8 ᠳ᠋ᠤᠭᠠᠷ ᠰᠠᠷ᠎ᠠ ᠶᠢᠨ 18 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠤᠨ ᠤ | ᠪᠣᠯᠪᠠᠰᠤᠨ ᠤ ᠠᠯᠪᠠᠨ ᠬᠡᠷ᠂ ᠬᠥᠬᠡᠬᠤᠲᠠ ᠶᠢᠨ ᠣᠶᠤᠨ ᠤ ᠪᠣᠯᠪᠠᠰᠤᠨ ᠤ ᠠᠯᠪᠠᠨ ᠬᠡᠷ ᠠᠴᠠ ᠭᠤᠤᠯᠯᠠᠨ ᠡᠷᠭᠢᠯᠡᠭᠰᠡᠨ | ︽ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠦᠢᠯᠡ ᠠᠵᠢᠯᠯᠠᠭ᠎ᠠ ᠶᠢ ᠬᠤᠷᠢᠭᠯᠠᠵᠤ ᠠᠵᠢᠯᠴᠢ | ᠠᠷᠪᠢᠴᠢ ᠰᠤᠷᠲᠠᠯ ᠢ ᠶᠡᠭᠡ ᠪᠠᠷ ᠬᠥᠭᠵᠢᠭᠦᠯᠬᠦ︾ — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠣᠮᠣ ᠬᠡᠯᠪᠡᠷᠢ ᠶᠢᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠬᠥᠬᠡᠬᠤᠲᠠ ᠶᠢᠨ ᠶᠡᠭᠡ ᠵᠣᠣ ᠠᠭᠤᠳᠠᠮ | ᠲᠠᠯᠠᠪᠠᠶ ᠳᠤ ᠶᠠᠪᠤᠭᠳᠠᠪᠠ᠃ ᠠᠵᠢᠯᠯᠠᠭ᠎ᠠ ᠨᠢ ᠪᠣᠯᠪᠠᠰᠤᠨ ᠢᠶᠠᠷ ᠬᠤᠭᠤᠯᠠᠯᠠᠬᠤ ᠦᠵᠡᠭᠦᠯᠭᠡ ᠶᠢᠨ ᠰᠠᠮᠪᠠᠷ᠎ᠠ ᠲᠠᠯᠪᠢᠬᠤ᠂ | ᠰᠠᠨᠠᠭᠠᠴᠢᠯᠠᠭ᠎ᠠ ᠶᠢᠨ ᠪᠢᠴᠢᠭ ᠢ ᠤᠩᠰᠢᠬᠤ᠂ ᠤᠷᠠᠨ ᠰᠠᠶᠢᠬᠠᠨ ᠤ ᠲᠣᠭᠯᠠᠯᠲᠠ ᠭᠠᠷᠭᠠᠬᠤ᠂ ᠬᠠᠷᠢᠯᠴᠠᠨ ᠠᠰᠠᠭᠤᠬᠤ | ᠬᠠᠷᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠦᠬᠦ ᠨᠡᠶᠢᠭᠡᠮ ᠢᠶᠠᠷ ᠢᠶᠠᠨ ᠢᠳᠡᠭᠡᠨ ᠤᠮᠳᠠᠭᠠᠨ ᠢ | ᠪᠦᠷᠢᠯᠭᠡᠨ ᠰᠦᠢᠳᠬᠡᠬᠦ ᠶᠢ ᠬᠤᠷᠢᠭᠯᠠᠬᠤ᠂ ᠠᠮᠤ ᠪᠤᠳᠠᠭ᠎ᠠ ᠶᠢ ᠠᠷᠪᠢᠯᠠᠬᠤ ᠠᠵᠢᠯᠯᠠᠭ᠎ᠠ ᠳᠤ ᠣᠷᠣᠯᠴᠠᠬᠤ ᠶᠢ | ᠤᠷᠢᠶᠠᠯᠠᠪᠠ᠃ ᠠᠵᠢᠯᠯᠠᠭ᠎ᠠ ᠳᠤ ᠶᠡᠭᠡ ᠬᠡᠮᠵᠢᠶᠡᠨ ᠤ ᠬᠤᠲᠠ ᠶᠢᠨ ᠠᠷᠠᠳ ᠣᠷᠤᠯᠴᠠᠵᠠᠢ᠃ | | | | ᠬᠤᠲᠠ ᠶᠢᠨ ᠠᠷᠠᠳ ᠦᠵᠡᠭᠦᠯᠭᠡ ᠶᠢᠨ ᠰᠠᠮᠪᠠᠷ᠎ᠠ ᠶᠢᠨ ᠡᠮᠦᠨ᠎ᠡ ᠬᠡᠤᠬᠡᠳ ᠲᠤ ᠪᠠᠨ ᠠᠮᠤ ᠪᠤᠳᠠᠭ᠎ᠠ ᠶᠢ | ᠠᠷᠪᠢᠯᠠᠨ ᠭᠠᠮᠨᠠᠬᠤ ᠲᠤᠬᠠᠶ ᠲᠠᠶᠢᠯᠪᠤᠷᠢᠯᠠᠵᠤ ᠪᠠᠶᠢᠭ᠎ᠠ ᠨᠢ | | ᠦᠵᠡᠭᠦᠯᠭᠡ ᠶᠢᠨ ᠰᠠᠮᠪᠠᠷ᠎ᠠ ᠶᠢᠨ ᠡᠮᠦᠨ᠎ᠡ᠂ ᠴᠥᠭᠡᠨ ᠪᠤᠰᠤ ᠬᠡᠷ ᠤᠨ ᠠᠬᠠᠮᠠᠳ ᠬᠡᠤᠬᠡᠳ ᠲᠤ ᠪᠠᠨ ︽ᠠᠮᠤ | ᠪᠤᠳᠠᠭ᠎ᠠ ᠪᠠᠨ ᠨᠠᠨᠳᠢᠩᠨᠠᠬᠤ︾ ᠴᠢᠬᠤᠯᠠ ᠠᠴᠢ ᠬᠤᠯᠪᠣᠭᠳᠠᠯ ᠢ ᠨᠠᠷᠢᠨ ᠨᠢᠮᠪᠠᠶ ᠲᠠᠶᠢᠯᠪᠤᠷᠢᠯᠠᠨ ᠥᠭᠴᠦ ᠪᠠᠶᠢᠨ᠎ᠠ᠃ | ᠭᠠᠷ ᠤᠨ ᠦᠰᠦᠭ ᠵᠢᠷᠤᠬᠤ ᠬᠡᠷᠡᠮ ᠳᠡᠭᠡᠷ᠎ᠡ᠂ ᠬᠤᠲᠠ ᠶᠢᠨ ᠠᠷᠠᠳ ᠥᠪᠡᠷ ᠤᠨ ᠨᠡᠷ᠎ᠡ ᠪᠠᠨ ᠪᠢᠴᠢᠵᠦ᠂ ᠪᠦᠷᠢᠯᠭᠡᠨ | ᠰᠦᠢᠳᠬᠡᠬᠦ ᠶᠢ ᠬᠤᠷᠢᠭᠯᠠᠵᠦ᠂ ᠠᠷᠪᠢᠯᠠᠨ ᠭᠠᠮᠨᠠᠬᠤ ᠡᠩᠨᠡᠭᠡᠨ ᠳᠤ ᠣᠷᠣᠵᠠᠶ᠃ | ᠢᠳᠡᠭᠡᠨ ᠤᠮᠳᠠᠭᠠᠨ ᠤ ᠣᠯᠠᠨ ᠠᠵᠤ ᠠᠬᠤᠶᠢᠯᠠᠯ ᠴᠤ ᠤᠷᠢᠶᠠᠯᠠᠭ᠎ᠠ ᠶᠢ ᠴᠣᠣᠷᠢᠶᠠᠳᠤᠨ ᠳᠠᠭᠠᠵᠤ᠂ ᠠᠷᠪᠢᠴᠢ | ᠭᠠᠮᠲᠠᠢ ᠬᠤᠭᠤᠯᠠᠯᠠᠬᠤ ᠶᠢ ᠵᠣᠷᠢᠭᠵᠢᠭᠤᠯᠬᠤ ᠠᠷᠭ᠎ᠠ ᠬᠡᠮᠵᠢᠶ᠎ᠡ ᠠᠪᠴᠠᠶ᠃ ᠬᠥᠬᠡᠬᠤᠲᠠ ᠶᠢᠨ ᠳ᠋ᠧ ᠱᠦᠨ ᠶᠤᠸᠠᠨ | ᠳ᠋ᠠ ᠭᠤᠸᠠᠨ ᠶᠤᠸᠠᠨ ᠬᠤᠭᠤᠯᠠᠨ ᠭᠡᠷ ᠤᠨ 2 ᠠᠵᠢᠯᠲᠠᠨ᠂ ᠲᠤᠬᠠᠶ ᠶᠢᠨ ᠲᠠᠯᠠᠪᠠᠢ ᠳᠤ ︽ᠠᠶᠠᠭ᠎ᠠ ᠫᠢᠯᠠ ᠪᠠᠨ | ᠬᠤᠭᠤᠰᠤᠯᠠᠬᠤ ᠠᠵᠢᠯᠯᠠᠭ᠎ᠠ ᠶᠢ ᠡᠷᠬᠢᠮᠯᠡᠨ᠂ ᠦᠯᠡᠳᠡᠭᠡᠯ ᠦᠭᠡᠢ ᠢᠳᠡᠪᠡᠯ ᠳᠠᠪᠤᠰᠤ ᠱᠠᠩᠨᠠᠵᠤ᠂ ᠢᠳᠡᠵᠦ | ᠦᠯᠡᠳᠡᠭᠰᠡᠨ ᠢᠶᠠᠨ ᠰᠠᠪᠠᠯᠠᠵᠤ ᠠᠪᠤᠪᠠᠯ ᠰᠢᠬᠢᠷ ᠱᠠᠩᠨᠠᠬᠤ︾ ᠭᠡᠰᠡᠨ ᠫᠠᠶᠢᠰᠠ ᠡᠷᠭᠦᠵᠦ ᠪᠠᠶᠢᠯ᠎ᠠ᠃ ᠬᠤᠭᠤᠯᠠᠨ | ᠭᠡᠷ ᠤᠨ ᠠᠵᠢᠯᠲᠠᠨ ᠯᠦᠸᠧ ᠪᠢᠨ ᠬᠡᠯᠡᠬᠦ ᠳᠤ ᠪᠠᠨ᠂ ᠵᠣᠴᠢᠳ ᠤᠨ ᠠᠶᠠᠭ᠎ᠠ ᠫᠢᠯᠠ ᠪᠠᠨ ᠬᠤᠭᠤᠰᠤᠯᠠᠵᠤ᠂ ᠢᠳᠡᠵᠦ | ᠦᠯᠡᠳᠡᠭᠰᠡᠨ ᠢᠶᠠᠨ ᠰᠠᠪᠠᠯᠠᠵᠤ ᠠᠪᠬᠤ ᠶᠢ ᠵᠣᠷᠢᠭᠵᠢᠭᠤᠯᠬᠤ ᠶᠢᠨ ᠲᠥᠯᠥᠭᠡ᠂ ᠡᠨᠡ ᠬᠤᠭᠤᠯᠠᠨ ᠭᠡᠷ ᠱᠠᠩᠨᠠᠨ | ᠬᠥᠬᠢᠭᠦᠯᠬᠦ ᠠᠷᠭ᠎ᠠ ᠬᠡᠮᠵᠢᠶ᠎ᠡ ᠠᠪᠴᠤ᠂ ᠨᠢᠭᠡ ᠫᠢᠯᠠ ᠨᠣᠭᠤᠭ᠎ᠠ ᠢᠳᠡᠵᠦ ᠬᠤᠭᠤᠰᠤᠯᠠᠬᠤ ᠪᠦᠷᠢ ᠨᠢᠭᠡ ᠤᠭᠤᠲᠠ | ᠳᠠᠪᠤᠰᠤ ᠱᠠᠩᠨᠠᠵᠤ᠂ ᠬᠤᠶᠠᠷ ᠫᠢᠯᠠ ᠨᠣᠭᠤᠭ᠎ᠠ ᠰᠠᠪᠠᠯᠠᠵᠤ ᠠᠪᠤᠪᠠᠯ ᠨᠢᠭᠡ ᠤᠭᠤᠲᠠ ᠳᠠᠪᠤᠰᠤ ᠱᠠᠩᠨᠠᠵᠠᠢ᠂ | ᠡᠭᠦᠨ ᠢᠶᠠᠷ ᠪᠠᠷᠠᠬᠤ ᠥᠬᠡᠶ᠂ ᠬᠤᠭᠤᠯᠠᠨ ᠭᠡᠷ ᠨᠢ ᠵᠣᠴᠢᠳ ᠲᠤ ᠦᠨ᠎ᠡ ᠲᠥᠯᠥᠪᠦᠷᠢ ᠥᠬᠡᠶ ᠰᠠᠪᠠᠯᠠᠬᠤ ᠬᠠᠶᠢᠷᠴᠠᠭ | ᠬᠠᠩᠭᠠᠨ ᠥᠭᠭᠦᠭᠰᠡᠨ ᠢᠶᠠᠷ᠂ ᠣᠶᠢᠷ᠎ᠠ ᠳᠤ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠦᠵᠡᠭᠳᠡᠯ ᠢᠯᠡᠳᠲᠡ | ᠪᠠᠭᠠᠰᠤᠭᠰᠠᠨ ᠪᠠᠶᠢᠨ᠎ᠠ ᠭᠡᠪᠡ᠃ | ᠠᠵᠢᠯᠯᠠᠭᠠᠨ ᠤ ᠠᠬᠤᠶ ᠲᠠᠯᠠᠪᠠᠶ ᠳᠤ᠂ ᠬᠥᠬᠡᠬᠤᠲᠠ ᠶᠢᠨ ᠰᠣᠶᠣᠯ ᠤᠨ ᠪᠣᠯᠪᠠᠰᠤᠨ ᠤ ᠠᠯᠪᠠᠨ ᠭᠡᠷ ᠨᠢ ᠪᠦᠬᠦ | ᠬᠤᠲᠠ ᠶᠢᠨ ᠡᠯ᠎ᠡ ᠰᠠᠯᠠᠭ᠎ᠠ ᠮᠥᠴᠢᠷ ᠨᠢᠭᠡᠴᠢ᠂ ᠢᠳᠡᠭᠡᠨ ᠤᠮᠳᠠᠭᠠᠨ ᠤ ᠠᠵᠤ ᠠᠬᠤᠶᠢᠯᠠᠯ᠂ ᠥᠷᠭᠡᠨ ᠣᠯᠠᠨ | ᠬᠤᠲᠠ ᠶᠢᠨ ᠠᠷᠠᠳ ᠨᠠᠶᠢᠵᠠ ᠨᠠᠷ ᠲᠤ ᠰᠠᠨᠠᠭᠠᠴᠢᠯᠠᠭ᠎ᠠ ᠶᠢᠨ ᠪᠢᠴᠢᠭ ᠲᠠᠷᠬᠠᠭᠠᠵᠤ᠂ ᠪᠦᠬᠦ ᠬᠤᠲᠠ ᠶᠢᠨ ᠡᠯ᠎ᠡ ᠨᠠᠮ | ᠵᠠᠰᠠᠭ ᠴᠡᠷᠢᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠢᠴᠢ ᠡᠯ᠎ᠡ ᠱᠠᠲᠤᠨ ᠤ | ᠪᠣᠯᠪᠠᠰᠤᠨ ᠤ ᠨᠢᠭᠡᠴᠢ ᠨᠦᠭᠦᠳ ᠲᠤ ᠡᠩ ᠲᠡᠷᠢᠭᠦᠨ ᠳᠤ ᠪᠡᠶ᠎ᠡ ᠪᠠᠷ ᠢᠶᠠᠨ ᠳᠠᠭᠤᠷᠢᠶᠠᠯ ᠦᠵᠡᠭᠦᠯᠵᠤ᠂ ᠪᠡᠶ᠎ᠡ ᠪᠠᠷ ᠢᠶᠠᠨ | ᠲᠦᠷᠦᠭᠦᠯᠡᠨ ᠠᠷᠪᠢᠯᠠᠨ ᠭᠠᠮᠨᠠᠵᠦ᠂ ᠪᠦᠷᠢᠯᠭᠡᠨ ᠰᠦᠢᠳᠬᠡᠬᠦ ᠶᠢ ᠡᠰᠡᠷᠭᠦᠴᠡᠨ᠂ ᠪᠣᠯᠪᠠᠰᠤᠨ ᠢᠶᠠᠷ ᠬᠤᠭᠤᠯᠠᠯᠠᠬᠤ ᠶᠢ | ᠰᠠᠨᠠᠭᠠᠴᠢᠯᠠᠪᠠ᠃ ᠪᠦᠬᠦ ᠬᠤᠲᠠ ᠶᠢᠨ ᠶᠡᠭᠡ ᠳᠤᠮᠳᠠᠳᠤ ᠪᠠᠭ᠎ᠠ ᠰᠤᠷᠭᠠᠭᠤᠯᠢ ᠨᠤᠭᠤᠳ ᠲᠤ ᠬᠥᠲᠥᠯᠥᠨ ᠵᠢᠯᠣᠭᠤᠳᠬᠤ | ᠪᠠ ᠬᠠᠮᠢᠶᠠᠷᠬᠤ ᠪᠠᠨ ᠦᠨᠡᠨ ᠬᠦ ᠴᠢᠩᠭᠠᠳᠬᠠᠵᠤ᠂ ᠰᠤᠷᠤᠭᠴᠢᠳ ᠤᠨ ᠬᠥᠳᠡᠯᠮᠦᠷᠢ ᠶᠢ ᠬᠦᠨᠳᠦᠳᠬᠡᠨ᠂ ᠠᠮᠤ | ᠪᠤᠳᠠᠭ᠎ᠠ ᠪᠠᠨ ᠨᠠᠨᠳᠢᠩᠨᠠᠵᠤ᠂ ᠠᠷᠪᠢᠯᠠᠨ ᠭᠠᠮᠨᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠬᠤ ᠶᠢ ᠨᠢ | ᠰᠠᠨᠠᠭᠠᠴᠢᠯᠠᠵᠤ᠂ ᠤᠬᠠᠮᠰᠠᠷ ᠠᠴᠠ ᠪᠠᠨ ᠠᠮᠤ ᠪᠤᠳᠠᠭ᠎ᠠ ᠶᠢ ᠨᠠᠨᠳᠢᠩᠨᠠᠨ᠂ ᠪᠦᠷᠢᠯᠭᠡᠨ ᠰᠦᠢᠳᠬᠡᠬᠦ ᠶᠢ ᠬᠤᠷᠢᠭᠯᠠᠵᠤ᠂ | ᠪᠣᠯᠪᠠᠰᠤᠨ ᠢᠶᠠᠷ ᠬᠤᠭᠤᠯᠠᠯᠠᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠬᠤ ᠶᠢ ᠰᠠᠨᠠᠭᠠᠴᠢᠯᠠᠪᠠ᠃ ᠪᠦᠬᠦ ᠬᠤᠲᠠ ᠶᠢᠨ | ᠡᠯ᠎ᠡ ᠢᠳᠡᠭᠡᠨ ᠤᠮᠳᠠᠭᠠᠨ ᠤ ᠠᠵᠤ ᠠᠬᠤᠶᠢᠯᠠᠯ ᠤᠳ ᠢᠳᠡᠪᠬᠢᠲᠡᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ | ᠪᠣᠯᠪᠠᠰᠤᠨ ᠢᠶᠠᠷ ᠬᠤᠭᠤᠯᠠᠯᠠᠬᠤ᠂ ᠠᠷᠪᠢᠴᠢ ᠭᠠᠮᠲᠠᠶ ᠪᠠᠶᠢᠬᠤ ᠤᠬᠠᠭᠤᠯᠭ᠎ᠠ ᠶᠢᠨ ᠰᠠᠨᠠᠭᠤᠯᠤᠮᠵᠢ ᠶᠢ | ᠨᠠᠶᠢᠳᠠᠪᠤᠷᠢᠵᠢᠭᠤᠯᠵᠤ᠂ ᠬᠡᠷᠡᠭᠯᠡᠭᠴᠢᠳ ᠲᠤ ᠢᠳᠡᠬᠦ ᠶᠢᠨ ᠬᠢᠷᠢ ᠪᠠᠷ ᠬᠤᠭᠤᠯᠠ ᠵᠠᠬᠢᠶᠠᠯᠠᠬᠤ ᠶᠢ ᠰᠠᠨᠠᠭᠤᠯᠤᠨ᠂ | ᠬᠠᠭᠠᠰ ᠬᠤᠪᠢ᠂ ᠪᠠᠭ᠎ᠠ ᠬᠤᠪᠢ᠂ ᠬᠠᠭᠠᠰ ᠦᠨ᠎ᠡ᠂ ᠵᠣᠬᠢᠬᠤ ᠦᠨ᠎ᠡ ᠶᠢᠨ ᠦᠢᠯᠡᠴᠢᠯᠡᠭᠡᠨ ᠤ ᠠᠷᠭ᠎ᠠ ᠮᠠᠶ᠋ᠢᠭ | ᠬᠠᠩᠭᠠᠵᠤ᠂ ᠬᠡᠷᠡᠭᠯᠡᠭᠴᠢᠳ ᠤᠨ ᠪᠣᠯᠪᠠᠰᠤᠨ ᠢᠶᠠᠷ ᠬᠤᠭᠤᠯᠠᠯᠠᠬᠤ ᠳᠤ ᠳᠥᠭᠦᠮ ᠦᠵᠡᠭᠦᠯᠬᠦ ᠶᠢ ᠰᠠᠨᠠᠭᠠᠴᠢᠯᠠᠪᠠ᠃ | ᠥᠷᠭᠡᠨ ᠣᠯᠠᠨ ᠬᠤᠲᠠ ᠶᠢᠨ ᠠᠷᠠᠳ ᠲᠤ ᠵᠦᠶ ᠵᠣᠬᠢᠰᠲᠠᠶ ᠬᠡᠷᠡᠭᠯᠡᠭᠡ ᠶᠢ ᠪᠠᠷᠢᠮᠲᠠᠯᠠᠵᠤ᠂ ᠪᠦᠷᠢᠯᠭᠡᠨ ᠰᠦᠢᠳᠬᠡᠬᠦ | ᠦᠢᠯᠡ ᠠᠵᠢᠯᠯᠠᠭ᠎ᠠ ᠶᠢ ᠬᠤᠷᠢᠭᠯᠠᠵᠤ᠂ ᠦᠯᠡᠳᠡᠭᠰᠡᠨ ᠨᠣᠭᠤᠭ᠎ᠠ ᠪᠠᠨ ᠰᠠᠪᠠᠯᠠᠵᠤ ᠠᠪᠠᠴᠢᠬᠤ᠂ ᠬᠡᠭᠡᠨᠴᠢᠷᠯᠡᠨ | ᠪᠦᠷᠢᠯᠭᠡᠬᠦ ᠦᠭᠡᠢ ᠪᠠᠶᠢᠬᠤ᠂ ᠦᠯᠡᠳᠡᠭᠡᠬᠦ ᠶᠢ ᠲᠡᠪᠴᠢᠬᠦ᠂ ᠠᠶᠠᠭ᠎ᠠ ᠫᠢᠯᠠ ᠪᠠᠨ ᠬᠤᠭᠤᠰᠤᠯᠠᠬᠤ ᠪᠠᠷ ᠢᠷᠠᠭᠤ | ᠠᠯᠳᠠᠷ ᠢᠶᠠᠨ ᠪᠣᠯᠭᠠᠬᠤ ᠶᠢ ᠰᠠᠨᠠᠭᠠᠴᠢᠯᠠᠪᠠ᠃ |