| | | 8 ᠳ᠋ᠤᠭᠠᠷ ᠰᠠᠷ᠎ᠠ ᠶᠢᠨ 17 ᠤ ᠡᠳᠦᠷ᠂ ᠵᠧᠩ ᠳ᠋ᠡ ᠪᠦᠯᠦᠭᠯᠡᠯ ᠤᠨ ᠤᠮᠠᠷᠠᠲᠤ ᠣᠷᠣᠨ ᠤ ᠠᠮᠢᠲᠠᠨ ᠤ | ᠬᠠᠮᠠᠭᠠᠯᠠᠯᠲᠠ ᠶᠢᠨ ᠲᠥᠪ ᠤᠨ ᠰᠠᠭᠤᠷᠢ ᠲᠠᠯᠪᠢᠬᠤ ᠶᠣᠰᠣᠯᠠᠯ ᠬᠥᠬᠡᠬᠤᠲᠠ ᠶᠢᠨ ᠬᠤᠷᠢᠨᠭᠡᠷ ᠰᠢᠶᠠᠨ ᠤ ᠱᠧᠩ ᠯᠧ | ᠠᠵᠤ ᠠᠬᠤᠢ ᠶᠢᠨ ᠬᠦᠷᠢᠶᠡᠯᠡᠩ ᠲᠣᠭᠤᠷᠢᠭ ᠲᠤ ᠶᠠᠪᠤᠭᠳᠠᠪᠠ᠃ ᠣᠶᠢᠯᠠᠭᠠᠭᠰᠠᠨ ᠢᠶᠠᠷ᠂ ᠲᠤᠰ ᠲᠥᠪ ᠨᠢ ᠣᠯᠠᠨ | ᠤᠯᠤᠰ ᠤᠨ ᠲᠡᠷᠢᠭᠦᠨ ᠤ ᠠᠮᠢᠲᠠᠨ ᠤ ᠡᠷᠡᠭᠦᠯ ᠮᠡᠨᠳᠦ ᠪᠣᠯᠤᠨ ᠡᠪᠡᠳᠴᠢᠨ ᠡᠮᠭᠡᠭ ᠢ ᠪᠠᠶᠢᠴᠠᠭᠠᠨ ᠬᠡᠮᠵᠢᠬᠦ A2 | ᠲᠠᠰ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠲᠠᠰᠤᠭ ᠢ ᠲᠡᠳᠡᠨ ᠣᠷᠣᠭᠤᠯᠵᠤ᠂ ᠠᠰᠢᠭᠯᠠᠯᠲᠠ ᠳᠤ | ᠣᠷᠣᠭᠤᠯᠤᠭᠰᠠᠨ ᠤ ᠳᠠᠷᠠᠭ᠎ᠠ ᠡᠯ᠎ᠡ ᠵᠦᠢᠯ ᠤᠨ ᠠᠮᠢᠲᠠᠨ ᠤ ᠡᠪᠡᠳᠴᠢᠨ ᠡᠮᠭᠡᠭ ᠢ ᠪᠦᠲᠦᠮᠵᠢᠲᠡᠶ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠵᠦ ᠴᠢᠳᠠᠨ᠎ᠠ᠃ ᠵᠧᠩ ᠳ᠋ᠡ ᠪᠦᠯᠦᠭᠯᠡᠯ ᠤᠨ ᠤᠮᠠᠷᠠᠲᠤ ᠣᠷᠣᠨ ᠤ 1100 ᠲᠦᠮᠡᠨ | ᠭᠠᠭ᠋ᠠᠶ ᠶᠢᠨ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠪᠣᠯᠤᠨ 300 ᠲᠦᠮᠡᠨ ᠥᠨᠳᠡᠭᠡᠨ ᠳᠠᠬᠢᠶ᠎ᠠ ᠶᠢᠨ | ᠪᠦᠬᠦ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠳᠤ ᠪᠠᠲᠤᠯᠠᠭ᠎ᠠ ᠬᠠᠩᠭᠠᠬᠤ ᠶᠢᠨ ᠬᠠᠮᠲᠤ ᠬᠤᠷᠢᠨᠭᠡᠷ | ᠰᠢᠶᠠᠨ ᠤ ᠲᠡᠵᠢᠭᠡᠨ ᠦᠷᠡᠵᠢᠭᠦᠯᠬᠦ ᠦᠢᠯᠡᠰ ᠤᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠬᠦ | ᠪᠣᠯᠤᠨ᠎ᠠ᠃ |