ᠣᠶᠢᠷ᠎ᠠ ᠳᠤ ᠤᠯᠠᠭᠠᠨᠬᠠᠳᠠ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ ᠂ | ᠡᠨᠡ ᠵᠢᠯ ᠤᠨ ᠳᠡᠭᠡᠳᠦ ᠬᠠᠭᠠᠰ ᠵᠢᠯ ᠳᠤ᠂ ᠤᠯᠠᠭᠠᠨᠬᠠᠳᠠ ᠬᠤᠲᠠ ᠶᠢᠨ 7.8 ᠲᠦᠮᠡᠨ ᠦᠲᠡᠭᠦᠰ ᠥᠨᠳᠥᠷ | ᠨᠠᠰᠤᠨ ᠤ ᠨᠡᠮᠡᠭᠦᠷᠢ ᠮᠥᠩᠭᠦ ︽ᠤᠯᠠᠭᠠᠨ ᠪᠠᠭᠯᠠᠭ᠎ᠠ︾ ᠣᠯᠤᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ ᠥᠨᠳᠥᠷ ᠨᠠᠰᠤᠨ ᠤ ᠨᠡᠮᠡᠭᠦᠷᠢ ᠮᠥᠩᠭᠦ ᠪᠣᠯ ᠦᠲᠡᠭᠦᠰ ᠲᠤ ᠣᠯᠭᠤᠬᠤ ᠨᠢᠭᠡ | ᠵᠦᠢᠯ ᠤᠨ ᠱᠠᠩᠨᠠᠯ ᠤᠨ ᠴᠢᠨᠠᠷᠲᠠᠶ ᠨᠥᠬᠦᠪᠥᠷᠢ ᠮᠥᠨ᠃ ᠥᠨᠳᠥᠷ ᠨᠠᠰᠤᠨ ᠤ ᠨᠡᠮᠡᠭᠦᠷᠢ ᠮᠥᠩᠭᠦ ᠣᠯᠭᠤᠬᠤ ᠠᠵᠢᠯ ᠢ | ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠤᠯᠠᠭᠠᠨᠬᠠᠳᠠ ᠬᠤᠲᠠ ᠶᠢᠨ ᠡᠯ᠎ᠡ ᠱᠠᠲᠤᠨ ᠤ ᠠᠷᠠᠳ ᠤᠨ ᠶᠠᠪᠤᠳᠠᠯ ᠤᠨ | ᠰᠠᠯᠠᠭ᠎ᠠ ᠮᠥᠴᠢᠷ ᠪᠠᠶᠢᠴᠠᠭᠠᠨ ᠬᠠᠷᠭᠤᠭᠤᠯᠬᠤ ᠡᠷᠴᠢᠮ ᠢᠶᠠᠨ ᠴᠢᠩᠭᠠᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ | ᠮᠡᠳᠡᠭᠡ ᠵᠠᠩᠭᠢ ᠶᠢ ᠬᠠᠷᠭᠤᠭᠤᠯᠬᠤ ᠠᠵᠢᠯ ᠥᠷᠨᠢᠭᠦᠯᠵᠦ᠂ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠦᠨ᠂ | ᠤᠯᠠᠭᠠᠨᠬᠠᠳᠠ ᠬᠤᠲᠠ ᠶᠢᠨ ᠨᠥᠬᠦᠴᠡᠯ ᠳᠤ ᠨᠡᠶᠢᠴᠡᠬᠦ ᠦᠲᠡᠭᠦᠰ ᠲᠤ ᠴᠥᠮ ᠡᠨᠡ ᠬᠦ ᠠᠷᠠᠳ ᠲᠤ ᠠᠰᠢᠭ | ᠬᠦᠷᠲᠡᠭᠡᠬᠦ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤ ᠨᠢ ᠬᠦᠷᠲᠡᠭᠡᠬᠦ ᠶᠢ ᠦᠨᠡᠨ ᠬᠦ ᠪᠠᠲᠤᠯᠠᠵᠠᠢ᠃ | ᠥᠨᠳᠥᠷ ᠨᠠᠰᠤᠨ ᠤ ᠨᠡᠮᠡᠭᠦᠷᠢ ᠮᠥᠩᠭᠦ ᠶᠢ ᠲᠤᠰᠬᠠᠶ ᠳᠠᠩᠰᠠ ᠪᠠᠷ ᠬᠠᠮᠢᠶᠠᠷᠴᠤ᠂ ᠲᠤᠰᠬᠠᠶ ᠵᠣᠭᠤᠰ ᠢ | ᠲᠤᠰᠬᠠᠶ ᠬᠡᠷᠡᠭᠯᠡᠵᠦ᠂ ᠪᠦᠬᠦᠯᠢ 80 — 99 ᠨᠠᠰᠤᠨ ᠤ ᠦᠲᠡᠭᠦᠰ ᠲᠤ ᠬᠥᠮᠦᠨ ᠪᠦᠷᠢ ᠰᠠᠷ᠎ᠠ ᠪᠦᠷᠢ 100 | ᠲᠥᠭᠦᠷᠢᠭ᠂ 100 ᠨᠠᠰᠤᠨ ᠠᠴᠠ ᠳᠡᠭᠡᠭᠰᠢᠬᠢ ᠦᠲᠡᠭᠦᠰ ᠲᠤ ᠬᠥᠮᠦᠨ ᠪᠦᠷᠢ ᠰᠠᠷ᠎ᠠ ᠪᠦᠷᠢ 600 ᠲᠥᠭᠦᠷᠢᠭ ᠤᠨ | ᠪᠠᠷᠢᠮᠵᠢᠶ᠎ᠠ ᠶᠣᠰᠣᠭᠠᠷ᠂ ᠰᠠᠷ᠎ᠠ ᠪᠦᠷᠢ ᠪᠤᠶᠤ ᠤᠯᠠᠷᠢᠯ ᠪᠦᠷᠢ ᠶᠢᠨ ᠲᠦᠷᠦᠭᠦᠤ ᠰᠠᠷ᠎ᠠ ᠶᠢᠨ 10 ᠤ ᠡᠳᠦᠷ ᠠᠴᠠ | ᠡᠮᠦᠨ᠎ᠡ ︽ᠪᠦᠬᠦᠨ ᠳᠤ ᠳᠣᠭᠢᠷᠠᠬᠤ ᠺᠠᠷᠲ︾ ᠢᠶᠠᠷ ᠦᠲᠡᠭᠦᠰ ᠲᠤ ᠣᠯᠭᠤᠬᠤ ᠪᠠ ᠴᠠᠭ ᠲᠤᠬᠠᠶ ᠳᠤ ᠨᠢ ᠲᠤᠭ᠎ᠠ | ᠶᠣᠰᠣᠭᠠᠷ ᠨᠢ ᠣᠯᠭᠤᠬᠤ ᠶᠢ ᠦᠨᠡᠨ ᠬᠦ ᠪᠠᠲᠤᠯᠠᠵᠠᠢ᠃ ᠪᠦᠷᠢᠳᠬᠡᠯ ᠢ ᠦᠨᠳᠦᠰᠦᠯᠡᠪᠡᠯ᠂ ᠤᠯᠠᠭᠠᠨᠬᠠᠳᠠ ᠬᠤᠲᠠ ᠶᠢᠨ | ᠪᠦᠬᠦᠯᠢ 80 ᠨᠠᠰᠤᠨ ᠠᠴᠠ ᠳᠡᠭᠡᠭᠰᠢᠬᠢ ᠦᠲᠡᠭᠦᠰ 7.8 ᠲᠦᠮᠡ ᠪᠠᠶᠢᠵᠤ᠂ ᠳᠡᠭᠡᠳᠦ ᠬᠠᠭᠠᠰ ᠵᠢᠯ ᠳᠤ ᠨᠡᠶᠢᠲᠡ | 4702 ᠲᠦᠮᠡᠨ ᠲᠥᠭᠦᠷᠢᠭ ᠤᠨ ᠥᠨᠳᠥᠷ ᠨᠠᠰᠤᠨ ᠤ ᠨᠡᠮᠡᠭᠦᠷᠢ ᠣᠯᠭᠤᠪᠠ᠃ |