8 ᠳ᠋ᠤᠭᠠᠷ ᠰᠠᠷ᠎ᠠ ᠶᠢᠨ 18 ᠤ ᠡᠳᠦᠷ᠂ ᠬᠢᠩᠭᠠᠨ ᠠᠶᠢᠮᠠᠭ ᠤᠨ ᠶᠠᠳᠠᠭᠤ ᠶᠢ ᠲᠡᠳᠬᠦᠬᠦ ᠠᠵᠤ ᠠᠬᠤᠶᠢᠯᠠᠯ | ᠪᠥᠬᠦ ᠤᠯᠤᠰ ᠤᠨ ᠶᠠᠳᠠᠭᠤ ᠶᠢ ᠲᠡᠳᠬᠦᠬᠦ ︽832 ᠲᠠᠪᠴᠠᠩ︾ ᠳᠤ ᠣᠷᠣᠵᠤ ᠰᠠᠭᠤᠬᠤ ᠶᠣᠰᠣᠯᠠᠯ ᠵᠢᠴᠢ ᠬᠢᠩᠭᠠᠨ | ᠠᠶᠢᠮᠠᠭ ᠤᠨ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠠᠨᠢᠯᠴᠠᠭᠤᠯᠬᠤ ᠰᠣᠨᠢᠨ | ᠮᠡᠳᠡᠭᠡᠨ ᠤ ᠵᠠᠭᠤᠴᠢᠯᠠᠭᠤᠷ ᠤᠨ ᠬᠤᠷᠠᠯ ᠬᠤᠷᠠᠯᠳᠤᠪᠠ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ | ᠠᠶᠢᠮᠠᠭ ᠤᠨ ᠳᠡᠳ᠋ ᠳᠠᠷᠤᠭ᠎ᠠ ᠬᠤᠩ ᠭᠤᠸᠠᠨ ᠬᠤᠷᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ᠃ | ᠪᠦᠬᠦ ᠤᠯᠤᠰ ᠤᠨ ᠶᠠᠳᠠᠭᠤ ᠶᠢ ᠲᠡᠳᠬᠦᠬᠦ ︽832 ᠲᠠᠪᠴᠠᠩ︾ ᠪᠣᠯ ᠪᠦᠬᠦ ᠳᠤᠮᠳᠠᠳᠤ ᠶᠢᠨ ᠬᠠᠩᠭᠠᠨ | ᠪᠣᠷᠣᠯᠠᠭᠤᠯᠬᠤ ᠶᠡᠷᠦᠩᠬᠡᠶ ᠬᠤᠷᠰᠢᠶ᠎ᠠ ᠶᠢᠨ ᠪᠠᠶᠢᠭᠤᠯᠤᠭᠰᠠᠨ ᠶᠠᠳᠠᠭᠤ ᠬᠦᠴᠢᠷᠳᠡᠯᠲᠡᠶ ᠭᠠᠵᠠᠷ ᠣᠷᠣᠨ ᠤ | ᠲᠠᠷᠢᠶᠠᠯᠠᠩ ᠤᠨ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠰᠦᠯᠵᠢᠶᠡᠨ ᠪᠣᠷᠣᠯᠠᠭᠤᠯᠭ᠎ᠠ ᠶᠢᠨ ᠲᠠᠪᠴᠠᠩ | ᠪᠣᠯᠤᠨ᠎ᠠ᠃ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯ | ᠡᠵᠡᠮᠳᠡᠯ ᠤᠨ ᠠᠷᠭ᠎ᠠ ᠪᠠᠷᠢᠯ ᠢ ᠬᠡᠷᠡᠭᠯᠡᠨ᠂ ᠲᠥᠰᠦᠪ ᠤᠨ ᠨᠢᠭᠡᠴᠢ ᠶᠢ ᠳᠠᠶᠢᠴᠢᠯᠠᠨ ᠶᠠᠳᠠᠭᠤ ᠬᠦᠴᠢᠷᠳᠡᠯᠲᠡᠶ ᠭᠠᠵᠠᠷ | ᠣᠷᠣᠨ ᠤ ᠲᠠᠷᠢᠶᠠᠯᠠᠩ ᠤᠨ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠤᠷᠢᠳᠠᠪᠠᠷ ᠬᠤᠳᠠᠯᠳᠤᠨ ᠠᠪᠬᠤ ᠶᠢ | ᠵᠣᠷᠢᠭᠵᠢᠭᠤᠯᠬᠤ ᠪᠣᠯ ᠡᠳ᠋ ᠤᠨ ᠵᠠᠰᠠᠭ ᠤᠨ ᠶᠠᠮᠤᠨ᠂ ᠤᠯᠤᠰ ᠤᠨ ᠶᠠᠳᠠᠭᠤ ᠶᠢ ᠲᠡᠳᠬᠦᠬᠦ ᠠᠯᠪᠠᠨ ᠭᠡᠷ᠂ | ᠳᠤᠮᠳᠠᠳᠤ ᠶᠢᠨ ᠪᠦᠬᠦ ᠤᠯᠤᠰ ᠤᠨ ᠬᠠᠩᠭᠠᠨ ᠪᠣᠷᠣᠯᠠᠭᠤᠯᠬᠤ ᠶᠡᠷᠦᠩᠬᠡᠶ ᠬᠤᠷᠰᠢᠶ᠎ᠠ ᠶᠢᠨ ᠬᠠᠮᠲᠤᠪᠠᠷ ᠨᠡᠶᠢᠲᠡᠯᠡᠭᠰᠡᠨ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠬᠦᠴᠦᠨ | ᠨᠡᠮᠡᠷᠢᠯᠡᠬᠦ ᠪᠣᠳᠠᠲᠠᠶ ᠠᠷᠭ᠎ᠠ ᠬᠡᠮᠵᠢᠶ᠎ᠡ ᠪᠣᠯᠤᠨ᠎ᠠ᠃ ᠬᠡᠷᠡᠭᠯᠡᠭᠡᠨ ᠢᠶᠠᠷ ᠶᠠᠳᠠᠭᠤ ᠶᠢ ᠲᠡᠳᠬᠦᠬᠦ᠂ ᠵᠠᠰᠠᠭ ᠤᠨ ᠣᠷᠳᠣᠨ ᠤ | ᠬᠤᠳᠠᠯᠳᠤᠨ ᠠᠪᠬᠤ ᠠᠵᠢᠯ ᠢ ᠨᠠᠶᠢᠳᠠᠪᠤᠷᠢᠵᠢᠭᠤᠯᠬᠤ ᠶᠢᠨ ᠴᠢᠬᠤᠯᠠ ᠭᠠᠷᠳᠠᠴᠠ ᠪᠣᠯᠤᠨ᠎ᠠ᠃ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠡᠳ᠋ ᠤᠨ ᠵᠠᠰᠠᠭ ᠤᠨ ᠶᠠᠮᠤᠨ᠂ ᠲᠥᠷᠥ ᠶᠢᠨ ᠶᠠᠪᠤᠳᠠᠯ ᠤᠨ | ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ᠂ ᠳᠤᠮᠳᠠᠳᠤ ᠶᠢᠨ ᠪᠦᠬᠦ ᠤᠯᠤᠰ ᠤᠨ ᠬᠠᠩᠭᠠᠨ ᠪᠣᠷᠣᠯᠠᠭᠤᠯᠬᠤ | ᠶᠡᠷᠦᠩᠬᠡᠢ ᠬᠤᠷᠰᠢᠶ᠎ᠠ ᠪᠠᠷ ᠲᠦᠷᠦᠭᠦᠯᠡᠭᠦᠯᠦᠨ ᠪᠠᠶᠢᠭᠤᠯᠤᠭᠰᠠᠨ ︽832 ᠲᠠᠪᠴᠠᠩ︾ ᠢ ᠠᠰᠢᠭᠯᠠᠬᠤ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠤᠢ᠂ ᠡᠨᠡ ᠪᠣᠯ ᠬᠢᠩᠭᠠᠨ ᠠᠶᠢᠮᠠᠭ ᠤᠨ ᠶᠠᠳᠠᠭᠤ ᠶᠢ ᠲᠡᠳᠬᠦᠬᠦ ᠠᠵᠤ | ᠠᠬᠤᠶᠢᠯᠠᠯ ᠤᠨ ᠬᠥᠭᠵᠢᠯᠲᠡ ᠶᠢᠨ ᠴᠢᠬᠤᠯᠠ ᠶᠡᠭᠡ ᠠᠵᠠ ᠲᠣᠬᠢᠶᠠᠯ ᠮᠥᠨ᠂ ᠪᠥᠬᠦ ᠤᠯᠤᠰ ᠤᠨ ᠠᠷᠠᠳ ᠲᠦᠮᠡᠨ ᠳᠤ | ᠬᠢᠩᠭᠠᠨ ᠠᠶᠢᠮᠠᠭ ᠤᠨ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ | ᠦᠵᠡᠭᠦᠯᠬᠦ ᠴᠢᠬᠤᠯᠠ ᠡᠭᠦᠷᠭᠡ ᠴᠢᠳᠠᠪᠤᠷᠢ ᠮᠥᠨ᠂ ︽832 ᠲᠠᠪᠴᠠᠩ︾ ᠨᠢ ᠶᠠᠳᠠᠭᠤ ᠬᠦᠴᠢᠷᠳᠡᠯᠲᠡᠶ ᠭᠠᠵᠠᠷ | ᠣᠷᠣᠨ ᠤ ᠲᠠᠷᠢᠶᠠᠯᠠᠩ ᠤᠨ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢᠶᠠᠨ ᠰᠦᠯᠵᠢᠶᠡᠨ ᠳᠡᠭᠡᠷ᠎ᠡ ᠳᠡᠯᠭᠡᠨ | ᠦᠵᠡᠭᠦᠯᠬᠦ᠂ ᠰᠦᠯᠵᠢᠶᠡᠨ ᠳᠡᠭᠡᠷ᠎ᠡ ᠠᠷᠠᠯᠵᠢᠶᠠᠯᠠᠬᠤ᠂ ᠪᠠᠷᠠᠭᠠᠨ ᠤ ᠭᠦᠢᠯᠭᠡᠭᠡ ᠶᠢ ᠮᠥᠷᠳᠡᠬᠦ᠂ ᠰᠦᠯᠵᠢᠶᠡᠨ ᠳᠡᠭᠡᠷ᠎ᠡ | ᠲᠣᠭᠠᠴᠠᠭ᠎ᠠ ᠬᠢᠬᠦ᠂ ᠦᠢᠯᠡᠳᠬᠦᠨ ᠢ ᠮᠥᠷᠳᠡᠬᠦ ᠨᠢᠭᠡ ᠥᠷᠲᠡᠭᠡ ᠮᠠᠶ᠋ᠢᠭ ᠤᠨ ᠨᠡᠶᠢᠯᠡᠯ ᠢ ᠪᠡᠶᠡᠯᠡᠭᠦᠯᠪᠡ᠃ ᠡᠨᠡ ᠨᠢ | ᠶᠠᠳᠠᠭᠤ ᠬᠦᠴᠢᠷᠳᠡᠯᠲᠡᠶ ᠬᠥᠮᠦᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠪᠠ ᠶᠠᠳᠠᠭᠤ | ᠬᠦᠴᠢᠷᠳᠡᠯᠲᠡᠢ ᠭᠠᠵᠠᠷ ᠣᠷᠣᠨ ᠤ ᠠᠵᠤ ᠦᠢᠯᠡᠰ ᠤᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠳᠤ ᠴᠢᠬᠤᠯᠠ | ᠠᠴᠢ ᠬᠤᠯᠪᠣᠭᠳᠠᠯ ᠲᠠᠢ ᠶᠤᠮ᠃ ᠥᠨᠥ ᠪᠣᠯᠬᠤ ᠳᠤ᠂ ᠬᠢᠩᠭᠠᠨ ᠠᠶᠢᠮᠠᠭ ᠨᠢᠭᠡᠨᠲᠡ 31 ᠶᠠᠳᠠᠭᠤ ᠶᠢ ᠲᠡᠳᠬᠦᠬᠦ | ᠠᠵᠤ ᠠᠬᠤᠶᠢᠯᠠᠯ ᠤᠨ ᠭᠡᠷᠡᠴᠢᠯᠡᠯ ᠪᠠ ᠬᠢᠷᠢ ᠬᠡᠮ ᠢ ᠬᠢᠨᠠᠨ ᠪᠠᠶᠢᠴᠠᠭᠠᠬᠤ ᠠᠵᠢᠯ ᠢ ᠪᠡᠶᠡᠯᠡᠭᠦᠯᠵᠦ᠂ ᠣᠳᠣᠬᠠᠨ ᠳᠤ | 20 ᠠᠵᠤ ᠠᠬᠤᠶᠢᠯᠠᠯ ᠨᠢᠭᠡᠨᠲᠡ ᠰᠦᠯᠵᠢᠶᠡᠨ ᠳᠤ ᠭᠠᠷᠴᠤ ᠡᠵᠡᠩᠨᠡᠯᠲᠡ ᠬᠢᠬᠦ ᠪᠣᠯᠪᠠ᠃ |