ᠥᠪᠥᠷ ᠮᠣᠩᠭᠤᠯ ᠤᠨ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠵᠠᠭᠠᠭ ᠢ ᠬᠠᠶᠢᠨ ᠪᠠᠶᠢᠴᠠᠭᠠᠭᠰᠠᠨ ᠦᠷ᠎ᠡ ᠪᠦᠲᠦᠭᠡᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2020/8/12
     ᠥᠪᠥᠷ ᠮᠣᠩᠭᠤᠯ ᠤᠨ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠨᠢ ᠮᠤᠨᠢ ᠠᠭᠤᠯᠠ ᠨᠢᠷᠤᠭᠤ ᠶᠢᠨ ᠳᠤᠮᠳᠠ ᠬᠡᠰᠡᠭ ᠲᠤ ᠪᠠᠶᠢᠷᠢᠯᠠᠵᠤ᠂ ᠪᠠᠷᠠᠭᠤᠨ ᠦᠵᠦᠭᠦᠷ ᠨᠢ ᠪᠤᠭᠤᠲᠤ ᠬᠤᠲᠠ ᠶᠢᠨ ᠬᠥᠨᠳᠡᠯᠡᠨ ᠭᠤᠣᠯ ᠠᠴᠠ ᠡᠬᠢᠯᠡᠨ᠂ ᠬᠤᠶᠢᠲᠤ ᠲᠠᠯ᠎ᠠ ᠨᠢ ᠪᠤᠭᠤᠲᠤ ᠬᠤᠲᠠ ᠶᠢᠨ ᠭᠦᠶᠡᠩ ᠰᠢᠶᠠᠨ᠂ ᠬᠦᠬᠡᠬᠤᠲᠠ ᠶᠢᠨ ᠦᠴᠤᠸᠠᠨ ᠰᠢᠶᠠᠨ ᠲᠠᠢ ᠵᠠᠯᠭᠠᠯᠳᠤᠵᠤ᠂ ᠵᠡᠭᠦᠨᠰᠢ ᠪᠠᠨ ᠤᠯᠠᠭᠠᠨᠴᠠᠪ ᠬᠤᠲᠠ ᠶᠢᠨ ᠵᠦᠸᠧᠽᠢ ᠰᠢᠶᠠᠨ ᠤ ᠳᠧᠦ ᠳ᠋ᠤᠤ ᠬᠤᠶᠢᠲᠤ ᠠᠭᠤᠯᠠ ᠶᠢᠨ ᠠᠭᠤᠯᠠᠨ ᠬᠢᠷ᠎ᠠ ᠬᠦᠷᠴᠦ᠂ ᠡᠮᠦᠨᠡᠰᠢ ᠪᠠᠨ ᠲᠦᠮᠡᠳ ᠤᠨ ᠲᠠᠯ᠎ᠠ ᠭᠠᠵᠠᠷ ᠬᠦᠷᠲᠡᠯ᠎ᠡ ᠵᠠᠯᠭᠠᠯᠳᠤᠪᠠ᠃      ︽ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠡᠷᠭᠡ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠵᠠᠭᠠᠭ ᠢ ᠬᠠᠶᠢᠨ ᠪᠠᠶᠢᠴᠠᠭᠠᠵᠤ ᠪᠠᠷᠢᠮᠵᠢᠶ᠎ᠠ ᠲᠣᠭᠲᠠᠭᠠᠬᠤ ᠠᠵᠢᠯ ᠤᠨ ᠵᠢᠷᠤᠮᠵᠢᠯ︾᠎ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠥᠪᠥᠷ ᠮᠣᠩᠭᠤᠯ ᠤᠨ ᠳᠠᠯᠠᠨ ᠬᠠᠷ᠎ᠠ ᠠᠭᠤᠯᠠ ᠶᠢᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠬᠠᠮᠢᠶ᠎ᠠ ᠪᠦᠬᠦᠢ ᠮᠡᠷᠭᠡᠵᠢᠯ ᠤᠨ ᠰᠠᠯᠠᠭ᠎ᠠ ᠮᠥᠴᠢᠷ ᠲᠤ ᠨᠠᠶᠢᠳᠠᠵᠤ ᠵᠠᠭᠠᠭ ᠢ ᠬᠠᠶᠢᠨ ᠪᠠᠶᠢᠴᠠᠭᠠᠬᠤ ᠠᠵᠢᠯ ᠢ ᠪᠡᠶᠡᠯᠡᠭᠦᠯᠵᠦ᠂ ᠡᠳᠦᠭᠡ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠵᠠᠭᠠᠭ ᠢ ᠬᠠᠶᠢᠨ ᠪᠠᠶᠢᠴᠠᠭᠠᠭᠰᠠᠨ ᠦᠷ᠎ᠡ ᠪᠦᠲᠦᠭᠡᠯ ᠢ ᠨᠡᠶᠢᠭᠡᠮ ᠳᠤ ᠵᠠᠷᠯᠠᠨ ᠨᠡᠶᠢᠲᠡᠯᠡᠪᠡ᠃      ᠳᠠᠭᠠᠯᠳᠤᠭᠤᠯᠤᠯ᠄ 1. ᠥᠪᠥᠷ ᠮᠣᠩᠭᠤᠯ ᠤᠨ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠠᠯᠠᠪᠠᠶ ᠪᠠ ᠬᠦᠷᠢᠶ᠎ᠡ ᠬᠡᠪᠴᠢᠶ᠎ᠡ      2. ᠥᠪᠥᠷ ᠮᠣᠩᠭᠤᠯ ᠤᠨ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠴᠢᠳᠠᠮᠵᠢ ᠶᠢᠨ ᠣᠷᠣᠨ ᠤ ᠬᠤᠪᠢᠶᠠᠷᠢᠯᠠᠯ ᠤᠨ ᠵᠢᠷᠤᠭ            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ                                    2020 ᠣᠨ ᠤ 8 ᠳ᠋ᠤᠭᠠᠷ ᠰᠠᠷ᠎ᠠ ᠶᠢᠨ 11᠎ ᠤ ᠡᠳᠦᠷ     ︵ᠬᠠᠷᠢᠯᠴᠠᠬᠤ ᠬᠥᠮᠦᠨ᠄ ᠶᠠᠨ ᠹᠧᠩ᠂  ᠬᠠᠷᠢᠯᠴᠠᠬᠤ ᠤᠲᠠᠰᠤ᠄ 0471-3382389︶      ᠳᠠᠭᠠᠯᠳᠤᠭᠤᠯᠤᠯ᠄ 1. ᠥᠪᠥᠷ ᠮᠣᠩᠭᠤᠯ ᠤᠨ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠠᠯᠠᠪᠠᠶ ᠪᠠ ᠬᠦᠷᠢᠶ᠎ᠡ ᠬᠡᠪᠴᠢᠶ᠎ᠡ .pdf      2. ᠥᠪᠥᠷ ᠮᠣᠩᠭᠤᠯ ᠤᠨ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠴᠢᠳᠠᠮᠵᠢ ᠶᠢᠨ ᠣᠷᠣᠨ ᠤ ᠬᠤᠪᠢᠶᠠᠷᠢᠯᠠᠯ ᠤᠨ ᠵᠢᠷᠤᠭ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号