠤᠨ ᠰᠢᠨ᠎ᠡ ᠤᠨᠤᠯ ᠤᠨ ᠰᠢᠨ᠎ᠡ ᠡᠬᠦᠳᠦᠯᠳᠠ ᠶᠢᠨ ᠦᠷ᠎ᠡ ᠪᠦᠳᠦᠭᠡᠯ ᠢᠶᠠᠷ ᠦᠨᠡᠨ ᠬᠦ ᠦᠵᠡᠯ ᠰᠠᠨᠠᠭ᠎ᠠ ᠪᠠᠨ ᠨᠢᠭᠡᠳᠭᠡᠨ᠂ ᠵᠤᠷᠢᠭ ᠰᠠᠨᠠᠭ᠎ᠠ ᠪᠠᠨ ᠨᠢᠭᠡᠳᠭᠡᠵᠤ᠂ ᠦᠢᠯᠡ ᠠᠵᠢᠯᠯᠠᠭ᠎ᠠ ᠪᠠᠨ ᠨᠢᠭᠡᠳᠭᠡᠬᠦ ᠭᠡᠷᠡᠭᠳᠠᠢ ᠭᠡᠵᠤ ᠴᠢᠬᠤᠯᠠᠴᠢᠯᠠᠪᠠ᠃      ᠬᠤᠷᠠᠯ ᠠᠴᠠ᠂ ᠢᠳᠡᠭᠡᠨ ᠤ ᠠᠮᠤᠷ ᠲᠦᠪᠰᠢᠨ ᠢ ᠪᠠᠳᠤᠯᠠᠬᠤ ᠪᠤᠯ ᠡᠯ᠎ᠡ ᠱᠠᠳᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠤ ᠵᠠᠶᠢᠯᠠᠭᠤᠯᠵᠤ ᠪᠤᠯᠤᠰᠢ ᠦᠭᠡᠢ ᠬᠠᠷᠢᠭᠤᠴᠠᠯᠭ᠎ᠠ ᠪᠤᠯᠤᠨ᠎ᠡ᠃ ᠡᠯ᠎ᠡ ᠭᠠᠵᠠᠷ ᠤᠷᠤᠨ ᠡᠯ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠢᠨ ᠢᠳᠡᠭᠡᠨ ᠤ ᠠᠮᠤᠷ ᠲᠦᠪᠰᠢᠨ ᠢ ᠰᠠᠶᠢᠳᠤᠷ ᠠᠳᠬᠤᠬᠤ ᠠᠵᠢᠯ ᠢ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ ᠦᠢᠯᠡᠳᠦᠯᠭᠡᠵᠢᠬᠦᠯᠬᠦ ᠴᠢᠬᠤᠯᠠ ᠲᠠᠯ᠎ᠡ ᠪᠤᠯᠭᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠦᠢᠯᠡᠳᠪᠤᠷᠢᠯᠡᠯ ᠤᠨ ᠤᠷᠴᠢᠨ ᠲᠤᠭᠤᠷᠢᠨ ᠢ ᠬᠦᠴᠤᠯᠠᠨ ᠴᠡᠪᠡᠷᠰᠢᠬᠦᠯᠵᠤ᠂ ᠢᠳᠡᠭᠡᠨ ᠤ ᠦᠢᠯᠡᠳᠪᠤᠷᠢᠯᠡᠯ ᠤᠨ ᠠᠮᠤᠷ ᠲᠦᠪᠰᠢᠨ ᠤ ᠪᠤᠭᠤᠮᠳᠠ ᠶᠢ ᠴᠢᠩᠭ᠎ᠠ ᠰᠠᠬᠢᠨ᠂ ︽ᠲᠦᠷᠪᠡᠨ ᠬᠠᠮᠤᠭ ᠤᠨ ᠴᠢᠩᠭ᠎ᠠ︾ ᠪᠠᠶᠢᠬᠤ ᠱᠠᠭᠠᠷᠳᠠᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠶᠢ ᠪᠦᠬᠦ ᠲᠠᠯ᠎ᠡ ᠪᠠᠷ ᠰᠠᠶᠢᠳᠤᠷ ᠠᠳᠬᠤᠨ᠂ ᠢᠳᠡᠭᠡᠨ ᠤ ᠠᠮᠤᠷ ᠲᠦᠪᠰᠢᠨ ᠤ ᠠᠵᠢᠯ ᠢ ᠦᠨᠡᠨ ᠬᠦ ᠴᠢᠩᠭ᠎ᠠ ᠠᠳᠬᠤᠨ ᠪᠤᠳᠠᠳᠠᠢ ᠠᠳᠬᠤᠵᠤ᠂ ᠠᠷᠠᠳ ᠤᠯᠠᠨ ᠤ ᠢᠳᠡᠭᠡᠨ ᠤ ᠵᠦᠢᠯᠡᠰ ᠢ ᠰᠠᠨᠠᠭ᠎ᠠ ᠠᠮᠤᠷ ᠬᠡᠷᠡᠭᠯᠡᠵᠤ ᠰᠢᠮ᠎ᠠ ᠰᠠᠶᠢᠳᠠᠢ ᠢᠳᠡᠭᠡᠨ ᠤ ᠵᠦᠢᠯᠡᠰ ᠢ ᠰᠤᠩᠭᠤᠨ ᠬᠡᠷᠡᠭᠯᠡᠬᠦ ᠶᠢ ᠦᠨᠡᠨ ᠬᠦ ᠪᠠᠳᠤᠯᠠᠬᠤ ᠭᠡᠷᠡᠭᠳᠠᠢ ᠭᠡᠵᠤ ᠴᠢᠬᠤᠯᠠᠴᠢᠯᠠᠪᠠ᠃      ᠬᠤᠷᠠᠯ ᠠᠴᠠ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠨᠡᠬᠦᠷᠡᠰᠤᠨ ᠤ ᠡᠬᠢ ᠪᠠᠶᠠᠯᠢᠭ ᠤᠨ ᠬᠦᠷᠢᠶᠠᠨ ᠳᠠᠬᠢ ᠲᠦᠷᠢᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠴᠡᠪᠡᠷᠯᠡᠬᠦ ᠠᠵᠢᠯ ᠤᠨ ᠪᠠᠶᠢᠳᠠᠯ ᠤᠨ ᠬᠠᠷᠢᠭᠤ ᠮᠠᠳᠡᠬᠦᠯᠦᠯᠳᠠ ᠶᠢ ᠰᠤᠨᠤᠰᠴᠤ᠂ ᠮᠠᠨ ᠤ ᠤᠷᠤᠨ ᠤ ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠭᠰᠡᠡ ᠤᠯᠤᠰ ᠤᠨ ᠲᠡᠰ ᠤᠨ ᠲᠡᠷᠢᠬᠦᠨ ᠤ ᠬᠤᠪᠢ ᠬᠦᠮᠦᠨ᠂ ᠲᠡᠷᠢᠬᠦᠨ ᠤ ᠬᠠᠮᠳᠤ ᠪᠠᠷ ᠲᠡᠪᠰᠢᠬᠦᠯᠦᠨ ᠲᠠᠨᠢᠯᠴᠠᠭᠤᠯᠬᠤ ᠨᠡᠷᠡᠰ ᠵᠡᠷᠭᠡ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号