ᠥᠪᠥᠷ ᠵᠠᠰᠠᠭ ᠲᠠᠷᠬᠠᠭᠠᠭᠰᠠᠨ ﹇2018﹈ 22 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠠᠭᠤᠯᠭ᠎ᠠ ᠳᠤ ᠵᠠᠰᠠᠪᠤᠷᠢ ᠣᠷᠣᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2020/8/11
                           ᠥᠪᠥᠷ ᠵᠠᠰᠠᠭ ᠲᠠᠷᠬᠠᠭᠠᠭᠰᠠᠨ ﹇2020﹈ 12 ᠳ᠋ᠤᠭᠠᠷ ᠲᠣᠭᠠᠲᠤᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠲᠥᠪ ᠪᠠ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠢ ᠵᠠᠬ᠎ᠠ ᠳᠡᠯᠭᠡᠭᠦᠷᠴᠢᠯᠡᠨ ᠬᠢᠮᠳᠠ ᠪᠠᠷ ᠬᠤᠳᠠᠯᠳᠤᠬᠤ ᠲᠤᠬᠠᠶ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠨᠡᠭᠦᠷᠡᠰᠦᠨ ᠤ ᠡᠬᠢ ᠪᠠᠶᠠᠯᠢᠭ ᠢ ᠵᠠᠬ᠎ᠠ ᠳᠡᠯᠭᠡᠭᠦᠷᠴᠢᠯᠡᠨ ᠬᠢᠮᠳᠠ ᠪᠠᠷ ᠬᠤᠳᠠᠯᠳᠤᠬᠤ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ﹇2018﹈ 22 ᠳ᠋ᠤᠭᠠᠷ ᠲᠣᠭᠠᠲᠤ᠂ ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠤᠨ ᠬᠠᠮᠢᠶ᠎ᠠ ᠪᠥᠬᠦᠶ ᠠᠭᠤᠯᠭ᠎ᠠ ᠳᠤ ᠵᠠᠰᠠᠪᠤᠷᠢ ᠣᠷᠣᠭᠤᠯᠬᠤ ᠶᠢᠨ ᠬᠠᠮᠲᠤ ᠳᠠᠭᠢᠵᠤ ᠨᠡᠶᠢᠲᠡᠯᠡᠬᠦ ᠪᠠᠷ ᠲᠣᠭᠲᠠᠭᠠᠪᠠ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠶ᠎ᠡ᠃      ᠨᠢᠭᠡ᠂ ︽ᠰᠠᠨᠠᠯ︾ ᠤᠨ ︽ᠨᠢᠭᠡ᠂ ᠨᠡᠭᠦᠷᠡᠰᠦᠨ ᠤ ᠠᠭᠤᠷᠬᠠᠶ ᠶᠢᠨ ᠡᠬᠢ ᠪᠠᠶᠠᠯᠢᠭ ᠤᠨ ᠬᠡᠷᠡᠭᠯᠡᠬᠦ ᠡᠷᠬᠡ ᠶᠢ ᠵᠠᠬ᠎ᠠ ᠳᠡᠯᠭᠡᠭᠦᠷ ᠤᠨ ᠠᠷᠭ᠎ᠠ ᠪᠠᠷ ᠬᠢᠮᠳᠠ ᠬᠤᠳᠠᠯᠳᠣᠬᠤ ᠶᠢ ᠬᠡᠷᠩᠵᠢᠭᠦᠯᠣᠨ᠎ᠠ  ︾ ᠳᠠᠬᠢ ︵ᠭᠤᠷᠪᠠ︶ ᠳ᠋ᠤᠭᠠᠷ ᠬᠡᠰᠡᠭ ᠤᠨ ᠳᠣᠲᠣᠷᠠᠬᠢ ︽ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠶᠡᠭᠡ ᠨᠥᠯᠥᠭᠡ ᠦᠵᠡᠭᠦᠯᠭᠦ ᠲᠦᠷᠣᠯ ᠵᠦᠢᠯ ᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠵᠠᠬ᠎ᠠ ᠳᠡᠯᠭᠡᠭᠦᠷ ᠢᠶᠠᠷ ᠬᠢᠮᠳᠠ ᠬᠤᠳᠠᠯᠳᠣᠬᠤ ᠨᠥᠬᠦᠴᠡᠯ ᠢ ᠲᠣᠷᠠᠣᠡᠴᠣ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠣ ᠵᠥᠪᠰᠢᠶᠡᠷᠡᠭᠦᠯᠭᠦ  ᠬᠡᠷᠩᠳᠠᠢ᠃︾ ᠭᠡᠰᠡᠨ ᠥᠭᠦᠯᠡᠯᠲᠡ ᠶᠢ ᠬᠠᠰᠤᠵᠤ ᠬᠠᠶᠠᠪᠠ᠃      ᠬᠤᠶᠠᠷ᠂ ︽ᠰᠠᠨᠠᠯ︾  ᠤᠨ ︽ᠬᠤᠶᠠᠷ᠂ ᠨᠡᠭᠦᠷᠡᠰᠦᠨ ᠤ ᠠᠭᠤᠷᠬᠠᠶ ᠶᠢᠨ ᠡᠬᠢ ᠪᠠᠶᠠᠯᠢᠭ ᠤᠨ ᠬᠡᠷᠡᠭᠯᠡᠬᠦ ᠡᠷᠬᠡ ᠶᠢ ᠢᠯᠭᠠᠷᠠᠭᠤᠯᠤᠨ ᠰᠢᠢᠳᠪᠦᠷᠢᠯᠡᠬᠦ ᠶᠢ ᠲᠦᠷᠭᠡᠣᠡᠭᠡᠨ᠎ᠠ︾ ᠳᠠᠬᠢ ︵ᠳᠣᠯᠤᠭ᠎ᠠ︶  ᠳ᠋ᠤᠭᠠᠷ ᠬᠡᠰᠡᠭ ᠤᠨ ᠳᠣᠲᠣᠷᠠᠬᠢ ︽ᠠᠭᠤᠷᠬᠠᠢ ᠶᠢᠨ ᠬᠤᠳᠳᠤᠭ ᠤᠨ ᠳᠣᠲᠣᠷᠠᠬᠢ ᠲᠣᠬᠢᠷᠠᠭᠤᠯᠣᠭᠠᠳᠣᠢ ᠡᠬᠢ ᠪᠠᠶᠠᠯᠢᠭ ᠤᠨ ᠬᠡᠮᠵᠢᠶ᠎ᠡ ︵ᠦᠪᠡᠷᠳᠡᠭᠡᠨ ᠵᠠᠰᠠᠬᠤ ᠣᠷᠣᠨ ᠤ ᠲᠣᠭᠳᠠᠭᠠᠭᠰᠠᠨ ᠤᠯᠤᠰ ᠤᠨ ᠥᠮᠴᠢᠯᠡᠯᠳᠣ ᠲᠤᠰᠠᠭᠠᠷ ᠪᠡᠯᠨ ᠣᠷᠣᠭᠤᠯᠣᠭᠰᠠᠨ ᠠᠵᠤ ᠠᠬᠤᠶᠢᠯᠠᠯ ᠠᠴᠠ ᠣᠷᠣᠯᠠᠨ ᠡᠵᠡᠮᠰᠢᠵᠣ ᠪᠠᠶᠢᠭ᠎ᠠ ᠡᠬᠢ ᠪᠠᠶᠠᠯᠢᠭ ᠤᠨ ᠬᠡᠮᠵᠢᠶ᠎ᠡ ᠪᠠ ᠢᠯᠭᠠᠷᠠᠭᠤᠯᠵᠣ ᠪᠣᠴᠠᠭᠠᠨ ᠬᠤᠷᠢᠶᠠᠵᠤ ᠠᠪᠤᠭᠰᠠᠨ ᠡᠬᠢ ᠪᠠᠶᠠᠯᠢᠭ ᠤᠨ ᠬᠡᠮᠵᠢᠶ᠎ᠡ ᠪᠠᠭᠳᠠᠨ᠎ᠠ︶ ᠶᠢ ᠪᠣᠯ᠂ ᠡᠬᠢ ᠪᠠᠶᠠᠯᠢᠭ ᠤᠨ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠰᠠᠨᠠᠯ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠣ ᠵᠥᠪᠰᠢᠶᠡᠷᠡᠭᠦᠯᠦᠭᠰᠡᠨ ᠤ ᠲᠠᠷᠠᠭ᠎ᠠ᠂ ᠦᠯᠡᠳᠡᠭᠰᠡᠨ ᠡᠬᠢ ᠪᠠᠶᠠᠯᠢᠭ ᠤᠨ ᠬᠡᠮᠵᠢᠶᠡᠨ ᠤ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠬᠡ ᠶᠢ ᠬᠢᠮᠳᠠ ᠪᠠᠷ ᠬᠤᠳᠠᠯᠳᠣᠬᠤ ᠠᠰᠢᠭ ᠣᠯᠵᠠᠪᠤᠷᠢ ᠪᠠ ᠡᠵᠡᠮᠰᠢᠭᠦ ᠠᠵᠤ ᠠᠬᠤᠶᠢᠯᠠᠯ ᠢ ᠢᠯᠡ ᠪᠠᠷ ᠦᠨ᠎ᠡ ᠬᠠᠶᠠᠯᠴᠠᠨ ᠥᠷᠢᠰᠥᠯᠳᠦᠬᠦ ᠠᠷᠭ᠎ᠠ ᠬᠡᠯᠪᠡᠷᠢ ᠪᠠᠷ ᠲᠣᠭᠲᠠᠭᠠᠵᠤ᠂ ᠠᠳᠠᠯᠢ ᠨᠥᠬᠦᠴᠡᠯ ᠳᠣᠣᠷ᠎ᠠ ᠲᠤᠰ ᠠᠭᠤᠷᠬᠠᠢ ᠶᠢᠨ ᠬᠤᠳᠳᠤᠭ ᠤᠨ ᠭᠤᠣᠯ ᠴᠣᠭᠴᠠᠳᠣ ᠠᠵᠤ ᠠᠬᠤᠶᠢᠯᠠᠯ ᠨᠢ ᠡᠩ ᠳᠡᠷᠢᠭᠦᠨ ᠳᠤ ᠣᠯᠣᠭᠰᠠᠨ ᠪᠠᠶᠢᠬᠤ ᠬᠡᠷᠩᠳᠠᠢ᠃ ᠦᠨ᠎ᠡ ᠬᠠᠶᠠᠯᠴᠠᠨ ᠥᠷᠢᠰᠥᠯᠳᠦᠭᠰᠡᠨ ᠦᠷ᠎ᠡ ᠳ᠋ᠦᠩ ᠵᠢᠴᠢ ᠬᠠᠮᠢᠶ᠎ᠠ ᠪᠥᠬᠦᠢ ᠮᠠᠲ᠋ᠧᠷᠢᠶᠠᠯ ᠢ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠶ᠃︾ ᠭᠡᠰᠡᠨ ᠥᠭᠦᠯᠡᠯᠲᠡ ᠶᠢ ᠬᠠᠰᠤᠵᠤ ᠬᠠᠶᠠᠪᠠ᠃      ᠭᠤᠷᠪᠠ᠂ ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠡᠷᠡᠭᠵᠢᠭᠦᠯᠬᠦ ᠶᠠᠪᠤᠴᠠ ᠳᠤ ᠬᠡᠷᠪᠡ ᠠᠰᠠᠭᠤᠳᠠᠯ ᠲᠠᠢ ᠪᠣᠯ ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠬᠠᠷᠢᠭᠤᠴᠠᠨ ᠲᠠᠶᠢᠯᠪᠤᠷᠢᠯᠠᠨ᠎ᠠ᠃                                      2020 ᠣᠨ ᠤ 7 ᠳ᠋ᠤᠭᠠᠷ ᠰᠠᠷ᠎ᠠ ᠶᠢᠨ 22 ᠤᠨ ᠡᠳᠦᠷ                                       ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶             ᠨᠡᠭᠦᠷᠡᠰᠦᠨ ᠤ ᠡᠬᠢ ᠪᠠᠶᠠᠯᠢᠭ ᠢ ᠵᠠᠬ᠎ᠠ ᠳᠡᠯᠭᠡᠭᠦᠷᠴᠢᠯᠡᠨ ᠬᠢᠮᠳᠠ ᠪᠠᠷ             ᠬᠤᠳᠠᠯᠳᠣᠬᠤ ᠶᠢ ᠪᠦᠬᠦ ᠲᠠᠯ᠎ᠠ ᠪᠠᠷ ᠬᠡᠷᠡᠭᠵᠢᠭᠦᠯᠭᠦ ᠲᠣᠬᠠᠢ ᠥᠪᠥᠷ ᠮᠣᠩᠭᠤᠯ ᠤᠨ             ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ      ᠲᠣᠮᠳᠠᠳᠣ ᠣᠯᠣᠰ ᠤᠨ ᠡᠪ ᠬᠠᠮᠳᠣ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ︽︿ᠠᠭᠤᠷᠬᠠᠢ ᠶᠢᠨ ᠡᠭᠢ ᠪᠠᠶᠠᠯᠢᠭ ᠤᠨ ᠬᠡᠷᠩᠯᠡᠭᠦ ᠡᠷᠭᠡ ᠶᠢ ᠬᠢᠮᠳᠠ ᠪᠠᠷ ᠬᠤᠳᠠᠯᠳᠣᠬᠤ ᠲᠦᠷᠢᠮ ᠤᠨ ᠥᠭᠡᠷᠡᠴᠢᠯᠡᠯᠲᠡ ᠶᠢᠨ ᠲᠥᠰᠦᠯ﹀ ᠢ ᠳᠠᠷᠤᠮᠠᠯᠯᠠᠨ ᠶᠠᠪᠣᠭᠤᠯᠬᠤ ᠲᠤᠬᠠᠶ ᠮᠡᠳᠡᠭᠳᠡᠯ︾ ︵ᠲᠢᠩᠬᠢᠮ ᠥᠰᠥᠭ ﹇2017﹈ 12 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠣᠭᠤᠰᠢᠯᠠᠭᠤᠯᠣᠨ ᠨᠠᠶᠢᠳᠠᠪᠣᠷᠢᠵᠢᠭᠤᠯᠵᠣ᠂ ᠨᠡᠭᠦᠷᠡᠰᠦᠨ ᠤ ᠡᠬᠢ ᠪᠠᠶᠠᠯᠢᠭ ᠤᠨ ᠲᠣᠬᠢᠷᠠᠭᠤᠯᠭ᠎ᠠ ᠳᠤ ᠲᠤᠯᠭᠠᠷᠠᠵᠤ ᠪᠠᠶᠢᠭ᠎ᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ᠂ ᠨᠡᠭᠡᠭᠡᠯᠳᠠ ᠶᠢᠨ ᠭᠦᠴᠣᠯᠠᠴᠨ ᠪᠣᠯᠤᠨ ᠣᠷᠴᠢᠨ ᠲᠣᠭᠤᠷᠢᠨ ᠤ ᠪᠠᠭᠲᠠᠭᠠᠮᠵᠢ ᠵᠡᠷᠭᠡ ᠲᠠᠯ᠎ᠠ ᠪᠠᠷ ᠬᠢ ᠰᠢᠨ᠎ᠡ ᠪᠠᠶᠢᠳᠠᠯ ᠪᠠ ᠰᠢᠨ᠎ᠡ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠦ᠂ ᠡᠬᠢ ᠪᠠᠶᠠᠯᠢᠭ ᠤᠨ ᠲᠣᠬᠢᠷᠠᠭᠤᠯᠭ᠎ᠠ ᠳᠤ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠬᠤ ᠪᠠ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠨᠡᠭᠦᠷᠡᠰᠦᠨ ᠤ ᠠᠵᠤ ᠦᠢᠯᠡᠰ ᠤᠨ ᠴᠢᠨᠠᠷ ᠰᠠᠶᠢᠲᠠᠶ ᠪᠠᠷ ᠬᠥᠭᠵᠢᠭᠦ ᠶᠢ ᠠᠬᠢᠭᠤᠯᠬᠤ ᠶᠢᠨ ᠲᠣᠰᠠᠳᠠ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠨᠡᠭᠦᠷᠡᠰᠦᠨ ᠤ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠬᠡ ᠶᠢ ᠵᠠᠬ᠎ᠠ ᠳᠡᠯᠭᠡᠭᠦᠷ ᠤᠨ ᠠᠷᠭ᠎ᠠ ᠪᠠᠷ ᠬᠢᠮᠳᠠ ᠬᠤᠳᠠᠯᠳᠣᠬᠤ ᠶᠢ ᠬᠡᠷᠩᠵᠢᠭᠦᠯᠣᠨ᠎ᠠ      ︵ᠨᠢᠭᠡ︶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠭᠰᠠᠨ ᠬᠠᠶᠢᠨ ᠰᠢᠨᠵᠢᠵᠦ ᠨᠡᠭᠡᠭᠡᠨ ᠮᠠᠯᠲᠠᠬᠤ ᠶᠢ ᠨᠢ ᠣᠨᠴᠨ ᠲᠣᠭᠳᠠᠭᠠᠭᠰᠠᠨ ᠭᠤᠣᠯ ᠴᠣᠭᠴᠠ ᠪᠠ ᠭᠤᠣᠯᠳᠠᠯᠭ᠎ᠠ ᠲᠠᠢ ᠪᠦᠳᠦᠭᠡᠨ ᠪᠠᠶᠢᠭᠤᠯᠬᠤ ᠶᠢ ᠨᠢ ᠵᠦᠪᠰᠢᠶᠡᠷᠡᠭᠰᠠᠨ ᠲᠦᠷᠣᠯ ᠵᠦᠢᠯ ᠳᠤ ᠨᠠᠶᠢᠴᠡᠭᠦ ᠵᠢᠴᠢ ᠲᠤᠮᠤ ᠳᠤᠮᠳᠠ ᠬᠡᠯᠪᠡᠷᠢ ᠶᠢᠨ ᠨᠡᠭᠦᠷᠡᠰᠦᠨ ᠠᠭᠤᠷᠬᠠᠶ ᠳᠤ ᠠᠭᠤᠷᠬᠠᠶ ᠮᠠᠯᠲᠠᠬᠤ ᠡᠷᠬᠡ ᠶᠢᠨ ᠠᠭᠤᠷᠬᠠᠢ ᠶᠢᠨ ᠡᠭᠢ ᠪᠠᠶᠠᠯᠢᠭ ᠤᠨ ᠬᠡᠷᠩᠯᠡᠭᠦ ᠡᠷᠭᠡ ᠶᠢ ᠨᠢ ᠭᠦᠨᠵᠡᠭᠡᠶᠢᠷᠠᠭᠦᠯᠣᠨ ᠲᠣᠭᠳᠠᠭᠠᠭᠰᠠᠨ ᠪᠠᠶᠢᠪᠠᠯ᠂ ᠵᠦᠪᠯᠡᠯᠴᠡᠬᠡᠷ ᠬᠢᠭᠦ ᠠᠷᠭ᠎ᠠ ᠪᠠᠷ ᠬᠢᠮᠳᠠ ᠬᠤᠳᠠᠯᠳᠣᠵᠣ ᠪᠣᠯᠣᠨ᠎ᠠ᠃ ᠪᠣᠳᠠᠳᠠᠢ ᠠᠵᠢᠯ ᠤᠨ ᠬᠤᠪᠢ ᠳᠤ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠣᠨ ᠵᠥᠪᠰᠢᠶᠡᠷᠡᠭᠦᠯᠵᠣ᠂ ᠬᠠᠮᠲᠤ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠬᠢᠮᠳᠠ ᠪᠠᠷ ᠬᠤᠳᠠᠯᠳᠣᠭᠰᠠᠨ ᠠᠰᠢᠭ ᠣᠯᠵᠠᠪᠤᠷᠢ ᠶᠢ ᠦᠨᠡᠯᠡᠨ ᠵᠢᠱᠢᠬᠦ᠂ ᠦᠷ᠎ᠡ ᠳ᠋ᠦᠩ ᠢ ᠨᠢ ᠢᠯᠨ ᠨᠡᠶᠢᠲᠡᠯᠡᠬᠦ ᠶᠢ ᠬᠡᠷᠩᠵᠢᠭᠦᠯᠣᠨ᠎ᠠ᠃      ︵ᠬᠤᠶᠠᠷ︶ ᠵᠦᠪᠯᠡᠯᠴᠡᠭᠡᠷ ᠢᠶᠠᠷ ᠬᠢᠮᠳᠠ ᠬᠤᠳᠠᠯᠳᠣᠬᠤ ᠪᠠᠶᠢᠳᠠᠯ ᠠᠴᠠ ᠭᠠᠳᠠᠨ᠎ᠠ ᠰᠢᠨ᠎ᠠ ᠪᠠᠷ ᠪᠠᠶᠢᠭᠤᠯᠬᠤ ᠨᠡᠭᠦᠷᠠᠰᠣᠨ ᠤ ᠠᠭᠤᠷᠬᠠᠢ ᠶᠢᠨ ᠡᠭᠢ ᠪᠠᠶᠠᠯᠢᠭ ᠤᠨ ᠬᠡᠷᠩᠯᠡᠭᠦ ᠡᠷᠭᠡ ᠳᠤ ᠳᠠᠭᠠᠭᠠᠴᠢᠯᠠᠯᠲᠠ ᠵᠠᠷᠯᠠᠬᠤ᠂ ᠦᠨ᠎ᠡ ᠬᠠᠶᠠᠯᠴᠠᠨ ᠬᠤᠳᠠᠯᠳᠤᠬᠤ᠂ ᠦᠨ᠎ᠠ ᠬᠠᠳᠠᠵᠣ ᠬᠤᠳᠠᠯᠳᠣᠬᠤ ᠵᠡᠷᠭᠡ ᠥᠷᠢᠰᠥᠯᠳᠦᠭᠦᠯᠬᠦ ᠠᠷᠭ᠎ᠠ ᠮᠠᠶ᠋ᠢᠭ ᠢᠶᠠᠷ ᠬᠢᠮᠳᠠ ᠬᠤᠳᠠᠯᠳᠤᠬᠤ ︵ᠲᠣᠷᠣᠭᠰᠢ ᠵᠠᠬ᠎ᠠ ᠳᠠᠯᠭᠡᠭᠦᠷ ᠢᠶᠠᠷ ᠬᠢᠮᠳᠠ ᠬᠤᠳᠠᠯᠳᠣᠬᠤ ᠭᠡᠵᠣ ᠲᠣᠪᠴᠢᠯᠠᠨ᠎ᠠ︶ ᠶᠢ ᠪᠦᠭᠦ ᠳᠠᠯ᠎ᠠ ᠪᠠᠷ ᠬᠡᠷᠩᠵᠢᠭᠦᠯᠣᠨ᠎ᠠ᠂ ᠦᠪᠡᠷᠳᠡᠭᠡᠨ ᠵᠠᠰᠠᠬᠤ ᠣᠷᠣᠨ ᠤ ᠠᠷᠠᠣᠨ ᠤᠨ ᠵᠠᠰᠠᠭ ᠤᠨ ᠣᠷᠳᠣᠨ ᠠᠴᠠ ᠰᠢᠨ᠎ᠡ ᠪᠠᠷ ᠪᠠᠶᠢᠭᠤᠯᠬᠤ ᠠᠭᠤᠷᠬᠠᠢ ᠶᠢᠨ ᠬᠤᠳᠳᠤᠭ ᠤᠨ ᠨᠡᠭᠦᠷᠡᠰᠦᠨ ᠤ ᠡᠬᠢ ᠪᠠᠶᠠᠯᠢᠭ ᠢ ᠲᠣᠬᠢᠷᠠᠭᠤᠯᠬᠤ ᠣᠴᠢᠷ ᠶᠠᠪᠤᠳᠠᠯ ᠢ ᠳᠠᠬᠢᠨ ᠰᠣᠳᠣᠯᠣᠨ ᠶᠠᠷᠢᠯᠴᠠᠬᠤ ᠦᠭᠡᠢ᠃ 2018 ᠣᠨ ᠤ 12 ᠳ᠋ᠣᠭᠠᠷ ᠰᠠᠷ᠎ᠠ ᠶᠢᠨ 31 ᠤ ᠡᠳᠣᠷ ᠠᠴᠠ ᠡᠮᠦᠨ᠎ᠡ᠂ ᠠᠵᠤ ᠠᠬᠤᠶᠢᠯᠠᠯ ᠨᠢ ᠠᠮᠠᠯᠠᠭᠰᠠᠨ ᠶᠣᠰᠣᠭᠠᠷ ᠣᠯᠠᠷᠢᠭᠤᠯᠬᠤ ᠲᠦᠷᠣᠯ ᠵᠦᠢᠯ ᠳᠤ ᠬᠡᠷᠩᠰᠡᠭᠦ ᠡᠬᠢ ᠪᠠᠶᠠᠯᠢᠭ ᠤᠨ ᠲᠣᠬᠢᠷᠠᠭᠤᠯᠣᠯᠳᠠ ᠶᠢ ᠨᠢᠭᠡᠨᠲᠡ ᠨᠠᠶᠢᠳᠠᠪᠤᠷᠢᠵᠢᠭᠤᠯᠣᠭᠰᠠᠨ ᠪᠤᠶᠤ ᠲᠦᠷᠣᠯ ᠵᠦᠢᠯ ᠢᠶᠠᠨ ᠪᠤᠰᠤᠳ ᠠᠭᠤᠷᠬᠠᠢ ᠶᠢᠨ ᠬᠤᠳᠳᠤᠭ ᠤᠨ ᠲᠣᠬᠢᠷᠠᠭᠤᠯᠤᠯᠳᠠ ᠳᠤ ᠬᠤᠪᠢᠷᠠᠭᠠᠭᠰᠠᠨ ᠪᠠᠶᠢᠪᠠᠯ᠂ ᠣᠯᠠᠷᠢᠭᠤᠯᠬᠤ ᠲᠦᠷᠣᠯ ᠵᠦᠢᠯ ᠤᠨ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠣ ᠰᠤᠳᠤᠯᠤᠨ ᠲᠣᠭᠲᠠᠭᠠᠯᠭᠠᠬᠤ ᠬᠡᠷᠡᠭᠲᠡᠶ᠃      ︵ᠭᠤᠷᠪᠠ︶ ᠪᠦᠷᠢᠨ ᠣᠭᠰᠠᠷᠠᠵᠣ ᠲᠣᠨᠣᠭᠯᠠᠭᠰᠠᠨ ᠠᠭᠤᠷᠬᠠᠢ ᠶᠢᠨ ᠬᠤᠳᠳᠤᠭ ᠤᠨ ᠨᠡᠭᠦᠷᠡᠰᠦᠨ ᠤ ᠠᠭᠤᠷᠬᠠᠶ ᠶᠢᠨ ᠡᠭᠢ ᠪᠠᠶᠠᠯᠢᠭ ᠤᠨ ᠬᠡᠷᠩᠯᠡᠭᠦ ᠡᠷᠭᠡ ᠶᠢ ᠵᠠᠬ᠎ᠠ ᠳᠡᠯᠭᠡᠭᠦᠷᠴᠢᠯᠠᠨ ᠬᠢᠮᠳᠠ ᠬᠤᠳᠠᠯᠳᠣᠬᠤ ᠶᠢ ᠨᠢ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠤᠷᠲᠤᠪᠲᠤᠷ ᠪᠠ ᠤᠷᠳᠤ ᠬᠤᠭᠤᠴᠠᠭᠠᠨ ᠤ ᠲᠥᠯᠥᠪᠵᠢᠭᠦᠯᠭᠡ ᠳᠤ ᠵᠢᠭᠰᠠᠭᠠᠨ ᠣᠷᠣᠭᠤᠯᠵᠣ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ  ᠲᠤᠭᠤᠷᠢᠨ᠂ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠳᠤ ᠨᠠᠶᠢᠴᠡᠭᠦᠯᠵᠣ᠂ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠬᠡ ᠶᠢ ᠬᠢᠮᠳᠠ ᠪᠠᠷ ᠬᠤᠳᠠᠯᠳᠤᠬᠤ ᠶᠢᠨ ᠬᠤᠯᠪᠣᠭᠳᠠᠯ ᠪᠦᠬᠦᠢ ᠲᠣᠭᠲᠠᠭᠠᠯ ᠳᠤ ᠨᠠᠶᠢᠴᠡᠭᠦᠯᠣᠭ᠍ᠰᠡᠨ ᠪᠠᠶᠢᠬᠤ ᠬᠡᠷᠩᠳᠠᠢ᠃ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠶᠤᠴᠢᠯᠠᠯ ᠭᠠᠷᠭᠠᠵᠣ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠣᠨ ᠵᠥᠪᠰᠢᠶᠡᠷᠡᠭᠦᠯᠦᠭᠰᠡᠨ ᠤ ᠲᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠭᠤᠷᠬᠠᠢ ᠶᠢᠨ ᠡᠬᠢ ᠪᠠᠶᠠᠯᠢᠭ ᠤᠨ ᠬᠡᠷᠩᠯᠡᠭᠦ ᠡᠷᠭᠡ ᠶᠢᠨ ᠠᠷᠠᠯᠵᠢᠶᠠᠨ ᠤ ᠲᠠᠪᠴᠠᠩ ᠳᠤ ᠨᠠᠶᠢᠳᠠᠵᠤ ᠢᠯᠡ ᠪᠠᠷ ᠵᠠᠬ᠎ᠠ ᠳᠡᠯᠭᠡᠭᠦᠷ ᠪᠠᠷ ᠬᠢᠮᠳᠠ ᠬᠤᠳᠠᠯᠳᠣᠨ᠎ᠠ᠃      ︵ᠲᠦᠷᠪᠡ︶ ᠨᠢᠭᠡᠨᠳᠠ ᠪᠠᠶᠢᠭ᠎ᠠ ᠨᠡᠭᠦᠷᠡᠰᠣᠨ ᠤ ᠠᠭᠤᠷᠬᠠᠢ ᠶᠢᠨ ᠡᠬᠢ ᠪᠠᠶᠠᠯᠢᠭ ᠤᠨ ᠬᠡᠷᠩᠯᠡᠭᠦ ᠡᠷᠭᠡ ᠪᠣᠶᠣ ᠠᠭᠤᠷᠬᠠᠢ ᠶᠢᠨ ᠣᠷᠣᠨ ᠤ ᠬᠦᠷᠢᠶ᠎ᠡ ᠬᠡᠪᠴᠢᠶ᠎ᠠ ᠶᠢ ᠬᠤᠪᠢᠶᠠᠷᠢᠯᠠᠨ ᠲᠣᠭᠳᠠᠭᠠᠬᠤ ᠳᠤ ᠦᠢᠷ᠎ᠠ ᠬᠠᠪᠢ ᠳᠤ ᠨᠢ ᠪᠣᠢ ᠪᠣᠯᠣᠭᠰᠠᠨ ᠠᠭᠤᠷᠬᠠᠢ ᠮᠠᠯᠳᠠᠬᠤ ᠡᠷᠭᠡ ᠶᠢ ᠠᠰᠲᠠᠭᠠᠨ ᠲᠣᠬᠢᠷᠠᠭᠤᠯᠵᠣ ᠪᠣᠯᠬᠤ ᠦᠭᠡᠢ ᠵᠠᠬ᠎ᠠ ᠰᠡᠵᠢᠭᠦᠷ ᠤᠨ ᠡᠬᠢ ᠪᠠᠶᠠᠯᠢᠭ ᠢ ᠵᠠᠬ᠎ᠠ ᠳᠡᠯᠭᠡᠭᠦᠷ ᠢᠶᠠᠷ ᠬᠢᠮᠳᠠ ᠬᠤᠳᠠᠯᠳᠣᠬᠤ ᠳᠤ᠂ ᠠᠭᠤᠷᠬᠠᠢ ᠶᠢᠨ ᠡᠬᠢ ᠪᠠᠶᠠᠯᠢᠭ ᠤᠨ ᠬᠡᠷᠩᠯᠡᠭᠦ ᠡᠷᠭᠡ ᠶᠢᠨ ᠲᠣᠬᠢᠷᠠᠭᠤᠯᠣᠯᠳᠠ ᠶᠢᠨ ᠣᠷᠣᠨ ᠬᠤᠪᠢᠶᠠᠷᠢᠯᠠᠬᠤ ᠲᠦᠰᠣᠯ ᠳᠤ ᠨᠠᠶᠢᠴᠡᠭᠦᠯᠵᠣ᠂ ᠲᠣᠭᠲᠠᠭᠠᠭᠰᠠᠨ ᠨᠡᠭᠦᠷᠡᠰᠦᠨ ᠠᠭᠤᠷᠬᠠᠶ ᠶᠢᠨ ᠭᠤᠣᠯ ᠴᠣᠭᠴᠠ ᠯᠤᠭ᠎ᠠ ᠡᠮᠬᠢᠯᠡᠨ ᠨᠡᠶᠢᠯᠡᠭᠦᠯᠵᠦ ᠨᠢᠭᠡᠳᠦᠯᠲᠡᠶ ᠨᠡᠭᠡᠭᠡᠨ ᠮᠠᠯᠲᠠᠬᠤ ᠬᠡᠷᠩᠳᠠᠢ᠃ ᠨᠡᠭᠦᠷᠡᠰᠦᠨ ᠤ ᠵᠠᠬ᠎ᠠ ᠰᠡᠵᠢᠭᠦᠷ ᠤᠨ ᠡᠬᠢ ᠪᠠᠶᠠᠯᠢᠭ ᠢ ᠵᠠᠬ᠎ᠠ ᠳᠡᠯᠭᠡᠭᠦᠷ ᠢᠶᠠᠷ ᠬᠢᠮᠳᠠ ᠬᠤᠳᠠᠯᠳᠣᠬᠤ ᠳᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠣᠨ ᠵᠥᠪᠰᠢᠶᠡᠷᠡᠭᠦᠯᠣᠭ᠍ᠰᠡᠨ ᠤ ᠲᠡᠷᠠᠭ᠎ᠠ᠂ ᠡᠬᠢ ᠪᠠᠶᠠᠯᠢᠭ ᠤᠨ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ ᠨᠠᠶᠢᠳᠠᠵᠣ ᠵᠣᠬᠢᠶᠠᠨ ᠪᠠᠶᠢᠭᠤᠯᠣᠨ ᠬᠡᠷᠡᠭᠵᠢᠭᠦᠯᠣᠨ᠎ᠠ᠃      ︵ᠲᠠᠪᠤ︶ ᠨᠡᠭᠦᠷᠡᠰᠦᠨ ᠤ ᠠᠭᠤᠷᠬᠠᠶ ᠬᠠᠶᠢᠬᠤ ᠡᠷᠬᠡ ᠶᠢ ᠰᠢᠯᠵᠢᠭᠦᠯᠣᠨ ᠥᠭᠬᠦ ᠪᠠᠷ ᠭᠤᠶᠣᠴᠢᠯᠠᠬᠤ ᠪᠤᠶᠤ ᠠᠭᠤᠷᠬᠠᠶ ᠮᠠᠯᠲᠠᠬᠤ ᠡᠷᠭᠡ ᠪᠣᠯᠭᠠᠨ ᠬᠤᠪᠢᠷᠠᠭᠤᠯᠬᠤ ᠳᠤ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠤᠷᠲᠤᠪᠲᠤᠷ ᠪᠠ ᠤᠷᠳᠤ ᠬᠤᠭᠤᠴᠠᠭᠠᠨ ᠤ ᠲᠥᠯᠥᠪᠵᠢᠭᠦᠯᠭᠡ᠂ ᠠᠮᠢ ᠠᠬᠤᠶ ᠣᠷᠴᠢᠨ ᠲᠤᠭᠤᠷᠢᠨ ᠪᠠ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠳᠤ ᠨᠠᠶᠢᠴᠡᠭᠦᠯᠵᠣ᠂ ᠠᠭᠤᠷᠬᠠᠶ ᠶᠢᠨ ᠣᠷᠣᠨ ᠤ ᠶᠡᠷᠦᠩᠬᠡᠶ ᠲᠥᠯᠥᠪᠵᠢᠭᠦᠯᠭᠡ ᠪᠠ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠬᠡ ᠶᠢᠨ ᠲᠣᠬᠢᠷᠠᠭᠤᠯᠣᠯᠳᠠ ᠶᠢᠨ ᠣᠷᠣᠨ ᠬᠤᠪᠢᠶᠠᠷᠢᠯᠠᠬᠤ ᠲᠥᠰᠦᠯ ᠳᠤ ᠨᠠᠶᠢᠴᠡᠭᠦᠯᠣᠭ᠍ᠰᠡᠨ ᠪᠠᠶᠢᠬᠤ ᠬᠡᠷᠡᠭᠲᠡᠶ᠃ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠣ ᠵᠥᠪᠰᠢᠶᠡᠷᠡᠭᠦᠯᠦᠭᠰᠡᠨ ᠤ ᠲᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠮᠢᠶ᠎ᠠ ᠪᠦᠬᠦᠢ ᠭᠠᠷᠳᠠᠮ ᠢ ᠨᠢ ᠭᠦᠢᠴᠡᠣᠡᠭᠡᠵᠣ ᠦᠭᠭᠦᠨ᠎ᠠ᠃      ᠬᠤᠶᠠᠷ᠂ ᠨᠡᠭᠦᠷᠡᠰᠦᠨ ᠤ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠬᠡ ᠶᠢ ᠢᠯᠭᠠᠷᠠᠭᠤᠯᠤᠨ ᠰᠢᠢᠳᠪᠦᠷᠢᠯᠡᠬᠦ ᠶᠢ ᠲᠦᠷᠭᠡᠣᠡᠭᠡᠨ᠎ᠠ      ︵ᠵᠢᠷᠭᠤᠭ᠎ᠠ︶ ᠬᠤᠯᠪᠣᠭᠳᠠᠯ ᠪᠥᠬᠦᠢ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠢ ︽ᠨᠡᠭᠦᠷᠡᠰᠦᠨ ᠤ ᠡᠬᠢ ᠪᠠᠶᠠᠯᠢᠭ ᠤᠨ ᠲᠣᠬᠢᠷᠠᠭᠤᠯᠣᠯᠳᠠ ᠶᠢᠨ ᠢᠯᠭᠠᠷᠠᠭᠤᠯᠣᠨ ᠴᠡᠭᠴᠡᠯᠡᠭᠦ ᠠᠵᠢᠯ ᠤᠨ ᠲᠥᠰᠦᠯ ᠢ ᠳᠠᠷᠤᠮᠠᠯᠯᠠᠨ ᠶᠠᠪᠣᠭᠤᠯᠬᠤ ᠲᠤᠬᠠᠶ ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ  ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2014﹈ 79 ᠳ᠋ᠤᠭᠡᠷ ᠲᠣᠭᠠᠳᠣ︶ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠣᠷᠢᠵᠢᠭᠤᠯᠵᠣ᠂ ᠣᠷᠢᠣᠨ ᠢᠶᠠᠷ ᠣᠯᠣᠭᠰᠠᠨ ᠠᠭᠤᠷᠬᠠᠶ ᠬᠠᠶᠢᠬᠤ ᠡᠷᠭᠡᠨ ᠳᠣᠲᠣᠷ᠎ᠠ ᠡᠬᠢ ᠪᠠᠶᠠᠯᠢᠭ ᠲᠣᠬᠢᠷᠠᠭᠤᠯᠬᠤ ᠪᠠᠷ ᠭᠤᠶᠣᠴᠢᠯᠠᠭᠰᠠᠨ ᠪᠠᠶᠢᠳᠠᠯ᠂ ᠡᠬᠢ ᠪᠠᠶᠠᠯᠢᠭ ᠲᠣᠬᠢᠷᠠᠭᠤᠯᠬᠤ ᠪᠠᠷ ᠵᠦᠪᠰᠢᠶᠡᠷᠡᠭᠦᠯᠵᠣ ᠣᠯᠤᠭᠰᠠᠨ ᠠᠭᠤᠷᠬᠠᠶ ᠬᠠᠶᠢᠬᠤ ᠡᠷᠬᠡ ᠪᠠ ᠠᠭᠤᠷᠬᠠᠶ ᠮᠠᠯᠲᠠᠬᠤ ᠡᠷᠭᠡᠨ ᠳᠠᠬᠢ ᠲᠣᠬᠢᠷᠠᠭᠤᠯᠬᠤ ᠲᠥᠷᠥᠯ ᠵᠦᠢᠯ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠦᠭᠦ ᠳᠠᠯ᠎ᠠ ᠪᠠᠷ ᠢᠯᠭᠠᠷᠠᠭᠤᠯᠬᠤ ᠬᠡᠷᠩᠳᠠᠢ᠃ 2018 ᠣᠨ ᠤ 9 ᠳ᠋ᠣᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠯ᠎ᠡ ᠭᠠᠵᠠᠷ ᠤᠨ ᠬᠢᠨ ᠢᠯᠭᠠᠷᠠᠭᠤᠯᠣᠭᠰᠠᠨ ᠦᠷ᠎ᠡ ᠳ᠋ᠦᠩ ᠢᠶᠠᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠪᠠ ᠮᠡᠳᠡᠭᠡ ᠵᠠᠩᠬᠢᠴᠢᠯᠠᠯᠳᠠ ᠶᠢᠨ ᠵᠥᠪᠯᠡᠯ ᠳᠤ ᠮᠡᠳᠡᠭᠦᠯᠣᠨ ᠬᠢᠨᠠᠨ ᠬᠠᠷᠭᠤᠭᠤᠯᠵᠣ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠨᠣᠳᠠᠯᠠᠭᠤᠯᠣᠭᠰᠠᠨ ᠤ ᠳᠠᠷᠠᠭ᠎ᠠ᠂ ᠣᠯᠠᠷᠢᠭᠤᠯᠬᠤ ᠶᠢ ᠦᠯᠣ ᠨᠠᠶᠢᠳᠠᠪᠣᠷᠢᠵᠢᠭᠤᠯᠣᠭᠰᠠᠨ ᠲᠦᠷᠣᠯ ᠵᠦᠢᠯ ᠲᠠᠢ ᠵᠣᠬᠢᠴᠠᠯᠳᠣᠭᠰᠠᠨ ᠡᠬᠢ ᠪᠠᠶᠠᠯᠢᠭ ᠤᠨ ᠬᠡᠮᠵᠢᠶ᠎ᠡ ᠶᠢ ᠡᠬᠢ ᠪᠠᠶᠠᠯᠢᠭ ᠤᠨ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠪᠣᠴᠠᠭᠠᠵᠣ ᠬᠤᠷᠢᠶᠠᠨ ᠠᠪᠬᠤ ᠶᠢ ᠬᠠᠷᠢᠭᠤᠴᠠᠨ᠎ᠠ᠃      2018 ᠣᠨ ᠤ ᠵᠢᠯ ᠤᠨ ᠰᠡᠭᠦᠯᠴᠢ ᠠᠴᠠ ᠡᠮᠦᠨ᠎ᠡ ᠨᠡᠭᠦᠷᠡᠰᠦᠨ ᠤ ᠡᠬᠢ ᠪᠠᠶᠠᠯᠢᠭ ᠲᠣᠬᠢᠷᠠᠭᠤᠯᠬᠤ ᠨᠥᠬᠦᠴᠡᠯ ᠳᠤ ᠨᠠᠶᠢᠴᠡᠭᠰᠨᠨ ᠪᠠᠶᠢᠪᠡᠯ᠂ ᠬᠤᠯᠪᠣᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠢ ᠠᠵᠤ ᠠᠬᠤᠶᠢᠯᠠᠯ ᠢ ᠰᠢᠮᠳᠠᠭᠤᠯᠵᠣ ᠪᠠᠶᠢᠭᠠᠣᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠨᠢ ᠲᠦᠷᠭᠡᠳᠬᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠶ ᠳᠤ ᠨᠢ ᠮᠡᠳᠡᠭᠦᠯᠵᠣ ᠲᠣᠬᠢᠷᠠᠭᠤᠯᠬᠤ ᠳᠡᠰ ᠳᠡᠷᠠᠭᠠᠯᠠᠯ ᠢ ᠨᠢ ᠭᠦᠢᠴᠡᠳᠬᠡᠬᠦ ᠬᠡᠷᠡᠭᠲᠡᠶ᠃ 2019 ᠣᠨ ᠤ 1 ᠳ᠋ᠣᠭᠡᠷ ᠰᠠᠷ᠎ᠠ ᠶᠢᠨ 1 ᠤ ᠡᠳᠣᠷ ᠠᠴᠠ ᠡᠬᠢᠯᠡᠨ᠂ ᠵᠠᠰᠠᠭ ᠤᠨ ᠣᠷᠳᠣᠨ ᠠᠴᠠ ᠨᠡᠭᠦᠷᠡᠰᠦᠨ ᠤ ᠡᠬᠢ ᠪᠠᠶᠠᠯᠢᠭ ᠲᠣᠬᠢᠷᠠᠭᠤᠯᠬᠤ ᠣᠴᠢᠷ ᠶᠠᠪᠣᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠠᠬᠢᠨ ᠶᠠᠷᠢᠯᠴᠠᠬᠤ ᠦᠭᠡᠢ᠃ ᠬᠤᠯᠪᠣᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠢ ᠣᠯᠣᠰ ᠠᠴᠠ ᠵᠦᠪᠰᠢᠶᠡᠷᠡᠭᠰᠠᠨ ᠴᠠᠬᠢᠯᠭᠠᠨ ᠭᠠᠳᠠᠭᠰᠢ ᠬᠦᠷᠭᠡᠬᠦ ᠲᠦᠷᠣᠯ ᠵᠦᠢᠯ ᠳᠤ ᠵᠣᠬᠢᠬᠤ ᠨᠡᠭᠦᠷᠡᠰᠦᠨ ᠤ ᠡᠬᠢ ᠪᠠᠶᠠᠯᠢᠭ ᠢ ᠤᠷᠢᠳᠴᠢᠯᠠᠨ ᠦᠯᠡᠳᠡᠭᠡᠭᠦ ᠬᠡᠷᠩᠳᠠᠢ᠃      ︵ᠲᠤᠯᠤᠭ᠎ᠠ︶ ᠥᠪᠡᠷᠲᠡᠭᠡᠨ ᠵᠠᠰᠠᠬᠤ ᠣᠷᠣᠨ ᠤ ᠲᠣᠬᠢᠷᠠᠭᠤᠯᠣᠭᠰᠠᠨ ᠨᠡᠭᠦᠷᠡᠰᠦᠨ ᠤ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠬᠡ ᠶᠢ ᠣᠯᠠᠷᠢᠭᠤᠯᠬᠤ ᠲᠦᠷᠣᠯ ᠵᠦᠢᠯ ᠤᠨ ᠱᠠᠭᠠᠷᠳᠠᠯᠭ᠎ᠠ ᠶᠤᠰᠤᠭᠠᠷ ᠨᠠᠶᠢᠳᠠᠪᠤᠷᠢᠵᠢᠭᠤᠯᠵᠤ᠂ ᠲᠡᠭᠦᠨ ᠤ ᠲᠣᠬᠢᠷᠠᠭᠤᠯᠬᠤ ᠡᠬᠢ ᠪᠠᠶᠠᠯᠢᠭ ᠤᠨ ᠬᠡᠮᠵᠢᠶ᠎ᠡ ᠪᠠᠨ ᠨᠢᠭᠡᠨᠲᠡ ᠤᠤᠯ ᠤᠨ ᠦᠨᠡᠯᠡᠨ ᠵᠢᠱᠢᠭᠰᠡᠨ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠬᠡ ᠶᠢᠨ ᠦᠨ᠎ᠡ ᠬᠠᠩᠰᠢ ᠶᠢᠨ ᠵᠣᠭᠤᠰᠣᠨ ᠤ ᠪᠠᠷᠢᠮᠵᠢᠶ᠎ᠠ ᠶᠣᠰᠣᠭᠠᠷ ᠲᠤᠰᠢᠶᠠᠬᠤ ᠶᠢ ᠵᠦᠪᠰᠢᠶᠡᠷᠡᠭᠰᠠᠨ ᠪᠣᠯ᠂ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠭᠡ ᠶᠢᠨ ᠬᠢᠮᠳᠠ ᠪᠠᠷ ᠬᠤᠳᠠᠯᠳᠣᠭᠰᠠᠨ ᠠᠰᠢᠭ ᠣᠯᠵᠠᠪᠣᠷᠢ ᠪᠠᠨ ᠳᠠᠬᠢᠵᠣ ᠲᠤᠰᠢᠶᠠᠬᠤ ᠦᠭᠡᠢ᠃ ᠠᠰᠳᠠᠭᠠᠨ ᠲᠣᠬᠢᠷᠠᠭᠤᠯᠣᠭᠰᠠᠨ ᠪᠤᠰᠤᠳ ᠡᠬᠢ ᠪᠠᠶᠠᠯᠢᠭ ᠤᠨ ᠬᠡᠮᠵᠢᠶ᠎ᠡ ᠳᠤ᠂ ᠤᠳᠤ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠶᠢᠨ ᠶᠣᠰᠣᠭᠠᠷ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠭᠡ ᠶᠢᠨ ᠬᠢᠮᠳᠠ ᠪᠠᠷ ᠬᠤᠳᠠᠯᠳᠣᠭᠰᠠᠨ ᠠᠰᠢᠭ ᠣᠯᠵᠠᠪᠣᠷᠢ ᠲᠤᠰᠢᠶᠠᠬᠤ ᠬᠡᠷᠡᠭᠲᠡᠶ᠃ ᠡᠬᠢ ᠪᠠᠶᠠᠯᠢᠭ ᠲᠣᠬᠢᠷᠠᠭᠤᠯᠬᠤ ᠳᠤ ᠬᠤᠯᠪᠣᠭᠳᠠᠭᠰᠠᠨ ᠡᠯ᠎ᠡ ᠠᠵᠤ ᠠᠬᠤᠶᠢᠯᠠᠯ ᠪᠠ ᠦᠯᠡᠳᠡᠭᠰᠡᠨ ᠡᠬᠢ ᠪᠠᠶᠠᠯᠢᠭ ᠢ ᠥᠷᠢᠰᠥᠯᠳᠦᠵᠣ ᠣᠯᠣᠭᠰᠠᠨ ᠠᠵᠤ ᠠᠬᠤᠶᠢᠯᠠᠯ ᠨᠢ ᠨᠢᠭᠡ ᠨᠡᠭᠡᠭᠡᠨ ᠭᠦᠭᠵᠢᠭᠦᠯᠭᠦ ᠭᠤᠣᠯ ᠴᠣᠭᠴᠠ ᠪᠣᠯᠵᠣ ᠪᠦᠷᠢᠯᠳᠣᠨ ᠂ ᠠᠭᠤᠷᠬᠠᠶ ᠬᠠᠶᠢᠬᠤ ᠡᠷᠬᠡ ᠪᠠᠨ ᠠᠭᠤᠷᠬᠠᠶ ᠮᠠᠯᠲᠠᠬᠤ ᠡᠷᠬᠡ ᠪᠣᠯᠭᠠᠨ ᠬᠤᠪᠢᠷᠠᠭᠤᠯᠬᠤ ᠶᠢ ᠨᠢᠭᠡᠳᠦᠯᠲᠡᠶ ᠭᠤᠶᠤᠴᠢᠯᠠᠨ ᠭᠦᠢᠴᠡᠣᠡᠭᠡᠭᠦ ᠬᠡᠷᠡᠭᠲᠡᠶ᠃ ᠨᠢᠭᠡᠨᠳᠠ ᠪᠠᠶᠢᠭ᠎ᠠ ᠠᠭᠤᠷᠬᠠᠶ ᠮᠠᠯᠲᠠᠬᠤ ᠡᠷᠭᠡ ᠶᠢᠨ ᠳᠣᠲᠣᠷ᠎ᠠ ᠬᠡᠳᠣ ᠲᠣᠬᠢᠷᠠᠭᠤᠯᠤᠭᠰᠠᠨ ᠨᠡᠭᠦᠷᠡᠰᠦᠨ ᠤ ᠡᠬᠢ ᠪᠠᠶᠠᠯᠢᠭ ᠤᠨ ᠬᠡᠮᠵᠢᠶ᠎ᠡ ᠶᠢ ᠢᠯᠭᠠᠷᠠᠭᠤᠯᠵᠣ ᠪᠣᠴᠠᠭᠠᠨ ᠬᠤᠷᠢᠶᠠᠵᠤ ᠠᠪᠣᠭᠰᠠᠨ ᠪᠣᠯ᠂ ᠵᠠᠷᠴᠢᠮ ᠳᠡᠭᠡᠷ᠎ᠡ ᠪᠠᠨ ᠤᠳᠤ ᠶᠢᠨ ᠠᠭᠤᠷᠬᠠᠶ ᠮᠠᠯᠲᠠᠬᠤ ᠡᠷᠬᠡᠲᠦ ᠬᠥᠮᠦᠨ ᠨᠢ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠬᠡ ᠶᠢ ᠬᠢᠮᠳᠠ ᠪᠠᠷ ᠬᠤᠳᠠᠯᠳᠣᠭᠰᠠᠨ ᠤ ᠠᠰᠢᠭ ᠣᠯᠵᠠᠪᠤᠷᠢ ᠶᠢᠨ ᠦᠨ᠎ᠡ ᠶᠢᠨ ᠵᠥᠷᠢᠶ᠎ᠡ ᠶᠢ ᠨᠦᠭᠦᠪᠣᠷᠢᠯᠡᠨ ᠲᠣᠰᠢᠶᠠᠬᠤ ᠬᠡᠷᠩᠳᠠᠢ᠃      ︵ᠨᠠᠢᠮᠠ︶ ᠠᠵᠤ ᠠᠬᠤᠶᠢᠯᠠᠯ ᠨᠢ ᠣᠷᠢᠣᠨ ᠢᠶᠠᠷ ᠭᠤᠶᠤᠴᠢᠯᠠᠬᠤ ᠠᠷᠭ᠎ᠠ ᠬᠡᠯᠪᠡᠷᠢ ᠪᠠᠷ ᠦᠨ᠎ᠠ ᠲᠥᠯᠥᠪᠦᠷᠢ ᠲᠠᠢ ᠣᠯᠤᠭᠰᠠᠨ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠬᠡ ᠶᠢ᠂ ᠣᠯᠠᠷᠢᠭᠤᠯᠬᠤ ᠲᠦᠷᠣᠯ ᠵᠦᠢᠯ ᠢᠶᠠᠷ ᠨᠠᠶᠢᠳᠠᠪᠤᠷᠢᠵᠢᠭᠤᠯᠵᠣ᠂ ᠲᠡᠭᠦᠨ ᠤ ᠲᠣᠬᠢᠷᠠᠭᠤᠯᠬᠤ ᠡᠬᠢ ᠪᠠᠶᠠᠯᠢᠭ ᠤᠨ ᠬᠡᠮᠵᠢᠶ᠎ᠡ ᠪᠠᠨ ᠨᠢᠭᠡᠨᠲᠡ ᠤᠤᠯ ᠤᠨ ᠦᠨᠡᠯᠡᠨ ᠵᠢᠱᠢᠭᠰᠡᠨ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠬᠡ ᠶᠢᠨ ᠦᠨ᠎ᠡ ᠬᠠᠩᠰᠢ ᠶᠢᠨ ᠵᠣᠭᠤᠰᠣᠨ ᠤ ᠪᠠᠷᠢᠮᠵᠢᠶ᠎ᠠ ᠶᠣᠰᠣᠭᠠᠷ ᠲᠤᠰᠢᠶᠠᠬᠤ ᠶᠢ ᠵᠦᠪᠰᠢᠶᠡᠷᠡᠭᠰᠠᠨ ᠪᠣᠯ᠂ ᠠᠭᠤᠷᠬᠠᠢ ᠶᠢᠨ ᠡᠭᠢ ᠪᠠᠶᠠᠯᠢᠭ ᠤᠨ ᠬᠡᠷᠩᠯᠡᠭᠦ ᠡᠷᠭᠡ ᠶᠢᠨ ᠬᠢᠮᠳᠠ ᠪᠠᠷ ᠬᠤᠳᠠᠯᠳᠣᠭᠰᠠᠨ ᠠᠰᠢᠭ ᠣᠯᠵᠠᠪᠣᠷᠢ ᠶᠢ ᠳᠠᠬᠢᠵᠣ ᠲᠤᠰᠢᠶᠠᠬᠤ ᠦᠭᠡᠢ᠃ ᠠᠭᠤᠷᠬᠠᠢ ᠶᠢᠨ ᠬᠤᠳᠳᠤᠭ ᠤᠨ ᠲᠣᠬᠢᠷᠠᠭᠤᠯᠣᠭᠠᠳᠣᠢ ᠡᠬᠢ ᠪᠠᠶᠠᠯᠢᠭ ᠤᠨ ᠬᠡᠮᠵᠢᠶ᠎ᠡ ᠳᠤ᠂ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠭᠡᠳᠣ ᠬᠥᠮᠦᠨ ᠨᠢ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠬᠡ ᠶᠢ ᠬᠢᠮᠳᠠ ᠪᠠᠷ ᠬᠤᠳᠠᠯᠳᠣᠭᠰᠠᠨ ᠠᠰᠢᠭ ᠣᠯᠵᠠᠪᠤᠷᠢ ᠶᠢᠨ ᠦᠨ᠎ᠡ ᠶᠢᠨ ᠵᠥᠷᠢᠶ᠎ᠡ ᠶᠢ ᠲᠣᠰᠢᠶᠠᠬᠤ ᠲᠣᠷᠠᠳᠠᠢ ᠪᠣᠯ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠭᠠᠷᠳᠠᠮ ᠢ ᠭᠦᠢᠴᠡᠣᠡᠭᠡᠵᠣ ᠦᠭᠭᠦ ᠬᠡᠷᠡᠭᠲᠡᠶ᠃      ︵ᠶᠢᠰᠦ︶ ᠥᠪᠡᠷᠲᠡᠭᠡᠨ ᠵᠠᠰᠠᠬᠤ ᠣᠷᠣᠨ ᠤ ᠲᠦᠷᠤ ᠶᠢᠨ ᠪᠤᠲᠤᠯᠭ᠎ᠠ ᠶᠢᠨ ᠱᠠᠭᠠᠷᠳᠠᠯᠭ᠎ᠠ ᠶᠢ ᠢᠳᠡᠪᠬᠢᠲᠡᠶ ᠭᠦᠢᠴᠡᠳᠬᠡᠵᠣ ᠪᠠᠶᠢᠭ᠎ᠠ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠭᠡᠳᠣ ᠬᠥᠮᠦᠨ ᠳᠤ᠂ ᠬᠠᠮᠢᠶ᠎ᠠ ᠪᠦᠬᠦᠢ ᠠᠶᠢᠮᠠᠭ ᠬᠤᠳᠠ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠳᠡᠮᠵᠢᠯᠭᠡ ᠦᠵᠡᠭᠦᠯᠵᠣ᠂ ᠠᠵᠤ ᠠᠬᠤᠶᠢᠯᠠᠯ ᠤᠨ ᠨᠡᠭᠦᠷᠡᠰᠦᠨ ᠤ ᠡᠬᠢ ᠪᠠᠶᠠᠯᠢᠭ ᠢ ᠨᠡᠭᠡᠭᠡᠨ ᠭᠦᠭᠵᠢᠭᠦᠯᠭᠦ ᠳᠤ ᠪᠦᠷᠢᠯᠳᠣᠭᠦᠯᠪᠡᠰᠣ ᠵᠣᠬᠢᠬᠤ ᠡᠯ᠎ᠡ ᠵᠦᠢᠯ ᠤᠨ ᠵᠥᠪᠰᠢᠶᠡᠷᠡᠭᠦ ᠭᠠᠷᠳᠠᠮ ᠢ ᠳᠠᠷᠣᠢ ᠲᠦᠷᠭᠡᠨ ᠣᠯᠬᠤ ᠶᠢ ᠨᠢ ᠠᠬᠢᠭᠤᠯᠬᠤ ᠬᠡᠷᠡᠭᠲᠡᠶ᠃      ᠭᠤᠷᠪᠠ᠂ ᠨᠡᠭᠦᠷᠡᠰᠦᠨ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠬᠡ ᠶᠢ ᠬᠢᠮᠳᠠ ᠪᠠᠷ ᠬᠤᠳᠠᠯᠳᠣᠭᠰᠠᠨ ᠠᠰᠢᠭ ᠣᠯᠵᠠᠪᠤᠷᠢ ᠶᠢᠨ ᠪᠠᠷᠢᠮᠵᠢᠶ᠎ᠠ ᠪᠠ ᠲᠤᠰᠢᠶᠠᠬᠤ ᠠᠷᠭ᠎ᠠ ᠬᠡᠯᠪᠡᠷᠢ      ︵ᠠᠷᠪᠠ︶ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠭᠡᠳᠣ ᠬᠥᠮᠦᠨ ᠤ ᠲᠦᠷᠣᠭᠦᠴᠢ ᠬᠤᠭᠤᠴᠠᠭᠠᠨ ᠳᠤ ᠲᠤᠰᠢᠶᠠᠬᠤ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠬᠡ ᠶᠢ ᠬᠢᠮᠳᠠ ᠪᠠᠷ ᠬᠤᠳᠠᠯᠳᠣᠭᠰᠠᠨ ᠠᠰᠢᠭ ᠣᠯᠵᠠᠪᠤᠷᠢ ᠨᠢ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠬᠡ ᠶᠢ ᠬᠢᠮᠳᠠ ᠪᠠᠷ ᠬᠤᠳᠠᠯᠳᠣᠭᠰᠠᠨ ᠶᠡᠷᠦᠩᠬᠡᠶ ᠠᠰᠢᠭ ᠣᠯᠵᠠᠪᠣᠷᠢ ᠶᠢᠨ 20% ᠠᠴᠠ ᠲᠣᠣᠷ᠎ᠠ ᠪᠠᠶᠢᠵᠣ ᠪᠣᠯᠬᠤ ᠦᠭᠡᠢ᠂ ᠦᠯᠡᠳᠡᠭᠰᠠᠨ ᠬᠡᠰᠡᠭ ᠢ ᠨᠢ ᠠᠭᠤᠷᠬᠠᠶ ᠮᠠᠯᠲᠠᠬᠤ ᠡᠷᠬᠡ ᠶᠢᠨ ᠬᠤᠭᠤᠴᠠᠭᠠᠨ ᠳᠤ᠂ ᠬᠤᠭᠤᠴᠠᠭ᠎ᠠ ᠬᠤᠪᠢᠶᠠᠵᠤ ᠲᠣᠭᠲᠠᠭᠠᠯ ᠶᠣᠰᠣᠭᠠᠷ ᠲᠤᠰᠢᠶᠠᠬᠤ ᠬᠡᠷᠩᠳᠠᠢ᠃      ︵ᠠᠷᠪᠠᠨ ᠨᠢᠭᠡ︶ ᠨᠡᠭᠦᠷᠡᠰᠣ ᠦᠭᠡᠢ ᠬᠤᠭᠤᠰᠣᠨ ᠣᠷᠣᠨ ᠳᠤ ᠲᠡᠭᠰᠢ ᠳᠥᠷᠪᠡᠯᠵᠢᠨ ᠺᠢᠯᠣᠮᠧᠲᠷ ᠪᠦᠷᠢ ᠳᠤ ᠪᠠᠨ 1 ᠲᠦᠮᠡᠨ ᠲᠥᠭᠦᠷᠢᠭ ᠤᠨ ᠪᠠᠷᠢᠮᠵᠢᠶ᠎ᠠ ᠪᠠᠷ ᠬᠡᠰᠡᠭ ᠠᠭᠤᠷᠬᠠᠶ ᠬᠠᠶᠢᠬᠤ ᠡᠷᠬᠡ ᠶᠢᠨ ᠦᠨ᠎ᠡ ᠬᠠᠩᠰᠢ ᠶᠢᠨ ᠵᠣᠭᠤᠰ ᠲᠣᠰᠢᠶᠠᠭᠰᠠᠨ ᠨᠡᠭᠦᠷᠡᠰᠣᠨ ᠤ ᠠᠭᠤᠷᠬᠠᠢ ᠬᠠᠶᠢᠬᠤ ᠡᠷᠭᠡ ᠲᠠᠢ ᠪᠤᠶᠤ ᠨᠢᠭᠡᠨᠲᠡ ᠠᠭᠤᠷᠬᠠᠶ ᠮᠠᠯᠲᠠᠬᠤ ᠡᠷᠬᠡ ᠪᠣᠯᠭᠠᠨ ᠬᠤᠪᠢᠷᠠᠭᠤᠯᠣᠭᠰᠠᠨ ᠪᠣᠯ᠂ ᠣᠯᠠᠷᠢᠭᠤᠯᠬᠤ ᠲᠦᠷᠣᠯ ᠵᠦᠢᠯ ᠢ ᠨᠠᠶᠢᠳᠠᠪᠤᠷᠢᠵᠢᠭᠤᠯᠤᠭᠠᠳᠤᠶ ᠬᠡᠰᠡᠭ ᠲᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠬᠡ ᠶᠢ ᠬᠢᠮᠳᠠ ᠪᠠᠷ ᠬᠤᠳᠠᠯᠳᠣᠭᠰᠠᠨ ᠠᠰᠢᠭ ᠣᠯᠵᠠᠪᠤᠷᠢ ᠶᠢ ᠨᠢ ᠦᠨᠡᠯᠡᠨ ᠵᠢᠱᠢᠵᠣ᠂ ᠠᠭᠤᠷᠬᠠᠶ ᠬᠠᠶᠢᠬᠤ ᠡᠷᠭᠡᠳᠣ ᠭᠦᠮᠣᠨ ᠪᠤᠶᠤ ᠠᠭᠤᠷᠬᠠᠶ ᠮᠠᠯᠲᠠᠬᠤ ᠡᠷᠭᠡᠳᠣ ᠬᠥᠮᠦᠨ ᠨᠢ ᠨᠢᠭᠡᠨᠲᠡ ᠲᠤᠰᠢᠶᠠᠭᠰᠠᠨ ᠵᠠᠷᠤᠳᠠᠯ ᠤᠨ ᠰᠠᠭᠤᠯᠭᠠᠨ ᠬᠠᠰᠤᠭᠰᠠᠨ ᠤ ᠳᠠᠷᠠᠭᠠᠬᠢ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠬᠡ ᠶᠢ ᠬᠢᠮᠳᠠ ᠪᠠᠷ ᠬᠤᠳᠠᠯᠳᠣᠭᠰᠠᠨ ᠠᠰᠢᠭ ᠣᠯᠵᠠᠪᠤᠷᠢ ᠪᠠᠨ ᠲᠣᠭᠳᠠᠭᠠᠯ ᠶᠣᠰᠣᠭᠠᠷ ᠲᠣᠰᠢᠶᠠᠬᠤ ᠬᠡᠷᠩᠳᠠᠢ᠃      ︵ᠠᠷᠪᠠᠨ ᠬᠤᠶᠠᠷ︶ 30 ᠵᠢᠯ ᠢᠶᠠᠷ ᠦᠨᠡᠯᠡᠨ ᠵᠢᠱᠢᠭᠰᠡᠨ ᠠᠭᠤᠷᠬᠠᠶ ᠬᠠᠶᠢᠬᠤ ᠡᠷᠬᠡ ᠪᠤᠶᠤ ᠠᠭᠤᠷᠬᠠᠶ ᠮᠠᠯᠲᠠᠬᠤ ᠡᠷᠬᠡ ᠶᠢᠨ ᠦᠨ᠎ᠡ ᠶᠢᠨ ᠵᠣᠭᠤᠰ ᠢ ᠨᠢᠭᠡᠨᠲᠡ ᠲᠣᠰᠢᠶᠠᠭᠰᠠᠨ ᠠᠭᠤᠷᠬᠠᠶ ᠮᠠᠯᠲᠠᠬᠤ ᠡᠷᠬᠡ ᠲᠠᠢ ᠪᠣᠯ᠂ ᠬᠠᠷᠭᠤᠭᠤᠯᠣᠨ ᠲᠣᠭᠲᠠᠭᠠᠭᠰᠠᠨ ᠦᠢᠯᠡᠳᠪᠦᠷᠢᠯᠡᠯ ᠤᠨ ᠴᠢᠳᠠᠪᠤᠷᠢ ᠪᠠᠨ ᠳᠡᠭᠡᠭᠰᠢᠯᠡᠭᠦᠯᠣᠭ᠍ᠰᠡᠨ ᠢ ᠨᠢ ᠳᠠᠬᠢᠵᠤ ᠦᠨᠡᠯᠡᠨ ᠵᠢᠱᠢᠵᠣ᠂ ᠠᠭᠤᠷᠬᠠᠶ ᠮᠠᠯᠲᠠᠬᠤ ᠡᠷᠬᠡ ᠶᠢ ᠬᠢᠮᠳᠠ ᠪᠠᠷ ᠬᠤᠳᠠᠯᠳᠣᠭᠰᠠᠨ ᠵᠣᠬᠢᠬᠤ ᠠᠰᠢᠭ ᠣᠯᠵᠠᠪᠣᠷᠢ ᠶᠢ ᠨᠢ ᠰᠢᠢᠣᠡᠪᠣᠷᠢᠯᠡᠨ᠎ᠠ᠃      ︵ᠠᠷᠪᠠᠨ ᠭᠤᠷᠪᠠ︶ ᠥᠪᠡᠷᠲᠡᠭᠡᠨ ᠵᠠᠰᠠᠬᠤ ᠣᠷᠣᠨ ᠨᠡᠭᠦᠷᠡᠰᠦᠨ ᠤ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠬᠡ ᠶᠢ ᠬᠢᠮᠳᠠ ᠪᠠᠷ ᠬᠤᠳᠠᠯᠳᠣᠭᠰᠠᠨ ᠠᠰᠢᠭ ᠣᠯᠵᠠᠪᠤᠷᠢ ᠠᠴᠠ ᠵᠣᠬᠢᠬᠤ ᠬᠠᠷᠢᠴᠠᠯ ᠤᠨ ᠪᠡᠯᠨ ᠮᠦᠩᠭᠦ ᠭᠠᠷᠭᠠᠨ ᠠᠪᠴᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠭᠦ ᠲᠤᠰᠬᠠᠶ ᠵᠦᠢᠯ ᠤᠨ ᠪᠡᠯᠡ ᠮᠥᠩᠭᠦ ᠪᠠᠶᠢᠭᠤᠯᠵᠣ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠲᠡᠰ ᠳᠡᠪᠰᠢᠭᠦᠯᠭᠦ ᠶᠢ ᠳᠡᠮᠵᠢᠬᠦ ᠳᠤ ᠬᠡᠷᠡᠭᠯᠡᠵᠦ᠂ ᠠᠵᠤ ᠦᠢᠯᠡᠳᠪᠦᠷᠢ ᠶᠢᠨ ᠴᠢᠨᠠᠷᠵᠢᠭᠤᠨ ᠢᠶᠠᠷ ᠭᠦᠭᠵᠢᠭᠦ ᠶᠢ ᠪᠡᠶᠡᠯᠡᠭᠦᠯᠬᠦ ᠶᠢ ᠨᠢ ᠠᠬᠢᠭᠤᠯᠣᠨ᠎ᠠ᠃      ᠲᠦᠷᠪᠡ᠂ ᠬᠢᠨᠠᠯᠳᠠ ᠳᠠᠯᠪᠢᠵᠣ ᠬᠠᠮᠢᠶᠠᠷᠬᠤ ᠠᠷᠭ᠎ᠠ ᠬᠡᠮᠵᠢᠶ᠎ᠡ      ︵ᠠᠷᠪᠠᠨ ᠲᠦᠷᠪᠡ︶ ᠨᠡᠭᠦᠷᠡᠰᠣᠨ ᠤ ᠵᠠᠬ᠎ᠠ ᠳᠡᠯᠭᠡᠭᠦᠷᠴᠢᠯᠠᠨ ᠬᠢᠮᠳᠠ ᠪᠠᠷ ᠬᠤᠳᠠᠯᠳᠣᠬᠤ ᠠᠵᠢᠯ ᠢ ᠪᠦᠬᠦ ᠲᠠᠯ᠎ᠠ ᠪᠠᠷ ᠠᠬᠢᠭᠤᠯᠬᠤ ᠪᠣᠯ ᠨᠢᠭᠡ ᠵᠦᠢᠯ ᠤᠨ ᠴᠢᠬᠤᠯᠨ ᠲᠦᠷᠦ ᠶᠢᠨ ᠪᠤᠳᠤᠯᠭ᠎ᠠ ᠶᠢᠨ ᠲᠤᠬᠢᠷᠠᠭᠤᠯᠤᠯᠳᠠ ᠪᠣᠯᠣᠨ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠣ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ ᠬᠡᠷᠡᠭᠲᠡᠶ᠃ ᠬᠤᠯᠪᠣᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠪᠣᠯ ᠡᠨᠡ ᠬᠦ ᠠᠵᠢᠯ ᠢ ᠬᠠᠷᠢᠭᠤᠴᠠᠬᠤ ᠭᠤᠣᠯ ᠴᠣᠭᠴᠠ ᠪᠠᠶᠢᠵᠣ᠂ ᠡᠯ᠎ᠡ ᠵᠦᠢᠯ ᠤᠨ ᠠᠵᠢᠯ ᠳᠤ ᠬᠢᠨᠠᠯᠲᠠ ᠲᠠᠯᠪᠢᠬᠤ ᠪᠠ ᠲᠦᠯᠬᠢᠨ ᠠᠬᠢᠭᠤᠯᠬᠤ ᠶᠢ ᠬᠠᠷᠢᠭᠤᠴᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠢ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠰᠠᠯᠠᠭ᠎ᠠ ᠮᠥᠴᠢᠷ ᠤᠨ ᠬᠠᠮᠵᠢᠯᠴᠠᠭ᠎ᠠ ᠪᠠᠨ ᠴᠢᠩᠭᠠᠳᠬᠠᠨ᠂ ᠬᠤᠯᠪᠣᠭᠳᠠᠯ ᠪᠥᠬᠦᠢ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠯᠤᠭ᠎ᠠ ᠨᠢᠭᠲᠠ ᠬᠠᠮᠵᠢᠯᠴᠠᠨ᠂ ᠠᠵᠢᠯ ᠤᠨ ᠨᠠᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠶ᠃ ᠲᠣᠭᠳᠠᠭᠠᠭᠰᠠᠨ ᠱᠠᠭᠠᠷᠳᠠᠯᠭ᠎ᠠ ᠶᠣᠰᠣᠭᠠᠷ ᠭᠦᠢᠴᠡᠳᠬᠡᠭᠦ ᠦᠭᠡᠢ ᠠᠵᠤ ᠠᠬᠤᠶᠢᠯᠠᠯ ᠳᠤ᠂ ᠡᠯ᠎ᠡ ᠰᠠᠯᠠᠭ᠎ᠠ ᠮᠥᠴᠢᠷ ᠨᠢ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠬᠠᠮᠢᠶ᠎ᠠ ᠪᠦᠬᠦᠢ ᠭᠠᠷᠳᠠᠮ ᠢ ᠴᠢᠩᠭ᠎ᠠ ᠬᠢᠨᠠᠨ ᠪᠠᠶᠢᠴᠠᠭᠠᠵᠤ᠂ ᠠᠵᠤ ᠠᠬᠤᠶᠢᠯᠠᠯ ᠢ ᠲᠣᠭᠲᠠᠭᠠᠭᠰᠠᠨ ᠱᠠᠭᠠᠷᠳᠠᠯᠭ᠎ᠠ ᠶᠣᠰᠣᠭᠠᠷ ᠭᠦᠢᠴᠡᠳᠭᠡᠯᠭᠡᠬᠦ ᠪᠠᠷ ᠰᠢᠮᠳᠠᠭᠤᠯᠵᠣ᠂ ᠨᠡᠭᠦᠷᠡᠰᠦᠨ ᠤ ᠡᠬᠢ ᠪᠠᠶᠠᠯᠢᠭ ᠢ ᠵᠠᠬ᠎ᠠ ᠳᠡᠯᠭᠡᠭᠦᠷ ᠢᠶᠠᠷ ᠬᠢᠮᠳᠠ ᠬᠤᠳᠠᠯᠳᠣᠬᠤ ᠡᠯ᠎ᠡ ᠲᠦᠷᠣᠯ ᠤᠨ ᠠᠵᠢᠯ ᠢᠶᠠᠨ ᠨᠠᠶᠢᠳᠠᠪᠤᠷᠢᠵᠢᠭᠤᠯᠵᠣ ᠪᠣᠳᠠᠳᠠᠶᠢᠵᠢᠭᠤᠯᠬᠤ ᠶᠢ ᠨᠢ ᠪᠠᠲᠤᠯᠠᠬᠤ ᠬᠡᠷᠡᠭᠲᠡᠶ᠃      ︵ᠠᠷᠪᠠᠨ ᠲᠠᠪᠤ︶ ᠨᠡᠭᠦᠷᠡᠰᠦᠨ ᠤ ᠡᠬᠢ ᠪᠠᠶᠠᠯᠢᠭ ᠢ ᠵᠠᠬ᠎ᠠ ᠳᠡᠯᠭᠡᠭᠦᠷ ᠢᠶᠠᠷ ᠬᠢᠮᠳᠠ ᠬᠤᠳᠠᠯᠳᠣᠬᠤ ᠠᠵᠢᠯ ᠢ ᠪᠦᠭᠦ ᠳᠠᠯ᠎ᠠ ᠪᠠᠷ ᠠᠬᠢᠭᠤᠯᠬᠤ ᠳᠤ ᠬᠤᠯᠪᠣᠭᠳᠠᠭᠰᠠᠨ ᠴᠢᠬᠤᠯᠨ ᠶᠡᠭᠡ ᠠᠰᠢᠭ ᠲᠤᠰᠠ ᠶᠢᠨ ᠲᠣᠬᠢᠷᠠᠭᠤᠯᠣᠯᠳᠠ ᠳᠤ᠂ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ ᠬᠤᠪᠢ ᠶᠢᠨ ᠨᠠᠶᠢᠷ ᠬᠠᠷᠠᠵᠣ ᠬᠠᠤᠯᠢ ᠶᠣᠰᠣ ᠶᠢ ᠵᠥᠷᠢᠴᠡᠬᠦ᠂ ᠡᠬᠦᠷᠬᠡ ᠲᠤᠰᠢᠶᠠᠯ ᠳᠤ ᠪᠠᠨ ᠠᠯᠮᠠᠶᠢᠷᠠᠨ ᠤᠰᠤᠯᠳᠠᠬᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠬᠦ ᠦᠵᠡᠭᠳᠡᠯ ᠭᠠᠷᠬᠤ ᠶᠢ ᠡᠷᠠᠰ ᠬᠤᠷᠢᠭᠯᠠᠵᠣ᠂ ᠨᠡᠭᠦᠷᠡᠰᠦᠨ ᠤ ᠡᠬᠢ ᠪᠠᠶᠠᠯᠢᠭ ᠢ ᠵᠠᠬ᠎ᠠ ᠳᠡᠯᠭᠡᠭᠦᠷ ᠢᠶᠠᠷ ᠬᠢᠮᠳᠠ ᠬᠤᠳᠠᠯᠳᠣᠬᠤ ᠠᠵᠢᠯ ᠤᠨ ᠢᠯᠡ ᠲᠣᠳᠣᠷᠬᠠᠢ᠂ ᠡᠷᠭᠡ ᠳᠡᠭᠰᠢ᠂ ᠲᠦᠪ ᠭᠤᠣᠯᠴᠢ ᠪᠠᠶᠢᠬᠤ ᠶᠢ ᠨᠢ ᠠᠬᠢᠭᠤᠯᠵᠣ᠂ ᠬᠠᠤᠯᠢ ᠶᠣᠰᠣᠭᠠᠷ ᠲᠣᠭᠳᠠᠭᠠᠯ ᠳᠤ ᠨᠡᠶᠢᠴᠡᠭᠦᠯᠦᠨ ᠶᠠᠪᠣᠭᠳᠠᠭᠤᠯᠬᠤ ᠶᠢ ᠦᠨᠡᠨ ᠭᠦ ᠪᠠᠳᠣᠯᠠᠬᠤ ᠬᠡᠷᠡᠭᠲᠡᠶ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠭᠦᠨ ᠠᠴᠠ ᠡᠮᠦᠨ᠎ᠡ ᠪᠠᠭᠤᠯᠭᠠᠭᠰᠠᠨ ᠪᠢᠴᠢᠭ ᠮᠠᠲ᠋ᠧᠷᠢᠶᠠᠯ ᠨᠢ ᠲᠤᠰ ᠰᠠᠨᠠᠯ ᠤᠨ ᠲᠣᠭᠲᠠᠭᠠᠯ ᠲᠠᠢ ᠨᠡᠶᠢᠴᠡᠬᠦ ᠦᠭᠡᠢ ᠪᠣᠯ᠂ ᠲᠤᠰ ᠰᠠᠨᠠᠯ ᠪᠠᠷ ᠪᠠᠷᠢᠮᠵᠢᠶ᠎ᠠ ᠪᠣᠯᠭᠠᠬᠤ ᠬᠡᠷᠩᠳᠠᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ