ᠲᠦᠩᠯᠢᠶᠣᠤ ᠬᠤᠲᠠ ᠬᠥᠬᠡ ᠣᠭᠲᠠᠷᠭᠤᠶ ᠨᠣᠮᠢᠨ ᠤᠰᠤ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠪᠤᠢ
ᠨᠡᠶᠢᠲᠡᠯᠡᠭᠰᠡᠨ ᠴᠠᠭ᠄
2020/8/11
     2020 ᠣᠨ ᠪᠣᠯ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠰᠡᠭᠦᠯ ᠬᠤᠷᠢᠶᠠᠬᠤ ᠵᠢᠯ᠂ ᠰᠢᠯᠭᠠᠨ ᠠᠪᠬᠤ ᠵᠢᠯ ᠪᠣᠯᠤᠨ᠎ᠠ᠂ ᠲᠦᠩᠯᠢᠶᠣᠤ ᠬᠤᠲᠠ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠳᠤ ᠬᠤᠯᠪᠣᠭᠳᠠᠭᠰᠠᠨ ᠬᠥᠬᠡ ᠣᠭᠲᠠᠷᠭᠤᠶ᠂ ᠨᠣᠮᠢᠨ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠡᠯ᠎ᠡ ᠵᠦᠢᠯ ᠤᠨ ᠬᠠᠷᠠᠯᠲᠠᠲᠤ ᠡᠭᠦᠷᠭᠡ ᠲᠠᠢ ᠨᠢᠭᠲᠠ ᠤᠶᠠᠯᠳᠤᠭᠤᠯᠤᠨ᠂ ᠠᠮᠢ ᠠᠬᠤᠶ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠤᠳ ᠢ ᠰᠢᠢᠳᠪᠦᠷᠢᠯᠡᠵᠦ᠂ ᠡᠯ᠎ᠡ ᠵᠦᠢᠯ ᠤᠨ ᠡᠭᠦᠷᠭᠡ ᠶᠢᠨ ᠬᠠᠷᠠᠯᠲᠠ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠪᠠ᠃      ᠬᠥᠬᠡ ᠣᠭᠲᠠᠷᠭᠤᠶ ᠶᠢ ᠬᠠᠮᠠᠭᠠᠯᠠᠬᠤ ᠲᠠᠯ᠎ᠠ ᠪᠠᠷ᠂ ᠭᠤᠤᠯ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠠᠭᠠᠷ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠣᠭᠤᠷᠢᠨ ᠳᠤ᠂ ︽ᠲᠦᠩᠯᠢᠶᠣᠤ ᠬᠤᠲᠠ ᠶᠢᠨ ᠪᠣᠬᠢᠷᠲᠤᠯ ᠶᠡᠬᠡᠲᠡᠶ ᠲᠦᠯᠡᠰᠢ ᠰᠢᠲᠠᠬᠤ ᠶᠢ ᠴᠠᠭᠠᠵᠠᠯᠠᠬᠤ ᠣᠷᠣᠨ ᠢ ᠬᠤᠪᠢᠶᠠᠷᠢᠯᠠᠨ ᠲᠣᠭᠲᠠᠭᠠᠬᠤ ᠲᠥᠰᠦᠯ︾᠎ ᠢ ᠲᠣᠭᠲᠠᠭᠠᠵᠤ᠂ ᠨᠡᠭᠡᠭᠡᠨ ᠬᠥᠭᠵᠢᠭᠦᠯᠬᠦ ᠣᠷᠣᠨ ᠤ ᠬᠡᠰᠡᠭ ᠲᠣᠭᠤᠷᠢᠭ ᠤᠨ ᠨᠠᠭᠦᠷᠡᠰᠦ ᠶᠢ ᠰᠤᠯᠠ ᠰᠢᠲᠠᠭᠠᠬᠤ ᠪᠣᠬᠢᠷᠲᠤᠯ ᠢ ᠰᠡᠷᠭᠡᠶᠢᠯᠡᠨ ᠵᠠᠰᠠᠬᠤ ᠲᠥᠷᠥᠯ ᠵᠦᠢᠯ ᠢ ᠡᠬᠢᠯᠡᠭᠦᠯᠪᠡ︔ ᠪᠦᠬᠦ ᠬᠤᠲᠠ ᠶᠢᠨ ᠴᠧᠩ ᠭᠤᠸᠠᠨ ᠪᠠᠯᠭᠠᠰᠤ ᠵᠢᠴᠢ ᠲᠡᠭᠦᠨ ᠠᠴᠠ ᠳᠡᠭᠡᠭᠰᠢᠬᠢ ᠭᠠᠵᠠᠷ ᠣᠷᠣᠨ ᠤ ᠢᠳᠡᠭᠡᠨ ᠤᠮᠳᠠᠭᠠᠨ ᠤ ᠦᠢᠯᠡᠰ ᠤᠨ ᠤᠲᠤᠭ᠎ᠠ ᠲᠤᠰᠤ ᠶᠢ ᠲᠤᠰᠬᠠᠢ ᠴᠡᠭᠴᠡᠯᠡᠨ ᠵᠠᠰᠠᠬᠤ ᠠᠵᠢᠯ ᠢ ᠡᠬᠢᠯᠡᠭᠦᠯᠪᠡ︔ ᠠᠮᠢᠳᠤ ᠪᠣᠳᠠᠰ ᠤᠨ ᠢᠰᠬᠡᠯᠲᠡ ᠶᠢᠨ ᠠᠵᠢᠯ ᠲᠥᠷᠥᠯ ᠤᠨ ᠬᠠᠴᠢᠨ ᠦᠨᠦᠷ ᠲᠠᠨᠢᠷ ᠢ ᠵᠠᠰᠠᠬᠤ ᠡᠷᠴᠢᠮ ᠢ ᠦᠷᠭᠦᠯᠵᠢᠯᠡᠨ ᠠᠬᠢᠭᠤᠯᠪᠠ︔ ᠭᠤᠤᠯ ᠬᠤᠲᠠ ᠶᠢᠨ ᠲᠣᠭᠤᠷᠢᠭ ᠤᠨ ᠳᠣᠲᠣᠷᠠᠬᠢ ᠪᠠᠷᠢᠯᠭ᠎ᠠ ᠶᠢᠨ ᠭᠠᠵᠠᠷ ᠤᠨ ᠲᠣᠭᠤᠰᠣ ᠳᠡᠭᠳᠡᠬᠦ ᠪᠠ ᠵᠠᠮ ᠤᠨ ᠲᠣᠭᠤᠰᠣ ᠳᠡᠭᠳᠡᠬᠦ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠪᠠ᠃ ᠠᠵᠤ ᠦᠢᠯᠡᠳᠪᠦᠷᠢ ᠶᠢᠨ ᠪᠣᠬᠢᠷᠲᠤᠯ ᠢ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠢ ᠪᠣᠬᠢᠷᠲᠤᠯ ᠲᠠᠢ︾ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠪᠠᠷ ᠨᠢᠭᠡᠨᠲᠡ 94 ᠡᠷᠦᠬᠡ ᠶᠢ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠪᠡ᠃ ᠰᠢᠯᠵᠢᠮᠡᠯ ᠡᠬᠢ ᠰᠤᠷᠪᠤᠯᠵᠢ ᠶᠢᠨ ᠵᠠᠰᠠᠯᠲᠠ ᠶᠢ ᠴᠢᠩᠭᠠᠳᠬᠠᠵᠤ᠂ ᠮᠠᠰᠢᠨᠲᠤ ᠲᠡᠷᠭᠡᠨ ᠤ ᠭᠠᠳᠠᠭᠰᠢᠯᠠᠭᠤᠯᠤᠯᠲᠠ ᠶᠢ ᠬᠢᠨᠠᠨ ᠡᠵᠡᠮᠳᠡᠬᠦ ᠤᠶᠤᠨᠴᠢᠯᠠᠭᠰᠠᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠪᠡ︔ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠢ ᠠᠬᠢᠭᠤᠯᠪᠠ᠃      ᠨᠣᠮᠢᠨ ᠤᠰᠤ ᠶᠢ ᠬᠠᠮᠠᠭᠠᠯᠠᠬᠤ ᠲᠠᠯ᠎ᠠ ᠪᠠᠷ᠂ ᠭᠤᠣᠯ ᠮᠥᠷᠡᠨ ᠤ ᠳᠠᠷᠤᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ 2020 ᠣᠨ ᠤ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠡᠮᠬᠢ ᠵᠠᠮᠪᠠᠷᠠᠭ᠎ᠠ ᠦᠭᠡᠢ︾᠎ ᠶᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠪᠡ︔ ᠪᠠᠷᠠᠭᠤᠨ ᠯᠢᠶᠣᠤ ᠾᠧ ᠭᠤᠤᠯ ᠤᠨ ᠶᠡᠭᠡ ᠬᠥᠭᠦᠷᠭᠡ ᠶᠢᠨ ᠣᠭᠲᠣᠯᠤᠭᠠᠰᠤ ᠶᠢᠨ ᠤᠰᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠰᠢᠨ ᠺᠠᠶ ᠾᠧ ᠭᠤᠤᠯ ᠤᠨ ᠤᠷᠤᠰᠬᠠᠯ ᠤᠨ ᠵᠠᠮ ᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠪᠡ︔ ᠤᠤᠭᠤᠬᠤ ᠤᠰᠤᠨ ᠤ ᠠᠮᠤᠷ ᠲᠦᠪᠰᠢᠨ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠰᠠᠨ ᠢ ᠳᠠᠩ ᠤᠨ ᠤᠰᠤᠨ ᠰᠤᠷᠪᠤᠯᠵᠢ ᠶᠢᠨ ᠭᠠᠵᠠᠷ ᠢ ᠰᠣᠯᠢᠬᠤ ᠢᠨᠵᠧᠨᠧᠷᠢᠩ ᠢ ᠢᠳᠡᠪᠬᠢᠲᠡᠶ ᠠᠬᠢᠭᠤᠯᠵᠤ᠂ 21 ᠬᠡᠰᠡᠭ ︽ᠲᠦᠮᠡᠨ ᠬᠥᠮᠦᠨ ᠮᠢᠩᠭᠠᠨ ᠲᠣᠨ︾ ᠤᠰᠤᠨ ᠰᠤᠷᠪᠤᠯᠵᠢ ᠶᠢᠨ ᠣᠷᠣᠨ ᠤ ᠬᠠᠮᠠᠭᠠᠯᠠᠯᠲᠠ ᠶᠢᠨ ᠣᠷᠣᠨ ᠢ ᠰᠢᠨ᠎ᠡ ᠪᠠᠷ ᠵᠠᠭᠠᠭᠯᠠᠨ ᠲᠣᠭᠲᠠᠭᠠᠭᠰᠠᠨ ᠪᠤᠶᠤ ᠲᠣᠬᠢᠷᠠᠭᠤᠯᠤᠯᠲᠠ ᠬᠢᠪᠡ︔ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠷᠠᠭᠤᠯᠵᠤ᠂ ᠬᠤᠲᠠ ᠶᠢᠨ ᠪᠣᠬᠢᠷ ᠦᠮᠡᠬᠡᠶ ᠤᠰᠤᠨ ᠴᠣᠭᠴᠠ ᠶᠢᠨ ᠪᠣᠶ ᠪᠣᠯᠬᠤ ᠶᠢ ᠦᠷᠭᠦᠯᠵᠢᠯᠡᠨ ᠪᠦᠲᠦᠮᠵᠢᠲᠡᠶ ᠰᠡᠷᠭᠡᠶᠢᠯᠡᠨ ᠵᠠᠰᠠᠪᠠ᠃       ᠴᠡᠪᠡᠷ ᠬᠥᠷᠥᠰᠥ ᠶᠢ ᠬᠠᠮᠠᠭᠠᠯᠠᠬᠤ ᠲᠠᠯ᠎ᠠ ᠪᠠᠷ᠂ ᠠᠶᠤᠯᠲᠠᠶ ᠬᠠᠶᠠᠭᠳᠠᠮᠠᠯ ᠪᠣᠳᠠᠰ ᠢ ᠵᠢᠷᠤᠮᠵᠢᠭᠤᠯᠤᠨ ᠬᠠᠮᠢᠶᠠᠷᠬᠤ ᠶᠢ ᠴᠢᠩᠭᠠᠳᠬᠠᠵᠤ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠠᠮᠤᠷ ᠲᠦᠪᠰᠢᠨ ᠢᠶᠠᠷ ᠰᠢᠢᠳᠪᠦᠷᠢᠯᠡᠬᠦ ᠶᠢ ᠴᠢᠩᠭᠠᠳᠬᠠᠪᠠ︔ ᠲᠠᠷᠢᠮᠠᠯ ᠤᠨ ᠡᠰᠢ ᠰᠦᠢᠷᠡᠯ ᠢ ᠶᠡᠷᠦᠩᠬᠡᠶᠢᠯᠡᠨ ᠠᠰᠢᠭᠯᠠᠬᠤ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠵᠤ ᠠᠰᠢᠭᠯᠠᠬᠤ ᠠᠵᠢᠯᠯᠠᠭ᠎ᠠ᠂ ᠮᠠᠯ ᠵᠢᠭᠦᠷᠲᠡᠨ ᠤ ᠢᠯᠭᠠᠳᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠦᠬᠦᠯᠢ ᠰᠢᠶᠠᠨ ᠢᠶᠠᠷ ᠨᠢ ᠲᠦᠯᠬᠢᠨ ᠠᠬᠢᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠶᠢ ᠯᠠᠪᠳᠠᠭᠤᠨ ᠪᠠᠲᠤᠲᠠᠶ ᠦᠷᠨᠢᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号