ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ 2020 ᠣᠨ ᠤ 18 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ 
ᠨᠡᠶᠢᠲᠡᠯᠡᠭᠰᠡᠨ ᠴᠠᠭ᠄
2020/8/18
     8 ᠰᠠᠷ᠎ᠠ ᠶᠢᠨ 13᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠦ᠂ ︽︿ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠦᠷ ᠮᠤᠩᠭᠤᠯ ᠢᠶᠠᠨ ᠮᠠᠨᠳᠤᠭᠤᠯᠬᠤ﹀ ᠠᠵᠢᠯᠯᠠᠭ᠎ᠠ ᠶᠢ ᠲᠦᠷᠭᠡᠳᠭᠡᠨ ᠠᠬᠢᠭᠤᠯᠵᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ ᠡᠬᠦᠳᠬᠦ ᠶᠢ ᠳᠡᠮᠵᠢᠬᠦ ᠲᠤᠬᠠᠢ ᠲᠦᠷᠦ ᠶᠢᠨ ᠪᠤᠳᠤᠯᠭ᠎ᠠ ᠠᠷᠭ᠎ᠠ ᠭᠡᠮᠵᠢᠶ᠎ᠠ ᠨᠦᠭᠦᠳ︾ ︽ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠦᠢᠯᠡᠳᠪᠤᠷᠢᠯᠡᠯ ᠵᠢᠭᠠᠨ ᠰᠤᠷᠭᠠᠯᠳᠠ ᠶᠢ ᠠᠭᠤᠰᠤᠯᠴᠠᠭᠤᠯᠬᠤ ᠪᠦᠳᠦᠭᠡᠨ ᠪᠠᠶᠢᠭᠤᠯᠤᠯᠳᠠ ᠶᠢᠨ ᠲᠤᠷᠰᠢᠯᠳᠠ ᠶᠢᠨ ᠴᠡᠭ ᠤᠨ ᠭᠡᠷᠡᠭᠵᠢᠬᠦᠯᠬᠦ ᠲᠦᠰᠦᠯ ︵ᠲᠤᠷᠰᠢᠨ ᠭᠡᠷᠡᠭᠵᠢᠬᠦᠯᠬᠦ︶︾ ︽ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠦᠮᠦᠰᠦᠨ ᠤ ᠠᠵᠤ ᠦᠢᠯᠡᠰ ᠤᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠲᠤᠬᠠᠢ ᠭᠡᠷᠡᠭᠵᠢᠬᠦᠯᠬᠦ ᠰᠠᠨᠠᠯ︾ ᠵᠡᠷᠭᠡ ᠵᠦᠢᠯ ᠢ ᠰᠤᠳᠤᠯᠪᠠ᠃      ᠬᠤᠷᠠᠯ ᠠᠴᠠ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠦᠷ ᠮᠤᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠪᠤᠯ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠶᠡᠷᠦᠩᠭᠡᠢ ᠱᠦᠵᠢ ᠰᠢ ᠶᠢᠨ ᠫᠢᠩ ᠤᠨ ᠥᠪᠦᠷ ᠮᠤᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠤᠳᠠᠳᠠᠢ ᠠᠷᠭ᠎ᠠ ᠭᠡᠮᠵᠢᠶ᠎ᠠ ᠮᠦᠨ᠂ ᠡᠨᠡ ᠨᠢ ᠮᠠᠨ ᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ ᠡᠬᠦᠳᠬᠦ ᠴᠢᠳᠠᠪᠤᠷᠢ ᠶᠢ ᠳᠡᠭᠡᠭᠰᠢᠯᠡᠬᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠤᠯᠤᠨ ᠠᠵᠤ ᠦᠢᠯᠡᠰ ᠤᠨ ᠬᠦᠨᠵᠡᠭᠡᠢ ᠠᠭᠤᠰᠤᠯᠴᠠᠯ ᠢ ᠠᠬᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃ ᠭᠤᠤᠯᠳᠠᠯᠭ᠎ᠠ ᠲᠠᠢ ᠬᠦᠷᠢᠶ᠎ᠠ ᠪᠠ ᠵᠠᠩᠬᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠦᠪᠯᠡᠷᠡᠬᠦᠯᠵᠦ᠂ ᠲᠦᠷᠦ ᠶᠢᠨ ᠪᠤᠳᠤᠯᠭ᠎ᠠ ᠶᠢᠨ ᠳᠡᠮᠵᠢᠯᠭᠡ ᠪᠠᠨ ᠴᠢᠩᠭᠠᠳᠬᠠᠬᠤ ᠭᠡᠷᠡᠭᠲᠡᠢ᠃ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠲᠦᠷᠦ ᠶᠢᠨ ᠪᠤᠳᠤᠯᠭ᠎ᠠ ᠲᠤᠭᠳᠠᠭᠠᠬᠤ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠠᠪᠤᠴᠠ ᠳᠤᠮᠳᠠ ᠪᠠᠨ ︽ᠨᠢᠭᠡ ᠬᠦᠯᠭᠡ ᠰᠢᠳᠠᠷ᠎ᠠ︾ ᠪᠤᠯᠬᠤ ᠦᠵᠡᠯ ᠰᠠᠨᠠᠭ᠎ᠠ ᠶᠢ ᠪᠤᠢ ᠪᠤᠯᠭᠠᠵᠦ᠂ ᠤᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠨ᠂ ᠠᠰᠠᠭᠤᠳᠠᠯ ᠢ ᠰᠢᠢᠳᠪᠤᠷᠢᠯᠡᠬᠦ ᠬᠠᠮᠳᠤᠷᠠᠯ ᠬᠦᠴᠦ ᠶᠢ ᠪᠦᠷᠢᠯᠳᠦᠬᠦᠯᠬᠦ ᠭᠡᠷᠡᠭᠲᠡᠢ ᠭᠡᠵᠦ ᠵᠢᠭᠠᠵᠦ ᠭᠠᠷᠭᠠᠪᠠ᠃      ᠬᠤᠷᠠᠯ ᠠᠴᠠ᠂ ᠦᠢᠯᠡᠳᠪᠤᠷᠢᠯᠡᠯ ᠵᠢᠭᠠᠨ ᠰᠤᠷᠭᠠᠯᠳᠠ ᠶᠢ ᠬᠦᠨᠵᠡᠭᠡᠢ ᠠᠭᠤᠰᠤᠯᠴᠠᠭᠤᠯᠬᠤ ᠪᠤᠯ ᠨᠠᠮ ᠤᠨ ᠲᠦᠪ ᠬᠤᠷᠢᠶ᠎ᠠ ᠠᠴᠠ ᠪᠠᠶᠢᠷᠢᠯᠠᠭᠤᠯᠤᠭᠰᠠᠨ ᠴᠢᠬᠤᠯᠠ ᠶᠡᠭᠡ ᠡᠬᠦᠷᠭᠡ᠂ ᠰᠤᠷᠭᠠᠨ ᠬᠦᠮᠦᠵᠢᠯ ᠢ ᠤᠷᠢᠳ ᠢᠶᠠᠷ ᠬᠦᠭᠵᠢᠬᠦᠯᠬᠦ᠂ ᠴᠢᠳᠠᠪᠤᠷᠢᠳᠠᠨ ᠢᠶᠠᠷ ᠳᠠᠭᠠᠭᠤᠯᠤᠨ ᠬᠦᠭᠵᠢᠬᠦᠯᠬᠦ᠂ ᠠᠵᠤ ᠦᠢᠯᠡᠰ ᠤᠨ ᠰᠢᠨ᠎ᠠ ᠶᠢ ᠡᠬᠦᠳᠦᠨ ᠬᠦᠭᠵᠢᠬᠦ ᠶᠢ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠠᠷᠭ᠎ᠠ ᠭᠡᠮᠵᠢᠶ᠎ᠠ ᠮᠦᠨ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠭᠠᠵᠠᠷ ᠤᠷᠤᠨ ᠤ ᠬᠢᠨ ᠡᠨᠡ ᠬᠦ ᠠᠵᠢᠯ ᠢ ᠪᠠᠶᠢᠪᠠᠰᠤ ᠵᠤᠬᠢᠬᠤ ᠪᠠᠶᠢᠷᠢᠨ ᠳᠤ ᠲᠠᠯᠪᠢᠵᠦ᠂ ᠦᠵᠡᠯ ᠰᠠᠨᠠᠭ᠎ᠠ ᠪᠠᠨ ᠴᠢᠯᠦᠭᠡᠯᠡᠨ᠂ ᠵᠤᠷᠢᠭᠳᠠᠢ ᠪᠠᠷ ᠦᠭᠡᠷᠡᠴᠢᠯᠡᠯᠳᠠ ᠬᠢᠵᠦ ᠰᠢᠨ᠎ᠠ ᠶᠢ ᠡᠬᠦᠳᠦᠨ᠂ ᠲᠡᠷᠡ ᠬᠡᠪ ᠢᠶᠠᠷ ᠨᠢ ᠳᠡᠯᠭᠡᠷᠡᠬᠦᠯᠵᠦ ᠪᠤᠯᠬᠤ ᠲᠤᠷᠰᠢᠯᠭ᠎ᠠ ᠶᠢ ᠴᠢᠷᠮᠠᠶᠢᠨ ᠪᠦᠷᠢᠯᠳᠦᠬᠦᠯᠬᠦ ᠭᠡᠷᠡᠭᠲᠡᠢ ᠭᠡᠵᠦ ᠵᠢᠭᠠᠵᠦ ᠭᠠᠷᠭᠠᠪᠠ᠃      ᠬᠤᠷᠠᠯ ᠠᠴᠠ᠂ ᠲᠦᠮᠦᠰᠦᠨ ᠤ ᠠᠵᠤ ᠦᠢᠯᠡᠰ ᠪᠤᠯ ᠮᠠᠨ ᠤ ᠤᠷᠤᠨ ᠤ ᠲᠠᠪᠠᠭᠤᠯᠢᠭ ᠠᠵᠤ ᠦᠢᠯᠡᠰ ᠪᠤᠯᠬᠤ ᠪᠦᠭᠡᠳ ᠪᠠᠰᠠ ᠠᠷᠠᠳ ᠢ ᠪᠠᠶᠠᠵᠢᠭᠤᠯᠬᠤ ᠠᠵᠤ ᠦᠢᠯᠡᠰ ᠪᠤᠯᠤᠨ᠎ᠠ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠭᠡᠢ ᠪᠠᠷ ᠬᠦᠭᠵᠢᠬᠦᠯᠬᠦ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠠ ᠵᠠᠮ ᠢᠶᠠᠷ ᠵᠠᠮᠨᠠᠬᠤ ᠶᠢ ᠪᠠᠷᠢᠮᠳᠠᠯᠠᠵᠦ᠂ ᠡᠯ᠎ᠠ ᠲᠠᠯ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠨ ᠢ ᠨᠡᠶᠢᠳᠭᠡᠨ ᠮᠡᠷᠭᠡᠵᠢᠯ ᠤᠨ ᠪᠤᠭᠤᠮᠳᠠ ᠰᠢᠪᠳᠤᠯᠤᠯᠳᠠ ᠬᠢᠵᠦ᠂ ᠲᠦᠮᠦᠰᠦᠨ ᠤ ᠠᠵᠤ ᠦᠢᠯᠡᠰ ᠤᠨ ᠬᠦᠭᠵᠢᠯᠳᠠ ᠶᠢ ᠬᠢᠵᠠᠭᠠᠷᠯᠠᠵᠦ ᠪᠠᠶᠢᠭ᠎ᠠ ᠲᠤᠪᠤᠶᠢᠮ᠎ᠠ ᠠᠰᠠᠭᠤᠳᠠᠯ ᠢ ᠲᠦᠷᠭᠡᠳᠭᠡᠨ ᠰᠢᠢᠳᠪᠤᠷᠢᠯᠡᠬᠦ ᠭᠡᠷᠡᠭᠲᠡᠢ᠃ ᠠᠵᠤ ᠦᠢᠯᠡᠰ ᠤᠨ ᠪᠠᠶᠢᠷᠢᠰᠢᠯ ᠢ ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠵᠦ᠂ ᠲᠦᠮᠦᠰᠦᠨ ᠤ ᠲᠠᠪᠠᠭᠤᠯᠢᠭ ᠤᠨᠴᠠᠯᠢᠬᠳᠤ ᠠᠵᠤ ᠦᠢᠯᠡᠰ ᠤᠨ ᠪᠦᠰᠡ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠦ᠂ ᠲᠤᠰᠬᠠᠢᠢᠵᠢᠬᠰᠠᠨ ᠬᠡᠪᠴᠢᠶᠠᠵᠢᠭᠰᠡᠨ ᠠᠵᠤ ᠦᠢᠯᠡᠰ ᠤᠨ ᠪᠦᠯᠦᠭᠵᠢᠯ ᠢ ᠴᠤᠬᠴᠠᠯᠠᠬᠤ ᠭᠡᠷᠡᠭᠲᠡᠢ ᠭᠡᠵᠦ ᠴᠢᠬᠤᠯᠠᠴᠢᠯᠠᠵᠠᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号